| | ᠬᠡᠰᠢᠭᠳᠡᠨ ᠬᠤᠰᠢᠭᠤ ᠰᠢᠨ᠎ᠠ ᠬᠡᠯᠪᠡᠷᠢ ᠶᠢᠨ ᠠᠵᠤ ᠦᠢᠯᠡᠳᠪᠤᠷᠢᠴᠢᠯᠡᠯᠳᠠ ᠶᠢᠨ | ᠵᠠᠮ ᠢᠶᠠᠷ ᠵᠠᠮᠨᠠᠬᠤ ᠶᠢ ᠡᠷᠡᠰ ᠪᠠᠷᠢᠮᠳᠠᠯᠠᠵᠤ᠂ ᠡᠨᠧᠷᠬᠢ ᠶᠢᠨ ᠬᠡᠯᠪᠡᠷᠢᠳᠤ ᠠᠵᠤ ᠦᠢᠯᠡᠰ ᠤᠨ ᠲᠠᠪᠬᠤᠷᠭ᠎ᠠ ᠶᠢ ᠶᠡᠭᠡᠪᠡᠷ | ᠲᠡᠭᠡᠭᠰᠢᠯᠡᠬᠦᠯᠵᠤ᠂ ᠡᠨᠧᠷᠬᠢ ᠶᠢᠨ ᠪᠤᠰᠤ ᠬᠡᠯᠪᠡᠷᠢ ᠶᠢᠨ ᠠᠵᠤ ᠦᠢᠯᠡᠰ ᠬᠢᠭᠡᠳ ᠪᠠᠶᠢᠯᠳᠤᠬᠤ ᠪᠤᠳᠤᠯᠭ᠎ᠠ ᠶᠢᠨ | ᠴᠢᠨᠠᠷᠳᠠᠢ ᠰᠢᠨ᠎ᠠ ᠬᠦᠭᠵᠢᠭᠰᠡᠨ ᠠᠵᠤ ᠦᠢᠯᠡᠰ ᠤᠨ ᠡᠵᠡᠯᠡᠬᠦᠨ ᠢ ᠨᠡᠮᠡᠭᠳᠡᠬᠦᠯᠵᠤ᠂ ᠪᠤᠬᠢᠷᠳᠤᠯ ᠦᠭᠡᠢ ᠠᠭᠤᠷᠬᠠᠢ | ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ᠂ ᠡᠷᠬᠢᠯᠳᠠ ᠶᠢᠨ ᠬᠦᠷᠢᠶᠡᠯᠡᠩ ᠲᠤᠭᠤᠷᠢᠭ᠂ ᠠᠵᠤ ᠦᠢᠯᠡᠰ ᠢ | ᠰᠢᠯᠵᠢᠬᠦᠯᠬᠦ ᠲᠦᠷᠪᠡᠨ ᠲᠠᠯ᠎ᠠ ᠶᠢ ᠰᠠᠶᠢᠳᠤᠷ ᠪᠡᠶᠡᠯᠡᠬᠦᠯᠵᠤ᠂ ᠤᠯᠠᠨ ᠡᠰᠢᠵᠢᠬᠦᠯᠦᠯᠳᠠ ᠪᠠᠷ ᠬᠦᠭᠵᠢᠭᠰᠡᠨ | ᠤᠳᠤᠬᠢᠴᠢᠯᠠᠭᠰᠠᠨ ᠠᠵᠤ ᠦᠢᠯᠡᠰ ᠤᠨ ᠲᠤᠭᠳᠠᠯᠴᠠᠭ᠎ᠠ ᠶᠢ ᠪᠠᠶᠢᠭᠤᠯᠤᠨ᠎ᠠ᠃ 2011 ᠤᠨ ᠳᠤ᠂ ᠪᠦᠬᠦ | ᠬᠤᠰᠢᠭᠤᠨ ᠳᠤ ᠠᠵᠤ ᠦᠢᠯᠡᠳᠪᠤᠷᠢ ᠶᠢᠨ ᠠᠵᠤ ᠠᠬᠤᠶᠢᠯᠠᠯ ᠨᠡᠶᠢᠳᠠ 270 ᠪᠠᠶᠢᠵᠤ᠂ ᠠᠵᠤ ᠦᠢᠯᠡᠳᠪᠤᠷᠢ ᠶᠢᠨ | ᠨᠡᠮᠡᠭᠳᠡᠯ ᠦᠷᠳᠡᠭ ᠢ 60.6 ᠳ᠋ᠤᠩᠰᠢᠭᠤᠷ ᠲᠦᠭᠦᠷᠢᠭ᠂ ᠭᠠᠶᠢᠯᠢ 12.85 ᠳ᠋ᠤᠩᠰᠢᠭᠤᠷ ᠲᠦᠬᠦᠷᠢᠭ ᠢ | ᠪᠡᠶᠡᠯᠡᠬᠦᠯᠦᠨ᠂ ᠪᠦᠬᠦᠶᠢᠯᠨ ᠡᠳ᠋ ᠤᠨ ᠵᠠᠰᠠᠭ ᠤᠨ 84.8% ᠶᠢ ᠡᠵᠡᠯᠡᠭᠰᠡᠨ ᠪᠠᠶᠢᠨ᠎ᠠ᠃ ᠡᠬᠦᠨ ᠳᠤ ᠬᠡᠪᠴᠢᠶᠡᠵᠢᠯ | ᠠᠴᠠ ᠲᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ 31 ᠪᠠᠶᠢᠵᠤ᠂ ᠨᠡᠮᠡᠭᠳᠡᠯ ᠦᠷᠳᠡᠭ 59 ᠳ᠋ᠤᠩᠰᠢᠭᠤᠷ | ᠲᠦᠬᠦᠷᠢᠭ ᠢ ᠪᠡᠶᠡᠯᠡᠬᠦᠯᠦᠭᠰᠡᠨ ᠪᠠᠶᠢᠨ᠎ᠠ᠃ ᠠᠵᠤ ᠦᠢᠯᠡᠳᠪᠤᠷᠢ ᠨᠢ ᠲᠤᠯᠭᠠᠭᠤᠷᠢ ᠠᠵᠤ ᠦᠢᠯᠡᠰ᠂ ᠲᠤᠯᠭᠠᠭᠤᠷᠢ | ᠡᠳ᠋ ᠮᠦᠩᠬᠦᠨ ᠤ ᠢᠷᠡᠯᠳᠠ ᠪᠤᠯᠵᠤ᠂ ᠭᠠᠵᠠᠷ ᠤᠷᠤᠨ ᠤ ᠦᠢᠯᠡᠳᠪᠤᠷᠢᠯᠡᠯ ᠤᠨ ᠶᠡᠷᠦᠩᠭᠡᠢ ᠦᠷᠳᠡᠭ ᠳᠠᠬᠢ | ᠡᠵᠡᠯᠡᠬᠦᠨ ᠨᠢ 55% ᠳᠤ ᠬᠦᠷᠴᠤ᠂ ᠡᠳ᠋ ᠤᠨ ᠵᠠᠰᠠᠭ ᠤᠨ ᠤᠷᠤᠯᠭ᠎ᠠ ᠳᠤ ᠬᠤᠪᠢ ᠨᠡᠮᠡᠷᠢ ᠦᠵᠡᠬᠦᠯᠦᠭᠰᠡᠨ | ᠨᠤᠷᠮ᠎ᠠ 80% ᠳᠤ ᠬᠦᠷᠴᠠᠢ᠃ | ᠪᠤᠬᠢᠷᠳᠤᠯ ᠦᠭᠡᠢ ᠠᠭᠤᠷᠬᠠᠢ᠃ ᠠᠭᠤᠷᠬᠠᠢ ᠬᠠᠶᠢᠬᠤ ᠨᠦᠬᠡᠴᠡ ᠪᠠᠨ | ᠨᠡᠮᠡᠭᠳᠡᠬᠦᠯᠵᠤ᠂ ᠡᠬᠢ ᠪᠠᠶᠠᠯᠢᠭ ᠢ ᠨᠡᠶᠢᠯᠡᠬᠦᠯᠬᠦ ᠪᠠ ᠤᠷᠴᠢᠨ ᠲᠤᠭᠤᠷᠢᠨ ᠢ ᠵᠠᠰᠠᠬᠤ ᠬᠦᠴᠦᠯᠡᠴᠨ ᠪᠠᠨ | ᠴᠢᠩᠭᠠᠳᠬᠠᠨ᠂ ᠬᠡᠪᠴᠢᠶ᠎ᠠ ᠲᠠᠢ ᠨᠡᠭᠡᠭᠡᠨ ᠠᠰᠢᠭᠯᠠᠬᠤ ᠪᠠ ᠡᠷᠴᠢᠮᠵᠢᠬᠦᠯᠦᠨ ᠡᠵᠡᠩᠨᠡᠬᠦ ᠶᠢ ᠲᠦᠯᠬᠢᠨᠠᠬᠢᠭᠤᠯᠵᠤ᠂ | ᠠᠭᠤᠷᠬᠠᠢ ᠶᠢᠨ ᠪᠦᠳᠦᠭᠡᠭᠳᠡᠬᠦᠨ ᠲᠡᠮᠦᠷᠯᠢᠭ ᠪᠤᠯᠪᠠᠰᠤᠷᠠᠭᠤᠯᠬᠤ ᠦᠢᠯᠡᠰ ᠤᠨ ᠬᠠᠶᠢᠬᠤ᠂ ᠮᠠᠯᠳᠠᠬᠤ᠂ ᠰᠤᠩᠭᠤᠬᠤ᠂ | ᠬᠠᠶᠢᠯᠤᠭᠤᠯᠬᠤ᠂ ᠪᠤᠯᠪᠠᠰᠤᠷᠠᠭᠤᠯᠬᠤ ᠶᠢ ᠨᠢᠭᠡ ᠴᠤᠭᠴᠠᠵᠢᠭᠤᠯᠤᠭᠰᠠᠨ ᠬᠦᠭᠵᠢᠯᠳᠠ ᠶᠢ ᠠᠬᠢᠭᠤᠯᠤᠨ᠎ᠠ᠃ ᠲᠠᠷᠢ ᠶᠢᠨ | ᠲᠠᠪᠠᠭ᠎ᠠ᠂ ᠬᠤᠩᠭᠤ ᠶᠢᠨ ᠲᠠᠪᠠᠭ᠎ᠠ᠂ ᠰᠢᠶᠤᠤ ᠳ᠋ᠦᠩ ᠭᠸᠤ ᠭᠤᠷᠪᠠᠨ ᠪᠤᠬᠢᠷᠳᠤᠯ ᠦᠭᠡᠢ ᠠᠭᠤᠷᠬᠠᠢ ᠶᠢᠨ | ᠦᠢᠯᠡᠰ ᠤᠨ ᠲᠤᠭᠤᠷᠢᠭ ᠵᠢᠴᠢ ᠬᠤᠩᠭᠤ᠂ ᠶᠢᠨ ᠳ᠋ᠦ᠋᠂ ᠲᠡᠷᠢ ᠶᠢᠨ ᠲᠠᠪᠠᠭ᠎ᠠ᠂ ᠤᠯᠢᠶᠠᠰᠤᠳᠠᠢ᠂ ᠴᠤ ᠶᠤᠸᠠᠨ | ᠲᠠᠪᠤᠨ ᠶᠡᠭᠡ ᠠᠭᠤᠷᠬᠠᠢ ᠶᠢᠨ ᠠᠵᠤ ᠠᠬᠤᠶᠢᠯᠠᠯ ᠢ ᠪᠦᠷᠢᠯᠳᠦᠬᠦᠯᠵᠤ᠂ ᠪᠦᠬᠦ ᠬᠤᠰᠢᠭᠤᠨ ᠤ ᠠᠭᠤᠷᠬᠠᠢ ᠶᠢᠨ | ᠬᠦᠳᠡᠷ ᠰᠤᠩᠭᠤᠬᠤ ᠴᠢᠳᠠᠪᠤᠷᠢ ᠡᠳᠦᠷ ᠲᠤ 3.26 ᠲᠦᠮᠡᠨ ᠲᠤᠨ ᠳᠤ ᠬᠦᠷᠴᠤ᠂ ᠡᠬᠦᠨ ᠳᠤ ᠲᠠᠪᠤᠨ ᠶᠡᠭᠡ | ᠠᠭᠤᠷᠬᠠᠢ ᠶᠢᠨ ᠠᠵᠤ ᠠᠬᠤᠶᠢᠯᠠᠯ ᠨᠢ 70% ᠠᠴᠠ ᠲᠡᠭᠡᠭᠰᠢᠬᠢ ᠶᠢ ᠡᠵᠡᠯᠡᠵᠤ ᠪᠤᠢ᠃ ᠪᠦᠬᠦ ᠬᠤᠰᠢᠭᠤᠨ ᠤ | ᠠᠭᠤᠷᠬᠠᠢ ᠶᠢᠨ ᠬᠦᠷᠢᠶᠡᠯᠡᠩ ᠲᠤᠭᠤᠷᠢᠭ ᠤᠨ ᠨᠤᠭᠤᠭᠠᠷᠠᠭᠤᠯᠤᠯᠳᠠ ᠶᠢᠨ ᠨᠤᠷᠮ᠎ᠠ 70% ᠳᠤ ᠬᠦᠷᠴᠤ᠂ | ᠠᠭᠤᠷᠬᠠᠢ ᠶᠢᠨ ᠪᠦᠳᠦᠭᠡᠭᠳᠡᠬᠦᠨ ᠨᠡᠭᠡᠭᠡᠨ ᠠᠰᠢᠭᠯᠠᠬᠤ ᠳᠤ ᠡᠪᠳᠡᠭᠰᠡᠨ ᠬᠦᠷᠦᠰᠤ ᠶᠢ ᠰᠡᠷᠬᠦᠭᠡᠭᠰᠡᠨ ᠨᠤᠷᠮ᠎ᠠ 50% | ᠳᠤ ᠬᠦᠷᠴᠠᠢ᠃ 8 ᠲᠦᠮᠡᠨ ᠲᠤᠨ ᠤ ᠬᠢᠩᠭᠠᠨ ᠮᠦᠩᠬᠦ ᠬᠠᠷ᠎ᠠ ᠲᠤᠭᠤᠯᠭ᠎ᠠ ᠬᠠᠶᠢᠯᠤᠭᠤᠯᠤᠨ ᠪᠤᠯᠪᠠᠰᠤᠷᠠᠭᠤᠯᠬᠤ | ᠲᠦᠷᠦᠯ ᠵᠦᠢᠯ ᠨᠢ ᠨᠢᠭᠡᠨᠳᠠ ᠠᠰᠢᠭᠯᠠᠯᠳᠠ ᠳᠤ ᠤᠷᠤᠵᠤ᠂ 3 ᠲᠦᠮᠡᠨ ᠲᠤᠨ ᠤᠰᠤ ᠦᠭᠡᠢ ᠹᠯᠤᠷᠳᠤ | ᠤᠰᠤᠳᠦ᠋ᠷᠦᠭᠴᠢ ᠶᠢᠨ ᠲᠦᠷᠦᠯ ᠵᠦᠢᠯ ᠨᠢ ᠡᠬᠢᠯᠡᠨ ᠪᠠᠶᠢᠭᠤᠯᠤᠭᠰᠠᠨ ᠪᠠᠶᠢᠨ᠎ᠠ᠃ | ᠠᠷᠢᠭᠤᠨ ᠴᠡᠪᠡᠷ ᠡᠨᠧᠷᠭᠢ ᠶᠢᠨ ᠰᠤᠷᠪᠤᠯᠵᠢ᠃ ᠰᠠᠯᠬᠢᠨ ᠤ ᠬᠦᠴᠤ ᠪᠠᠷ | ᠴᠠᠬᠢᠯᠭᠠᠨ ᠡᠭᠦᠰᠭᠡᠬᠦ ᠪᠠᠷ ᠭᠤᠤᠯᠳᠠᠯᠭ᠎ᠠ ᠪᠤᠯᠭᠠᠵᠤ᠂ ᠰᠢᠨ᠎ᠠ ᠡᠨᠧᠷᠭᠢ ᠶᠢᠨ ᠠᠵᠤ ᠦᠢᠯᠡᠰ ᠤᠨ ᠬᠦᠭᠵᠢᠬᠦᠯᠦᠯᠳᠠ | ᠶᠢ ᠲᠦᠷᠭᠡᠳᠭᠡᠨ᠎ᠠ᠃ ᠤᠯᠤᠰ ᠤᠨ ᠲᠤᠳᠤᠭᠠᠳᠤ ᠶᠢᠨ ᠲᠠᠪᠤᠨ ᠶᠡᠭᠡ ᠴᠠᠬᠢᠯᠭᠠᠨ ᠬᠦᠴᠦᠨ ᠤ ᠪᠦᠯᠦᠭᠯᠡᠯ ᠠᠴᠠ | ᠬᠤᠸ᠋ᠨ ᠨᠧᠩ᠂ ᠳ᠋ᠠ ᠲᠠᠩ᠂ ᠬᠤᠸᠠ ᠳ᠋ᠢᠶᠠᠨ᠂ ᠭᠦᠸᠧ ᠳ᠋ᠢᠶᠠᠨ ᠵᠡᠷᠭᠡ ᠲᠦᠷᠪᠡ ᠨᠢ ᠬᠡᠰᠢᠭᠳᠡᠨ ᠬᠤᠰᠢᠭᠤᠨ ᠳᠤ | ᠰᠠᠭᠤᠷᠢᠰᠢᠵᠤ᠂ ᠪᠦᠬᠦ ᠬᠤᠰᠢᠭᠤᠨ ᠤ ᠰᠠᠯᠬᠢᠨ ᠤ ᠬᠦᠴᠤ ᠪᠠᠷ ᠴᠠᠬᠢᠯᠭᠠᠨ ᠡᠬᠦᠰᠭᠡᠬᠦ ᠮᠡᠷᠭᠡᠵᠢᠯ ᠢ ᠨᠡᠭᠡᠭᠡᠨ | ᠠᠰᠢᠭᠯᠠᠭᠰᠠᠨ ᠬᠡᠮᠵᠢᠶ᠎ᠠ121.4 ᠲᠦᠮᠡᠨ ᠮᠢᠩᠭᠠᠨ ᠸᠠᠲ ᠳᠤ ᠬᠦᠷᠴᠤ᠂ ᠪᠦᠬᠦ ᠤᠯᠤᠰ ᠲᠤ ᠬᠡᠪᠴᠢᠶ᠎ᠠ ᠪᠠᠷ | ᠨᠡᠯᠢᠶᠠᠳ ᠶᠡᠭᠡᠰᠠᠯᠬᠢᠨ ᠤ ᠬᠦᠴᠤ ᠪᠠᠷ ᠴᠠᠬᠢᠯᠭᠠᠨ ᠡᠬᠦᠰᠭᠡᠬᠦ ᠬᠤᠰᠢᠭᠤ ᠰᠢᠶᠠᠨ ᠤ ᠲᠡᠰ ᠤᠨ ᠭᠠᠵᠠᠷ ᠤᠷᠤᠨ | ᠪᠤᠯᠤᠨ᠎ᠠ᠃ ᠪᠦᠬᠦ ᠬᠤᠰᠢᠭᠤᠨ ᠤ ᠤᠰᠤᠨ ᠴᠠᠬᠢᠯᠭᠠᠨ ᠤ ᠴᠤᠭᠴᠠᠯᠠᠪᠤᠷᠢ 2.57 ᠲᠦᠮᠡᠨ ᠺᠢᠯᠤᠸᠠᠲ ᠪᠠᠶᠢᠵᠤ᠂ | ᠳ᠋ᠠ ᠲᠠᠩ ᠺᠤᠮᠫᠠᠨᠢ ᠶᠢᠨ 2×660MW ᠪᠤᠯᠤᠨ 2×1000MW ᠤᠨ ᠢᠯᠴᠢ ᠶᠢᠨ ᠴᠠᠬᠢᠯᠭᠠᠨ᠂ ᠮᠧᠩ | ᠨᠧᠩ 2×300MW ᠢᠯᠴᠢ ᠴᠠᠬᠢᠯᠭᠠᠨ᠂ 5 ᠲᠦᠮᠡᠨ ᠺᠢᠯᠤᠸᠠᠲ ᠶᠢᠨ ᠨᠠᠷᠠᠨ ᠤ ᠡᠨᠧᠷᠭᠢ ᠪᠠᠷ ᠴᠠᠬᠢᠯᠭᠠᠨ | ᠡᠬᠦᠰᠭᠡᠬᠦ᠂ 120 ᠲᠦᠮᠡᠨ ᠸᠠᠲ ᠶᠢᠨ ᠤᠰᠤ ᠲᠠᠳᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠵᠡᠷᠭᠡ | ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠶᠠᠭ ᠰᠠᠶᠢᠬᠠᠨ ᠢᠳᠡᠪᠬᠢᠳᠠᠢ ᠪᠠᠷ ᠠᠷᠭ᠎ᠠ ᠰᠦᠪᠡᠭᠴᠢᠯᠡᠨ | ᠪᠠᠶᠢᠭᠤᠯᠵᠤ ᠪᠤᠢ᠃ | ᠡᠷᠬᠢᠯᠳᠡᠳᠤ ᠬᠦᠷᠢᠶᠡᠯᠡᠩ ᠲᠤᠭᠤᠷᠢᠭ᠃ ᠨᠡᠬᠦᠷᠡᠰᠤ ᠶᠢ ᠬᠡᠶᠢᠵᠢᠬᠦᠯᠬᠦ ᠠᠵᠤ | ᠦᠢᠯᠡᠰ ᠪᠠ ᠬᠦᠷᠢᠶᠡᠯᠡᠩ ᠲᠤᠭᠤᠷᠢᠭ ᠤᠨ ᠡᠷᠬᠢᠯᠳᠠ ᠶᠢᠨ ᠠᠵᠤ ᠠᠬᠤᠢ ᠶᠢᠨ ᠠᠵᠤ ᠦᠢᠯᠡᠰ ᠤᠨ ᠬᠡᠯᠬᠢᠶᠡᠰᠤ ᠶᠢ | ᠲᠡᠬᠦᠯᠳᠡᠷᠵᠢᠬᠦᠯᠵᠤ᠂ ᠠᠵᠤ ᠦᠢᠯᠡᠰ ᠤᠨ ᠲᠤᠳᠤᠭᠠᠳᠤ ᠶᠢᠨ ᠤᠷ᠎ᠠ ᠮᠡᠷᠭᠡᠵᠢᠯ ᠤᠨ ᠡᠷᠬᠢᠯᠳᠠ ᠪᠤᠯᠤᠨ ᠠᠵᠤ | ᠠᠬᠤᠶᠢᠯᠠᠯ ᠤᠨ ᠲᠦᠬᠦᠷ ᠬᠠᠮᠳᠤᠷᠠᠯᠴᠠᠭ᠎ᠠ ᠶᠢ ᠠᠬᠢᠭᠤᠯᠵᠤ᠂ ᠠᠵᠤ ᠦᠢᠯᠡᠰ ᠤᠨ ᠬᠤᠯᠪᠤᠭᠳᠠᠯ ᠤᠨ ᠬᠡᠮᠵᠢᠶ᠎ᠠ ᠪᠠ ︽ | ᠭᠤᠷᠪᠠᠨ ᠬᠠᠶᠠᠭᠳᠠᠮᠠᠯ︾ ᠢ ᠡᠨᠧᠷᠭᠢᠵᠢᠬᠦᠯᠦᠨ ᠠᠰᠢᠭᠯᠠᠬᠤ ᠲᠦᠪᠰᠢᠨ ᠢ ᠲᠡᠭᠡᠭᠰᠢᠯᠡᠬᠦᠯᠦᠨ᠎ᠠ᠃ ᠬᠡᠰᠢᠭᠳᠡᠨᠨᠡᠬᠦᠷᠡᠰᠤ | ᠴᠠᠬᠢᠯᠭᠠᠨ ᠬᠢᠮᠢ ᠶᠢᠨ ᠰᠠᠭᠤᠷᠢᠨ ᠭᠠᠵᠠᠷ ᠨᠢ ᠦᠪᠡᠷᠳᠡᠭᠡᠨ ᠵᠠᠰᠠᠬᠤ ᠤᠷᠤᠨ ᠬᠢᠭᠡᠳ ᠤᠯᠠᠭᠠᠨᠬᠠᠳᠠ ᠬᠤᠳᠠ ᠶᠢᠨ ︽ | ᠬᠤᠤᠰ ᠵᠠᠭᠤᠨ ᠳ᠋ᠤᠩᠰᠢᠭᠤᠷ ᠤᠨ ᠢᠨᠵᠧᠨᠧᠷᠢᠩ︾ ᠪᠤᠯᠬᠤ ᠮᠦᠷᠳᠡᠭᠡᠨ ᠦᠪᠡᠷᠳᠡᠭᠡᠨ ᠵᠠᠰᠠᠬᠤ ᠤᠷᠤᠨ ᠤ ᠡᠷᠬᠢᠯᠳᠠ | ᠶᠢᠨ ᠠᠵᠤ ᠠᠬᠤᠢ ᠶᠢᠨ ᠲᠤᠷᠰᠢᠯᠳᠠ ᠶᠢᠨ ᠴᠢᠭ ᠤᠨ ᠵᠢᠱᠢᠶ᠎ᠠ ᠦᠵᠡᠬᠦᠯᠬᠦ ᠬᠦᠷᠢᠶᠡᠯᠡᠩ ᠲᠤᠭᠤᠷᠢᠭ ᠪᠠ | ᠤᠯᠭᠠᠨᠬᠠᠳᠠ ᠬᠤᠳᠠ ᠶᠢᠨ ︽ᠠᠷᠪᠠᠨ ᠬᠤᠶᠠᠳᠤᠭᠠᠷ ᠲᠠᠪᠤᠨ ᠵᠢᠯ︾ ᠤᠨ ᠭᠤᠤᠯᠳᠠᠯᠭ᠎ᠠ ᠲᠠᠢ ᠪᠦᠳᠦᠭᠡᠨ | ᠪᠠᠶᠢᠭᠤᠯᠬᠤ ᠤᠯᠤᠰ ᠤᠨ ᠲᠡᠰ ᠤᠨ ᠠᠵᠤ ᠦᠢᠯᠡᠳᠪᠤᠷᠢ ᠶᠢᠨ ᠬᠤᠶᠠᠷ ᠬᠦᠷᠢᠶᠡᠯᠠᠩ ᠲᠤᠭᠤᠷᠢᠭ ᠤᠨ ᠨᠢᠭᠡᠨ | ᠪᠤᠯᠤᠨ᠎ᠠ᠃ ᠤᠳᠤᠬᠠᠨ ᠳᠤ ᠰᠠᠭᠤᠷᠢᠰᠢᠭᠰᠠᠨ ᠠᠵᠤ ᠠᠬᠤᠶᠢᠯᠠᠯ 15᠂ ᠲᠦᠷᠦᠯ ᠵᠦᠢᠯ ᠤᠨ ᠶᠡᠷᠦᠩᠭᠡᠢ ᠪᠡᠯᠨ | ᠤᠷᠤᠭᠤᠯᠤᠯᠳᠠ 420 ᠭᠠᠷᠤᠢ ᠳ᠋ᠤᠩᠰᠢᠭᠤᠷ ᠲᠦᠬᠦᠷᠢᠭ ᠪᠠᠶᠢᠵᠤ᠂ ᠨᠢᠭᠡᠨᠳᠠ 250 ᠭᠠᠷᠤᠢ ᠳ᠋ᠤᠩᠰᠢᠭᠤᠷ | ᠲᠦᠬᠦᠷᠢᠭ ᠤᠨ ᠪᠡᠯᠨ ᠤᠷᠤᠭᠤᠯᠤᠯᠳᠠ ᠶᠢ ᠪᠡᠶᠡᠯᠡᠬᠦᠯᠦᠭᠰᠡᠨ ᠪᠠᠶᠢᠨ᠎ᠠ᠃ ᠶᠡᠷᠦᠩᠭᠡᠢ ᠪᠡᠯᠨ ᠤᠷᠤᠭᠤᠯᠤᠯᠳᠠ ᠨᠢ | 313 ᠳ᠋ᠤᠩᠰᠢᠭᠤᠷ ᠲᠦᠬᠦᠷᠢᠭ᠂ ᠵᠢᠯ ᠳᠤ 40 ᠳ᠋ᠤᠩᠰᠢᠭᠤᠷ ᠪᠤᠰᠤᠭ᠎ᠠ ᠲᠦᠷᠪᠡᠯᠵᠢᠨ ᠮᠧᠲᠷ ᠬᠡᠢ ᠦᠢᠯᠡᠳᠪᠤᠷᠢᠯᠡᠬᠦ | ᠳ᠋ᠠ ᠲᠠᠩ ᠨᠡᠬᠦᠷᠡᠰᠤ ᠶᠢ ᠬᠡᠶᠢᠵᠢᠬᠦᠯᠬᠦ ᠲᠦᠷᠦᠯ ᠵᠦᠢᠯ ᠨᠢ ᠤᠳᠤ ᠨᠢᠭᠡᠨᠳᠠ 200 ᠳ᠋ᠤᠩᠰᠢᠭᠤᠷ ᠲᠦᠬᠦᠷᠢᠭ ᠤᠨ | ᠪᠡᠯᠨ ᠤᠷᠤᠭᠤᠯᠤᠯᠳᠠ ᠶᠢ ᠬᠦᠢᠴᠡᠳᠭᠡᠵᠤ᠂ ᠤᠷᠢᠳᠴᠢᠯᠠᠨ ᠲᠦᠰᠦᠪᠯᠡᠭᠰᠡᠨ ᠢᠶᠠᠷ ᠨᠢᠭᠡᠳᠦᠭᠡᠷ ᠬᠤᠭᠤᠴᠠᠭᠠᠨ ᠤ ᠬᠢᠨᠢ | ᠡᠨᠡ ᠵᠢᠯ ᠤᠨ 9 ᠰᠠᠷ᠎ᠠ ᠳᠤ ᠠᠰᠢᠭᠯᠠᠯᠳᠠ ᠳᠤ ᠤᠷᠤᠵᠤ᠂ 2014 ᠤᠨ ᠳᠤ ᠪᠦᠬᠦᠨ ᠢᠶᠠᠷ ᠢᠶᠠᠨ ᠠᠰᠢᠭᠯᠠᠯᠳᠠ | ᠳᠤ ᠤᠷᠤᠬᠤ ᠪᠤᠯᠤᠨ᠎ᠠ᠃ ᠨᠡᠬᠦᠷᠡᠰᠤ ᠶᠢ ᠬᠡᠶᠢᠵᠢᠬᠦᠯᠬᠦ ᠲᠦᠷᠦᠯ ᠵᠦᠢᠯ ᠤᠨ ᠲᠠᠭᠠᠯᠳᠤᠯ ᠠᠵᠤ ᠦᠢᠯᠡᠰ ᠪᠤᠯᠬᠤ | ᠨᠡᠬᠦᠷᠡᠰᠦᠨ ᠤ ᠬᠡᠦᠳᠡᠰᠦᠨ ᠳᠤ ᠤᠰᠤᠳᠦ᠋ᠷᠦᠭᠴᠢ ᠨᠡᠮᠡᠬᠦ᠂ ᠪᠦᠳᠦᠬᠦᠯᠢᠭ ᠹᠧᠨᠤᠯ ᠢ ᠨᠠᠷᠢᠯᠢᠭ ᠪᠤᠯᠪᠠᠰᠤᠷᠠᠭᠤᠯᠬᠤ᠂ | ᠹᠧᠨᠤᠯ ᠠᠯᠳᠧᠭᠢᠳ᠋ ᠤᠨ ᠲᠠᠪᠠᠷᠬᠠᠢ ᠶᠢᠨ ᠲᠦᠷᠦᠯ ᠵᠦᠢᠯ ᠨᠢ ᠪᠠᠶᠢᠭᠤᠯᠬᠤ ᠠᠵᠢᠯ ᠢᠶᠠᠨ ᠡᠬᠢᠯᠡᠬᠦᠯᠦᠭᠰᠡᠨ ᠪᠠᠶᠢᠨ᠎ᠠ᠃ | ᠨᠡᠬᠦᠷᠡᠰᠦᠨ ᠤ ᠬᠢᠮᠢ ᠶᠢᠨ ᠠᠵᠤ ᠦᠢᠯᠡᠳᠪᠤᠷᠢ᠂ ᠲᠡᠮᠦᠷᠯᠢᠭ ᠢ ᠬᠠᠶᠢᠯᠤᠭᠤᠯᠤᠨ ᠪᠤᠯᠪᠠᠰᠤᠷᠠᠭᠤᠯᠬᠤ ᠳᠤ ᠡᠬᠦᠰᠦᠭᠰᠡᠨ | ᠬᠠᠶᠠᠭᠳᠠᠮᠠᠯ ᠪᠤᠳᠠᠰ ᠢ ᠶᠡᠷᠦᠩᠭᠡᠶᠢᠯᠡᠨ ᠠᠰᠢᠭᠯᠠᠬᠤ ᠲᠦᠷᠦᠯ ᠵᠦᠢᠯ᠂ 120 ᠲᠦᠮᠡᠨ ᠲᠤᠨ ᠤ ᠰᠢᠨ᠎ᠠ ᠬᠡᠯᠪᠡᠷᠢ | ᠶᠢᠨ ᠬᠠᠭᠤᠷᠠᠢ ᠠᠷᠭ᠎ᠠ ᠪᠠᠷ ᠦᠢᠯᠡᠳᠦᠭᠰᠡᠨ ᠼᠧᠮᠧᠨ᠋ᠲ ᠨᠢ 2010 ᠤᠨ ᠳᠤ ᠠᠰᠢᠭᠯᠠᠯᠳᠠ ᠳᠤ ᠤᠷᠤᠵᠤ᠂ 15 | ᠲᠦᠮᠡᠨ ᠪᠤᠰᠤᠭ᠎ᠠ ᠲᠦᠷᠪᠡᠯᠵᠢᠨ ᠮᠧᠲᠷ ᠨᠡᠬᠦᠷᠡᠰᠤᠨ ᠨᠤᠨᠳᠠᠭ ᠲᠤ ᠬᠡᠢ ᠨᠡᠮᠡᠭᠰᠡᠨ ᠪᠧᠲ᠋ᠤᠨ ᠲᠤᠭᠤᠰᠬ᠎ᠠ ᠶᠢᠨ | ᠲᠦᠷᠦᠯ ᠵᠦᠢᠯ ᠨᠢ ᠶᠠᠭ ᠰᠠᠶᠢᠬᠠᠨ ᠬᠡᠷᠡᠭᠵᠢᠬᠦᠯᠦᠭᠳᠡᠵᠤ ᠪᠤᠢ᠃ | ᠠᠵᠤ ᠦᠢᠯᠡᠰ ᠢ ᠰᠢᠯᠵᠢᠬᠦᠯᠬᠦ᠃ ᠠᠷᠠᠯᠵᠢᠶᠠᠴᠢᠨ ᠤᠷᠢᠵᠤ ᠪᠡᠯᠨ | ᠤᠷᠤᠭᠤᠯᠬᠤ ᠬᠦᠴᠦᠯᠡᠴᠨ ᠪᠠᠨ ᠨᠡᠮᠡᠭᠳᠡᠬᠦᠯᠵᠤ᠂ ᠬᠦᠭᠵᠢᠭᠰᠡᠨ ᠭᠠᠵᠠᠷ ᠤᠷᠤᠨ ᠤ ᠡᠨᠧᠷᠭᠢ ᠶᠢᠨ ᠪᠤᠰᠤ ᠠᠵᠤ | ᠦᠢᠯᠡᠰ ᠪᠤᠯᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠰᠢᠯᠵᠢᠯᠳᠠ ᠶᠢ ᠢᠳᠡᠪᠬᠢᠳᠠᠢ ᠪᠠᠷ ᠵᠠᠯᠭᠠᠮᠵᠢᠯᠠᠨ | ᠠᠪᠴᠤ᠂ ᠰᠢᠨ᠎ᠠ ᠦᠰᠦᠯᠳᠠ ᠶᠢᠨ ᠴᠢᠭ ᠢ ᠬᠦᠮᠦᠵᠢᠬᠦᠯᠦᠭᠰᠡᠨ ᠪᠠᠶᠢᠨ᠎ᠠ᠃ ᠵᠢᠩ ᠴᠧᠩ ᠰᠢᠨ᠎ᠠ ᠡᠨᠧᠷᠭᠢ ᠶᠢᠨ | 300 ᠰᠠᠭᠤᠷᠢ ᠰᠠᠯᠬᠢᠨ ᠤ ᠬᠦᠴᠤ ᠪᠠᠷ ᠴᠠᠬᠢᠯᠭᠠᠨ ᠭᠠᠷᠭᠠᠬᠤ ᠮᠠᠰᠢᠨ ᠦᠢᠯᠡᠳᠪᠤᠷᠢᠯᠡᠬᠦ᠂ ᠵᠢᠶᠠᠩᠰᠤ ᠶᠢᠨ ᠢᠦᠢ | ᠷᠦᠨ ᠪᠦᠯᠦᠭᠯᠡᠯ ᠤᠨ 150 ᠲᠦᠮᠡᠨ ᠲᠤᠯᠤᠭᠠᠢ ᠠᠯᠠᠰᠢᠨ ᠬᠤᠨᠢ᠂ 5 ᠲᠦᠮᠡᠨ ᠠᠯᠠᠰᠢᠨ ᠦᠭᠡᠷ᠂ 20 ᠲᠦᠮᠡᠨ | ᠲᠤᠨ ᠪᠤᠷᠳᠤᠭ᠎ᠠ ᠪᠤᠯᠪᠠᠰᠤᠷᠠᠭᠤᠯᠬᠤ ᠲᠦᠷᠦᠯ ᠵᠦᠢᠯ ᠢ ᠠᠮᠵᠢᠯᠳᠠ ᠲᠠᠢ ᠪᠠᠷ ᠤᠷᠢᠨ ᠤᠷᠤᠭᠤᠯᠵᠠᠢ᠃ ᠰᠢᠷ᠎ᠠ | ᠯᠤᠤᠪᠠᠩ ᠢ ᠨᠠᠷᠢᠯᠢᠭ ᠪᠤᠯᠪᠠᠰᠤᠷᠠᠭᠤᠯᠬᠤ ᠪᠤᠯᠤᠨ ︵ᠰᠠᠷᠭᠠᠢ ᠴᠡᠴᠡᠭ ᠠᠴᠠ ᠲᠤᠰᠤ ᠰᠢᠬᠠᠬᠤ︶ ᠲᠦᠷᠦᠯ ᠵᠦᠢᠯ | ᠢ ᠶᠠᠭ ᠰᠠᠶᠢᠬᠠᠨᠢᠳᠡᠪᠬᠢᠳᠠᠢ ᠪᠠᠷ ᠤᠷᠢᠨ ᠤᠷᠤᠭᠤᠯᠵᠤ ᠪᠤᠢ᠃ | | | |