︽ᠡᠷᠳᠡᠨᠢᠳᠣᠭᠳᠠᠬᠤ ᠶᠢᠨ ᠪᠦᠷᠢᠨ ᠵᠣᠬᠢᠶᠠᠯ︾᠎ ᠢ ᠲᠠᠷᠬᠠᠭᠠᠬᠤ ᠶᠣᠰᠣᠯᠠᠯ ᠲᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2010/10/20
                                                                                 — ᠦᠪᠦᠷ ᠮᠤᠩᠭᠤᠯ ᠤᠨ ᠦᠨᠳᠦᠰᠦᠳᠡᠨ ᠤ ᠭᠡᠷᠡᠭ ᠡᠷᠬᠢᠯᠡᠬᠦ ᠵᠦᠪᠯᠡᠯ ᠎ ᠤᠨ                                   ᠦᠨᠳᠦᠰᠦᠳᠡᠡ ᠤ ᠭᠡᠯᠡ ᠪᠢᠴᠢᠭ ᠤᠨ ᠭᠠᠵᠠᠷ ᠤᠨ ᠲᠠᠷᠤᠭ᠎ᠠ ᠯᠢᠩᠰᠠᠶᠢᠮ᠎ᠠ       ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠥᠨᠳᠣᠰᠣᠳᠡᠨ ᠤ ᠬᠡᠷᠡᠭ ᠡᠷᠭᠢᠯᠡᠭᠦ ᠵᠦᠪᠯᠡᠯ᠂ ᠮᠣᠩᠭᠤᠯ ᠬᠡᠯᠡ ᠪᠢᠴᠢᠭ ᠤᠨ ᠠᠵᠢᠯ ᠤᠨ ᠵᠦᠪᠯᠡᠯ᠂ ᠬᠡᠰᠢᠭᠳᠡᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠡᠷᠬᠢᠯᠡᠨ ᠬᠢᠵᠣ ᠪᠠᠶᠢᠭ᠎ᠠ ︽ᠡᠷᠳᠡᠨᠢᠳᠣᠭᠳᠠᠬᠤ ᠶᠢᠨ ᠪᠦᠷᠢᠨ ᠵᠣᠬᠢᠶᠠᠯ︾᠎ ᠢ ᠲᠠᠷᠬᠠᠭᠠᠬᠤ ᠶᠣᠰᠣᠯᠠᠯ ᠣᠳᠣ ᠡᠬᠢᠯᠡᠵᠣ ᠪᠠᠶᠢᠨ᠎ᠠ᠃ ︽ᠡᠷᠳᠡᠨᠢᠳᠣᠭᠳᠠᠬᠤ ᠶᠢᠨ ᠪᠦᠷᠢᠨ ᠵᠤᠬᠢᠶᠠᠯ︾᠎ ᠢ ᠪᠣᠯ 2008 ᠣᠨ ᠠᠴᠠ ᠡᠬᠢᠯᠡᠨ ᠦᠪᠦᠷ ᠮᠣᠩᠭᠤᠯ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠮᠣᠩᠭᠤᠯ ᠬᠡᠯᠡ ᠪᠢᠴᠢᠭ ᠤᠨ ᠠᠵᠢᠯ ᠤᠨ ᠵᠦᠪᠯᠡᠯ᠂ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠠᠮᠵᠢᠯᠳᠠ ᠲᠠᠢ ᠵᠣᠬᠢᠶᠠᠨ ᠪᠠᠶᠢᠭᠤᠯᠵᠣ᠂ ᠡᠷᠳᠡᠮᠳᠡᠨ ᠮᠡᠷᠭᠡᠳ ᠤᠨ ᠰᠢᠷᠭᠠᠭᠤ ᠴᠢᠷᠮᠠᠶᠢᠯᠭ᠎ᠠ ᠪᠠᠷ ᠣᠳᠣ ᠣᠩᠰᠢᠭᠴᠢᠳ ᠲᠠᠢ ᠨᠢᠭᠤᠷ ᠵᠣᠯᠭᠠᠵᠣ ᠪᠠᠶᠢᠨ᠎ᠠ᠃      ᠮᠠᠨ ᠤ ᠡᠨᠡ ᠣᠳᠠᠭᠠᠨ ᠤ ᠬᠤᠷᠠᠯ ᠳᠤ ᠡᠷᠳᠡᠨᠢᠳᠣᠭᠳᠠᠬᠤ ᠶᠢᠨ ᠠᠵᠢᠯᠯᠠᠵᠣ ᠪᠠᠶᠢᠭᠰᠠᠨ ᠪᠠᠶᠢᠭᠤᠯᠭ᠎ᠠ ᠶᠢᠨ ᠣᠳᠣᠷᠢᠳᠣᠯᠭ᠎ᠠ᠂ ᠡᠷᠳᠡᠨᠢᠳᠣᠭᠳᠠᠬᠤ ᠶᠢ ᠰᠣᠳᠣᠯᠣᠭᠴᠢ ᠡᠷᠳᠡᠮᠳᠡᠨ ᠮᠡᠷᠭᠡᠳ᠂ ︽ᠪᠦᠷᠢᠨ ᠵᠤᠬᠢᠶᠠᠯ︾ ᠨᠠᠶᠢᠷᠠᠭᠤᠯᠬᠤ ᠠᠵᠢᠯ ᠳᠤ ᠤᠷᠤᠯᠴᠠᠭᠰᠠᠨ ᠨᠠᠶᠢᠷᠠᠭᠤᠯᠤᠭᠴᠢᠳ ᠵᠢᠴᠢ ᠲᠡᠬᠦᠨ ᠤ ᠤᠷᠤᠨ ᠨᠤᠳᠤᠭ ᠤᠨ ᠤᠳᠤᠷᠢᠳᠤᠯᠭ᠎ᠠ᠂ ᠲᠦᠷᠦᠯ ᠰᠠᠳᠤᠨ᠂ ᠡᠯ᠎ᠡ ᠱᠠᠳᠤᠨ ᠤ ᠰᠤᠨᠢᠨ ᠮᠡᠳᠡᠭᠡᠨ ᠤ ᠵᠠᠭᠤᠴᠢᠯᠠᠭᠤᠷ ᠤᠨ ᠬᠢᠨ ᠵᠡᠷᠭᠡ ᠤᠷᠤᠨ ᠤ ᠲᠤᠳᠤᠷ᠎ᠠ ᠭᠠᠳᠠᠨᠠᠬᠢ ᠤᠳᠤᠷᠢᠳᠤᠯᠭ᠎ᠠ᠂ ᠡᠷᠳᠡᠮᠳᠡᠨ ᠮᠡᠷᠭᠡᠳ 100 ᠢᠯᠡᠬᠦᠦ ᠬᠦᠮᠦᠨ ᠤᠷᠤᠯᠴᠠᠭᠰᠠᠨ ᠪᠠᠶᠢᠨ᠎ᠠ᠃ ᠠᠳᠡ ᠪᠢ ᠲᠤᠰ ᠤᠳᠠᠭᠠᠨ ᠤ ᠠᠵᠢᠯᠯᠠᠭ᠎ᠠ ᠶᠢ ᠡᠷᠬᠢᠯᠡᠨ ᠵᠤᠬᠢᠶᠠᠨ ᠪᠠᠶᠢᠭᠤᠯᠵᠦ ᠪᠠᠶᠢᠭ᠎ᠠ ᠪᠠᠶᠢᠭᠤᠯᠭ᠎ᠠ ᠶᠢᠨ ᠡᠮᠦᠨ᠎ᠡ ᠠᠴᠠ ᠲᠠ ᠪᠦᠬᠦᠨ ᠢ ᠪᠠᠶᠠᠷᠯᠠᠨ ᠤᠭᠳᠤᠵᠦ ᠪᠠᠶᠢᠭ᠎ᠠ ᠰᠡᠳᠬᠢᠯᠭᠡ ᠪᠠᠨ ᠢᠯᠡᠳᠭᠡᠬᠦ ᠶᠢᠨ ᠬᠠᠮᠳᠦ ᠲᠠᠨᠠᠷ ᠲᠤ ᠬᠦᠨ ᠲᠠᠯᠠᠷᠬᠠᠯ ᠎ ᠢᠶᠠᠨ ᠲᠡᠪᠰᠢᠬᠦᠯᠵᠦ ᠪᠠᠶᠢᠨ᠎ᠠ᠃
 
ᠢᠷᠡᠯᠲᠡ᠄ www.kqmw.gov.cn
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号