ᠦᠪᠦᠷ ᠮᠤᠩᠭᠤᠯ ᠤᠨ ᠲᠠᠷᠢ ᠶᠢᠨ ᠳᠠᠪᠠᠭ᠎ᠠ ᠶᠢᠨ ᠠᠭᠤᠷᠬᠠᠢ ᠶᠢᠨ ᠤᠶᠢᠯᠡᠰ ᠤᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠶᠢᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2013/12/1
      ᠨᠢᠬᠡ᠂ ᠺᠤᠮᠫᠠᠨᠢ ᠶᠢᠨ ᠪᠠᠶᠢᠭᠤᠯᠤᠭᠳᠠᠭᠰᠠᠨ ᠵᠢᠴᠢ ᠬᠤᠪᠢ ᠤᠷᠤᠭᠤᠯᠤᠭᠴᠢ ᠶᠢᠨ ᠪᠦᠲᠦᠴᠡ      ᠦᠪᠦᠷ ᠮᠤᠩᠭᠤᠯ ᠤᠨ ᠲᠠᠷᠢ ᠶᠢᠨ ᠳᠠᠪᠠᠭ᠎ᠠ ᠶᠢᠨ ᠠᠭᠤᠷᠬᠠᠢ ᠶᠢᠨ ᠤᠶᠢᠯᠡᠰ ᠤᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠨᠢ 2005 ᠤᠨ ᠤ 11 ᠰᠠᠷ᠎ᠠ ᠎ ᠳᠤ ᠵᠢᠩᠬᠢᠨᠢ ᠪᠠᠷ ᠪᠠᠶᠢᠭᠤᠯᠤᠭᠳᠠᠵᠦ᠂ ᠳᠠᠩᠰᠠᠯᠠᠭᠤᠯᠤᠭᠰᠠᠨ ᠪᠡᠯᠡ ᠮᠥᠩᠭᠦ ᠨᠢ 1000 ᠲᠦᠮᠡᠨ ᠲᠥᠭᠦᠷᠢᠭ ᠠᠷᠠᠳ ᠤᠨ ᠵᠤᠭᠤᠰ ᠪᠠᠶᠢᠵᠦ᠂ ᠦᠪᠦᠷ ᠮᠤᠩᠭᠤᠯ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠎ ᠨᠢ ᠬᠤᠪᠢ ᠤᠷᠤᠭᠤᠯᠤᠯᠲᠠ ᠶᠢ ᠡᠷᠬᠡᠰᠢᠶᠡᠬᠦ ᠬᠤᠪᠢᠴᠠᠭᠠᠲᠦ ᠲᠦᠷᠢᠮ ᠤᠨ ᠠᠵᠦ ᠠᠬᠤᠶᠢᠯᠠᠯ ᠪᠠᠶᠢᠵᠦ᠂ ᠡᠭᠦᠨ ᠳᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠺᠤᠮᠫᠠᠨᠢ ᠨᠢ 51% ᠬᠤᠪᠢ ᠤᠷᠤᠭᠤᠯᠤᠭᠰᠠᠨ ᠡᠷᠬᠡ ᠶᠢ ᠡᠵᠡᠮᠰᠢᠵᠦ᠂ ᠤᠯᠠᠭᠠᠨᠬᠠᠳᠠ ᠶᠢᠨ ᠵᠢᠩ ᠲᠥᠩ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠢᠨᠧᠵᠧᠷᠢᠩ ᠤᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠨᠢ 30%᠎ ᠶᠢᠨ ᠬᠤᠪᠢ ᠤᠷᠤᠭᠤᠯᠤᠭᠰᠠᠨ  ᠡᠷᠬᠡ ᠶᠢ ᠡᠵᠡᠮᠰᠢᠵᠦ᠂ ᠦᠪᠦᠷ ᠮᠤᠩᠭᠤᠯ ᠤᠨ ᠶᠢᠰᠦᠲᠦᠭᠡᠷ ᠭᠠᠵᠠᠷ ᠰᠢᠨᠵᠢᠯᠡᠭᠡᠨ ᠤ ᠠᠭᠤᠷᠬᠠᠢ ᠶᠢᠨ ᠤᠶᠢᠯᠡᠰ ᠤᠨ ᠨᠡᠭᠡᠭᠡᠯᠲᠡ ᠶᠢᠨ ᠬᠥᠷᠢᠶᠡᠯᠡᠩ ᠨᠢ 19%᠎ ᠶᠢᠨ ᠬᠤᠪᠢ ᠤᠷᠤᠭᠤᠯᠤᠭᠰᠠᠨ ᠡᠷᠬᠡ ᠶᠢ ᠡᠵᠡᠮᠰᠢᠵᠦ ᠪᠤᠢ᠃ ᠳᠤᠰ ᠲᠦᠷᠦᠯ ᠵᠤᠶᠢᠯ ᠤᠨ ᠶᠡᠷᠦᠩᠬᠡᠢ ᠪᠡᠯᠡ ᠤᠷᠤᠭᠤᠯᠤᠯᠲᠠ ᠨᠢ 1.63  ᠳ᠋ᠦᠩᠰᠢᠭᠤᠷ ᠲᠦᠭᠦᠷᠢᠭ ᠪᠠᠶᠢᠵᠦ᠂ ᠲᠦᠯᠦᠪᠯᠡᠭᠰᠡᠨ ᠤᠶᠢᠯᠡᠴᠢᠯᠡᠭᠡ ᠬᠢᠬᠦ ᠵᠢᠯ ᠤᠨ ᠬᠢᠵᠠᠭᠠᠷ ᠨᠢ 13.5 ᠵᠢᠯ ᠪᠤᠯᠤᠨ᠎ᠠ᠃      ᠬᠤᠶᠠᠷ᠂ ᠡᠬᠢ ᠪᠠᠶᠠᠯᠢᠭ ᠤᠨ ᠪᠠᠶᠢᠳᠠᠯ      ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠶᠢᠰᠦᠲᠦᠭᠡᠷ ᠬᠦᠷᠢᠶᠡᠯᠡᠩ ᠤᠨ 2005 ᠤᠨ ᠤ ᠮᠡᠳᠡᠭᠦᠯᠦᠭᠰᠡᠨ ᠨᠠᠷᠢᠨ ᠲᠤᠲᠦᠷᠬᠠᠢ ᠨᠡᠶᠢᠳᠡᠮ ᠤᠨ ᠪᠠᠶᠢᠴᠠᠭᠠᠯᠲᠠ ᠶᠢᠨ ᠮᠠᠲ᠋ᠧᠷᠢᠶᠠᠯ ᠪᠤᠯᠤᠨ 2006 ᠤᠨ ᠳᠤ ᠨᠥᠭᠦᠪᠦᠷᠢᠯᠡᠭᠰᠨᠨ ᠬᠠᠶᠢᠨ ᠪᠠᠶᠢᠴᠠᠭᠠᠯᠲᠠ ᠶᠢᠨ ᠮᠠᠲ᠋ᠧᠷᠢᠶᠠᠯ ᠢ ᠦᠨᠲᠦᠰᠦᠯᠡᠵᠦ᠂ ᠬᠠᠷ᠎ᠠ ᠲᠤᠭᠤᠯᠭ᠎ᠠ᠂ ᠴᠠᠶᠢᠷ᠂ ᠵᠡᠰ ᠎ ᠤᠨ ᠬᠦᠳᠡᠷ ᠤᠨ ᠬᠠᠳᠠᠭᠠᠯᠠᠭᠳᠠᠴᠠ ᠨᠢ 860 ᠲᠦᠮᠡᠨ ᠲᠤᠨ᠂ ᠲᠦᠰᠦᠪᠯᠡᠭᠰᠡᠨ ᠬᠠᠳᠠᠭᠠᠯᠠᠭᠳᠠᠴᠠ ᠨᠢ 1000 ᠲᠥᠮᠡᠨ ᠲᠤᠨ ᠪᠤᠯᠤᠨ᠎ᠠ᠃ ᠲᠡᠮᠦᠷᠯᠢᠭ ᠤᠨ ᠬᠠᠳᠠᠭᠠᠯᠠᠭᠳᠠᠴᠠ ᠲᠤᠲᠦᠷ᠎ᠠ ᠮᠥᠩᠭᠦ 780 ᠲᠤᠨ᠂ ᠬᠠᠷ᠎ᠠ ᠲᠤᠭᠤᠯᠭ᠎ᠠ 3.9 ᠲᠥᠮᠡᠨ ᠲᠤᠨ᠂ ᠴᠠᠶᠢᠷ 44 ᠲᠥᠮᠡᠨ ᠲᠤᠨ᠂ ᠵᠡᠰ 2.3 ᠲᠥᠮᠡᠨ ᠲᠤᠨ ᠪᠠᠶᠢᠵᠦ᠂ ᠭᠠᠵᠠᠷ ᠰᠢᠨᠵᠢᠯᠡᠭᠡᠨ ᠤ ᠠᠭᠤᠯᠤᠭᠳᠠᠴᠠ ᠶᠢᠨ ᠬᠡᠮᠵᠢᠶ᠎ᠡ ᠨᠢ ᠮᠥᠩᠭᠦ 300 ᠭᠷᠠᠮ/ ᠲᠤᠨ᠂ ᠬᠠᠷ᠎ᠠ ᠲᠤᠭᠤᠯᠭ᠎ᠠ 4.46%᠂ ᠴᠠᠶᠢᠷ 5.28%᠂ ᠵᠡᠰ 0.7% ᠪᠤᠯᠤᠨ᠎ᠠ᠃      ᠠᠭᠤᠷᠬᠠᠢ ᠶᠢᠨ ᠲᠤᠭᠤᠷᠢᠭ ᠨᠢ ᠬᠡᠰᠢᠭᠲᠡᠨ ᠬᠤᠰᠢᠭᠤᠨ ᠤ ᠵᠡᠭᠦᠨ ᠬᠤᠶᠢᠨ᠎ᠠ ᠪᠠᠶᠢᠭ᠎ᠠ ᠪᠠᠶᠠᠨᠴᠠᠭᠠᠨ ᠤ ᠬᠠᠷᠢᠶᠠᠨ ᠳᠤ ᠪᠠᠶᠢᠵᠦ᠂ ᠶᠡᠭᠡ ᠬᠢᠩᠭᠠᠨ ᠳᠠᠪᠠᠭ᠎ᠠ ᠶᠢᠨ ᠠᠭᠤᠯᠠ ᠨᠢᠷᠦᠭᠤ ᠶᠢᠨ ᠪᠠᠷᠠᠭᠤᠨ ᠡᠮᠦᠨᠡᠲᠦ ᠬᠡᠰᠡᠭ᠂ ᠰᠢᠷᠠᠮᠦᠷᠡᠨ ᠤ ᠬᠠᠭᠠᠷᠠᠯ ᠤᠨ ᠪᠦᠰᠡ ᠶᠢᠨ ᠬᠤᠶᠢᠲᠦ ᠲᠠᠯ᠎ᠠ ᠳᠤ ᠪᠠᠶᠢᠵᠦ᠂ ᠠᠭᠤᠷᠬᠠᠢ ᠶᠢᠨ ᠲᠤᠭᠤᠷᠢᠭ ᠎ ᠤᠨ ᠬᠡᠪᠴᠢᠶ᠎ᠡ ᠨᠢ  ᠪᠠᠷᠤᠭ 5.4 ᠲᠡᠭᠰᠢ ᠲᠥᠷᠪᠡᠯᠵᠢᠨ ᠺᠤᠸ᠋ᠲ ᠺᠢᠯᠤᠮᠧᠲᠷ ᠪᠤᠯᠤᠨ᠎ᠠ᠃  ᠳᠤᠰ ᠠᠭᠤᠷᠬᠠᠢ ᠎ ᠶᠢᠨ ᠲᠤᠭᠤᠷᠢᠭ ᠎ ᠢ ᠦᠪᠦᠷ ᠮᠤᠩᠭᠤᠯ ᠤᠨ ᠶᠢᠰᠦᠲᠦᠭᠡᠷ ᠭᠠᠵᠠᠷ ᠰᠢᠨᠵᠢᠯᠡᠭᠡᠨ ᠤ ᠠᠭᠤᠷᠬᠠᠢ ᠶᠢᠨ ᠤᠶᠢᠯᠡᠰ ᠤᠨ ᠬᠠᠶᠢᠨ ᠪᠠᠶᠢᠴᠠᠭᠠᠬᠤ ᠨᠡᠭᠡᠭᠡᠯᠲᠡ ᠶᠢᠨ ᠬᠥᠷᠢᠶᠡᠯᠡᠩ ᠨᠢ 2001 ᠤᠨ ᠤ  ᠬᠠᠶᠢᠨ ᠪᠠᠶᠢᠴᠠᠭᠠᠨ ᠲᠤᠲᠦᠯᠬᠤ  ᠶᠠᠪᠤᠴᠠ ᠳᠤ ᠢᠯᠡᠷᠡᠭᠦᠯᠦᠭᠰᠡᠨ ᠪᠠᠶᠢᠨ᠎ᠠ᠃      ᠭᠤᠷᠪᠠ᠂ ᠡᠷᠭᠢᠯᠲᠡ ᠶᠢᠨ ᠪᠠᠶᠢᠳᠠᠯ      2007 ᠤᠨ ᠳᠤ᠂ ᠳᠤᠰ ᠺᠤᠮᠫᠠᠨᠢ ᠶᠢᠨ ᠤᠶᠢᠯᠡᠳᠪᠦᠷᠢᠯᠡᠭᠰᠡᠨ ᠬᠠᠷ᠎ᠠ ᠳᠤᠭᠤᠯᠭ᠎ᠠ ᠶᠢᠨ ᠨᠠᠷᠢᠯᠢᠭ ᠨᠤᠨᠳᠠᠭ ᠨᠢ 13554 ᠲᠤᠨ ᠪᠠᠶᠢᠵᠦ᠂ ᠴᠠᠶᠢᠷ ᠤᠨ ᠨᠠᠷᠢᠯᠢᠭ ᠨᠤᠨᠳᠠᠭ 14104 ᠲᠤᠨ ᠪᠤᠯᠤᠨ᠎ᠠ︔ ᠪᠤᠷᠤᠯᠠᠭᠤᠯᠭ᠎ᠠ ᠶᠢᠨ ᠤᠷᠤᠯᠭ᠎ᠠ ᠨᠢ 72920 ᠲᠥᠮᠡᠨ ᠲᠦᠭᠦᠷᠢᠭ ᠢ ᠪᠡᠶᠡᠯᠡᠭᠦᠯᠵᠦ᠂ ᠠᠵᠦ ᠤᠶᠢᠯᠡᠳᠪᠦᠷᠢ ᠶᠢᠨ ᠨᠡᠮᠡᠯᠲᠡ ᠦᠷᠲᠡᠭ 32814 ᠲᠦᠮᠡᠨ ᠲᠥᠭᠦᠷᠢᠭ ᠭᠦᠷᠦᠭᠰᠡᠨ ᠪᠠᠶᠢᠨ᠎ᠠ︔ ᠭᠠᠶᠢᠯᠢ ᠶᠢᠨ ᠮᠥᠩᠭᠦ 2933 ᠲᠥᠮᠡᠨ ᠲᠦᠭᠦᠷᠢᠭ ᠢ ᠪᠡᠶᠡᠯᠡᠭᠦᠯᠵᠦ᠂ ᠠᠰᠢᠭ ᠬᠤᠨᠵᠢᠪᠤᠷᠢ ᠨᠢ 11429 ᠳ᠋ᠦᠩᠰᠢᠭᠤᠷ ᠲᠦᠭᠦᠷᠢᠭ ᠢ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ http://www.kqmw.gov.cn
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号