| | | ︽ᠠᠮᠢ ᠠᠬᠤᠢ ᠪᠠᠷ ᠦᠨᠳᠦᠰᠤ ᠪᠤᠯᠭᠠᠬᠤ᠂ ᠮᠠᠯᠵᠢᠬᠤ ᠪᠠᠷ ᠭᠤᠤᠯ ᠪᠤᠯᠭᠠᠨ ᠮᠠᠯ | ᠲᠠᠷᠢᠶᠠᠯᠠᠩ ᠢ ᠤᠶᠠᠯᠳᠤᠭᠤᠯᠬᠤ᠂ ᠭᠤᠷᠪᠠᠨ ᠬᠤᠪᠢᠷᠠᠯ ᠢ ᠬᠠᠷᠢᠯᠴᠠᠨ ᠦᠢᠯᠡᠳᠦᠯᠴᠡᠬᠦᠯᠵᠤ᠂ ᠠᠰᠢᠭ ᠤᠷᠤᠯᠭ᠎ᠠ ᠢ | ᠬᠠᠮᠳᠤ ᠳᠤᠨᠢ ᠨᠡᠮᠡᠭᠳᠡᠬᠦᠯᠬᠦ︾ ᠰᠡᠳᠬᠢᠮᠵᠢ ᠶᠢ ᠪᠠᠷᠢᠮᠳᠠᠯᠠᠵᠤ᠂ ᠰᠢᠯᠢᠳᠡᠭ ᠪᠦᠳᠦᠴᠨ᠂ ᠰᠢᠯᠢᠳᠡᠭ ᠴᠢᠨᠠᠷ ᠢ | ᠲᠤᠬᠢᠷᠠᠭᠤᠯᠵᠤ᠂ ᠦᠨᠳᠦᠷ ᠤᠨᠠᠯᠳᠠᠳᠤ᠂ ᠰᠢᠯᠢᠳᠡᠭ ᠴᠢᠨᠠᠷᠳᠤ᠂ ᠦᠨᠳᠦᠷ ᠦᠷ᠎ᠠ ᠠᠰᠢᠭ ᠲᠠᠢ᠂ ᠠᠮᠢ ᠠᠬᠤᠢ᠂ | ᠠᠮᠤᠷ ᠲᠦᠪᠰᠢᠨ ᠤᠳᠤᠬᠢᠴᠢᠯᠠᠭᠰᠠᠨ ᠮᠠᠯ ᠲᠠᠷᠢᠶᠠᠯᠠᠩ ᠠᠵᠤ ᠠᠬᠤᠢ ᠶᠢ ᠪᠦᠳᠦᠭᠡᠨ ᠪᠠᠶᠢᠭᠤᠯᠤᠨ᠎ᠠ᠃ | ᠮᠠᠯ ᠲᠠᠷᠢᠶᠠᠯᠠᠩ ᠠᠵᠤ ᠠᠬᠤᠢ ᠶᠢᠨ ᠲᠠᠯ᠎ᠠ ᠳᠤ᠃ ᠮᠠᠯ ᠲᠠᠷᠢᠶᠠᠯᠠᠩ ᠠᠵᠤ ᠠᠬᠤᠢ ᠶᠢᠨ | ᠦᠢᠯᠡᠳᠪᠤᠷᠢᠯᠡᠯ ᠡᠵᠡᠩᠨᠡᠯᠳᠠ ᠤᠨ ᠠᠷᠭ᠎ᠠ ᠬᠡᠯᠪᠡᠷᠢ ᠶᠢ ᠬᠤᠪᠢᠷᠠᠭᠤᠯᠤᠨ᠂ ᠮᠠᠯᠵᠢᠬᠤ ᠤᠷᠤᠨ ᠳᠤ ᠪᠡᠯᠴᠢᠭᠡᠷ ᠤᠨ | ᠲᠠᠭᠠᠭᠠᠴᠨ ᠪᠠᠷ ᠮᠠᠯ ᠤᠨ ᠲᠤᠭ᠎ᠠ ᠪᠠᠨ ᠲᠤᠭᠳᠠᠭᠠᠵᠤ᠂ ᠮᠠᠯ ᠪᠡᠯᠴᠢᠭᠡᠷ ᠲᠠᠩᠴᠡᠬᠦᠷᠢ ᠲᠠᠢ ᠪᠠᠶᠢᠬᠤ ᠪᠠ ᠰᠡᠯᠬᠦᠨ | ᠮᠠᠯᠵᠢᠬᠤ᠂ ᠪᠡᠯᠴᠢᠭᠡᠷ ᠰᠡᠷᠬᠦᠭᠡᠬᠦ ᠶᠢ ᠬᠡᠷᠡᠭᠵᠢᠬᠦᠯᠦᠨ᠂ ᠵᠢᠭᠤᠯᠴᠢᠯᠠᠯ ᠤᠨ ᠮᠠᠯ ᠠᠵᠤ ᠠᠬᠤᠢ ᠶᠢ | ᠬᠦᠭᠵᠢᠬᠦᠯᠦᠨ᠎ᠠ᠃ ᠲᠠᠷᠢᠶᠠᠯᠠᠬᠤ ᠤᠷᠤᠨ ᠪᠠ ᠬᠠᠭᠠᠰ ᠲᠠᠷᠢᠶᠠᠯᠠᠬᠤ ᠬᠠᠭᠠᠰ ᠮᠠᠯᠵᠢᠬᠤ ᠤᠷᠤᠨ ᠳᠤ ᠮᠠᠯ ᠤᠨ ᠲᠤᠭ᠎ᠠ | ᠶᠢ ᠦᠨᠳᠦᠰᠦᠯᠡᠨ ᠪᠡᠯᠴᠢᠭᠡᠷ ᠢᠶᠠᠨ ᠲᠤᠬᠢᠷᠠᠭᠤᠯᠵᠤ᠂ ᠮᠠᠯ ᠪᠡᠯᠴᠢᠭᠡᠷ ᠢ ᠨᠡᠮᠡᠭᠳᠡᠬᠦᠯᠬᠦ ᠪᠠ ᠬᠠᠰᠢᠶᠠᠯᠠᠨ | ᠮᠠᠯᠵᠢᠬᠤ ᠶᠢ ᠬᠡᠷᠡᠭᠵᠢᠬᠦᠯᠵᠤ᠂ ᠪᠠᠷᠢᠮᠵᠢᠶᠠᠵᠢᠭᠰᠠᠨ ᠠᠷᠠᠴᠢᠯᠠᠯᠭ᠎ᠠ ᠶᠢ ᠬᠦᠭᠵᠢᠬᠦᠯᠵᠤ᠂ ᠮᠠᠯ ᠠᠵᠤ ᠠᠬᠤᠢ ᠶᠢᠨ | ᠬᠠᠮ ᠲᠠᠷᠢᠶᠠᠯᠠᠩ ᠳᠠᠬᠢ ᠡᠵᠡᠯᠡᠬᠦ ᠬᠤᠪᠢ ᠶᠢ ᠲᠡᠭᠡᠭᠰᠢᠯᠡᠬᠦᠯᠦᠨ᠎ᠠ᠃ ᠪᠦᠬᠦ ᠬᠤᠰᠢᠭᠤᠨ ᠤ ᠮᠠᠯ ᠤᠨ ᠲᠤᠭ᠎ᠠ ᠶᠢ | 255 ᠲᠦᠮᠡᠨ ᠲᠤᠯᠤᠭᠠᠢ ᠤᠷᠴᠢᠮ ᠳᠤ ᠲᠤᠭᠳᠠᠪᠤᠷᠢᠵᠢᠭᠤᠯᠵᠤ᠂ ᠡᠬᠦᠨ ᠳᠤ ᠠᠯᠠᠰᠢᠨ ᠬᠤᠨᠢ 210 ᠲᠦᠮᠡᠨ | ᠲᠤᠯᠤᠭᠠᠢ᠂ ᠠᠯᠠᠰᠢᠨ ᠦᠭᠡᠷ 30 ᠲᠦᠮᠡᠨ ᠲᠤᠯᠤᠭᠠᠢ ᠶᠢ ᠡᠵᠡᠯᠡᠨ᠎ᠠ᠃ ᠵᠢᠯ ᠤᠨ ᠭᠠᠷᠭᠠᠯᠳᠠ ᠳᠤ ᠭᠠᠷᠭᠠᠬᠤ | ᠠᠯᠠᠰᠢᠨ ᠬᠤᠨᠢ 100 ᠲᠦᠮᠡᠨ ᠲᠤᠯᠤᠭᠠᠢ᠂ ᠠᠯᠠᠰᠢᠨ ᠦᠭᠡᠷ 10 ᠲᠦᠮᠡᠨ ᠲᠤᠯᠤᠭᠠᠢ᠃ ᠮᠠᠯ ᠠᠵᠤ ᠠᠬᠤᠢ ᠶᠢᠨ | ᠬᠠᠮ ᠲᠠᠷᠢᠶᠠᠯᠠᠩ ᠳᠠᠬᠢ ᠡᠵᠡᠯᠡᠬᠦᠨ 65% ᠳᠤ ᠬᠦᠷᠴᠤ᠂ ᠲᠡᠵᠢᠭᠡᠪᠤᠷᠢ ᠶᠢᠨ ᠦᠢᠯᠡᠰ ᠤᠨ ᠤᠷᠤᠯᠭ᠎ᠠ ᠨᠢ | ᠮᠠᠯᠴᠢᠨ ᠲᠠᠷᠢᠶᠠᠴᠢᠨ ᠤ ᠬᠦᠮᠦᠨ ᠲᠤᠮᠳᠠᠴᠢ ᠶᠢᠨ ᠴᠡᠪᠡᠷ ᠤᠷᠤᠯᠭ᠎ᠠ ᠶᠢᠨ 65% ᠠᠴᠠ ᠲᠡᠭᠡᠭᠰᠢᠬᠢ ᠶᠢ ᠡᠵᠡᠯᠡᠬᠦ | ᠪᠤᠯᠤᠨ᠎ᠠ᠃ | ᠲᠠᠷᠢᠮᠠᠯ ᠤᠨ ᠦᠢᠯᠡᠰ ᠤᠨ ᠲᠠᠯ᠎ᠠ ᠳᠤ᠃ ᠠᠮᠤ ᠪᠤᠳᠠᠭᠠᠨ ᠤ ᠦᠢᠯᠡᠳᠪᠤᠷᠢᠯᠡᠯ ᠶᠢ | ᠲᠤᠭᠳᠠᠪᠤᠷᠢᠵᠢᠭᠤᠯᠤᠭᠰᠠᠨ ᠰᠠᠭᠤᠷᠢᠨ ᠲᠡᠭᠡᠷ᠎ᠠ᠂ ᠤᠨᠴᠠᠯᠢᠭᠳᠤ ᠲᠠᠷᠢᠮᠠᠯ ᠪᠤᠯᠤᠨ ᠲᠦᠬᠦᠭᠡᠷᠦᠮᠵᠢᠳᠤ ᠲᠠᠷᠢᠶᠠᠯᠠᠩ ᠢ | ᠶᠡᠭᠡᠪᠡᠷ ᠬᠦᠭᠵᠢᠬᠦᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠬᠦᠯᠬᠦ ᠬᠦᠴᠦᠯᠡᠴᠨ ᠪᠠᠨ | ᠨᠡᠮᠡᠭᠳᠡᠬᠦᠯᠵᠤ᠂ ᠭᠠᠵᠠᠷ ᠰᠢᠷᠤᠢ ᠶᠢᠨ ᠭᠠᠷᠤᠯᠳᠠ᠂ ᠦᠷᠳᠡᠭ᠂ ᠠᠰᠢᠭ᠂ ᠤᠷᠤᠯᠭ᠎ᠠ ᠶᠢᠨ ᠨᠡᠮᠡᠭᠳᠡᠯ ᠢ ᠠᠬᠢᠭᠤᠯᠤᠨ᠎ᠠ᠃ | ᠪᠦᠬᠦ ᠬᠤᠰᠢᠭᠤᠨ ᠤ ᠲᠠᠷᠢᠮᠠᠯ ᠤᠨ ᠶᠡᠷᠦᠩᠭᠡᠢ ᠲᠠᠯᠠᠪᠠᠢ ᠶᠢ 130 ᠲᠦᠮᠡᠨ ᠮᠤ᠋ ᠠᠴᠠ ᠲᠡᠭᠡᠭᠰᠢ | ᠲᠤᠭᠳᠠᠪᠤᠷᠢᠵᠢᠭᠤᠯᠤᠨ᠎ᠠ᠃ 2011 ᠤᠨ ᠤ ᠠᠮᠤ ᠪᠤᠳᠠᠭᠠᠨ ᠤ ᠶᠡᠷᠦᠩᠭᠡᠢ ᠤᠨᠠᠯᠳᠠ 2.88 ᠳ᠋ᠤᠩᠰᠢᠭᠤᠷ | ᠺᠢᠯᠤᠭ᠍ᠷᠠᠮ ᠪᠠᠶᠢᠵᠤ᠂ ᠲᠦᠮᠦᠰᠤ᠂ ᠰᠢᠷ᠎ᠠ ᠯᠤᠤᠪᠠᠩ ᠤᠨ ᠲᠠᠷᠢᠵᠤ ᠪᠠᠶᠢᠭ᠎ᠠ ᠲᠤᠰ ᠲᠤᠰ 35 ᠲᠦᠮᠡᠨ ᠮᠤ᠋ ᠪᠠ10 | ᠲᠦᠮᠡᠨ ᠮᠤ᠋ ᠪᠤᠯᠤᠨ ᠬᠦᠭᠵᠢᠵᠤ᠂ ᠲᠦᠬᠦᠭᠡᠷᠦᠮᠵᠢᠳᠤ ᠲᠠᠷᠢᠶᠠᠯᠠᠩ ᠤᠨ ᠲᠠᠯᠠᠪᠠᠢ 7500 ᠮᠤ᠋ ᠳᠤ ᠬᠦᠷᠦᠭᠰᠡᠨ | ᠪᠠᠶᠢᠨ᠎ᠠ᠃ | ᠠᠵᠤ ᠦᠢᠯᠡᠰᠵᠢᠬᠦᠯᠦᠯᠳᠠ ᠶᠢᠨ ᠲᠠᠯ᠎ᠠ ᠳᠤ᠃ ᠪᠦᠬᠦ ᠬᠤᠰᠢᠭᠤᠨ ᠳᠤ ᠵᠢᠯ ᠤᠨ | ᠪᠤᠷᠤᠭᠤᠯᠠᠭᠤᠯᠤᠯᠳᠠ ᠵᠠᠭᠤᠨ ᠲᠦᠮᠡᠨ ᠲᠦᠬᠦᠷᠢᠭ ᠠᠴᠠ ᠲᠡᠭᠡᠭᠰᠢᠬᠢ ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ | ᠤᠳᠤᠬᠠᠨ ᠳᠤ ᠨᠡᠶᠢᠳᠠ31 ᠪᠠᠶᠢᠵᠤ᠂ ᠵᠢᠯ ᠤᠨ ᠦᠢᠯᠡᠳᠪᠤᠷᠢᠯᠡᠯ ᠤᠨ ᠦᠷᠳᠡᠭ14.99 ᠳ᠋ᠤᠩᠰᠢᠭᠤᠷ ᠲᠦᠬᠦᠷᠢᠭ | ᠲᠤ ᠬᠦᠷᠦᠭᠰᠡᠨ ᠪᠠᠶᠢᠨ᠎ᠠ᠃ ᠢᠦᠢ ᠷᠦᠨ ᠪᠦᠯᠦᠭᠯᠡᠯ ᠤᠨ ᠢᠳᠡᠭᠡᠨ ᠤ ᠲᠦᠷᠦᠯ ᠪᠤᠯᠪᠠᠰᠤᠷᠠᠭᠤᠯᠬᠤ ᠬᠦᠷᠢᠶᠠᠯᠡᠩ | ᠲᠤᠭᠤᠷᠢᠭ ᠤᠨ ᠲᠦᠷᠦᠯ ᠵᠦᠢᠯ ᠨᠢ ᠪᠠᠷᠤᠬᠴᠠᠭᠠᠯᠠᠭᠰᠠᠨ ᠢᠶᠠᠷ 2013 ᠤᠨ ᠳᠤ ᠦᠢᠯᠡᠳᠪᠤᠷᠢᠯᠡᠨ | ᠪᠤᠯᠪᠠᠰᠤᠷᠠᠭᠤᠯᠬᠤ ᠴᠢᠳᠠᠪᠤᠷᠢ ᠢ ᠪᠦᠷᠢᠯᠳᠦᠬᠦᠯᠬᠦ ᠪᠤᠯᠤᠨ᠎ᠠ᠃ ᠪᠦᠬᠦ ᠬᠤᠰᠢᠭᠤᠨ ᠤ 70% ᠤᠨ ᠮᠠᠯᠵᠢᠬᠤ | ᠲᠠᠷᠢᠶᠠᠯᠠᠬᠤ ᠡᠷᠦᠭᠡᠠᠵᠤ ᠦᠢᠯᠡᠰᠵᠢᠬᠦᠯᠦᠨ ᠡᠵᠡᠩᠨᠡᠬᠦ ᠬᠡᠯᠬᠢᠶᠡᠵᠢᠯ ᠳᠤ ᠤᠷᠤᠭᠰᠠᠨ ᠪᠦᠭᠡᠳ ᠠᠵᠤ | ᠦᠢᠯᠡᠰᠵᠢᠬᠦᠯᠦᠭᠰᠡᠨ ᠡᠵᠩᠨᠡᠯᠳᠠ ᠶᠢᠨ ᠤᠷᠤᠯᠭ᠎ᠠ ᠮᠠᠯᠴᠢᠨ ᠲᠠᠷᠢᠶᠠᠴᠢᠨ ᠤ ᠴᠡᠪᠡᠷ ᠤᠷᠤᠯᠭ᠎ᠠ ᠳᠠᠬᠢ ᠡᠵᠡᠯᠡᠬᠦᠨ | 80% ᠳᠤ ᠬᠦᠷᠦᠭᠰᠡᠨ ᠪᠠᠶᠢᠨ᠎ᠠ᠃ | | | | |