ᠬᠡᠰᠢᠭᠳᠡᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠦᠨᠳᠤᠰᠤᠨ ᠪᠠᠶᠢᠳᠠᠯ
ᠨᠡᠶᠢᠲᠡᠯᠡᠭᠰᠡᠨ ᠴᠠᠭ᠄
2009/9/23
      ᠬᠡᠰᠢᠭᠳᠡᠨ ᠬᠤᠰᠢᠭᠤᠨ ᠤ ᠦᠪᠡᠷᠮᠢᠴᠡ ᠤᠨᠴᠠᠯᠢᠭ ᠲᠠᠢ ᠭᠠᠵᠠᠷ ᠵᠦᠢ ᠶᠢᠨ ᠪᠠᠶᠢᠷᠢᠯᠠᠯ ᠪᠠ ᠪᠠᠶᠢᠭᠠᠯᠢ ᠶᠢᠨ ᠤᠷᠴᠢᠨ ᠲᠤᠭᠤᠷᠢᠨ ᠨᠢ᠂ ᠡᠯᠪᠡᠭ ᠲᠠᠩᠰᠤᠭ ᠪᠠᠶᠢᠭᠠᠯᠢ ᠶᠢᠨ ᠡᠬᠢ ᠪᠠᠶᠠᠯᠢᠭ ᠢ ᠪᠦᠷᠢᠯᠳᠦᠭᠦᠯᠵᠡᠢ᠃ ᠠᠭᠤᠷᠬᠠᠢ ᠶᠢᠨ ᠭᠠᠷᠤᠯᠳᠠ ᠶᠢᠨ ᠡᠬᠢ ᠰᠤᠷᠪᠤᠯᠵᠢ ᠡᠯᠪᠡᠭ᠂ ᠲᠦᠷᠦᠯ ᠵᠦᠢᠯ ᠨᠢ ᠣᠯᠠᠨ᠂ ᠬᠠᠳᠠᠭᠠᠯᠠᠭᠳᠠᠴᠠ ᠪᠠᠷ ᠶᠡᠭᠡ ᠪᠠᠶᠢᠵᠣ᠂ ᠲᠤᠮᠳᠠᠳᠤ ᠤᠯᠤᠰ ᠤᠨ ᠤᠮᠠᠷᠠᠳᠤ ᠶᠢᠨ ᠴᠢᠬᠤᠯᠠ ᠠᠭᠤᠷᠬᠠᠢ ᠶᠢᠨ ᠭᠠᠷᠤᠯᠳᠠ ᠶᠢᠨ ᠪᠠᠶᠢᠯᠳᠤᠬᠤ ᠪᠤᠳᠤᠯᠭ᠎ᠠ ᠶᠢᠨ ᠰᠢᠯᠵᠢᠭᠦᠯᠦᠯᠳᠡ ᠶᠢᠨ ᠰᠠᠭᠤᠷᠢᠨ ᠭᠠᠵᠠᠷ ᠮᠦᠨ᠃ ᠣᠳᠤᠬᠠᠨ ᠳᠤ ᠨᠢᠬᠡᠨᠳᠡ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢ 38 ᠵᠦᠢᠯ ᠢ ᠢᠯᠡᠷᠡᠭᠦᠯᠵᠦ᠂ ᠭᠦᠳᠡᠷ ᠤᠨ ᠬᠡᠪᠳᠡᠰᠢ᠂ ᠭᠦᠳᠡᠷᠵᠢᠯᠳᠡ ᠶᠢᠨ ᠴᠢᠭ 300 ᠤᠷᠴᠢᠮ ᠪᠤᠢ᠂ ᠬᠤᠩᠭᠤ᠂ ᠲᠠᠷᠢ ᠶᠢᠨ ᠲᠠᠪᠠᠭ᠎ᠠ᠂ ᠰᠠᠷᠠᠨᠳᠤ ᠵᠡᠷᠬᠡ ᠭᠤᠷᠪᠠᠨ ᠶᠡᠭᠡ ᠭᠦᠳᠡᠷ ᠰᠤᠩᠭᠤᠬᠤ ᠠᠭᠤᠷᠬᠠᠢ ᠶᠢᠨ ᠲᠤᠭᠤᠷᠢᠭ ᠪᠤᠢ᠂ ᠪᠦᠭᠦ ᠬᠤᠰᠢᠭᠤᠨ ᠤ ᠦᠩᠬᠡᠳᠦ ᠲᠡᠮᠦᠷᠯᠢᠭ ᠤᠨ ᠠᠭᠤᠷᠬᠠᠢ ᠶᠢᠨ ᠡᠳᠦᠷ ᠪᠦᠷᠢ ᠶᠢᠨ ᠭᠠᠷᠭᠠᠯᠳᠠ ᠎ ᠶᠢᠨ ᠬᠡᠮᠵᠢᠶ᠎ᠡ ᠨᠢ 13800 ᠲᠤᠨ ᠳᠤ ᠬᠦᠷᠴᠦ᠂ ᠬᠤᠩᠭᠤ ᠶᠢᠨ ᠲᠡᠮᠦᠷ ᠴᠠᠭᠠᠨ ᠲᠣᠭᠤᠯᠭ᠎ᠠ ᠶᠢᠨ ᠭᠦᠳᠡᠷ ᠢ ᠬᠠᠶᠢᠨ ᠲᠤᠳᠤᠯᠤᠭᠰᠠᠨ ᠢ ᠦᠨᠳᠦᠰᠦᠯᠡᠪᠡᠯ ᠲᠡᠮᠦᠷ ᠤᠨ ᠬᠠᠳᠠᠭᠠᠯᠠᠭᠳᠠᠴᠠ ᠨᠢ 1.17 ᠳ᠋ᠦᠩᠰᠢᠭᠤᠷ ᠲᠤᠨ ᠪᠠᠶᠢᠵᠤ᠂ ᠴᠠᠭᠠᠨ ᠲᠤᠭᠤᠯᠭ᠎ᠠ ᠶᠢᠨ ᠠᠭᠤᠯᠠᠭᠳᠠᠴᠠ ᠨᠢ 50 ᠲᠦᠮᠡᠨ ᠲᠤᠨ ᠪᠠᠶᠢᠵᠤ᠂ ᠭᠦᠬᠡ ᠮᠦᠷᠡᠨ ᠠᠴᠠ ᠤᠮᠠᠷᠠᠰᠢᠬᠢ ᠬᠠᠮᠤᠭ ᠤᠨ ᠶᠡᠭᠡ ᠲᠡᠮᠦᠷ ᠴᠠᠭᠠᠨ ᠲᠤᠭᠤᠯᠭ᠎ᠠ ᠡᠯᠪᠡᠭ ᠠᠭᠤᠯᠤᠭᠳᠠᠵᠤ ᠪᠠᠶᠢᠭ᠎ᠠ ᠭᠦᠳᠡᠷ ᠤᠨ ᠠᠭᠤᠷᠬᠠᠢ ᠪᠣᠯᠣᠭᠰᠠᠨ ᠪᠠᠶᠢᠨ᠎ᠠ᠃ ᠲᠠᠷᠢ ᠶᠢᠨ ᠲᠠᠪᠠᠭ᠎ᠠ ᠶᠢᠨ ᠮᠦᠩᠭᠦ ᠡᠯᠪᠡᠭ ᠲᠡᠮᠦᠷᠯᠢᠭ ᠤᠨ ᠠᠭᠤᠷᠬᠠᠢ ᠶᠢ ᠬᠠᠶᠢᠨ ᠲᠤᠳᠤᠯᠤᠭᠰᠠᠨ ᠢᠶᠠᠷ ᠮᠦᠩᠭᠦ ᠲᠡᠮᠦᠷᠯᠢᠭ ᠤᠨ ᠬᠠᠳᠠᠭᠠᠯᠠᠭᠳᠠᠴᠠ ᠨᠢ 5500 ᠲᠤᠨ ᠪᠠᠶᠢᠵᠤ᠂ ᠣᠳᠤᠬᠠᠨ ᠤ ᠬᠠᠶᠢᠨ ᠲᠤᠳᠤᠯᠤᠭᠰᠠᠨ ᠎ ᠢᠶᠠᠷ ᠤᠯᠤᠰ ᠤᠨ ᠲᠤᠳᠤᠭᠠᠳᠤ ᠶᠢᠨ ᠬᠤᠶᠠᠳᠤᠭᠠᠷ ᠶᠡᠭᠡ ᠮᠦᠩᠭᠦ ᠡᠯᠪᠡᠭ ᠲᠡᠮᠦᠷᠯᠢᠭ ᠤᠨ ᠠᠭᠤᠷᠬᠠᠢ ᠮᠦᠨ᠃ ᠬᠡᠰᠢᠭᠳᠡᠨ ᠬᠤᠰᠢᠭᠤᠨ ᠤ ᠣᠰᠤᠨ ᠤ ᠡᠬᠢ ᠰᠤᠷᠪᠤᠯᠵᠢ ᠲᠤᠶᠢᠯ ᠤᠨ ᠡᠯᠪᠡᠭ ᠶᠤᠮ᠂ ᠬᠡᠰᠢᠭᠳᠡᠨ ᠤ ᠬᠢᠵᠠᠭᠠᠷ ᠲᠤ ᠶᠡᠭᠡ ᠪᠠᠭ᠎ᠠ ᠭᠤᠤᠯ 50 ᠭᠠᠷᠤᠢ ᠪᠠᠶᠢᠵᠤ᠂ ᠪᠠᠶᠢᠭᠠᠯᠢᠯᠢᠭ ᠨᠠᠭᠤᠷ 60 ᠭᠠᠷᠤᠢ ᠪᠤᠢ᠂ ᠣᠰᠤᠨ ᠤ ᠡᠬᠢ ᠰᠤᠷᠪᠤᠯᠵᠢ ᠎ ᠶᠢᠨ ᠶᠡᠷᠦᠩᠬᠡᠢ ᠬᠡᠮᠵᠢᠶ᠎ᠡ ᠨᠢ 9.69 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠪᠠᠶᠢᠵᠤ᠂ ᠨᠡᠬᠡᠬᠡᠨ ᠠᠰᠢᠭᠯᠠᠵᠤ ᠪᠤᠯᠬᠤ ᠣᠰᠤᠨ ᠤ ᠲᠠᠯᠠᠪᠠᠢ ᠨᠢ 43 ᠲᠦᠮᠡᠨ ᠮᠤ᠋ ᠪᠠᠶᠢᠨ᠎ᠠ᠃ ᠪᠦᠭᠦ ᠬᠤᠰᠢᠭᠤᠨ ᠤ ᠤᠰᠤᠨ ᠤ ᠡᠨᠧᠷᠬᠢ ᠶᠢᠨ ᠬᠠᠳᠠᠭᠠᠯᠠᠭᠳᠠᠴᠠ 14 ᠲᠦᠮᠡᠨ ᠺᠢᠯᠤᠸᠠᠲ᠂ ᠡᠭᠦᠨ ᠳᠤ ᠨᠡᠬᠡᠬᠡᠨ ᠠᠰᠢᠭᠯᠠᠵᠤ ᠪᠤᠯᠬᠤ ᠨᠢ 6. 3 ᠲᠦᠮᠡᠨ ᠺᠢᠯᠤᠸᠠᠲ᠂ ᠣᠳᠤ ᠪᠣᠯᠬᠤ ᠳᠤ ᠤᠰᠤᠨ ᠴᠠᠬᠢᠯᠭᠠᠨ ᠦᠷᠳᠡᠭᠡ ᠶᠢ 10 ᠰᠠᠭᠤᠷᠢ ᠪᠠᠶᠢᠭᠤᠯᠵᠤ᠂ ᠶᠡᠷᠦᠩᠬᠡᠢ ᠴᠤᠭᠴᠠᠯᠠᠪᠤᠷᠢ ᠶᠢᠨ ᠬᠡᠮᠵᠢᠶ᠎ᠡ ᠨᠢ 17950 ᠺᠢᠯᠤᠸᠠᠲ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 4490 ᠲᠦᠮᠡᠨ ᠺᠢᠯᠤᠸᠠᠲ ᠴᠠᠭ᠃ ᠰᠠᠯᠬᠢᠨ ᠭᠦᠴᠦᠨ ᠤ ᠴᠠᠬᠢᠯᠭᠠᠨ ᠤ ᠡᠬᠢ ᠰᠤᠷᠪᠤᠯᠵᠢ ᠶᠢ ᠨᠡᠬᠡᠬᠡᠨ ᠠᠰᠢᠭᠯᠠᠬᠤ ᠲᠠᠯᠳᠠ ᠭᠦᠴᠦᠨ ᠲᠤᠶᠢᠯ ᠤᠨ ᠶᠡᠭᠡ᠂ 2007 ᠣᠨ ᠤ ᠡᠴᠦᠰ ᠲᠤ ᠪᠦᠭᠦ ᠬᠤᠰᠢᠭᠤᠨ ᠤ ᠰᠠᠯᠬᠢᠨ ᠭᠦᠴᠦᠨ ᠤ ᠴᠠᠬᠢᠯᠭᠠᠨ ᠭᠠᠷᠭᠠᠬᠤ ᠴᠤᠭᠴᠠᠯᠠᠪᠤᠷᠢ ᠶᠢᠨ ᠶᠡᠷᠦᠩᠬᠡᠢ ᠬᠡᠮᠵᠢᠶ᠎ᠡ ᠨᠢ 42 ᠲᠦᠮᠡᠨ ᠺᠢᠯᠤᠸᠠᠲ ᠲᠤ ᠭᠦᠷᠴᠦ᠂ ᠪᠦᠭᠦ ᠤᠯᠤᠰ ᠤᠨ ᠰᠠᠯᠬᠢᠨ ᠭᠦᠴᠦᠨ ᠤ ᠴᠠᠬᠢᠯᠭᠠᠨ ᠭᠠᠷᠭᠠᠬᠤ ᠴᠤᠭᠴᠠᠯᠠᠪᠤᠷᠢ ᠶᠢᠨ ᠬᠡᠮᠵᠢᠶ᠎ᠡ ᠪᠠᠷ ᠬᠠᠮᠤᠭ ᠤᠨ ᠶᠡᠭᠡ ᠬᠤᠰᠢᠭᠤ ᠰᠢᠶᠠᠨ ᠎ ᠤ ᠲᠡᠰ ᠤᠨ ᠭᠠᠵᠠᠷ ᠤᠷᠤᠨ ᠮᠦᠨ᠃ ᠬᠡᠰᠢᠭᠳᠡᠨ ᠬᠤᠰᠢᠭᠤ ᠨᠢ ︽ᠦᠪᠦᠷ ᠮᠤᠩᠭᠤᠯ ᠤᠨ ᠴᠣᠮᠬᠠᠳᠭᠬᠠᠯ︾ ᠬᠡᠵᠦ ᠨᠡᠷᠡᠶᠢᠳᠦᠭᠳᠡᠵᠦ᠂ ᠵᠤᠭᠠᠴᠠᠯ ᠤᠨ ᠡᠬᠢ ᠰᠤᠷᠪᠤᠯᠵᠢ ᠡᠯᠪᠡᠭ ᠪᠠᠶᠠᠯᠢᠭ ᠶᠤᠮ᠂ ᠲᠦᠷᠦᠯ ᠵᠦᠢᠯ ᠨᠢ ᠪᠦᠷᠢᠨ᠂ ᠲᠡᠰ ᠵᠡᠷᠬᠡ ᠨᠢ ᠦᠨᠳᠦᠷ᠂ ᠶᠡᠷᠦᠩᠬᠡᠶᠢᠯᠡᠭᠰᠡᠨ ᠴᠢᠨᠠᠷ ᠢᠶᠠᠷ ᠴᠢᠩᠭ᠎ᠠ᠂ ᠲᠡᠯᠡᠬᠡᠢ ᠶᠢᠨ ᠲᠡᠰ ᠤᠨ ᠪᠠ ᠤᠯᠤᠰ ᠤᠨ ᠲᠡᠰ ᠤᠨ 9 ᠵᠤᠭᠠᠴᠠᠯ ᠤᠨ ᠣᠷᠣᠨ ᠪᠤᠢ᠃ 2005 ᠣᠨ ᠳᠤ᠂ ᠣᠯᠠᠨ ᠤᠯᠤᠰ ᠤᠨ ᠬᠤᠯᠪᠤᠭᠠᠳᠤ ᠪᠠᠶᠢᠭᠤᠯᠣᠯᠭ᠎ᠠ ᠶᠢᠨ ᠰᠤᠶᠤᠯ ᠰᠤᠷᠭᠠᠨ ᠭᠦᠮᠦᠵᠢᠯ ᠤᠨ ᠵᠤᠬᠢᠶᠠᠨ ᠪᠠᠶᠢᠭᠤᠯᠤᠯᠳᠠ ᠶᠢᠨ ᠠᠴᠠ ᠬᠡᠰᠢᠭᠳᠡᠨ ᠬᠤᠰᠢᠭᠤᠨ ᠤ ᠤᠯᠤᠰ ᠤᠨ ᠭᠠᠵᠠᠷ ᠰᠢᠨᠵᠢᠯᠡᠬᠡᠨ ᠤ ᠴᠡᠴᠡᠷᠯᠢᠭ ᠭᠡᠵᠣ ᠵᠦᠪᠰᠢᠶᠡᠷᠡᠪᠡ᠂ ᠲᠡᠯᠡᠬᠡᠢ ᠶᠢᠨ ᠭᠠᠵᠠᠷ ᠰᠢᠨᠵᠢᠯᠡᠬᠡᠨ ᠤ ᠴᠡᠴᠡᠷᠯᠢᠭ ᠪᠤᠯᠤᠭᠰᠠᠨ ᠪᠠᠶᠢᠨ᠎ᠠ᠂ ᠣᠳᠣ ᠬᠡᠰᠢᠭᠲᠡᠨ ᠳᠤ 2 ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠂ 2 ᠤᠯᠤᠰ ᠤᠨ ᠳᠡᠰ ᠤᠨ ᠭᠤᠤᠯᠳᠠᠯᠭᠠᠳᠤ ᠰᠤᠶᠤᠯ ᠤᠨ ᠦᠪ ᠤᠨ ᠬᠠᠮᠠᠭᠠᠯᠠᠯᠲᠠ ᠶᠢᠨ ᠨᠢᠭᠡᠴᠡ᠂ 1 ᠲᠦᠷᠪᠡᠨ A ᠳᠠᠰ ᠤᠨ ᠦᠵᠡᠮᠵᠢ ᠶᠢᠨ ᠤᠷᠤᠨ᠂ 2 ᠭᠤᠷᠪᠠᠨ A ᠳᠠᠰ ᠤᠨ ᠦᠵᠡᠮᠵᠢ ᠶᠢᠨ ᠤᠷᠤᠨ ᠪᠠᠶᠢᠳᠠᠭ᠃ 2005 ᠤᠨ ᠳᠤ ᠪᠦᠬᠦ ᠤᠯᠤᠰ ᠤᠨ ᠵᠤᠭᠠᠴᠠᠯ ᠤᠨ ᠵᠦᠪᠳᠡᠯᠴᠡᠭᠡᠷ ᠤᠨ ᠬᠤᠷᠠᠯ ᠪᠠ ᠳᠡᠯᠡᠬᠡᠢ ᠶᠢᠨ ᠳᠤᠮᠳᠠᠴᠤᠳ ᠤᠨ ᠵᠤᠭᠠᠴᠠᠯ ᠤᠨ ᠬᠠᠮᠵᠢᠯᠴᠠᠭᠠᠨ ᠤ ᠵᠤᠬᠢᠶᠠᠨ ᠪᠠᠶᠢᠭᠤᠯᠤᠯᠲᠠ ᠠᠴᠠ ᠬᠡᠰᠢᠭᠲᠡᠨ ᠬᠤᠰᠢᠭᠤ ᠶᠢ ︽ᠲᠤᠮᠳᠠᠳᠤ ᠤᠯᠤᠰ ᠎ ᠤᠨ ᠰᠢᠯᠢᠳᠡᠭ ᠵᠤᠭᠠᠴᠠᠯ ᠤᠨ ᠵᠣᠷᠢᠯᠳᠠ ᠶᠢᠨ ᠤᠷᠤᠨ︾᠎ ᠢᠶᠠᠷ ᠦᠨᠡᠯᠡᠵᠤ᠂ ᠳᠠᠯᠠᠶᠢᠨᠠᠭᠤᠷ ᠨᠢ ᠤᠰᠤᠨ ᠠᠰᠢᠭᠯᠠᠯᠲᠠ ᠎ ᠶᠢᠨ ᠶᠠᠮᠤᠨ ᠤ ︽ᠤᠯᠤᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠨᠡᠷᠡᠲᠤ ᠤᠷᠤᠨ︾ ᠭᠡᠮᠡᠬᠦ ᠴᠤᠯᠠ ᠶᠢ ᠬᠦᠷᠲᠡᠵᠤ᠂ ᠤᠯᠠᠭᠠᠨᠪᠤᠲᠤᠩ ᠶᠢᠨ ᠦᠵᠡᠮᠵᠢ ᠶᠢᠨ ᠤᠷᠤᠨ ᠨᠢ ᠲᠦᠷᠤ ᠶᠢᠨ ᠶᠠᠪᠤᠳᠠᠯ ᠤᠨ ᠬᠤᠷᠢᠶᠠᠨ ᠠᠴᠠ ︽ᠲᠤᠮᠳᠠᠳᠤ ᠤᠯᠤᠰ ᠤᠨ ᠤᠯᠤᠰ ᠤᠨ ᠭᠤᠤᠯᠳᠠᠯᠭᠠᠳᠤ ᠦᠵᠡᠮᠵᠢ ᠶᠢᠨ ᠤᠷᠤᠨ︾ ᠭᠡᠵᠤ ᠴᠤᠯᠠᠯᠠᠵᠤ᠂ ᠬᠡᠰᠢᠭᠲᠡᠨ ᠬᠤᠰᠢᠭᠤ ᠨᠢ 2008 ᠤᠨ ᠳᠤ ︽ᠲᠤᠮᠳᠠᠳᠤ ᠤᠯᠤᠰ ᠤᠨ ᠵᠤᠭᠠᠴᠠᠯ ᠤᠨ ᠨᠡᠷᠡᠲᠤ ᠰᠢᠶᠠᠨ︾᠎ ᠤ ᠡᠩᠨᠡᠭᠡᠨ ᠳᠤ ᠳᠠᠪᠰᠢᠨ ᠤᠷᠤᠪᠠ᠃ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠭᠠᠵᠠᠷ ᠤᠨ ᠭᠠᠳᠠᠷᠭᠤ᠂ ᠡᠯᠡᠰᠦᠨ ᠭᠠᠴᠤᠷ᠎ᠠ᠂ ᠳᠠᠯᠠᠶᠢᠨᠠᠭᠤᠷ᠂ ᠬᠤᠩᠭᠤ ᠶᠢᠨ ᠳᠠᠪᠠᠭᠠᠨ ᠤ ᠤᠯᠤᠰ ᠤᠨ ᠤᠢ ᠰᠢᠭᠤᠢ ᠶᠢᠨ ᠴᠡᠴᠡᠷᠯᠢᠭ ᠵᠢᠴᠢ ᠤᠯᠠᠨ ᠤᠯᠤᠰ ᠤᠨ ᠠᠪᠠ ᠶᠢᠨ ᠲᠠᠯᠠᠪᠠᠢ᠂ ᠭᠦᠩᠭᠡᠷ ᠤᠨ ᠲᠠᠯ᠎ᠠ᠂ ᠰᠠᠶᠢᠬᠠᠨ ᠳᠠᠪᠠᠭᠠᠨ ᠳᠡᠭᠡᠷᠡᠬᠢ ᠲᠠᠯ᠎ᠠ ᠨᠤᠳᠤᠭ᠂ ᠰᠢᠷᠡᠮᠦ᠋ᠷᠡᠨ᠂ ᠬᠤᠰᠤᠲᠤ ᠬᠦᠷᠢᠶ᠎ᠠ ᠶᠢᠨ ᠦᠵᠡᠮᠵᠢ᠂ ᠭᠠᠯᠳᠠᠰᠤᠲᠠᠢ ᠬᠠᠯᠠᠭᠤᠨ ᠷᠠᠰᠢᠶᠠᠨ᠂ ᠮᠤᠩᠭᠤᠯ ᠦᠨᠳᠦᠰᠦᠲᠡᠨ ᠎ ᠤ ᠨᠡᠭᠦᠳᠡᠯ ᠰᠤᠶᠤᠯ ᠵᠡᠷᠭᠡ ᠠᠷᠪᠠᠨ ᠶᠡᠭᠡ ᠵᠤᠭᠠᠴᠠᠯ ᠤᠨ ᠦᠵᠡᠮᠵᠢ ᠨᠢ ᠨᠡᠩ ᠴᠣ᠋ ᠦᠪᠡᠷᠮᠢᠴᠡ ᠤᠨᠴᠠᠯᠢᠭ ᠲᠠᠢ ᠶᠤᠮ᠃ ᠠᠮᠢᠳᠠᠨ ᠤᠷᠭᠤᠮᠠᠯ ᠤᠨ ᠡᠬᠢ ᠰᠤᠷᠪᠤᠯᠵᠢ ᠶᠢᠨ ᠲᠦᠷᠦᠯ ᠵᠦᠢᠯ ᠡᠯᠪᠡᠭ ᠪᠠᠶᠢᠳᠠᠭ᠂ ᠬᠡᠬᠡᠷ᠎ᠡ ᠶᠢᠨ ᠠᠮᠢᠳᠠᠳ ᠎ ᠲᠤ᠄ ᠲᠤᠷᠤᠭ ᠪᠤᠭᠤ᠂ ᠪᠤᠷᠤ ᠭᠦᠷᠦᠬᠡᠰᠦ᠂ ᠵᠡᠬᠡᠷ᠎ᠡ᠂ ᠦᠨᠡᠭᠡ ᠵᠡᠷᠬᠡ ᠣᠯᠠᠨ ᠵᠦᠢᠯ ᠤᠨ ᠠᠮᠢᠳᠠᠨ ᠪᠠᠶᠢᠨ᠎ᠠ᠂ ᠵᠢᠭᠦᠷᠳᠡᠨ ᠳᠤ᠂ ᠠᠯ ᠰᠡᠭᠦᠯ᠂ ᠬᠤᠨ ᠭᠠᠯᠠᠭᠤ᠂ ᠲᠤᠭᠤᠳᠠᠭ ᠵᠠᠭᠤ ᠢᠯᠡᠭᠦᠦ ᠵᠦᠢᠯ ᠪᠠᠶᠢᠨ᠎ᠠ᠂ ᠰᠢᠬᠢᠷ ᠡᠪᠡᠰᠦ᠂ ᠬᠤᠨᠴᠢᠷ᠂ ᠵᠡᠬᠡᠷᠬᠡᠨ᠎ᠡ ᠵᠡᠷᠬᠡ ᠬᠢᠳᠠᠳ ᠡᠮ ᠤᠨ ᠮᠠᠲ᠋ᠧᠷᠢᠶᠠᠯ ᠭᠠᠷᠳᠠᠭ᠂ ᠴᠠᠭᠠᠨ ᠮᠦᠭᠦ᠂ ᠤᠶᠢᠮ᠎ᠠ᠂ ᠠᠯᠳᠠᠨ ᠴᠦᠭᠦᠴᠡ ︵ᠰᠢᠷ᠎ᠠ ᠴᠡᠴᠡᠭ︶ ᠵᠡᠷᠬᠡ ᠬᠡᠬᠡᠷ᠎ᠡ ᠶᠢᠨ ᠨᠣᠭᠤᠭ᠎ᠠ ᠨᠢ ᠤᠯᠤᠰ ᠤᠨ ᠲᠤᠳᠤᠭᠠᠳᠤ ᠳᠤ ᠠᠯᠳᠠᠷᠰᠢᠭᠰᠠᠨ ᠪᠠᠶᠢᠨ᠎ᠠ᠃ ᠦᠬᠡᠷ ᠬᠤᠨᠢᠨ ᠤ ᠮᠢᠬ᠎ᠠ ᠪᠤᠯᠤᠨ ᠴᠠᠭᠠᠨ ᠢᠳᠡᠬᠡᠨ ᠨᠢ ᠦᠪᠡᠷᠮᠢᠴᠡ ᠦᠨᠦᠷ ᠠᠮᠳᠠ ᠲᠠᠢ ᠪᠠᠶᠢᠵᠣ᠂ ᠴᠠᠭᠠᠯᠵᠢ ᠵᠢᠭᠠᠰᠤ ᠪᠠ ᠬᠡᠯᠳᠡᠭᠡ ᠵᠢᠭᠠᠰᠤ ᠨᠢ ᠣᠷᠤᠨ ᠤ ᠲᠤᠳᠤᠨ᠎ᠠ ᠭᠠᠳᠠᠨ᠎ᠠ ᠪᠤᠷᠤᠯᠠᠭᠤᠯᠤᠭᠳᠠᠵᠤ ᠪᠤᠢ᠃
 
ᠢᠷᠡᠯᠲᠡ᠄ ᠬᠡᠰᠢᠭᠲᠡᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号