ᠨᠢᠭᠡ᠄ ᠺᠤᠮᠫᠠᠨᠢ ᠶᠢᠨ ᠪᠠᠶᠢᠭᠤᠯᠤᠭᠳᠠᠭᠰᠠᠨ ᠵᠢᠴᠢ ᠬᠤᠪᠢ ᠤᠷᠤᠭᠤᠯᠤᠭᠴᠢ ᠶᠢᠨ ᠪᠦᠲᠦᠴᠡ | ᠦᠪᠦᠷ ᠮᠤᠩᠭᠤᠯ ᠤᠨ ᠶᠢᠨ ᠳ᠋ᠦ᠋ ᠠᠭᠤᠷᠬᠠᠢ ᠶᠢᠨ ᠤᠶᠢᠯᠡᠰ ᠤᠨ ᠬᠢᠵᠠᠭᠠᠷᠲᠦ ᠬᠠᠷᠢᠭᠤᠴᠠᠯᠭᠠᠲᠦ | ᠺᠤᠮᠫᠠᠨᠢ ᠨᠢ 2003 ᠤᠨ ᠳᠤ ᠬᠡᠰᠢᠭᠲᠡᠨ ᠬᠤᠰᠢᠭᠤᠨ ᠤ ᠤᠶᠢᠯᠡᠳᠪᠦᠷᠢ ᠬᠤᠳᠠᠯᠲᠦᠭᠠᠨ ᠤ ᠵᠠᠰᠠᠭ ᠵᠠᠬᠢᠷᠭᠠᠨ ᠤ | ᠬᠠᠮᠢᠶᠠᠷᠦᠯᠲᠠ ᠶᠢᠨ ᠲᠤᠪᠴᠢᠶᠠᠨ ᠳᠤ ᠳᠠᠩᠰᠠᠯᠠᠭᠤᠯᠵᠦ᠂ ᠺᠤᠮᠫᠠᠨᠢ ᠨᠢ ᠦᠪᠦᠷ ᠮᠤᠩᠭᠤᠯ ᠤᠨ ᠠᠭᠤᠷᠬᠠᠢ ᠶᠢᠨ | ᠤᠶᠢᠯᠡᠰ ᠤᠨ ᠨᠡᠭᠡᠭᠡᠯᠲᠡ ᠶᠢᠨ ᠶᠡᠷᠦᠩᠬᠡᠢ ᠺᠤᠮᠫᠠᠨᠢ ︵30 % ᠶᠢᠨ ᠬᠤᠪᠢ ᠤᠷᠤᠭᠤᠯᠤᠭᠴᠢ︶᠂ ᠤᠯᠠᠭᠠᠨᠬᠠᠳᠠ | ᠶᠢᠨ ᠬᠤᠩ ᠬᠤᠸᠠ ᠭᠧᠦ ᠠᠯᠲᠠᠨ ᠤ ᠠᠭᠤᠷᠬᠠᠢ ᠶᠢᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ ︵20 % ᠶᠢᠨ | ᠬᠤᠪᠢ ᠤᠷᠤᠭᠤᠯᠤᠭᠴᠢ︶᠂ ᠭᠠᠨᠰᠦ ᠶᠢᠨ ᠱᠧᠩ ᠳ᠋ᠠ ᠪᠦᠯᠦᠭᠯᠡᠯ ᠶᠢᠨ ᠬᠤᠪᠢ ᠤᠷᠤᠭᠤᠯᠤᠭᠰᠠᠨ ᠬᠢᠵᠠᠭᠠᠷᠲᠦ | ᠺᠤᠮᠫᠠᠨᠢ ︵15 % ᠶᠢᠨ ᠬᠤᠪᠢ ᠤᠷᠤᠭᠤᠯᠤᠭᠴᠢ︶᠂ ᠬᠡᠰᠢᠭᠲᠡᠨ ᠬᠤᠰᠢᠭᠤᠨ ᠤ ᠶᠢᠨ ᠢᠦᠢ ᠠᠭᠤᠷᠬᠠᠢ ᠶᠢᠨ | ᠤᠶᠢᠯᠡᠰ ᠤᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ ︵15 % ᠶᠢᠨ ᠬᠤᠪᠢ ᠤᠷᠤᠭᠤᠯᠤᠭᠴᠢ︶᠂ ᠤᠯᠠᠭᠠᠨᠬᠠᠳᠠ | ᠶᠢᠨ ᠬᠤᠩ ᠬᠤᠸᠠ ᠴᠠᠶᠢᠷ ᠪᠤᠯᠪᠠᠰᠦᠷᠠᠭᠤᠯᠬᠤ ᠬᠢᠵᠠᠭᠠᠷᠲᠦ ᠬᠠᠷᠢᠭᠤᠴᠠᠯᠭᠠᠲᠦ ᠺᠤᠮᠫᠠᠨᠢ ︵10 % ᠶᠢᠨ ᠬᠤᠪᠢ | ᠤᠷᠤᠭᠤᠯᠤᠭᠴᠢ︶᠂ ᠦᠪᠦᠷ ᠮᠤᠩᠭᠤᠯ ᠤᠨ ᠶᠢᠰᠦᠲᠦᠭᠡᠷ ᠭᠠᠵᠠᠷ ᠰᠢᠨᠵᠢᠯᠡᠭᠡᠨ ᠤ ᠠᠭᠤᠷᠬᠠᠢ ᠶᠢᠨ ᠤᠶᠢᠯᠡᠰ ᠤᠨ | ᠨᠡᠭᠡᠭᠡᠯᠲᠡ ᠶᠢᠨ ᠬᠥᠷᠢᠶᠡᠯᠡᠩ ︵5 % ᠶᠢᠨ ᠬᠤᠪᠢ ᠤᠷᠤᠭᠤᠯᠤᠭᠴᠢ︶ ᠵᠡᠷᠭᠡ ᠵᠢᠷᠭᠤᠭᠠᠨ ᠬᠤᠪᠢ ᠤᠷᠤᠭᠤᠯᠤᠭᠴᠢ | ᠪᠠᠷ ᠪᠦᠷᠢᠯᠲᠦᠵᠦ᠂ ᠺᠤᠮᠫᠠᠨᠢ ᠶᠢᠨ ᠳᠠᠩᠰᠠᠯᠠᠭᠤᠯᠤᠭᠰᠠᠨ ᠪᠡᠯᠡ ᠮᠥᠩᠭᠦ ᠨᠢ 1 ᠳ᠋ᠦᠩᠰᠢᠭᠤᠷ ᠲᠦᠭᠦᠷᠢᠭ ᠠᠷᠠᠳ | ᠤᠨ ᠵᠤᠭᠤᠰ ᠪᠤᠯᠤᠨ᠎ᠠ᠃ ᠲᠦᠷᠦᠯ ᠵᠤᠶᠢᠯ ᠤᠨ ᠶᠡᠷᠦᠩᠬᠡᠢ ᠪᠡᠯᠡ ᠤᠷᠤᠭᠤᠯᠤᠯᠲᠠ ᠨᠢ 2.9 ᠳ᠋ᠦᠩᠰᠢᠭᠤᠷ | ᠲᠦᠭᠦᠷᠢᠭ ᠠᠷᠠᠳ ᠤᠨ ᠵᠤᠭᠤᠰ ᠪᠠᠶᠢᠵᠦ᠂ ᠲᠦᠯᠦᠪᠯᠡᠭᠰᠡᠨ ᠬᠦᠳᠡᠷ ᠰᠤᠩᠭᠤᠬᠤ ᠬᠡᠮᠵᠢᠶ᠎ᠡ ᠨᠢ ᠵᠢᠯ ᠳᠤ 60 | ᠲᠦᠮᠡᠨ ᠲᠤᠨ ︵ᠡᠲᠦᠷ ᠲᠤ 2000 ᠲᠤᠨ︶᠂ ᠲᠦᠯᠦᠪᠯᠡᠭᠰᠡᠨ ᠬᠦᠳᠡᠷ ᠰᠤᠩᠭᠤᠬᠤ ᠬᠠᠳᠠᠭᠠᠯᠠᠭᠳᠠᠴᠠ ᠨᠢ | 1000 ᠭᠠᠷᠤᠢ ᠲᠦᠮᠡᠨ ᠲᠤᠨ᠂ ᠤᠶᠢᠯᠡᠴᠢᠯᠡᠭᠡ ᠬᠢᠬᠦ ᠵᠢᠯ ᠤᠨ ᠬᠢᠵᠠᠭᠠᠷ ᠨᠢ 16 ᠵᠢᠯ ᠪᠤᠯᠤᠨ᠎ᠠ᠃ ᠲᠦᠷᠦᠯ | ᠵᠤᠶᠢᠯ ᠨᠢ 2004 ᠤᠨ ᠤ 6 ᠰᠠᠷ᠎ᠠ ᠶᠢᠨ 16 ᠤ ᠡᠲᠦᠷ ᠠᠴᠠ ᠪᠠᠷᠢᠯᠭ᠎ᠠ ᠪᠠᠨ ᠡᠬᠢᠯᠡᠭᠦᠯᠦᠭᠰᠡᠨ ᠪᠠᠶᠢᠨ᠎ᠠ᠃ | 2005 ᠤᠨ ᠤ 9 ᠰᠠᠷ᠎ᠠ ᠶᠢᠨ 9 ᠤ ᠡᠲᠦᠷ ᠪᠠᠶᠢᠭᠤᠯᠵᠦ ᠳᠠᠭᠤᠰᠬᠠᠨ ᠠᠰᠢᠭᠯᠠᠯᠲᠠ ᠳᠤ ᠤᠷᠤᠵᠦ᠂ ᠡᠲᠦᠷ ᠤᠨ | ᠬᠦᠳᠡᠷ ᠰᠤᠩᠭᠤᠬᠤ ᠬᠡᠮᠵᠢᠶ᠎ᠡ ᠨᠢ 1600 ᠲᠤᠨ ᠤᠷᠴᠢᠮ ᠪᠤᠯᠤᠨ᠎ᠠ᠃ | ᠺᠤᠮᠫᠠᠨᠢ ᠶᠢᠨ ᠤᠲᠦ ᠪᠠᠶᠢᠭ᠎ᠠ ᠠᠵᠢᠯᠲᠠᠳ ᠨᠡᠶᠢᠲᠡ 254 ᠬᠦᠮᠦᠨ ᠪᠠᠶᠢᠵᠦ᠂ ᠡᠭᠦᠨ ᠳᠤ | ᠠᠰᠫᠢᠷᠠᠨᠲ 1 ᠬᠦᠮᠦᠨ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ 15 ᠬᠦᠮᠦᠨ᠂ ᠳᠡᠭᠡᠲᠦ ᠵᠡᠷᠭᠡ ᠶᠢᠨ | ᠳᠤᠰᠬᠠᠢ ᠮᠡᠷᠭᠡᠵᠢᠯ ᠤᠨ ᠰᠤᠷᠭᠠᠭᠤᠯᠢ ᠶᠢᠨ 48 ᠬᠦᠮᠦᠨ᠂ ᠦᠨᠲᠦᠷ ᠳᠡᠰ ᠤᠨ ᠮᠡᠷᠭᠡᠵᠢᠯ ᠤᠨ ᠴᠤᠯᠠ ᠲᠠᠢ | ᠠᠵᠢᠯᠲᠠᠨ 8 ᠬᠦᠮᠦᠨ᠂ ᠲᠤᠮᠳᠠᠲᠦ᠂ ᠠᠩᠬ᠎ᠠ ᠳᠡᠰ ᠤᠨ ᠮᠡᠷᠭᠡᠵᠢᠯ ᠤᠨ ᠠᠵᠢᠯᠲᠠᠨ 45 ᠬᠥᠮᠦᠨ᠂ | ᠮᠡᠷᠭᠡᠵᠢᠯ ᠤᠨ ᠠᠵᠢᠯᠲᠠᠨ 141 ᠬᠥᠮᠦᠨ ᠪᠠᠶᠢᠨ᠎ᠠ᠃ | ᠬᠤᠶᠠᠷ᠂ ᠡᠬᠢ ᠪᠠᠶᠠᠯᠢᠭ ᠤᠨ ᠪᠠᠶᠢᠳᠠᠯ | ᠭᠠᠵᠠᠷ ᠰᠢᠨᠵᠢᠯᠡᠭᠡᠨ ᠤ ᠬᠠᠳᠠᠭᠠᠯᠠᠭᠳᠠᠴᠠ᠄ 1226 +333+ 334 ᠳᠡᠰ ᠤᠨ ᠭᠦᠳᠡᠷ | ᠤᠨ ᠬᠡᠮᠵᠢᠶ᠎ᠡ ᠨᠢ 1880.87 ᠲᠦᠮᠡᠨ ᠲᠤᠨ᠂ ᠡᠵᠡᠯᠡᠬᠦ ᠬᠠᠷᠢᠴᠠᠯ ᠨᠢ᠄ ᠮᠥᠩᠭᠦ 244.49 ᠭᠷᠠᠮ/ ᠲᠤᠨ᠂ | ᠬᠠᠷ᠎ᠠ ᠲᠤᠭᠤᠯᠭ᠎ᠠ 2.67%᠂ ᠴᠠᠶᠢᠷ 5.60%᠂ ᠬᠦᠳᠡᠷ ᠤᠨ ᠴᠤᠭᠴᠠ ᠶᠢᠨ ᠳᠡᠭᠰᠢᠳᠬᠡᠭᠰᠡᠨ ᠵᠤᠵᠠᠭᠠᠨ ᠤ | ᠬᠡᠮᠵᠢᠶ᠎ᠡ ᠨᠢ 3.9 ᠮᠧᠲᠷ᠃ ᠡᠭᠦᠨ ᠤ ᠲᠤᠲᠦᠷᠠ᠄ ᠢᠰᠦᠯᠲᠦᠭᠰᠡᠨ ᠭᠦᠳᠡᠷ ᠤᠨ ᠬᠡᠮᠵᠢᠶ᠎ᠡ ᠨᠢ 34.19 ᠲᠦᠮᠡᠨ | ᠲᠤᠨ᠃ ᠲᠥᠯᠦᠪᠯᠡᠭᠰᠡᠨ ᠠᠰᠢᠭᠯᠠᠵᠦ ᠪᠤᠯᠬᠤ ᠬᠠᠳᠠᠭᠠᠯᠠᠭᠳᠠᠴᠠ ᠤᠨ ᠬᠡᠮᠵᠢᠶ᠎ᠡ᠄ 1226+333 ᠳᠡᠰ ᠤᠨ | ᠬᠥᠳᠡᠷ ᠤᠨ ᠬᠠᠳᠠᠭᠠᠯᠠᠭᠳᠠᠴᠠ 937.24 ᠲᠦᠮᠡᠨ ᠳᠤᠨ᠃ ᠡᠵᠡᠯᠡᠬᠦ ᠬᠠᠷᠢᠴᠠᠯ ᠨᠢ᠄ ᠮᠥᠩᠭᠦ 237. 30 ᠭᠷᠠᠮ/ | ᠲᠤᠨ᠂ ᠬᠠᠷ᠎ᠠ ᠲᠤᠭᠤᠯᠭ᠎ᠠ 2.45%᠂ ᠴᠠᠶᠢᠷ 4.99%᠂ ᠬᠦᠳᠡᠷ ᠤᠨ ᠴᠤᠭᠴᠠ ᠶᠢᠨ ᠳᠡᠭᠰᠢᠳᠬᠡᠭᠰᠡᠨ | ᠵᠤᠵᠠᠭᠠᠨ ᠤ ᠬᠡᠮᠵᠢᠶ᠎ᠡ ᠨᠢ 4.0 ᠮᠧᠲᠷ ᠪᠤᠯᠤᠨ᠎ᠠ᠃ ᠠᠵᠦ ᠠᠬᠤᠶᠢᠯᠠᠯ ᠤᠨ ᠬᠠᠮᠤᠭ ᠡᠴᠦᠰ ᠤᠨ ᠪᠦᠲᠦᠭᠡᠭᠳᠡᠭᠦᠨ | ᠪᠤᠯ ᠮᠥᠩᠭᠦ᠂ ᠬᠠᠷ᠎ᠠ ᠲᠤᠭᠤᠯᠭ᠎ᠠ ᠶᠢᠨ ᠨᠠᠷᠢᠯᠢᠭ ᠬᠦᠳᠡᠷ ᠪᠤᠯᠤᠨ ᠴᠠᠶᠢᠷ ᠤᠨ ᠨᠠᠷᠢᠯᠢᠭ ᠬᠦᠳᠡᠷ ᠪᠤᠯᠤᠨ᠎ᠠ᠃ | ᠵᠢᠯ ᠤᠨ ᠮᠥᠩᠭᠦᠨ ᠤ ᠭᠠᠷᠭᠠᠯᠲᠠ ᠨᠢ 98073.36 KG᠂ ᠬᠠᠷ᠎ᠠ ᠲᠤᠭᠤᠯᠭ᠎ᠠ 10251 ᠲᠤᠨ᠂ ᠴᠠᠶᠢᠷ | 20122.2 ᠲᠤᠨ ᠪᠤᠯᠤᠨ᠎ᠠ᠃ | ᠭᠤᠷᠪᠠ᠂ ᠡᠷᠬᠢᠯᠲᠡ ᠶᠢᠨ ᠪᠠᠶᠢᠳᠠᠯ | 2007 ᠤᠨ ᠳᠤ᠂ ᠳᠤᠰ ᠺᠤᠮᠫᠠᠨᠢ ᠨᠢ ᠬᠠᠷ᠎ᠠ ᠲᠤᠭᠤᠯᠭ᠎ᠠ ᠶᠢᠨ ᠨᠠᠷᠢᠯᠢᠭ ᠨᠤᠨᠳᠠᠭ 34505 | ᠲᠤᠨ᠂ ᠴᠠᠶᠢᠷ ᠤᠨ ᠨᠠᠷᠢᠯᠢᠭ ᠨᠤᠨᠳᠠᠭ 35694 ᠲᠤᠨ ᠤᠶᠢᠯᠡᠳᠪᠦᠷᠢᠯᠡᠭᠰᠡᠨ ᠪᠠᠶᠢᠨ᠎ᠠ︔ ᠪᠤᠷᠤᠯᠠᠭᠤᠯᠭ᠎ᠠ ᠶᠢᠨ | ᠤᠷᠤᠯᠭ᠎ᠠ ᠨᠢ 179283 ᠲᠥᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠠᠴᠠ 225.82% | ᠪᠠᠷ ᠨᠡᠮᠡᠭᠳᠡᠭᠰᠡᠨ ᠪᠠᠶᠢᠨ᠎ᠠ︔ ᠠᠵᠦ ᠤᠶᠢᠯᠡᠳᠪᠦᠷᠢ ᠶᠢᠨ ᠨᠡᠮᠡᠯᠲᠡ ᠦᠷᠳᠡᠭ 80678 ᠲᠦᠮᠡᠨ ᠲᠦᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠠᠴᠠ 216.36% ᠪᠠᠷ ᠨᠡᠮᠡᠭᠳᠡᠭᠰᠡᠨ ᠪᠠᠶᠢᠨ᠎ᠠ︔ ᠭᠠᠶᠢᠯᠢ ᠶᠢᠨ ᠮᠥᠩᠭᠦ | 42411 ᠲᠦᠮᠡᠨ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠠᠴᠠ 198.81% ᠪᠠᠷ ᠨᠡᠮᠡᠭᠳᠡᠭᠰᠡᠨ | ᠪᠠᠶᠢᠨ᠎ᠠ︔ ᠠᠰᠢᠭ ᠬᠤᠨᠵᠢᠪᠦᠷᠢ 58002 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ | ᠠᠴᠠ 170.59% ᠪᠠᠷ ᠨᠡᠮᠡᠭᠳᠡᠭᠰᠡᠨ ᠪᠠᠶᠢᠨ᠎ᠠ᠃ |