ᠬᠡᠰᠢᠭᠳᠡᠨ ᠬᠤᠰᠢᠭᠤ ᠨᠢ ᠶᠡᠭᠡ ᠬᠢᠩᠭᠠᠨ ᠲᠠᠪᠠᠭᠠᠨ ᠤ ᠲᠣᠮᠳᠠ ᠬᠡᠰᠡᠭ ᠤᠨ ᠦᠩᠭᠡᠳᠣ | ᠲᠡᠮᠦᠷᠯᠢᠭ ᠶᠢᠨ ᠠᠭᠤᠷᠬᠠᠢ ᠶᠢᠨ ᠪᠦᠰᠡᠨ ᠳᠤ ᠣᠷᠣᠰᠢᠵᠣ᠂ ᠠᠭᠤᠷᠬᠠᠢ ᠶᠢᠨ ᠪᠦᠳᠦᠴᠡ ᠨᠢ ᠲᠠᠪᠠᠭᠤᠯᠢᠭ᠂ | ᠠᠭᠤᠷᠬᠠᠢ ᠶᠢᠨ ᠡᠬᠢ ᠪᠠᠶᠠᠯᠢᠭ ᠡᠯᠪᠡᠭ ᠲᠡᠯᠪᠡᠭ ᠪᠠᠶᠢᠳᠠᠭ᠃ ᠣᠳᠣᠬᠠᠨ ᠳᠤ᠂ ᠪᠦᠬᠦ ᠬᠤᠰᠢᠭᠤᠨ ᠳᠤ 300 | ᠰᠢᠬᠠᠮ ᠠᠭᠤᠷᠬᠠᠢ ᠶᠢ ᠢᠯᠡᠷᠡᠭᠦᠯᠵᠡᠢ᠂ ᠡᠭᠦᠨ ᠳᠤ 15 ᠬᠦᠳᠡᠷ ᠤᠨ ᠬᠡᠪᠳᠡᠰᠢ᠂ 200 ᠭᠠᠷᠣᠢ ᠠᠭᠤᠷᠬᠠᠢ᠂ 80 | ᠭᠠᠷᠣᠢ ᠬᠦᠳᠡᠷᠵᠢᠭᠰᠡᠨ ᠠᠭᠤᠷᠬᠠᠢ ᠶᠢᠨ ᠴᠡᠭ ᠪᠠᠶᠢᠵᠣ᠂ ᠲᠡᠮᠦᠷ᠂ ᠬᠠᠷ᠎ᠠ ᠲᠣᠭᠤᠯᠭ᠎ᠠ᠂ ᠴᠠᠶᠢᠷ᠂ ᠴᠠᠭᠠᠨ | ᠲᠣᠭᠤᠯᠭ᠎ᠠ᠂ ᠮᠦᠩᠭᠦ᠂ ᠮᠣᠯᠧᠪᠳᠧᠨ ᠵᠡᠷᠭᠡ ᠲᠡᠮᠦᠷᠯᠢᠭ ᠪᠠᠶᠢᠵᠣ᠂ ᠲᠡᠮᠦᠷᠯᠢᠭ ᠪᠣᠰᠣ ᠠᠭᠤᠷᠬᠠᠢ ᠶᠢᠨ ᠲᠦᠷᠦᠯ 38 | ᠭᠠᠷᠣᠢ ᠪᠣᠢ᠃ ᠣᠳᠣᠬᠠᠨ ᠳᠤ ᠪᠦᠬᠦ ᠬᠤᠰᠢᠭᠤᠨ ᠤ ᠬᠠᠶᠢᠨ ᠲᠤᠳᠤᠯᠤᠭᠰᠠᠨ ᠲᠡᠮᠦᠷ ᠤᠨ ᠠᠭᠤᠷᠬᠠᠢ ᠶᠢᠨ ᠬᠦᠳᠡᠷ | ᠤᠨ ᠬᠠᠳᠠᠭᠠᠯᠠᠭᠳᠠᠴᠠ 1.17 ᠳ᠋ᠦᠩᠰᠢᠭᠤᠷ ᠲᠣᠨ᠂ ᠬᠠᠷ᠎ᠠ ᠲᠣᠭᠤᠯᠭ᠎ᠠ ᠴᠠᠶᠢᠷ ᠤᠨ | ᠬᠠᠳᠠᠭᠠᠯᠠᠭᠳᠠᠴᠠ ᠨᠢ 288 ᠲᠦᠮᠡᠨ ᠲᠣᠨ᠂ ᠬᠠᠷ᠎ᠠ ᠲᠣᠭᠤᠯᠭ᠎ᠠ ᠶᠢᠨ ᠲᠡᠮᠦᠷᠯᠢᠭ ᠤᠨ ᠬᠠᠳᠠᠭᠠᠯᠠᠭᠳᠠᠴᠠ ᠨᠢ 50 | ᠲᠦᠮᠡᠨ ᠲᠣᠨ᠂ ᠮᠦᠩᠬᠦ ᠶᠢᠨ ᠬᠠᠳᠠᠭᠠᠯᠠᠭᠳᠠᠴᠠ ᠨᠢ 5500 ᠲᠣᠨ᠂ ᠮᠣᠯᠧᠪᠳᠧᠨ ᠤ ᠬᠠᠳᠠᠭᠠᠯᠠᠭᠳᠠᠴᠠ ᠨᠢ 3.6 | ᠲᠦᠮᠡᠨ ᠲᠣᠨ ᠪᠣᠯᠣᠨ᠎ᠠ᠃ | ᠣᠷᠴᠢᠮ ᠤᠨ ᠵᠢᠯ ᠠᠴᠠ ᠨᠠᠰᠢ᠂ ᠠᠭᠤᠷᠬᠠᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠠᠵᠢᠯ ᠤᠨ | ᠲᠠᠰᠣᠷᠠᠯᠳᠠ ᠦᠭᠡᠢ ᠨᠡᠮᠡᠭᠳᠡᠬᠦ ᠶᠢ ᠲᠠᠭᠠᠯᠳᠣᠨ᠂ ᠬᠠᠶᠢᠨ ᠪᠠᠶᠢᠴᠠᠭᠠᠬᠤ ᠦᠷ᠎ᠡ ᠪᠦᠳᠦᠮᠵᠢ ᠮᠡᠳᠡᠭᠳᠡᠮ᠎ᠡ ᠪᠠᠶᠢᠵᠣ᠂ | ᠣᠳᠣᠬᠠᠨ ᠳᠤ ᠪᠦᠬᠦ ᠬᠤᠰᠢᠭᠤᠨ ᠤ 154 ᠲᠡᠮᠦᠷᠯᠢᠭ ᠤᠨ ᠲᠦᠷᠦᠯ ᠵᠦᠢᠯ ᠨᠢ ᠠᠭᠤᠷᠬᠠᠢ ᠶᠢᠨ ᠡᠬᠢ ᠪᠠᠶᠠᠯᠢᠭ ᠢ | ᠬᠠᠶᠢᠨ ᠪᠠᠶᠢᠴᠠᠭᠠᠬᠤ ᠵᠦᠪᠰᠢᠶᠡᠷᠡᠯ ᠤᠨ ᠦᠨᠡᠮᠯᠡᠯ ᠢ ᠣᠯᠵᠣ᠂ ᠪᠦᠬᠦ ᠬᠤᠰᠢᠭᠤᠨ ᠤ ᠰᠢᠨ᠎ᠡ ᠪᠠᠷ ᠨᠡᠮᠡᠭᠳᠡᠬᠦ ᠠᠵᠣ | ᠠᠬᠤᠢ ᠶᠢᠨ ᠲᠠᠯᠳᠠ ᠬᠦᠴᠦᠨ 1000 ᠳ᠋ᠦᠩᠰᠢᠭᠤᠷ ᠲᠦᠭᠦᠷᠢᠭ ᠢ ᠲᠠᠪᠠᠵᠣ᠂ ᠢᠩᠳᠣ᠂ ᠲᠠᠷᠢ ᠶᠢᠨ ᠲᠠᠪᠠᠭ᠎ᠠ᠂ | ᠣᠯᠢᠶᠠᠰᠣᠳᠠᠢ᠂ ᠴᠦ᠋ ᠶᠣᠸᠠᠨ ᠵᠡᠷᠭᠡ ᠬᠡᠪᠴᠢᠶ᠎ᠡ ᠪᠠᠷ ᠨᠡᠯᠢᠶᠡᠳ ᠶᠡᠭᠡ ᠠᠭᠤᠷᠬᠠᠢ ᠶᠢᠨ ᠠᠵᠣ ᠠᠬᠤᠶᠢᠯᠠᠯ ᠪᠡᠯᠡ | ᠣᠷᠣᠭᠤᠯᠣᠨ ᠦᠢᠯᠡᠳᠪᠣᠷᠢᠯᠡᠯ ᠢᠶᠠᠨ ᠡᠬᠢᠯᠡᠭᠦᠯᠵᠡᠢ᠃ ᠣᠳᠣᠬᠠᠨ ᠳᠤ᠂ ᠪᠦᠬᠦ ᠬᠤᠰᠢᠭᠤᠨ ᠤ ᠠᠭᠤᠷᠬᠠᠢ ᠮᠠᠯᠳᠠᠬᠤ | ᠵᠦᠪᠰᠢᠶᠡᠷᠡᠯ ᠤᠨ ᠦᠨᠡᠮᠯᠡᠯ ᠲᠠᠢ ᠠᠭᠤᠷᠬᠠᠢ ᠶᠢᠨ ᠠᠵᠣ ᠠᠬᠤᠶᠢᠯᠠᠯ ᠨᠡᠶᠢᠳᠡ 90 ᠪᠠᠶᠢᠵᠣ᠂ ᠡᠭᠦᠨ ᠳᠤ | ᠬᠡᠪᠴᠢᠶᠡᠵᠢᠯ ᠠᠴᠠ ᠲᠡᠭᠡᠭᠰᠢᠬᠢ ᠲᠡᠮᠦᠷᠯᠢᠭ ᠤᠨ ᠲᠦᠷᠦᠯ ᠤᠨ ᠠᠭᠤᠷᠬᠠᠢ ᠶᠢᠨ ᠠᠵᠣ ᠠᠬᠤᠶᠢᠯᠠᠯ 25᠂ ᠪᠠᠭ᠎ᠠ | ᠬᠡᠪᠴᠢᠶᠡᠨ ᠤ ᠲᠡᠮᠦᠷᠯᠢᠭ ᠤᠨ ᠪᠣᠰᠣ ᠠᠭᠤᠷᠬᠠᠢ ᠶᠢᠨ ᠠᠵᠣ ᠠᠬᠤᠶᠢᠯᠠᠯ 65 ᠪᠠᠶᠢᠨ᠎ᠠ᠃ ᠪᠦᠬᠦ ᠬᠤᠰᠢᠭᠤᠨ ᠤ | ᠦᠩᠭᠡᠳᠦ ᠲᠡᠮᠦᠷᠯᠢᠭ ᠤᠨ ᠲᠦᠷᠦᠯ ᠤᠨ ᠬᠦᠳᠡᠷ ᠰᠣᠩᠭᠤᠬᠤ ᠦᠢᠯᠡᠳᠪᠣᠷᠢ 17 ᠪᠠᠶᠢᠵᠣ᠂ ᠡᠳᠦᠷ ᠤᠨ | ᠬᠦᠳᠡᠷ ᠰᠣᠩᠭᠤᠬᠤ ᠴᠢᠳᠠᠯ ᠨᠢ 14000 ᠲᠣᠨ ᠳᠤ ᠬᠦᠷᠴᠡᠢ︔ ᠲᠡᠮᠦᠷ ᠤᠨ ᠬᠦᠳᠡᠷ ᠰᠣᠩᠭᠤᠬᠤ ᠦᠢᠯᠡᠳᠪᠣᠷᠢ | 6 ᠪᠠᠶᠢᠵᠣ᠂ ᠵᠢᠯ ᠤᠨ ᠬᠦᠳᠡᠷ ᠰᠣᠩᠭᠤᠬᠤ ᠴᠢᠳᠠᠯ ᠨᠢ 360 ᠲᠦᠮᠡᠨ ᠲᠣᠨ ᠳᠤ ᠬᠦᠷᠴᠡᠢ︔ ᠬᠠᠶᠢᠯᠣᠭᠤᠷ | ᠵᠣᠩᠰᠢ ᠶᠢᠨ ᠬᠦᠳᠡᠷ ᠰᠣᠩᠭᠤᠬᠤ ᠦᠢᠯᠡᠳᠪᠣᠷᠢ 2 ᠪᠠᠶᠢᠵᠣ᠂ ᠡᠳᠦᠷ ᠤᠨ ᠬᠦᠳᠡᠷ ᠰᠣᠩᠭᠤᠬᠤ ᠴᠢᠳᠠᠯ ᠨᠢ 400 | ᠲᠣᠨ ᠪᠣᠯᠣᠨ᠎ᠠ᠃ 2008 ᠣᠨ ᠳᠤ᠂ ᠪᠦᠬᠦ ᠬᠤᠰᠢᠭᠤᠨ ᠤ ᠲᠡᠮᠦᠷ ᠤᠨ ᠨᠠᠷᠢᠯᠢᠭ ᠨᠣᠨᠳᠠᠭ 135 ᠲᠦᠮᠡᠨ ᠲᠣᠨ | ᠂ ᠬᠠᠷ᠎ᠠ ᠲᠣᠭᠤᠯᠭ᠎ᠠ ᠶᠢᠨ ᠨᠠᠷᠢᠯᠢᠭ ᠨᠣᠨᠳᠠᠭ 7.9 ᠲᠦᠮᠡᠨ ᠲᠣᠨ᠂ ᠴᠠᠶᠢᠷ ᠤᠨ ᠨᠠᠷᠢᠯᠢᠭ ᠨᠣᠨᠳᠠᠭ 11.3 ᠲᠦᠮᠡᠨ | ᠲᠣᠨ᠂ ᠮᠣᠯᠧᠪᠳᠧᠨ ᠤ ᠨᠠᠷᠢᠯᠢᠭ ᠨᠣᠨᠳᠠᠭ 1109 ᠲᠣᠨ᠂ ᠵᠡᠰ 316.9 ᠲᠣᠨ᠂ ᠬᠦᠩᠭᠡᠨᠴᠠᠭᠠᠨ 277.5 | ᠲᠤᠨ᠂ ᠮᠦᠩᠬᠦ 298 ᠲᠣᠨ᠂ ᠪᠦᠬᠦ ᠬᠤᠰᠢᠭᠤᠨ ᠤ ᠠᠭᠤᠷᠬᠠᠢ ᠶᠢᠨ ᠠᠵᠣ ᠠᠬᠤᠶᠢᠯᠠᠯ 7.64 ᠳ᠋ᠦᠩᠰᠢᠭᠤᠷ | ᠲᠦᠭᠦᠷᠢᠭ ᠤᠨ ᠭᠠᠶᠢᠯᠢ ᠶᠢᠨ ᠣᠷᠣᠯᠭ᠎ᠠ ᠶᠢ ᠪᠡᠶᠡᠯᠡᠭᠦᠯᠵᠣ᠂ ᠪᠦᠬᠦ ᠬᠤᠰᠢᠭᠤᠨ ᠤ ᠡᠳ᠋ ᠤᠨ ᠵᠠᠰᠠᠭ ᠤᠨ | ᠣᠷᠣᠯᠭ᠎ᠠ ᠶᠢᠨ 75.3 % ᠶᠢ ᠡᠵᠡᠯᠡᠨ᠂ ᠬᠡᠰᠢᠭᠳᠡᠨ ᠬᠤᠰᠢᠭᠤᠨ ᠤ ᠠᠵᠣ ᠠᠬᠤᠢ ᠶᠢᠨ ᠬᠦᠭᠵᠢᠯᠳᠡ ᠶᠢᠨ | ᠲᠣᠯᠭᠠᠭᠤᠷᠢᠯᠠᠬᠤ ᠦᠢᠯᠡᠰ ᠪᠣᠯᠵᠠᠢ᠃ ᠬᠡᠳᠦᠨ ᠵᠢᠯ ᠤᠨ ᠬᠦᠭᠵᠢᠯᠳᠠ ᠪᠠᠷ ᠲᠠᠮᠵᠢᠨ᠂ ᠪᠦᠬᠦ ᠬᠤᠰᠢᠭᠤᠨ ᠳᠤ | ᠠᠩᠬ᠎ᠠ ᠠᠯᠬᠤᠮ ᠬᠤᠩᠭᠤ ᠠᠴᠠ ᠣᠮᠠᠷᠠᠰᠢᠬᠢ᠂ ᠬᠤᠩᠭᠤ᠂ ᠬᠤᠩᠭᠤ ᠠᠴᠠ ᠵᠡᠭᠦᠨᠳᠡᠬᠢ᠂ ᠰᠢᠷᠠᠮᠦᠷᠡᠨ ᠠᠴᠠ | ᠡᠮᠦᠨᠡᠰᠢᠬᠢ ᠲᠦᠷᠪᠡᠨ ᠨᠡᠯᠢᠶᠡᠳ ᠲᠦᠪᠯᠡᠷᠡᠭᠰᠡᠨ ᠬᠦᠳᠡᠷ ᠰᠣᠩᠭᠤᠨ ᠮᠠᠯᠳᠠᠬᠤ ᠠᠭᠤᠷᠬᠠᠢ ᠶᠢᠨ ᠲᠣᠭᠤᠷᠢᠭ | ᠪᠦᠷᠢᠯᠳᠦᠵᠣ᠂ ᠡᠳᠦᠷ ᠤᠨ ᠬᠦᠳᠡᠷ ᠰᠣᠩᠭᠤᠬᠤ ᠴᠢᠳᠠᠯ ᠨᠢ 4000 ᠲᠣᠨ ᠳᠤ ᠬᠦᠷᠴᠦ᠂ ᠪᠦᠬᠦ ᠬᠤᠳᠠ ᠶᠢᠨ ︽ | 6835︾ ᠢᠨᠵᠧᠨᠧᠷᠢᠩ ᠢ ᠬᠡᠷᠡᠭᠵᠢᠭᠦᠯᠬᠦ ᠶᠢᠨ ᠴᠢᠬᠤᠯᠠ ᠪᠠᠳᠣᠯᠭ᠎ᠠ ᠪᠣᠯᠵᠠᠢ᠃ |