ᠪᠠᠶᠠᠰᠬᠤᠯᠠᠩ ᠠᠮᠤᠭᠤᠯᠠᠩᠳᠤ ᠰᠦᠮ᠎ᠡ ᠶᠢ ᠨᠤᠳᠤᠭ ᠤᠨ ᠠᠷᠠᠳ ᠪᠠᠰᠠ ︽ᠪᠢᠷᠠᠭᠤ ᠰᠦᠮ᠎ᠡ︾ | ᠬᠡᠳᠡᠭ᠃ ᠰᠦᠮ᠎ᠡ ᠪᠠᠶᠢᠭᠤᠯᠤᠭᠰᠠᠨ ᠭᠠᠵᠠᠷ ᠤᠨ ᠤᠷᠴᠢᠨ ᠳᠤ ᠬᠡᠰᠢᠭᠳᠡᠨ ᠵᠠᠰᠠᠭ ᠨᠤᠶᠠᠨ ᠤ ᠪᠢᠷᠠᠭᠤ ᠶᠢᠨ ᠰᠦᠷᠦᠭ | ᠢ ᠮᠠᠯᠵᠢᠵᠤ ᠪᠠᠶᠢᠭᠰᠠᠨ ᠢᠶᠠᠷ ᠨᠢ ᠡᠨᠡᠬᠦ ᠭᠠᠵᠠᠷ ᠢ ︽ᠪᠢᠷᠠᠭᠤ ᠰᠦᠮ᠎ᠡ︾ ᠭᠡᠵᠤ ᠤᠯᠠᠨ ᠢᠶᠠᠷ ᠢᠶᠠᠨ ᠨᠡᠷᠡᠯᠡᠵᠡᠭᠡᠵᠤ | ᠪᠠᠶᠢᠪᠠ᠃ ᠡᠶᠢᠮᠤ ᠨᠡᠷ᠎ᠡ ᠲᠠᠢ ᠭᠠᠵᠠᠷ ᠰᠦᠮ᠎ᠡ ᠪᠠᠶᠢᠭᠤᠯᠤᠭᠰᠠᠨ ᠠᠴᠠ ᠬᠡᠰᠢᠭᠳᠡᠨᠴᠤᠳ ︽ᠪᠢᠷᠠᠭᠤ ᠰᠦᠮ᠎ᠡ︾ ᠭᠡᠵᠤ | ᠭᠠᠵᠠᠷ ᠨᠤᠳᠤᠭ ᠤᠨ ᠨᠡᠷ᠎ᠡ ᠪᠠᠷ ᠰᠦᠮ᠎ᠡ ᠪᠠᠨ ᠨᠡᠷᠡᠯᠡᠨ ᠲᠠᠭᠤᠳᠠᠳᠠᠭ ᠪᠤᠯᠵᠠᠢ᠃ | ᠬᠡᠰᠢᠭᠳᠡᠨ ᠵᠠᠰᠠᠭ ᠨᠤᠶᠠᠨ ᠰᠡᠪᠡᠭᠵᠠᠪ ᠡᠷᠭᠡ ᠪᠠᠷᠢᠵᠤ ᠪᠠᠶᠢᠭᠰᠠᠨ ᠦᠶ᠎ᠡ᠂ ᠲᠠᠷᠤᠢ ᠴᠢᠩ ᠤᠯᠤᠰ | ᠤᠨ ︽ᠲᠡᠭᠷᠢ ᠲᠡᠳᠭᠦᠭᠴᠢ︾ ᠬᠠᠭᠠᠨ ᠤ ᠬᠤᠷᠢᠨ ᠲᠠᠪᠤᠳᠤᠭᠠᠷ ᠤᠨ ︵1760 ᠤᠨ︶ ᠤ ᠠᠷᠪᠠᠨ ᠭᠤᠷᠪᠠᠳᠤᠭᠠᠷ | ᠷᠠᠪᠵᠤᠩ ᠤᠨ ᠴᠠᠭᠠᠨ ᠯᠤᠤ ᠵᠢᠯ ᠲᠤᠰ ᠰᠦᠮ᠎ᠡ ᠶᠢ ᠠᠩᠬ᠎ᠠ ᠪᠠᠶᠢᠭᠤᠯᠵᠠᠢ᠃ ᠤᠳᠤ ᠪᠤᠯᠳᠠᠯ᠎ᠠ ᠡᠨᠡ ᠰᠦᠮ᠎ᠡ | ᠬᠡᠳᠦᠨ ᠵᠠᠭᠤᠭᠠᠳ ᠵᠢᠯ ᠤᠨ ᠲᠡᠤᠭᠡ ᠲᠠᠢ ᠪᠤᠯᠤᠭᠰᠠᠨ ᠪᠠᠶᠢᠨ᠎ᠠ᠃ | ᠪᠠᠶᠠᠰᠬᠤᠯᠠᠩ ᠠᠮᠤᠭᠤᠯᠠᠩᠳᠤ ᠰᠦᠮ᠎ᠡ ᠬᠡᠰᠡᠨ ᠨᠡᠷ᠎ᠡ ᠪᠤᠯ ᠰᠦᠮ᠎ᠡ ᠬᠡᠶᠢᠳ ᠢᠶᠠᠨ ᠪᠠᠶᠢᠭᠤᠯᠵᠤ | ᠪᠦᠳᠦᠭᠡᠭᠰᠡᠨ ᠤ ᠰᠡᠭᠦᠯᠡᠷ ᠬᠤᠰᠢᠭᠤ ᠵᠠᠰᠠᠭ ᠠᠴᠠ ᠴᠢᠩ ᠤᠯᠤᠰ ᠤᠨ ᠲᠦᠷᠦ ᠳᠤ ᠵᠢᠩᠬᠢᠨᠢ ᠪᠠᠷ ᠮᠡᠳᠡᠬᠦᠯᠦᠭᠡᠳ | ᠲᠦᠷᠦ ᠶᠢᠨ ᠢᠯᠡᠷᠭᠡᠶᠢᠯᠡᠯ ᠤᠨ ᠪᠢᠴᠢᠭ ᠢ ᠤᠯᠭᠤᠨ ᠵᠦᠪᠰᠢᠶᠡᠷᠡᠭᠰᠡᠨ ︽庆宁寺︾ ᠬᠡᠮᠡᠭᠰᠡᠨ ᠨᠡᠷ᠎ᠡ ᠶᠢ | ᠮᠤᠩᠭᠤᠯ ᠢᠶᠠᠷ ᠤᠷᠴᠢᠭᠤᠯᠤᠭᠠᠳ ︽ᠪᠠᠶᠠᠰᠬᠤᠯᠠᠩ ᠠᠮᠤᠭᠤᠯᠠᠩᠳᠤ ᠰᠦᠮ᠎ᠡ︾ ᠪᠤᠯᠭᠠᠨ ᠲᠠᠭᠤᠳᠠᠪᠠ᠃ | ᠪᠢᠷᠠᠭᠤ ᠰᠦᠮ᠎ᠡ ᠪᠠᠶᠢᠭᠤᠯᠤᠭᠳᠠᠭᠰᠠᠨ ᠤ ᠰᠡᠭᠦᠯᠡᠷ ᠡᠨᠡ ᠭᠠᠵᠠᠷ ᠲᠤ ᠵᠠᠬ᠎ᠠ ᠲᠡᠯᠭᠡᠭᠦᠷ ᠤᠯᠠᠮ | ᠢᠶᠠᠷ ᠬᠦᠭᠵᠢᠭᠡᠳ ᠠᠷᠠᠯᠵᠢᠶ᠎ᠡ ᠮᠠᠶᠢᠮᠠᠢ ᠤᠯᠠᠰᠢᠷᠠᠨ ᠬᠡᠰᠢᠭᠳᠡᠨ ᠤ ᠭᠤᠤᠯ ᠬᠦᠢᠰᠤ ᠪᠤᠯᠵᠤ ︽ᠪᠢᠷᠠᠭᠤ ᠬᠤᠳᠠ︾ | ᠬᠡᠭᠳᠡᠵᠤ ᠬᠡᠰᠢᠭᠳᠡᠨ ᠵᠠᠰᠠᠭ ᠵᠠᠬᠢᠷᠭ᠎ᠠ ᠶᠢᠨ ᠲᠦᠪ ᠰᠠᠭᠤᠷᠢᠰᠢᠯ ᠤᠨ ᠭᠠᠵᠠᠷ ᠪᠤᠯᠪᠠ᠃ ᠬᠤᠰᠢᠭᠤ ᠵᠠᠰᠠᠭ ᠠᠴᠠ | ᠪᠠᠶᠠᠰᠬᠤᠯᠠᠩ ᠠᠮᠤᠭᠤᠯᠠᠩᠳᠤ ᠰᠦᠮ᠎ᠡ ᠪᠠᠨ ᠬᠤᠰᠢᠭᠤᠨ ᠤ ᠭᠤᠤᠯᠳᠠᠯᠭ᠎ᠠ ᠲᠠᠢ ᠰᠦᠮ᠎ᠡ ᠪᠤᠯᠭᠠᠬᠤ ᠪᠠᠷ ᠲᠤᠭᠳᠠᠭᠠᠵᠤ | ᠪᠦᠬᠦ ᠬᠤᠰᠢᠭᠤᠨ ᠤ ︽ᠲᠠᠪᠤᠨ ᠢᠯᠡᠷᠭᠡᠶᠢᠯᠡᠯ︾ ᠰᠦᠮ᠎ᠡ ᠬᠡᠶᠢᠳ ᠪᠠ ᠪᠤᠰᠤᠳ ᠰᠢᠷ᠎ᠡ ᠶᠢᠨ ᠱᠠᠰᠢᠨ ᠤ ᠰᠦᠮ᠎ᠡ ᠶᠢ | ᠶᠡᠷᠦᠩᠬᠡᠶᠢᠯᠡᠨ ᠬᠠᠮᠢᠶᠠᠷᠬᠤ ᠰᠦᠮ᠎ᠡ ᠬᠡᠵᠤ ᠲᠤᠭᠳᠠᠭᠠᠭᠠᠳ ᠬᠤᠰᠢᠭᠤ ᠵᠠᠰᠠᠭ ᠨᠤᠶᠠᠨ ᠠᠴᠠ ᠲᠤᠰᠬᠠᠶᠢᠯᠠᠨ | ᠶᠡᠷᠦᠩᠬᠡᠶᠢᠯᠡᠭᠴᠢ ᠯᠠᠮᠠ ᠲᠤᠮᠢᠯᠠᠨ ᠬᠠᠮᠢᠶᠠᠷᠤᠭᠤᠯᠵᠤ ᠪᠠᠶᠢᠵᠠᠢ᠃ ᠡᠨᠡᠬᠦ ᠲᠤᠰᠢᠶᠠᠯ ᠢ ᠬᠠᠷᠢᠭᠤᠴᠠᠵᠤ ᠪᠠᠶᠢᠭᠰᠠᠨ ᠨᠡᠷ᠎ᠡ | ᠬᠦᠨᠳᠦᠳᠤ ᠯᠠᠮᠠ ᠨᠠᠷ ᠠᠴᠠ ᠲᠤᠷᠠᠳᠪᠠᠯ ᠠᠭᠸᠠᠩᠸᠠᠩᠳᠠᠨ᠂ ᠯᠢᠭᠳᠡᠨ᠂ ᠨᠠᠴᠢᠨ ᠵᠡᠷᠭᠡ ᠶᠢᠨ ᠯᠠᠮᠠ ᠨᠠᠷ ᠪᠠᠶᠢᠵᠠᠢ᠃ | ᠪᠢᠷᠠᠭᠤ ᠰᠦᠮ᠎ᠡ ᠨᠢ ᠬᠡᠳᠦᠨ ᠵᠠᠭᠤᠨ ᠵᠢᠯ ᠤᠨ ᠰᠠᠯᠬᠢ ᠪᠤᠷᠤᠭᠠᠨ ᠢ ᠠᠵᠢᠭ ᠦᠭᠡᠢ | ᠦᠩᠭᠡᠷᠡᠭᠡᠵᠤ᠂ ᠤᠳᠤ ᠪᠤᠯᠳᠠᠯ᠎ᠠ ᠰᠡᠭᠦᠶᠢᠨ ᠰᠦᠨᠳᠡᠷᠯᠡᠵᠤ ᠪᠤᠢ᠃ ᠡᠨᠡᠬᠦ ᠰᠦᠮ᠎ᠡ ᠶᠢᠨ ᠪᠠᠷᠢᠯᠭ᠎ᠠ ᠠᠴᠠ ᠦᠵᠡᠪᠡᠯ | ᠰᠦᠮ᠎ᠡ ᠶᠢᠨ ᠬᠦᠷᠢᠶ᠎ᠡ ᠶᠢᠨ ᠬᠠᠯᠬᠠᠪᠴᠢ ᠬᠡᠷᠡᠮ᠂ ᠵᠢᠭᠦᠷ ᠤᠨ ᠭᠡᠷ᠂ ᠮᠠᠬᠠᠷᠠᠨᠽᠠ ᠶᠢᠨ ᠰᠦᠮ᠎ᠡ᠂ ᠵᠡᠬᠦᠨ ᠪᠠᠷᠠᠭᠤᠨ | ᠬᠠᠴᠠᠷ ᠤᠨ ᠰᠦᠮ᠎ᠡ᠂ ᠭᠤᠤᠯ ᠶᠡᠭᠡ ᠰᠦᠮ᠎ᠡ ︵ᠰᠢᠳᠦᠭᠡᠨ ᠪᠤᠷᠬᠠᠨ ᠪᠠ ᠲᠠᠬᠢᠯᠭ᠎ᠠ ᠬᠤᠷᠠᠯ ᠬᠢᠬᠦ ᠭᠤᠤᠯ ᠤᠷᠳᠤᠨ︶ | ᠂ ᠵᠤᠤ ᠶᠢᠨ ᠰᠦᠮ᠎ᠡ᠂ ᠨᠢᠪᠳᠠᠭ ᠤᠨ ᠰᠦᠮ᠎ᠡ᠂ ᠮᠦᠩᠬᠡ ᠮᠠᠨᠢ ᠶᠢᠨ ᠰᠦᠮ᠎ᠡ ᠬᠡᠬᠦ ᠵᠡᠷᠭᠡ ᠡᠷᠳᠡᠨ ᠤ ᠪᠠᠷᠢᠯᠭ᠎ᠠ ᠪᠠᠷ | ᠪᠦᠷᠢᠯᠳᠦᠭᠰᠡᠨ ᠲᠦᠮᠡ ᠢᠯᠡᠬᠦᠤ ᠬᠠᠪᠳᠠᠭᠠᠢ ᠲᠦᠷᠪᠡᠯᠵᠢᠨ ᠮᠧᠲᠷ ᠭᠠᠵᠠᠷ ᠡᠵᠡᠯᠡᠵᠤ ᠪᠠᠶᠢᠭ᠎ᠠ ᠶᠤᠮ᠃ | ᠶᠡᠭᠡ ᠰᠦᠮ᠎ᠡ ᠶᠢᠨ ᠬᠦᠷᠢᠶ᠎ᠡ ᠠᠴᠠ ᠪᠠᠷᠠᠭᠤᠨ ᠡᠮᠦᠨ᠎ᠡ ᠪᠡᠶ᠎ᠡ ᠳᠤ ︽ᠴᠠᠭᠠᠨ ᠰᠢᠭᠦᠳᠡᠷᠢ ᠶᠢᠨ | ᠰᠦᠮ᠎ᠡ︾ ᠪᠤᠯᠤᠨ ︽ᠲᠠᠮᠠᠴᠤᠭ ᠤᠨ ᠰᠦᠮ᠎ᠡ︾ ᠬᠡᠵᠤ ᠪᠠᠶᠢᠵᠠᠢ᠃ ᠡᠨᠡ ᠬᠤᠶᠠᠷ ᠪᠠᠭ᠎ᠠ ᠰᠦᠮ᠎ᠡ ᠨᠢ 1945 | ᠤᠨ ᠤ ᠤᠷᠢᠳ ᠬᠤᠵᠢᠳ ᠢᠶᠠᠷ ᠠᠶᠠᠨᠳᠠᠭᠠᠨ ᠨᠤᠷᠠᠵᠤ ᠰᠦᠢᠳᠴᠠᠢ᠃ | ᠪᠢᠷᠠᠭᠤ ᠰᠦᠮ᠎ᠡ ᠶᠢᠨ ᠲᠠᠬᠢᠯᠭ᠎ᠠ ᠶᠢᠨ ᠬᠤᠷᠠᠯ ᠨᠢ ᠲᠤᠭᠳᠠᠭᠰᠠᠨ ᠰᠠᠷ᠎ᠠ ᠡᠳᠦᠷ ᠢᠶᠠᠨ ᠪᠠᠷᠢᠮᠳᠠᠯᠠᠨ | ᠬᠤᠷᠠᠯ ᠨᠤᠮ ᠢᠶᠠᠨ ᠬᠤᠷᠠᠳᠠᠭ᠃ ᠶᠡᠭᠡ ᠰᠢᠭ ᠲᠠᠬᠢᠯᠭ᠎ᠠ ᠶᠢᠨ ᠬᠤᠷᠠᠯ ᠨᠢ ᠪᠢᠯᠢᠭ ᠤᠨ ᠤᠯᠠᠷᠢᠯ ᠤᠨ ᠵᠢᠷᠭᠤᠳᠤᠭᠠᠷ | ᠰᠠᠷ᠎ᠠ ᠶᠢᠨ ᠰᠢᠨ᠎ᠡ ᠶᠢᠨ ᠲᠤᠯᠤᠭᠠᠨ ᠤ ᠡᠳᠦᠷ ᠠᠴᠠ ᠡᠬᠢᠯᠡᠨ ᠲᠤᠯᠤᠭᠠᠨ ᠡᠳᠦᠷ ᠤᠨ ᠪᠦᠬᠦ ᠬᠤᠰᠢᠭᠤᠨ ᠤ ᠶᠡᠭᠡ | ᠢᠷᠦᠭᠡᠯ ᠮᠤᠯᠤᠮ ᠤᠨ ᠲᠠᠬᠢᠯᠭ᠎ᠠ ᠶᠢ ᠬᠢᠳᠡᠭ᠃ ᠲᠠᠬᠢᠯᠭ᠎ᠠ ᠶᠢᠨ ᠬᠤᠷᠠᠯ ᠳᠤ ᠷᠠᠰᠢᠶᠠᠨ ᠰᠦᠮ᠎ᠡ᠂ ᠲᠤᠯᠢ ᠶᠢᠨ | ᠰᠦᠮ᠎ᠡ᠂ ᠬᠦᠬᠦᠷᠭᠡ ᠰᠦᠮ᠎ᠡ᠂ ᠮᠢᠰᠠᠩ ᠰᠦᠮ᠎ᠡ ᠠᠴᠠ ᠲᠤᠰᠪᠦᠷᠢ ᠠᠷᠪᠠ ᠠᠴᠠ ᠬᠤᠷᠢᠨ ᠯᠠᠮᠠ ᠵᠢᠯ ᠪᠦᠷᠢ | ᠰᠠᠭᠠᠳᠠᠯ ᠦᠭᠡᠢ ᠢᠷᠡᠵᠤ ᠲᠠᠬᠢᠯᠭ᠎ᠠ ᠳᠤ ᠤᠷᠤᠯᠴᠠᠳᠠᠭ᠃ ᠠᠷᠪᠠ ᠭᠤᠷᠪᠠᠨ ᠤ ᠡᠳᠦᠷ ᠰᠠᠬᠢᠭᠤᠰᠤ ᠲᠠᠬᠢᠵᠤ᠂ ᠰᠤᠷ | ᠬᠠᠶᠠᠬᠤ ᠮᠡᠳᠤ ᠶᠢᠨ ᠰᠢᠷ᠎ᠡ ᠶᠢᠨ ᠱᠠᠰᠢᠨ ᠤ ᠠᠵᠢᠯᠯᠠᠭ᠎ᠠ ᠶᠢ ᠶᠡᠭᠡ ᠪᠠᠷ ᠶᠠᠪᠤᠭᠳᠠᠭᠤᠯᠵᠤ ᠪᠠᠶᠢᠵᠠᠢ᠃ ᠡᠨᠡᠬᠦ | ᠲᠠᠬᠢᠯᠭ᠎ᠠ ᠪᠠᠨ ︽ᠵᠢᠷᠭᠤᠳᠤᠭᠠᠷ ᠰᠠᠷ᠎ᠠ ᠶᠢᠨ ᠶᠡᠭᠡ ᠬᠤᠷᠠᠯ︾ ᠭᠡᠵᠤ ᠪᠦᠬᠦ ᠬᠤᠰᠢᠭᠤᠨ ᠤ ᠮᠠᠰᠢ ᠤᠯᠠᠨ | ᠦᠭᠯᠢᠭᠡ ᠶᠢᠨ ᠡᠵᠡᠳ ᠪᠤᠯᠤᠨ ᠮᠦᠷᠬᠦᠯᠴᠢᠨ ᠬᠤᠯᠠ ᠤᠶᠢᠷ᠎ᠠ ᠠᠴᠠ ᠴᠤᠭᠯᠠᠷᠠᠨ ᠢᠷᠡᠵᠤ᠂ ᠪᠤᠷᠬᠠᠨ ᠳᠤ ᠮᠦᠷᠬᠦᠨ | ᠰᠦᠰᠦᠭ ᠪᠢᠰᠢᠷᠡᠯ ᠢᠶᠠᠨ ᠬᠦᠢᠴᠡᠳᠭᠡᠵᠤ᠂ ︽ᠪᠤᠶᠠᠨ ᠦᠢᠯᠡᠳᠦᠨ ᠦᠭᠯᠢᠭᠡ ᠦᠭᠬᠦ︾᠂ ᠠᠶᠢᠯ ᠡᠷᠦᠭᠡ ᠶᠢᠨ | ᠠᠯᠢᠪᠠ ᠦᠢᠯᠡᠰ ᠢᠶᠠᠨ ᠲᠠᠭᠠᠳᠬᠠᠵᠤ᠂ ︽ᠴᠠᠮ ᠬᠠᠷᠠᠶᠢᠬᠤ︾ ᠶᠢ ᠰᠤᠨᠢᠷᠬᠠᠨ ᠦᠵᠡᠳᠡᠭ ᠵᠠᠩᠰᠢᠯ ᠲᠠᠢ᠃ | ᠪᠢᠷᠠᠭᠤ ᠰᠦᠮ᠎ᠡ ᠶᠢᠨ ᠯᠠᠮᠠ ᠬᠤᠸᠠᠷᠠᠭ ᠬᠠᠮᠤᠭ ᠠᠷᠪᠢᠨ ᠳᠠᠭᠠᠨ ᠵᠠᠭᠤ ᠢᠯᠡᠬᠦᠤ ᠳᠤ ᠬᠦᠷᠴᠤ | ᠪᠠᠶᠢᠵᠠᠢ᠃ 1937 ᠤᠨ ᠤ ᠲᠡᠤᠭᠡ ᠶᠢᠨ ᠲᠤᠭ᠎ᠠ ᠪᠦᠷᠢᠳᠭᠡᠯ ᠠᠴᠠ ᠦᠵᠡᠪᠡᠯ ᠨᠠᠶᠠᠨ ᠲᠦᠷᠪᠡᠨ ᠯᠠᠮᠠ ᠪᠠᠶᠢᠯ᠎ᠠ | ᠭᠡᠵᠤ ᠲᠡᠮᠳᠡᠭᠯᠡᠵᠤ ᠪᠤᠢ᠃ | ᠲᠦᠷᠦ ᠬᠤᠪᠢᠷᠠᠵᠤ ᠴᠢᠯᠦᠭᠡᠯᠡᠭᠳᠡᠬᠦ ᠦᠶ᠎ᠡ ᠳᠤ ᠯᠠᠮᠠ ᠨᠠᠷ ᠬᠦᠳᠡᠭᠡ ᠭᠡᠷ ᠲᠡᠭᠡᠨ ᠬᠠᠷᠢᠵᠤ᠂ | ᠬᠤᠪᠢ ᠶᠢᠨ ᠠᠵᠢᠯ ᠦᠢᠯᠡᠰ ᠢᠶᠠᠨ ᠡᠷᠬᠢᠯᠡᠬᠦ ᠪᠤᠶᠤ ᠵᠠᠷᠢᠮ ᠨᠢ ᠱᠠᠰᠢᠨ ᠤ ᠰᠠᠬᠢᠯ ᠢᠶᠠᠨ ᠬᠠᠮᠠᠭᠠᠯᠠᠨ ᠰᠤᠯᠠ ᠯᠠᠮᠠ | ᠪᠤᠯᠪᠠ᠃ ᠰᠦᠮ᠎ᠡ ᠶᠢᠨ ᠡᠵᠡᠨ ᠱᠠᠪᠷᠤᠩ ᠴᠤᠶᠢᠵᠢ ︵ᠲᠦᠭᠦᠮ ᠲᠠᠭᠤᠳᠠᠬᠤ ᠨᠡᠷ᠎ᠡ︶ ᠮᠠᠯᠵᠢᠯ ᠤᠨ ᠦᠭᠡᠷᠡᠴᠢᠯᠡᠯᠳᠡ | ᠳᠤ ᠤᠷᠤᠯᠴᠠᠨ᠂ ᠭᠠᠷᠤᠯ ᠲᠡᠤᠭᠡ ᠪᠠᠨ ᠲᠤᠳᠤᠷᠬᠠᠶᠢᠯᠠᠭᠠᠳ ᠲᠦᠷᠦᠭᠰᠡᠨ ᠨᠤᠳᠤᠭ ᠰᠢᠯᠢ ᠶᠢᠨ ᠭᠤᠤᠯ ᠠᠶᠢᠮᠠᠭ ᠤᠨ | ᠠᠪᠠᠭᠠᠨᠠᠷ ᠬᠤᠰᠢᠭᠤᠨ ᠤ ᠬᠦᠳᠡᠭᠡ ᠬᠡᠷ ᠲᠡᠭᠡᠨ ᠬᠠᠷᠢᠵᠠᠢ᠃ | ᠰᠦᠮ᠎ᠡ ᠶᠢᠨ ᠡᠳ᠋ ᠬᠦᠷᠦᠩᠭᠡ᠂ ᠮᠠᠯ ᠰᠦᠷᠦᠭ ᠨᠢ ᠮᠠᠯᠵᠢᠯ ᠤᠨ ᠦᠭᠡᠷᠡᠴᠢᠯᠡᠯᠳᠡ ᠶᠢᠨ | ᠬᠦᠳᠡᠯᠭᠡᠭᠡᠨ ᠳᠤ ᠬᠤᠷᠢᠶᠠᠮᠵᠢᠯᠠᠭᠳᠠᠵᠤ᠂ ᠰᠦᠮ᠎ᠡ ᠶᠢᠨ ᠠᠯᠳᠠ᠂ ᠮᠦᠩᠬᠦ᠂ ᠵᠡᠰ᠂ ᠭᠠᠤᠯᠢᠨ ᠪᠤᠷᠬᠠᠨ ᠪᠤᠯᠤᠨ | ᠬᠤᠪᠤᠷ ᠦᠨᠡᠳᠤ ᠡᠷᠳᠡᠨᠢᠰ ᠤᠨ ᠵᠦᠢᠯ ᠵᠢᠴᠢ ᠨᠤᠮ ᠰᠤᠳᠤᠷ ᠨᠢ ᠴᠡᠷᠢᠭ ᠲᠠᠶᠢᠨ ᠤ ᠬᠦᠯ᠂ ᠲᠡᠭᠡᠷᠡᠮ ᠬᠤᠯᠠᠭᠠᠢ ᠶᠢᠨ | ᠭᠠᠷ ᠲᠤ ᠰᠢᠭᠦᠷᠦᠭᠳᠡᠨ ᠰᠦᠢᠳᠪᠡ᠃ ᠭᠠᠭᠴᠠ ᠬᠦ᠋ ᠰᠦᠮ᠎ᠡ ᠶᠢᠨ ᠬᠡᠷ ᠪᠠᠷᠢᠯᠭ᠎ᠠ ᠡᠪᠳᠡᠷᠡᠵᠤ ᠰᠦᠢᠳᠦᠭᠰᠡᠨ ᠦᠭᠡᠢ | ᠪᠠᠷ ᠤᠭ ᠭᠡᠪ ᠢᠶᠠᠷ ᠦᠯᠡᠳᠡᠵᠤ᠂ 1949 ᠤᠨ ᠤ ᠦᠶ᠎ᠡ ᠪᠠᠷ ᠬᠤᠰᠢᠭᠤ ᠵᠠᠰᠠᠭ ᠤᠨ ᠤᠷᠳᠤᠨ ᠠᠴᠠ ᠬᠤᠰᠢᠭᠤᠨ | ᠤ ᠬᠠᠩᠭᠠᠨ ᠪᠤᠷᠤᠯᠠᠭᠤᠯᠬᠤ ᠬᠤᠷᠰᠢᠶ᠎ᠠ᠂ ᠠᠮᠤ ᠪᠤᠳᠠᠭ᠎ᠠ ᠶᠢᠨ ᠲᠤᠪᠴᠢᠶ᠎ᠠ ᠵᠡᠷᠭᠡ ᠶᠢᠨ ᠠᠯᠪᠠᠨ ᠪᠠᠶᠢᠭᠤᠯᠤᠯᠭ᠎ᠠ ᠳᠤ | ᠦᠭᠴᠤ ᠠᠰᠢᠭᠯᠠᠭᠤᠯᠤᠭᠰᠠᠨ ᠠᠴᠠ ᠤᠳᠤ ᠪᠤᠯᠳᠠᠯ᠎ᠠ ᠦᠨᠳᠦᠰᠦᠨ ᠳᠡᠭᠡᠨ ᠪᠦᠷᠢᠨ ᠪᠦᠳᠦᠨ ᠬᠡᠪ ᠢᠶᠠᠷ ᠢᠶᠠᠨ | ᠪᠠᠶᠢᠨ᠎ᠠ᠃ | 1974 ᠤᠨ ᠳᠤ ᠬᠤᠰᠢᠭᠤ ᠵᠠᠰᠠᠭ ᠤᠨ ᠤᠷᠳᠤᠨ ᠠᠴᠠ ᠲᠤᠭᠳᠠᠭᠠᠯ ᠭᠠᠷᠭᠠᠵᠤ᠂ ᠪᠢᠷᠠᠭᠤ | ᠰᠦᠮ᠎ᠡ ᠶᠢᠨ ᠪᠦᠬᠦ ᠪᠠᠷᠢᠯᠭ᠎ᠠ ᠶᠢ ᠴᠦᠮ ᠬᠤᠰᠢᠭᠤᠨ ᠤ ᠰᠤᠶᠤᠯ ᠤᠨ ᠲᠤᠪᠴᠢᠶ᠎ᠠ ᠳᠤ ᠲᠤᠰᠢᠶᠠᠨ ᠬᠠᠮᠢᠶᠠᠷᠠᠭᠤᠯᠵᠠᠢ | ᠃ 1975 ᠤᠨ ᠤ ᠲᠠᠪᠤᠳᠤᠭᠠᠷ ᠰᠠᠷ᠎ᠠ ᠳᠤ ︽ᠬᠤᠰᠢᠭᠤᠨ ᠤ ᠭᠤᠤᠯ ᠪᠤᠯᠤᠭᠰᠠᠨ ᠲᠡᠤᠭᠡ ᠶᠢᠨ ᠲᠤᠷᠠᠰᠬᠠᠯᠳᠤ | ᠰᠦᠮ᠎ᠡ︾ ᠪᠠᠷ ᠬᠠᠮᠠᠭᠠᠯᠠᠬᠤ ᠲᠤᠬᠠᠢ ᠲᠤᠭᠳᠠᠭᠠᠯ ᠭᠠᠷᠭᠠᠵᠠᠢ᠃ 1984 ᠤᠨ ᠳᠤ ᠰᠤᠶᠤᠯ ᠤᠨ ᠲᠤᠪᠴᠢᠶ᠎ᠠ ᠶᠢᠨ | ᠰᠤᠶᠤᠯ ᠲᠡᠤᠭᠡ ᠶᠢᠨ ᠭᠠᠵᠠᠷ ᠲᠤ ᠭᠤᠤᠯᠯᠠᠨ ᠬᠠᠮᠢᠶᠠᠷᠠᠭᠤᠯᠵᠤ ᠡᠵᠡᠩᠨᠡᠬᠦ ᠶᠢᠨ ᠬᠠᠮᠳᠤ ᠬᠤᠰᠢᠭᠤᠨ ᠤ | ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠡᠨᠡᠬᠦ ᠰᠦᠮ᠎ᠡ ᠶᠢ ᠬᠠᠮᠢᠶᠠᠷᠤᠨ ᠬᠠᠮᠠᠭᠠᠯᠠᠬᠤ ᠬᠡᠷᠡᠭᠳᠠᠢ ᠬᠡᠵᠤ ᠬᠤᠰᠢᠭᠤ | ᠵᠠᠰᠠᠭ ᠤᠨ ᠤᠷᠳᠤᠨ ᠠᠴᠠ ᠲᠤᠭᠳᠠᠭᠠᠪᠠ᠃ | ᠬᠡᠰᠢᠭᠳᠡᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠲᠤᠭᠳᠠᠭᠠᠯ | ᠭᠠᠷᠭᠠᠵᠤ᠂ ᠤᠷᠢᠳ ᠬᠤᠵᠢᠳ ᠰᠡᠯᠪᠢᠨ ᠵᠠᠰᠠᠵᠤ ᠬᠠᠮᠠᠭᠠᠯᠠᠭᠰᠠᠨ ᠠᠴᠠ ᠲᠤᠰ ᠰᠦᠮ᠎ᠡ ᠤᠳᠤ ᠪᠤᠯᠳᠠᠯ᠎ᠠ | ᠦᠨᠳᠦᠰᠦᠨ ᠳᠡᠭᠡᠨ ᠪᠦᠷᠢᠨ ᠪᠦᠳᠦᠨ ᠪᠠᠶᠢᠭ᠎ᠠ ᠴᠤᠷ ᠤᠨ ᠭᠠᠭᠴᠠ ᠰᠦᠮ᠎ᠡ ᠬᠡᠶᠢᠳ ᠪᠤᠯᠤᠨ ᠦᠯᠡᠳᠡᠭᠰᠡᠭᠡᠷ ᠪᠤᠢ᠃ |