ᠮᠠᠨ ᠤ ᠤᠷᠤᠨ ᠤ 2014 ᠤᠨ ᠤ ᠤᠶᠤᠳᠡᠳ ᠤᠨ ᠠᠵᠢᠯ ᠤᠯᠭᠤᠯᠳᠠ ᠶᠢᠨ ᠬᠠᠨᠳᠤᠰᠢ ᠪᠤᠯᠤᠨ ᠠᠵᠢᠯ ᠤᠯᠭᠤᠯᠳᠠ ᠶᠢᠨ ᠲᠦᠷᠤ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2014/10/11
     ᠨᠢᠭᠡ᠂ 2014 ᠤᠨ ᠤ ᠪᠦᠬᠦ ᠤᠯᠤᠰ ᠤᠨ ᠲᠡᠭᠦᠰᠬᠦ ᠤᠶᠤᠳᠡᠳ ᠤᠨ ᠦᠨᠳᠤᠰᠤᠨ ᠪᠠᠶᠢᠳᠠᠯ      ᠡᠨᠡ ᠵᠢᠯ ᠪᠦᠬᠦ ᠤᠯᠤᠰ ᠤᠨ ᠶᠡᠭᠡ ᠲᠡᠭᠡᠲᠦ ᠰᠤᠷᠭᠠᠭᠤᠯᠢ ᠠᠴᠠ ᠲᠡᠭᠦᠰᠭᠦ ᠤᠶᠤᠳᠠᠳ 727 ᠲᠦᠮᠡ ᠬᠦᠷᠦᠭᠰᠡᠨ ᠶᠤᠮ᠃ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠳᠤᠯᠠᠪᠤᠷᠢ ᠶᠢᠨ ᠶᠠᠮᠤᠨ ᠤ ᠤᠯᠠᠨ ᠤᠯᠤᠰ ᠤᠨ ᠬᠦᠳᠡᠯᠮᠦᠷᠢ ᠶᠢᠨ ᠪᠠᠳᠤᠯᠠᠪᠤᠷᠢ ᠶᠢᠨ ᠲᠤᠬᠠᠢ ᠰᠤᠳᠤᠯᠭᠠᠨ ᠤ ᠭᠠᠵᠠᠷ ᠤᠨ ᠲᠠᠷᠤᠭ᠎ᠠ ᠮᠦᠸᠧ ᠷᠦᠡᠭ ︽ᠮᠠᠨ ᠤ ᠤᠯᠤᠰ ᠤᠨ ᠵᠢᠯ ᠪᠦᠷᠢ ᠵᠠᠬ᠎ᠠ ᠲᠡᠯᠭᠡᠭᠦᠷ ᠲᠤ ᠤᠷᠤᠵᠦ ᠪᠠᠶᠢᠭ᠎ᠠ ᠬᠦᠳᠡᠯᠮᠦᠷᠢᠴᠢᠳ ᠪᠠᠷᠤᠬ 1500 ᠲᠦᠮᠡᠨ ᠬᠦᠮᠦᠨ᠂ 727 ᠲᠦᠮᠡ ᠨᠢ ᠪᠠᠷᠤᠬ ᠯᠡ ᠬᠠᠭᠠᠰ ᠢ ᠡᠵᠡᠯᠡᠭᠦ ᠪᠤᠯᠤᠨ᠎ᠠ᠃ ᠶᠠᠷᠦᠩᠭᠡᠶᠢᠯᠡᠭᠡᠳ ᠦᠵᠡᠪᠡᠯ᠂ ᠡᠨᠡ ᠵᠢᠯ ᠤᠨ ᠶᠡᠭᠡ ᠰᠤᠷᠭᠠᠭᠤᠯᠢ ᠶᠢᠨ ᠤᠶᠤᠳᠠᠳ ᠤᠨ ᠠᠵᠢᠯ ᠤᠯᠭᠤᠯᠳᠠ ᠶᠢᠨ ᠪᠠᠶᠢᠳᠠᠯ ᠮᠦᠨ ᠯᠡ ᠭᠡᠴᠡᠭᠦᠦ ᠪᠠᠶᠢᠨ᠎ᠠ︾ ᠭᠡᠵᠦ ᠬᠡᠯᠡᠪᠡ᠃ ᠦᠪᠦᠷ ᠮᠤᠩᠭᠤᠯ ᠤᠨ ᠴᠢᠳᠠᠪᠤᠷᠢᠳᠠᠨ ᠤ ᠰᠤᠯᠢᠯᠴᠠᠭᠠᠨ ᠤ ᠦᠢᠯᠡᠴᠢᠯᠡᠭᠡᠨ ᠤ ᠲᠦᠪ ᠤᠨ ᠡᠷᠬᠢᠯᠡᠭᠴᠢ ᠶᠢᠨ ᠯᠦᠡᠭ ᠤᠨ ᠲᠠᠨᠢᠯᠴᠠᠭᠤᠯᠬᠤ ᠪᠠᠷ᠂ ᠡᠨᠡ ᠵᠢᠯ ᠪᠦᠬᠦ ᠤᠷᠤᠨ ᠤ ᠶᠡᠭᠡ ᠲᠡᠭᠡᠲᠦ ᠰᠤᠷᠭᠠᠭᠤᠯᠢ ᠶᠢᠨ ᠲᠡᠭᠦᠰᠬᠦ ᠤᠶᠤᠳᠠᠳ ᠤᠨ ᠲᠤᠭ᠎ᠠ ᠠᠩᠬ᠎ᠠ ᠤᠳᠠᠭ᠎ᠠ 12 ᠲᠦᠮᠡ ᠶᠢ ᠲᠠᠪᠠᠭᠰᠠᠨ ᠶᠤᠮ᠃ ᠦᠪᠡᠷᠲᠡᠭᠡᠨ ᠵᠠᠰᠠᠬᠤ ᠤᠷᠤᠨ ᠠᠴᠠ ᠮᠠᠨ ᠤ ᠤᠷᠤᠨ ᠤ ᠡᠨᠡ ᠵᠢᠯ ᠤᠨ ᠲᠡᠭᠦᠰᠭᠦ ᠤᠶᠤᠳᠠᠳ ᠤᠨ ᠠᠵᠢᠯ ᠤᠯᠭᠤᠯᠳᠠ ᠶᠢ ᠰᠠᠶᠢᠳᠤᠷ ᠬᠢᠵᠦ᠂ ᠡᠯ᠎ᠠ ᠲᠦᠷᠦᠯ ᠤᠨ ᠬᠦᠮᠦᠨ ᠬᠡᠷᠡᠭᠯᠡᠬᠦ ᠨᠢᠭᠡᠴᠡ ᠶᠢ ᠵᠤᠷᠢᠬᠵᠢᠭᠤᠯᠤᠨ᠂ ᠲᠡᠭᠦᠰᠬᠦ ᠤᠶᠤᠳᠠᠳ ᠲᠤ ᠤᠷᠤᠨ ᠪᠠᠶᠢᠷᠢ ᠬᠠᠨᠭ᠍ᠭᠠᠯᠭᠠᠬᠤ ᠶᠢᠨ ᠲᠦᠯᠦᠭᠡ ᠦᠪᠡᠷᠳᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠳᠤᠯᠠᠪᠤᠷᠢ ᠶᠢᠨ ᠲᠢᠩᠭᠢᠮ ᠡᠨᠡ ᠵᠢᠯ ᠪᠠᠰᠠ 7 ᠤᠳᠠᠭ᠎ᠠ ᠴᠢᠳᠠᠪᠤᠷᠢᠳᠠᠨ ᠡᠯᠰᠡᠬᠦ ᠴᠤᠬᠯᠠᠭᠠᠨ ᠦᠷᠨᠢᠭᠦᠯᠬᠦ ᠪᠠᠷ ᠪᠠᠶᠢᠭ᠎ᠠ ᠶᠤᠮ ᠪᠠᠶᠢᠨ᠎ᠠ᠃      ᠬᠤᠶᠠᠷ᠂ 2014 ᠤᠨ ᠳᠤ ᠮᠠᠨ ᠤ ᠤᠷᠤᠨ ᠤ ᠤᠶᠤᠳᠠᠳ ᠤᠨ ᠠᠵᠢᠯ ᠤᠯᠬᠤ ᠲᠠᠷᠤᠭᠠᠰᠤ ᠮᠦᠨ ᠬᠦ ᠬᠦᠨᠳᠤ ᠪᠠᠶᠢᠭᠰᠠᠭᠠᠷ᠃ ᠡᠨᠡ ᠨᠢ ᠭᠤᠤᠯᠳᠠᠭᠤ ᠲᠤᠤᠷᠠᠬᠢ ᠭᠡᠳᠤᠨ ᠲᠠᠯ᠎ᠠ ᠪᠠᠷ ᠢᠯᠠᠷᠠᠵᠤ ᠪᠤᠢ᠃      ︵ᠨᠢᠭᠡ︶ ᠪᠦᠬᠦ ᠤᠷᠤᠨ ᠤ ᠬᠤᠳᠠ ᠬᠦᠳᠡᠭᠡ ᠶᠢᠨ ᠠᠵᠢᠯ ᠤᠯᠬᠤ ᠶᠡᠷᠦᠩᠬᠡᠢ ᠭᠡᠮᠵᠢᠶ᠎ᠠ ᠮᠦᠨ ᠬᠦ ᠶᠡᠭᠡ᠂ ᠬᠠᠩᠭᠠᠯᠭ᠎ᠠ ᠨᠢ ᠭᠡᠷᠡᠭᠴᠡᠭᠡ ᠠᠴᠠ ᠪᠠᠨ ᠭᠡᠳᠤᠷᠡᠵᠤ ᠪᠠᠶᠢᠭ᠎ᠠ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ ᠴᠢᠳᠠᠭ᠎ᠠ ᠦᠭᠡᠢ᠃ ᠬᠤᠳᠠ ᠪᠠᠯᠭᠠᠰᠤᠨ ᠤ ᠪᠠᠶᠢᠳᠠᠯ ᠠᠴᠠ ᠦᠵᠡᠪᠡᠯ᠂ 2014 ᠤᠨ ᠳᠤ ᠠᠵᠢᠯ ᠤᠯᠭᠤᠬᠤ ᠴᠢᠬᠤᠯᠠᠳᠠᠢ ᠲᠡᠭᠡᠳᠤ ᠵᠡᠷᠭᠡ ᠶᠢᠨ ᠰᠤᠷᠭᠠᠭᠤᠯᠢ ᠲᠡᠬᠦᠰᠦᠭᠰᠡᠳ ᠪᠠᠷᠤᠭ 16 ᠲᠦᠮᠡ᠂ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠲᠡᠬᠦᠰᠦᠭᠰᠡᠳ ᠪᠠᠷᠤᠭ 7 ᠲᠦᠮᠡ᠂ ᠬᠤᠳᠠ ᠪᠠᠯᠭᠠᠰᠤᠨ ᠤ ᠠᠵᠢᠯ ᠤᠨ ᠪᠠᠶᠢᠷᠢ ᠠᠴᠠ ᠪᠠᠨ ᠪᠠᠭᠤᠭᠰᠠᠳ ᠪᠤᠯᠤᠨ ᠴᠡᠷᠢᠭ ᠠᠴᠠ ᠬᠠᠯᠠᠭᠳᠠᠭᠰᠠᠳ 20 ᠲᠦᠮᠡ ᠰᠢᠬᠠᠮ᠂ ᠡᠬᠦᠨ ᠤ ᠲᠡᠭᠡᠷ᠎ᠠ ᠠᠶᠠᠨᠳᠠᠭᠠᠠ ᠨᠡᠮᠡᠭᠳᠡᠵᠤ ᠪᠠᠶᠢᠭ᠎ᠠ ᠬᠦᠳᠡᠯᠮᠤᠷᠢ ᠬᠦᠴᠦᠨ ᠢ ᠨᠡᠮᠡᠪᠡᠯ 2014 ᠤᠨ ᠳᠤ ᠠᠵᠢᠯ ᠤᠯᠬᠤ ᠭᠡᠵᠤ ᠪᠠᠶᠢᠭ᠎ᠠ ᠶᠡᠷᠦᠩᠬᠢ ᠬᠦᠮᠦᠨ ᠤ ᠲᠤᠭ᠎ᠠ 63 ᠲᠦᠮᠡ ᠤᠷᠴᠢᠮ ᠪᠤᠢ᠃ ᠭᠡᠬᠦ ᠳᠤ ᠮᠠᠨ ᠤ ᠤᠷᠤᠨ ᠤ ᠠᠵᠢᠯ ᠤᠯᠭᠤᠵᠤ ᠲᠡᠶᠢᠯᠬᠦ ᠬᠠᠮᠤᠭ ᠤᠨ ᠶᠡᠭᠡ ᠴᠢᠳᠠᠪᠤᠷᠢ ᠨᠢ 40 ᠲᠦᠮᠡ ᠤᠷᠴᠢᠮ᠃ ᠮᠠᠯᠵᠢᠬᠤ ᠲᠠᠷᠢᠶᠠᠯᠠᠬᠤ ᠤᠷᠤᠨ ᠤ ᠪᠠᠶᠢᠳᠠᠯ ᠠᠴᠠ ᠦᠵᠡᠪᠡᠯ᠂ ᠮᠠᠯᠵᠢᠬᠤ ᠲᠠᠷᠢᠶᠠᠯᠠᠬᠤ ᠤᠷᠤᠨ ᠤ 260 ᠲᠦᠮᠡᠨ ᠬᠦᠮᠦᠨ ᠢ ᠨᠡᠬᠦᠯᠭᠡᠡ ᠰᠢᠯᠵᠢᠬᠦᠯᠵᠤ ᠠᠵᠢᠯ ᠤᠯᠭᠤᠬᠤ ᠴᠢᠬᠤᠯᠠᠳᠠᠢ᠃      ︵ᠬᠤᠶᠠᠷ︶ ᠪᠦᠬᠦ ᠤᠷᠤᠨ ᠤ ᠠᠵᠢᠯ ᠤᠯᠬᠤ ᠪᠦᠳᠦᠴᠡ ᠶᠢᠨ ᠴᠢᠨᠠᠷᠳᠠᠢ ᠵᠦᠷᠢᠴᠡᠯ ᠴᠢᠨᠠᠭᠰᠢᠳᠠ ᠬᠤᠷᠴᠠᠳᠴᠤ ᠪᠠᠶᠢᠬᠤ ᠪᠦᠭᠡᠳ ᠬᠤᠶᠢᠰᠢᠳᠠ ᠨᠡᠩ ᠪᠤᠳᠤᠯᠢᠶᠠᠨᠳᠠᠢ ᠪᠤᠯᠤᠨ᠎ᠠ᠃ ᠤᠴᠢᠷ ᠨᠢ ᠠᠵᠤ ᠠᠬᠤᠢ ᠶᠢᠨ ᠪᠦᠳᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠤᠬᠢᠷᠠᠭᠤᠯᠤᠯᠳᠠ ᠬᠢᠬᠦ ᠶᠢ ᠲᠠᠭᠠᠯᠳᠤᠨ᠂ ᠬᠤᠴᠤᠷᠤᠩᠭᠤᠢ ᠠᠵᠤ ᠦᠢᠯᠡᠰ ᠢ ᠰᠢᠭᠰᠢᠬᠦᠯᠬᠦ ᠠᠷᠭ᠎ᠠ ᠶᠢ ᠭᠡᠷᠡᠭᠵᠢᠬᠦᠯᠤᠨ᠎ᠠ᠂ ᠡᠨᠡ ᠨᠢ ᠠᠵᠢᠯ ᠤᠯᠬᠤ ᠪᠦᠳᠦᠴᠡ ᠳᠤ ᠠᠯᠤᠰ ᠭᠡᠳᠤᠢ ᠶᠢᠨ ᠨᠦᠯᠦᠭᠡ ᠦᠵᠡᠬᠦᠯᠵᠤ᠂ ᠬᠦᠳᠡᠯᠮᠤᠷᠢ ᠬᠦᠴᠦᠨ ᠤ ᠭᠡᠪ ᠪᠤᠯᠪᠠᠰᠤᠷᠠᠯ ᠤᠨ ᠪᠦᠳᠦᠴᠡ ᠪᠤᠯᠤᠨ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠠᠴᠠ ᠪᠤᠯᠵᠤ ᠠᠵᠢᠯ ᠤᠯᠬᠤ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠦᠯᠦ ᠵᠤᠬᠢᠴᠠᠬᠤ ᠵᠦᠷᠢᠴᠡᠯ ᠨᠡᠩ ᠲᠤᠪᠤᠶᠢᠮ᠎ᠠ ᠪᠤᠯᠤᠨ᠎ᠠ᠂ ᠠᠵᠤ ᠠᠬᠤᠢᠢᠯᠠᠯ ︽ᠠᠵᠢᠯᠳᠠᠠ ᠡᠯᠰᠡᠬᠦ ᠳᠤ ᠬᠦᠴᠢᠷ︾ ᠪᠠ ᠬᠦᠳᠡᠯᠮᠤᠷᠢᠯᠡᠭᠴᠢᠳ ︽ᠠᠵᠢᠯ ᠤᠯᠬᠤ ᠳᠤ ᠬᠦᠴᠢᠷ︾ ᠠᠰᠠᠭᠤᠳᠠᠯ ᠤᠷᠳᠤ ᠬᠤᠭᠤᠴᠠᠭ᠎ᠠ ᠪᠠᠷ ᠵᠡᠷᠭᠡᠴᠡᠡ ᠤᠷᠤᠰᠢᠨ᠎ᠠ᠃      ︵ᠭᠤᠷᠪᠠ︶ ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ᠂ ᠬᠤᠴᠤᠷᠤᠩᠭᠤᠢ ᠠᠵᠤ ᠦᠢᠯᠡᠰ ᠢ ᠰᠢᠭᠰᠢᠬᠦᠯᠬᠦ᠂ ᠪᠦᠬᠦ ᠤᠯᠤᠰ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ ᠤᠳᠠᠭᠠᠰᠢᠷᠠᠭᠤᠯᠬᠤ ᠵᠡᠷᠭᠡ ᠤᠯᠠᠠ ᠲᠠᠯ᠎ᠠ ᠶᠢᠨ ᠨᠦᠯᠦᠭᠡ ᠠᠴᠠ ᠪᠤᠯᠵᠤ᠂ ᠠᠵᠤ ᠠᠬᠤᠢᠢᠯᠠᠯ᠂ ᠠᠵᠤ ᠦᠢᠯᠡᠰ ᠤᠨ ᠬᠦᠭᠵᠢᠯᠳᠡ ᠪᠠᠷ ᠠᠵᠢᠯ ᠤᠯᠭᠤᠯᠳᠠ ᠶᠢ ᠲᠠᠶᠢᠴᠢᠯᠠᠬᠤ ᠴᠢᠳᠠᠪᠤᠷᠢ ᠮᠡᠳᠡᠭᠳᠡᠮ᠎ᠠ ᠪᠠᠭᠤᠷᠠᠵᠤ᠂ ᠠᠵᠤ ᠠᠬᠤᠢᠢᠯᠠᠯ ᠤᠨ ᠠᠵᠢᠯ ᠤᠨ ᠪᠠᠶᠢᠷᠢ ᠨᠡᠮᠡᠬᠦ ᠂ ᠠᠵᠢᠯ ᠤᠨ ᠪᠠᠶᠢᠷᠢ ᠶᠢ ᠲᠤᠭᠳᠠᠭᠤᠨ ᠪᠠᠶᠢᠯᠭᠠᠬᠤ ᠡᠷᠴᠢᠮ ᠦᠯᠦ ᠴᠢᠩᠭᠠᠷᠠᠨ᠎ᠠ᠃ ᠡᠶᠢᠮᠤ ᠠᠴᠠ ᠠᠵᠢᠯ ᠠᠯᠳᠠᠭᠰᠠᠳ ᠢ ᠠᠯᠢ ᠴᠢᠳᠠᠬᠤ ᠪᠠᠷ ᠴᠦᠭᠡᠷᠡᠬᠦᠯᠬᠦ᠂ ᠠᠵᠢᠯ ᠤᠯᠬᠤ ᠶᠢ ᠲᠤᠭᠳᠠᠭᠤᠨ ᠪᠠᠶᠢᠯᠭᠠᠬᠤ ᠪᠤᠯ 2014 ᠤᠨ ᠤ ᠠᠵᠢᠯ ᠤᠯᠭᠤᠯᠳᠠ ᠶᠢᠨ ᠠᠵᠢᠯ ᠤᠨ ᠭᠤᠤᠯᠳᠠᠯᠭ᠎ᠠ ᠪᠤᠯᠬᠤ ᠶᠤᠮ᠃      ︵ᠲᠦᠷᠪᠡ︶ ᠠᠵᠢᠯ ᠤᠯᠬᠤ ᠤᠷᠴᠢᠨ ᠲᠤᠭᠤᠷᠢᠨ ᠢ ᠰᠠᠶᠢᠵᠢᠷᠠᠭᠤᠯᠬᠤ ᠴᠢᠬᠤᠯᠠᠳᠠᠢ ᠪᠠᠶᠢᠭᠰᠠᠭᠠᠷ᠃ ᠤᠷᠤᠨ ᠰᠠᠭᠤᠴᠠ᠂ ᠠᠮᠢᠳᠤᠷᠠᠯ ᠤᠨ ᠭᠡᠷᠡᠭᠰᠡᠯ ᠵᠡᠷᠭᠡ ᠡᠳᠤᠷ ᠲᠤᠳᠤᠮ ᠤᠨ ᠭᠡᠷᠡᠭᠯᠡᠭᠡᠡ ᠤ ᠦᠢᠯᠡᠰ ᠤᠨ ᠦᠨ᠎ᠠ ᠬᠠᠩᠰᠢ ᠲᠠᠰᠤᠷᠠᠯᠳᠠ ᠦᠭᠡᠢ ᠨᠡᠮᠡᠭᠳᠡᠬᠦ ᠶᠢ ᠲᠠᠭᠠᠯᠳᠤᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ CPI᠎ ᠤᠨ ᠵᠢᠭᠠᠯᠳᠠ ᠲᠤᠭ᠎ᠠ ᠦᠷᠬᠦᠯᠵᠢᠯᠡᠡ ᠲᠡᠭᠡᠭᠰᠢᠯᠡᠵᠤ ᠪᠠᠶᠢᠨ᠎ᠠ᠃ ᠡᠶᠢᠮᠤ ᠠᠴᠠ ᠬᠦᠳᠡᠯᠮᠤᠷᠢᠯᠡᠭᠴᠢᠳ ᠤᠨ ᠠᠵᠠ ᠵᠠᠪᠰᠢᠶᠠᠠ ᠢ ᠬᠦᠯᠢᠶᠡᠬᠦ᠂ ᠠᠳᠠᠯᠢ ᠠᠵᠢᠯ ᠲᠦᠷᠦᠯ ᠳᠤ ᠠᠳᠠᠯᠢᠬᠠᠠ ᠬᠦᠯᠦᠰᠦ ᠤᠯᠭᠤᠮᠵᠢ ᠤᠯᠬᠤ᠂ ᠴᠡᠯᠢᠩ ᠬᠦᠯᠦᠰᠦ ᠨᠡᠮᠡᠭᠳᠡᠬᠦ᠂ ᠠᠵᠢᠯ ᠤᠨ ᠪᠠᠶᠢᠷᠢ ᠶᠢᠨ ᠲᠤᠰᠢᠶᠠᠯ ᠲᠡᠭᠡᠭᠰᠢᠯᠡᠬᠦ ᠵᠡᠷᠭᠡ ᠠᠵᠢᠯ ᠤᠯᠬᠤ ᠤᠷᠴᠢᠨ ᠲᠤᠭᠤᠷᠢᠨ ᠳᠤ ᠨᠡᠩ ᠦᠨᠳᠦᠷ ᠬᠦᠰᠡᠯ ᠨᠠᠶᠢᠳᠠᠯᠭ᠎ᠠ ᠪᠠᠨ ᠲᠠᠯᠪᠢᠵᠤ ᠪᠤᠢ᠃      ᠭᠤᠷᠪᠡ᠂ ᠤᠶᠤᠳᠡᠳ ᠤᠨ ᠠᠵᠢᠯ ᠤᠯᠭᠤᠯᠳᠠ ᠶᠢᠨ ᠲᠦᠷᠤ ᠶᠢᠨ ᠪᠤᠳᠤᠯᠭ᠎ᠠ ᠶᠢᠨ ᠲᠡᠭᠦᠯᠳᠡᠷᠡᠵᠢᠯ      2014 ᠤᠨ ᠳᠤ ᠦᠪᠦᠷ ᠮᠤᠩᠭᠤᠯ ᠤᠨ ᠶᠡᠭᠡ ᠲᠡᠬᠡᠳᠤ ᠰᠤᠷᠭᠠᠭᠤᠯᠢ ᠲᠡᠬᠦᠰᠬᠦ ᠤᠶᠤᠳᠠᠳ 12 ᠲᠦᠮᠡᠨ ᠬᠦᠮᠦᠨ ᠳᠤ ᠬᠦᠷᠴᠤ᠂ ᠤᠷᠤᠨ ᠤ ᠭᠠᠳᠠᠨᠠᠬᠢ ᠶᠡᠭᠡ ᠲᠡᠬᠡᠳᠤ ᠰᠤᠷᠭᠠᠭᠤᠯᠢ ᠲᠡᠬᠦᠰᠦᠭᠰᠡᠨ ᠦᠪᠦᠷ ᠮᠤᠩᠭᠤᠯ ᠤᠨ ᠡᠷᠤᠬᠡ ᠠᠮᠠ ᠶᠢᠨ ᠳᠠᠩᠰᠠ ᠲᠠᠢ ᠲᠡᠬᠦᠰᠬᠦ ᠤᠶᠤᠳᠠᠳ᠂ ᠦᠩᠬᠡᠷᠡᠭᠰᠡᠨ ᠵᠢᠯ ᠤᠳ ᠲᠤ ᠲᠡᠬᠦᠰᠦᠬᠡᠳ ᠠᠵᠢᠯ ᠤᠯᠤᠭ᠎ᠠ ᠦᠬᠡᠢ ᠤᠶᠤᠳᠠᠳ᠂ ᠦᠨᠳᠦᠰᠦᠨ ᠱᠠᠳᠤᠨ ᠳᠤ ᠦᠢᠯᠡᠴᠢᠯᠡᠭᠰᠡᠨ ᠬᠤᠭᠤᠴᠠᠭ᠎ᠠ ᠨᠢ ᠲᠠᠭᠤᠰᠤᠬᠰᠠᠨ ᠤᠶᠤᠳᠠᠳ ᠵᠡᠷᠬᠡ ᠶᠢ ᠨᠡᠮᠡᠪᠡᠯ ᠪᠦᠬᠦ ᠤᠷᠤᠨ ᠳᠤ ᠠᠵᠢᠯ ᠤᠯᠬᠤ ᠴᠢᠬᠤᠯᠡ ᠲᠠᠢ ᠤᠶᠤᠳᠠᠨ 16 ᠲᠦᠮᠡ ᠬᠦᠮᠦᠨ ᠳᠤ ᠬᠦᠷᠴᠤ᠂ ᠲᠡᠤᠬᠡ ᠶᠢᠨ ᠰᠢᠨ᠎ᠡ ᠲᠡᠮᠳᠡᠭᠯᠡᠯ ᠢ ᠡᠬᠦᠳᠴᠡᠢ᠃ ᠡᠨᠡ ᠵᠢᠯ ᠤᠨ ᠡᠬᠢᠨ ᠳᠤ ᠦᠪᠡᠷᠳᠡᠬᠡᠨ ᠵᠠᠰᠠᠬᠤ ᠤᠷᠤᠨ ᠨᠠᠷᠢᠯᠢᠭ ᠠᠵᠢᠯ ᠤᠨ ᠲᠦᠯᠦᠪᠯᠡᠭᠡ ᠲᠤᠭᠳᠠᠭᠠᠵᠤ᠂ ᠡᠨᠡ ᠵᠢᠯ 13 ᠲᠦᠮᠡᠨ ᠤᠶᠤᠳᠠᠨ ᠳᠤ ᠠᠵᠢᠯ ᠤᠯᠭᠤᠵᠤ᠂ ᠨᠢᠳᠤᠨᠤᠨ ᠤ ᠬᠢ ᠠᠴᠠ 1 ᠲᠦᠮᠡᠨ ᠬᠦᠮᠦᠨ ᠨᠡᠮᠡᠭᠳᠡᠬᠦᠯᠬᠦ ᠪᠠᠷ ᠪᠠᠶᠢᠨ᠎ᠡ᠃ ᠡᠬᠦᠨ ᠳᠤ ᠦᠨᠳᠦᠰᠦᠨ ᠱᠠᠳᠤᠨ ᠳᠤ ᠦᠢᠯᠡᠴᠢᠯᠡᠬᠦ ᠲᠦᠯᠦᠪᠯᠡᠭᠡ ᠳᠤ 1.5 ᠲᠦᠮᠡᠨ ᠬᠦᠮᠦᠨ᠂ ᠤᠯᠤᠰ ᠤᠨ ᠠᠯᠪᠠᠳᠠᠨ ᠤ ᠲᠦᠯᠦᠪᠯᠡᠭᠡ ᠳᠤ 3000 ᠬᠦᠮᠦᠨ᠂ ᠠᠵᠢᠯ ᠦᠢᠯᠡᠰ ᠤᠨ ᠨᠢᠬᠡᠴᠡ ᠶᠢᠨ ᠲᠦᠯᠦᠪᠯᠡᠭᠡ ᠳᠤ 7000 ᠬᠦᠮᠦᠨ᠂ ᠴᠢᠳᠠᠪᠤᠷᠢᠳᠡᠨ ᠢ ᠲᠤᠮᠢᠯᠠᠨ ᠶᠠᠪᠤᠭᠤᠯᠬᠤ ᠲᠦᠯᠦᠪᠯᠡᠭᠡ ᠳᠤ 5000 ᠬᠦᠮᠦᠨ᠂ ᠨᠡᠶᠢᠳᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠲᠦᠯᠦᠪᠯᠡᠭᠡ ᠳᠤ 1 ᠲᠦᠮᠡ ᠭᠠᠷᠤᠢ ᠬᠦᠮᠦᠨ᠂ ᠤᠯᠤᠰ ᠤᠨ ᠦᠮᠴᠢᠯᠡᠯᠳᠤ ᠠᠵᠤ ᠠᠬᠤᠢᠢᠯᠠᠯ ᠳᠤ 1 ᠲᠦᠮᠡ ᠰᠢᠬᠠᠮ ᠬᠦᠮᠥᠨ ᠡᠯᠰᠡᠵᠤ᠂ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠲᠡᠯᠬᠡᠬᠦᠷ ᠢᠶᠠᠷ ᠲᠠᠮᠵᠢᠬᠤ ᠪᠤᠶᠤ ᠠᠮᠢᠳᠤᠯᠢᠭ ᠢᠶᠠᠷ 8 ᠲᠦᠮᠡ ᠭᠠᠷᠤᠢ ᠤᠶᠤᠳᠠᠨ ᠳᠤ ᠠᠵᠢᠯ ᠤᠯᠭᠤᠨ᠎ᠡ᠃ ᠡᠬᠦᠨ ᠠᠴᠠ ᠭᠠᠳᠠᠨ᠎ᠡ ᠲᠠᠳᠠᠯᠭ᠎ᠠ ᠪᠠᠷ 8000 ᠬᠦᠮᠦᠨ᠂ ᠦᠢᠯᠡᠰ ᠪᠤᠰᠬᠠᠬᠤ ᠪᠤᠯᠪᠠᠰᠤᠷᠠᠯ ᠳᠤ 1 ᠲᠦᠮᠨᠨ ᠬᠦᠮᠦᠨ ᠢ ᠲᠦᠪᠬᠢᠨᠡᠬᠦᠯᠬᠦ ᠪᠤᠯᠤᠨ᠎ᠠ᠃      ︵ᠨᠢᠭᠡ︶ ᠡᠨᠡ ᠵᠢᠯ 1.5 ᠲᠦᠮᠡᠨ ᠠᠵᠢᠯ ᠤᠨ ᠪᠠᠶᠢᠷᠢ ᠬᠠᠨᠭ᠍ᠭᠠᠵᠦ᠂ ᠤᠶᠤᠳᠠᠳ ᠤᠨ ᠦᠨᠳᠦᠰᠦᠨ ᠱᠠᠳᠤᠨ ᠳᠤ ᠬᠦᠷᠴᠤ ᠰᠤᠷᠤᠬᠰᠠᠨ ᠮᠡᠳᠡᠯᠭᠡ ᠪᠠᠨ ᠪᠠᠳᠠᠷᠠᠭᠤᠯᠬᠤ ᠶᠢ ᠲᠡᠮᠵᠢᠨ᠎ᠠ᠃ ᠡᠳᠡᠭᠡᠷ ᠨᠢ ᠭᠤᠤᠯᠳᠠᠭᠤ ︽ᠭᠤᠷᠪᠠ ᠶᠢ ᠲᠡᠳᠭᠦᠵᠦ ᠨᠢᠭᠡ ᠶᠢ ᠲᠡᠮᠵᠢᠬᠦ︾ ᠲᠦᠯᠦᠪᠯᠡᠭᠡ ᠵᠡᠷᠭᠡ 6 ᠲᠦᠷᠦᠯ ᠢ ᠵᠢᠭᠠᠵᠦ ᠪᠠᠶᠢᠨ᠎ᠠ᠃ ᠡᠬᠦᠨ ᠳᠤ ︽ᠭᠤᠷᠪᠠ ᠶᠢ ᠲᠤᠰᠠᠯᠠᠵᠤ ᠨᠢᠬᠡ ᠶᠢ ᠲᠡᠮᠵᠢᠬᠦ︾ ᠲᠦᠯᠦᠪᠯᠡᠭᠡ ᠳᠤ 2500 ᠬᠦᠮᠦᠨ᠂ ︽ᠪᠠᠷᠠᠭᠤᠨ ᠤᠷᠤᠨ ᠳᠤ ᠦᠢᠯᠡᠴᠢᠯᠡᠬᠦ ᠰᠠᠶᠢᠨ ᠲᠤᠷᠠᠴᠤᠳ ︾᠎ ᠤᠨ ᠲᠦᠯᠦᠪᠯᠡᠭᠡ ᠳᠤ 336 ᠬᠦᠮᠦᠨ᠂ ︽ᠤᠨᠴᠡ ᠠᠵᠢᠯ ᠤᠨ ᠪᠠᠶᠢᠷᠢ ᠶᠢᠨ ᠪᠠᠭᠰᠢ ᠶᠢᠨ ᠲᠦᠯᠦᠪᠯᠡᠭᠡ︾᠎ ᠳᠤ 380 ᠬᠦᠮᠦᠨ᠂ ︽ᠨᠡᠶᠢᠬᠡᠮ ᠲᠤᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠲᠤᠷᠠᠴᠤᠳ︾᠎ ᠤᠨ ᠲᠦᠯᠦᠪᠯᠡᠭᠡ ᠳᠤ 5000 ᠬᠦᠮᠦᠨ᠂ ᠲᠤᠮᠳᠠ ᠪᠠᠭ᠎ᠠ ᠠᠵᠤ ᠠᠬᠤᠢᠢᠯᠠᠯ ᠳᠤ ︽ᠴᠢᠳᠠᠪᠤᠷᠢᠳᠠᠨ ᠢ ᠨᠦᠬᠡᠴᠡᠯᠡᠬᠦ︾ ᠲᠦᠯᠦᠪᠯᠡᠭᠡ ᠳᠤ 6000 ᠬᠦᠮᠦᠨ ᠡᠯᠰᠡᠵᠤ᠂ ︽ᠤᠶᠤᠳᠠᠨ ᠭᠠᠴᠠᠭᠠᠨ ᠲᠠᠷᠤᠭ᠎ᠠ︾᠎ ᠶᠢᠨ ᠲᠦᠯᠦᠪᠯᠡᠭᠡ ᠳᠤ ᠡᠯᠰᠡᠬᠦ ᠬᠦᠮᠦᠨ ᠤ ᠲᠤᠭ᠎ᠠ ᠶᠢ ᠲᠦᠪ ᠤᠨ ᠵᠤᠬᠢᠶᠠᠨ ᠪᠠᠶᠢᠭᠤᠯᠬᠤ ᠬᠡᠯᠳᠡᠰ ᠠᠴᠠ ᠲᠤᠭᠳᠠᠭᠠᠨ᠎ᠡ᠃      ︵ᠬᠤᠶᠠᠷ︶ ᠠᠵᠢᠯ ᠤᠯᠭᠤᠯᠳᠠ ᠶᠢᠨ ᠬᠦᠴᠢᠷᠳᠠᠯ ᠤᠨ ᠲᠤᠬᠠᠢ ᠬᠦᠮᠦᠰ ᠰᠢᠯᠳᠠᠭᠠᠨ ᠢ ᠨᠢ ᠵᠠᠳᠠᠯᠵᠦ᠂ ᠠᠷᠭ᠎ᠠ ᠠᠪᠴᠠᠯ ᠰᠡᠳᠭᠢᠵᠦ᠂ ᠰᠢᠢᠳᠪᠦᠷᠢᠯᠡᠬᠦ ᠠᠷᠭ᠎ᠠ ᠵᠠᠮ ᠡᠷᠢᠯᠬᠢᠯᠡᠭᠰᠡᠭᠡᠷ ᠪᠤᠢ᠃ ᠦᠨᠦ ᠵᠢᠯ᠂ ᠮᠠᠨ ᠤ ᠤᠷᠤᠨ ᠪᠠᠰᠠ ︽ᠡᠭᠦᠯᠡᠨ ᠦᠢᠯᠡᠴᠢᠯᠡᠭᠡ︾᠎ ᠶᠢ ᠠᠵᠢᠯᠳᠠᠨ ᠡᠯᠰᠡᠬᠦ ᠠᠬᠤᠢ ᠲᠠᠯᠠᠪᠠᠢ ᠳᠤ ᠬᠡᠷᠡᠭᠯᠡᠵᠦ᠂ ᠤᠶᠤᠳᠠᠳ ᠬᠤᠶᠠᠳᠤᠭᠠᠷ ᠦᠶ᠎ᠠ ᠶᠢᠨ ᠪᠡᠶ᠎ᠡ ᠶᠢᠨ ᠦᠨᠡᠮᠯᠡᠯ ᠢᠶᠠᠨ ᠠᠪᠴᠤ ︽ᠶᠡᠭᠡ ᠲᠡᠭᠡᠳᠤ ᠰᠤᠷᠭᠠᠭᠤᠯᠢ ᠶᠢᠨ ᠤᠶᠤᠳᠠᠳ ᠤᠨ ᠰᠦᠯᠵᠢᠶᠠᠨ ᠲᠡᠭᠡᠷ᠎ᠠ ᠠᠵᠢᠯ ᠡᠷᠢᠬᠦ ᠬᠠᠮ ᠲᠡᠯᠭᠡᠭᠦᠷ︾᠎ ᠤᠨ ᠰᠢᠰᠲ᠋ᠧᠮ ᠪᠤᠯᠤᠨ ᠴᠢᠳᠠᠪᠤᠷᠢᠳᠠᠨ ᠤ E ᠦᠷᠲᠡᠭᠡ ᠶᠢᠨ ᠬᠡᠷᠡᠭᠯᠡᠭᠴᠢ ᠶᠢᠨ ᠫᠷᠦᠭᠷᠡᠮ ᠢᠶᠠᠷ ᠲᠠᠮᠵᠢᠨ ᠠᠵᠢᠯᠳᠠᠨ ᠡᠯᠰᠡᠬᠦ ᠴᠤᠬᠯᠠᠭᠠᠨ ᠤ ᠪᠦᠬᠦ ᠠᠵᠢᠯ ᠤᠨ ᠪᠠᠶᠢᠷᠢ ᠶᠢ ᠤᠯᠵᠦ ᠦᠵᠡᠭᠦ ᠪᠦᠭᠡᠳ ᠪᠦᠬᠦ ᠤᠷᠤᠨ ᠤ 14 ᠴᠢᠳᠠᠪᠤᠷᠢᠳᠠᠨ ᠤ ᠰᠦᠯᠵᠢᠶ᠎ᠠ ᠶᠢᠨ ᠠᠵᠢᠯᠳᠠᠨ ᠡᠯᠰᠡᠬᠦ ᠰᠤᠷᠠᠭ ᠵᠠᠩᠭᠢ ᠶᠢ ᠤᠢᠢᠯᠠᠭᠠᠵᠦ᠂ ᠰᠦᠯᠵᠢᠶᠠᠨ ᠲᠡᠭᠡᠷ᠎ᠡ ᠰᠢᠭᠤᠳ ᠲᠤᠪᠴᠢ ᠲᠠᠨᠢᠯᠴᠠᠭᠤᠯᠭ᠎ᠠ ᠪᠠᠨ ᠲᠤᠰᠢᠶᠠᠵᠦ᠂ ᠠᠵᠢᠯᠳᠠᠨ ᠡᠯᠰᠡᠬᠦ ᠨᠢᠭᠡᠴᠡ ᠲᠠᠢ ᠰᠦᠯᠵᠢᠶᠠᠨ ᠲᠡᠭᠡᠷ᠎ᠡ ᠰᠠᠨᠠᠯ ᠰᠤᠯᠢᠯᠴᠠᠵᠦ ᠪᠤᠯᠤᠨ᠎ᠠ᠃      ︵ᠭᠤᠷᠪᠡ︶ ᠦᠪᠡᠷᠳᠡᠭᠡᠨ ᠵᠠᠰᠠᠬᠤ ᠤᠷᠤᠨ ᠠᠴᠠ ᠮᠠᠨ ᠤ ᠤᠷᠤᠨ ᠤ ᠪᠠᠭ᠎ᠠ ᠲᠤᠭᠠᠨ ᠤ ᠪᠠᠳᠤᠯᠠᠨ ᠳᠠᠭᠠᠭᠠᠬᠤ ᠵᠢᠭᠡᠯᠡᠯᠭᠡ ᠶᠢᠨ ᠬᠦᠦ ᠮᠦᠩᠬᠦ ᠶᠢ ᠡᠳ᠋ ᠤᠨ ᠵᠠᠰᠠᠭ ᠠᠴᠠ ᠨᠦᠬᠦᠪᠤᠷᠢᠯᠡᠬᠦ ᠲᠤᠬᠠᠢ ᠰᠢᠨ᠎ᠠ ᠲᠦᠷᠦ ᠶᠢᠨ ᠪᠤᠳᠤᠯᠭ᠎ᠠ ᠭᠠᠷᠭᠠᠪᠠ᠃ ᠰᠢᠨ᠎ᠠ ᠲᠦᠷᠦ ᠶᠢᠨ ᠪᠤᠳᠤᠯᠭ᠎ᠠ ᠳᠤ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠤᠶᠤᠳᠠᠳ ᠬᠠᠮᠤᠭ ᠠᠷᠪᠢᠨ ᠳᠠᠭᠠᠨ 10 ᠲᠦᠮᠡᠨ ᠲᠦᠭᠦᠷᠢᠭ ᠤᠨ ᠵᠢᠭᠯᠡᠯᠭᠡ ᠤᠯᠵᠤ ᠪᠤᠯᠤᠨ᠎ᠠ︔ ᠦᠢᠯᠡᠰ ᠪᠤᠰᠬᠠᠬᠤ ᠪᠦᠰᠡᠭᠦ᠋ᠢᠴᠤᠳ ᠬᠠᠮᠤᠭ ᠠᠷᠪᠢᠨ ᠳᠠᠭᠠᠨ 8 ᠲᠦᠮᠡᠨ ᠲᠦᠭᠦᠷᠢᠭ ᠤᠨ ᠵᠢᠭᠡᠯᠡᠯᠭᠡ ᠤᠯᠵᠤ ᠪᠤᠯᠤᠨ᠎ᠠ︔ ᠪᠤᠰᠤᠳ ᠵᠢᠭᠡᠯᠡᠯᠭᠡ ᠤᠯᠭᠤᠬᠤ ᠨᠦᠬᠦᠴᠡᠯ ᠳᠤ ᠨᠡᠶᠢᠴᠡᠬᠦ ᠬᠦᠮᠦᠰ ᠬᠠᠮᠤᠭ ᠠᠷᠪᠢᠨ ᠳᠠᠭᠠᠨ 5 ᠲᠦᠮᠡᠨ ᠲᠦᠭᠦᠷᠢᠭ ᠤᠨ ᠵᠢᠭᠡᠯᠡᠯᠭᠡ ᠤᠯᠵᠤ ᠪᠤᠯᠤᠨ᠎ᠠ︔ ᠬᠦᠳᠡᠯᠮᠦᠷᠢ ᠬᠦᠴᠦ ᠲᠦᠪᠯᠡᠷᠡᠭᠰᠡᠨ ᠬᠡᠯᠪᠡᠷᠢ ᠶᠢᠨ ᠵᠢᠵᠢᠭ ᠠᠵᠤ ᠠᠬᠤᠢᠢᠯᠠᠯ ᠬᠠᠮᠤᠭ ᠠᠷᠪᠢᠨ ᠳᠠᠭᠠᠨ 100 ᠲᠦᠮᠡᠨ ᠲᠦᠭᠦᠷᠢᠭ ᠤᠨ ᠵᠢᠭᠡᠯᠡᠯᠭᠡ ᠤᠯᠵᠤ ᠪᠤᠯᠤᠨ᠎ᠠ︔ ᠬᠤᠷᠰᠢᠨ ᠡᠵᠡᠩᠨᠡᠬᠦ ᠪᠠᠷ ᠪᠤᠯᠵᠤᠭᠰᠠᠨ ᠪᠤᠶᠤ ᠵᠤᠬᠢᠶᠠᠨ ᠪᠠᠶᠢᠭᠤᠯᠤᠯᠳᠠ ᠲᠠᠢ ᠪᠠᠷ ᠦᠢᠯᠡᠰ ᠪᠤᠰᠬᠠᠬᠤ ᠪᠦᠰᠡᠭᠦ᠋ᠢᠴᠤᠳ ᠬᠦᠮᠦᠨ ᠪᠦᠷᠢ ᠬᠠᠮᠤᠭ ᠠᠷᠪᠢᠨ ᠳᠠᠭᠠᠨ 10 ᠲᠦᠮᠡᠨ ᠲᠦᠭᠦᠷᠢᠭ ᠤᠨ ᠵᠢᠭᠡᠯᠡᠯᠭᠡ ᠤᠯᠵᠤ ᠪᠤᠯᠤᠨ᠎ᠠ ᠭᠡᠵᠦ ᠲᠤᠭᠳᠠᠭᠠᠵᠠᠢ᠃ ᠳᠤᠭᠳᠠᠭᠠᠯ ᠢᠶᠠᠷ᠂ ᠤᠯᠵᠠ ᠪᠠᠭ᠎ᠠ ᠲᠠᠢ ᠲᠦᠷᠦᠯ ᠵᠦᠢᠯ ᠤᠨ ᠬᠤᠪᠢ ᠬᠦᠮᠦᠨ ᠤ ᠪᠠᠭ᠎ᠠ ᠲᠤᠭᠠᠨ ᠤ ᠪᠠᠳᠤᠯᠠᠨ ᠳᠠᠭᠠᠭᠠᠬᠤ ᠵᠢᠭᠡᠯᠡᠯᠭᠡ ᠶᠢᠨ ᠬᠦᠦ ᠮᠦᠩᠬᠦ ᠶᠢ ᠴᠦᠮ ᠡᠳ᠋ ᠤᠨ ᠵᠠᠰᠠᠭ ᠠᠴᠠ ᠨᠦᠬᠦᠪᠤᠷᠢᠯᠡᠨ᠎ᠠ᠃ ᠡᠭᠦᠨ ᠳᠤ 75%᠎ ᠢ ᠨᠢ ᠲᠦᠪ ᠤᠨ ᠡᠳ᠋ ᠤᠨ ᠵᠠᠰᠠᠭ ᠠᠴᠠ ᠨᠦᠬᠦᠪᠤᠷᠢᠯᠡᠵᠦ᠂ 10%᠎ ᠢ ᠨᠢ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠨᠦᠬᠦᠪᠦᠷᠢᠯᠡᠵᠦ᠂ 15᠎ ᠢ ᠨᠢ ᠡᠯ᠎ᠠ ᠠᠶᠢᠮᠠᠭ ᠬᠤᠳᠠ᠂ ᠬᠤᠰᠢᠭᠤ ᠰᠢᠶᠠᠨ ᠤ ᠡᠳ᠋ ᠤᠨ ᠵᠠᠰᠠᠭ ᠠᠴᠠ ᠲᠤᠰ ᠲᠤᠰ ᠨᠦᠬᠦᠪᠤᠷᠢᠯᠡᠨ᠎ᠠ᠃ ᠲᠡᠭᠡᠳᠤ ᠵᠡᠷᠭᠡ ᠶᠢᠨ ᠰᠤᠷᠭᠠᠭᠤᠯᠢ ᠲᠡᠬᠦᠰᠦᠭᠰᠡᠳ ᠤᠨ ᠪᠠᠶ᠎ᠠ ᠪᠠᠨ ᠲᠠᠭᠠᠭᠠᠵᠤ ᠦᠢᠯᠡᠰ ᠪᠤᠰᠬᠠᠬᠤ ᠳᠤ ᠶᠠᠮᠠᠷ ᠶᠠᠮᠠᠷ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠪᠠᠶᠢᠳᠠᠭ ᠪᠤᠢ︖ ᠡᠨᠡ ᠲᠤᠬᠠᠢ ᠦᠪᠦᠷ ᠮᠤᠩᠭᠤᠯ ᠤᠨ ᠦᠪᠡᠷᠲᠡᠭᠡᠡ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠬᠡᠮ ᠤᠨ ᠪᠠᠳᠤᠯᠠᠪᠤᠷᠢ ᠶᠢᠨ ᠲᠢᠩᠬᠢᠮ ᠤᠨ ᠠᠵᠢᠯ ᠤᠯᠭᠤᠯᠳᠠ ᠶᠢ ᠠᠬᠢᠭᠤᠯᠬᠤ ᠭᠠᠵᠠᠷ ᠤᠨ ᠲᠠᠷᠤᠭ᠎ᠠ ᠰᠦ᠋ ᠵᠢᠶᠧ ᠄ ᠭᠠᠶᠢᠯᠢ ᠲᠤᠰᠢᠶᠠᠬᠤ ᠬᠠᠷᠠᠭᠠᠯᠵᠠᠯ᠂ ᠪᠠᠭ᠎ᠠ ᠲᠤᠭᠠᠠ ᠤ ᠢᠳᠡᠭᠡᠮᠵᠢᠳᠤ ᠵᠢᠭᠡᠯᠡᠯᠭᠡ᠂ ᠬᠠᠮᠢᠶ᠎ᠠ ᠪᠦᠬᠦᠢ ᠵᠠᠰᠠᠭ ᠵᠠᠬᠢᠷᠭᠠᠠ ᠤ ᠠᠵᠢᠯ ᠦᠢᠯᠡᠰ ᠤᠨ ᠴᠢᠨᠠᠷᠳᠠᠢ ᠰᠦᠢᠳᠭᠡᠯ ᠢ ᠭᠡᠯᠳᠤᠷᠢᠬᠦᠯᠬᠦ᠂ ᠰᠦᠢᠳᠭᠡᠯ ᠬᠤᠷᠢᠶᠠᠬᠤ ᠦᠭᠡᠢ ᠪᠠᠷ ᠪᠤᠯᠪᠠᠰᠤᠷᠠᠯ ᠬᠦᠷᠳᠡᠭᠡᠬᠦ ᠵᠡᠷᠭᠡ ᠶᠢ ᠪᠠᠭᠳᠠᠭᠠᠭᠰᠠᠠ 6 ᠲᠦᠷᠦᠯ ᠤᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠪᠤᠢ ᠭᠡᠵᠤ ᠶᠠᠷᠢᠨ᠎ᠠ᠃      1᠂ ᠭᠠᠶᠢᠯᠢ ᠲᠤᠰᠢᠶᠠᠬᠤ ᠲᠠᠯ᠎ᠠ ᠪᠠᠷ ᠦᠵᠡᠬᠦᠯᠬᠦ ᠬᠠᠷᠠᠭᠠᠯᠵᠠᠯ᠄ ︽ᠠᠵᠢᠯ ᠠᠯᠳᠠᠭᠰᠠᠠ ᠢᠶᠠᠷ ᠲᠡᠩᠰᠡᠯᠡᠭᠤᠯᠤᠭᠰᠠᠠ ᠦᠨᠡᠮᠯᠡᠯ︾᠎ ᠲᠠᠢ ᠤᠶᠤᠳᠠᠠ ᠬᠤᠪᠢ ᠶᠢᠨ ᠡᠵᠡᠩᠨᠡᠯᠳᠡ ᠡᠷᠬᠢᠯᠡᠪᠡᠯ᠂ 3 ᠵᠢᠯ ᠤᠨ ᠲᠤᠳᠤᠷ᠎ᠠ ᠵᠢᠯ ᠪᠦᠷᠢ 8000 ᠲᠦᠬᠦᠷᠢᠭ ᠤᠨ ᠪᠤᠳᠠᠳᠠᠢ ᠲᠤᠰᠢᠶᠠᠬᠤ ᠡᠵᠡᠩᠨᠡᠯᠳᠡ ᠶᠢᠨ ᠭᠠᠶᠢᠯᠢ᠂ ᠬᠤᠳᠠ ᠶᠢᠨ ᠪᠦᠳᠦᠭᠡᠨ ᠪᠠᠶᠢᠭᠤᠯᠤᠯᠳᠠ ᠶᠢ ᠬᠠᠮᠠᠭᠠᠯᠠᠬᠤ ᠭᠠᠶᠢᠯᠢ᠂ ᠰᠤᠷᠭᠠᠠ ᠬᠦᠮᠦᠵᠢᠯ ᠤᠨ ᠨᠡᠮᠡᠯᠳᠡ ᠰᠦᠢᠳᠭᠡᠯ ᠢ ᠭᠡᠯᠳᠤᠷᠢᠬᠦᠯᠤᠨ᠎ᠠ᠃ ᠤᠶᠤᠳᠠᠠ ᠤ ᠡᠷᠬᠢᠯᠡᠭᠰᠡᠡ ᠪᠠᠭ᠎ᠠ ᠭᠡᠯᠪᠡᠷᠢ ᠶᠢᠨ ᠠᠰᠢᠭ ᠤᠷᠤᠯᠭ᠎ᠠ ᠪᠠᠷ ᠪᠠᠭ᠎ᠠ ᠠᠵᠤ ᠠᠬᠤᠢᠢᠯᠠᠯ ᠳᠤ ᠤᠯᠤᠰ ᠤᠨ ᠲᠤᠭᠳᠠᠭᠠᠯ ᠢᠶᠠᠷ ᠬᠠᠮᠢᠶ᠎ᠠ ᠪᠦᠬᠦᠢ ᠭᠠᠶᠢᠯᠢ ᠶᠢᠨ ᠲᠡᠮᠵᠢᠯᠭᠡ ᠶᠢᠨ ᠬᠠᠷᠠᠭᠠᠯᠵᠠᠯ ᠬᠦᠷᠳᠡᠭᠡᠨ᠎ᠠ︔ 2᠂ ᠪᠠᠭ᠎ᠠ ᠲᠤᠭᠠᠠ ᠤ ᠪᠠᠳᠤᠯᠠᠭᠠᠳᠤ ᠵᠢᠭᠡᠯᠡᠯᠭᠡ ᠪᠤᠯᠤᠨ ᠬᠦᠦ ᠮᠦᠩᠬᠦ ᠶᠢ ᠨᠢ ᠤᠷᠤᠯᠠᠠ ᠦᠭᠭᠦ ᠬᠠᠷᠠᠭᠠᠯᠵᠠᠯ᠄ ᠪᠠᠶ᠎ᠠ ᠪᠠᠨ ᠲᠠᠭᠠᠭᠠᠵᠤ ᠦᠢᠯᠡᠰ ᠪᠤᠰᠬᠠᠭᠰᠠᠠ ᠤᠶᠤᠳᠠᠠ ᠨᠦᠬᠦᠴᠡᠯ ᠳᠤ ᠨᠠᠶᠢᠴᠠᠪᠠᠯ᠂ ᠡᠷᠬᠢᠯᠡᠭᠰᠡᠡ ᠠᠵᠤ ᠠᠬᠤᠢᠢᠯᠠᠯ ᠤᠨ ᠢᠶᠠᠨ ᠪᠠᠶᠢᠭ᠎ᠠ ᠭᠠᠵᠠᠷ ᠲᠤ ᠪᠠᠭ᠎ᠠ ᠲᠤᠭᠠᠠ ᠤ ᠪᠠᠳᠤᠯᠠᠭᠠᠳᠤ ᠵᠢᠭᠡᠯᠡᠯᠭᠡ ᠭᠤᠶᠤᠴᠢᠯᠠᠵᠤ ᠪᠤᠯᠤᠨ᠎ᠠ︔ ᠠᠰᠢᠭ ᠤᠷᠤᠯᠭ᠎ᠠ ᠪᠠᠭ᠎ᠠ ᠲᠦᠷᠦᠯ ᠵᠦᠢᠯ ᠡᠷᠬᠢᠯᠡᠭᠰᠡᠳ 10 ᠲᠦᠮᠡᠨ ᠲᠦᠬᠦᠷᠢᠭ ᠤᠨ ᠲᠤᠳᠤᠷᠡᠬᠢ ᠵᠢᠭᠡᠯᠡᠯᠭᠡ ᠶᠢᠨ ᠬᠦᠦ ᠮᠦᠩᠬᠦ ᠶᠢ ᠡᠳ᠋ ᠤᠨ ᠵᠠᠰᠠᠭ ᠠᠴᠠ ᠤᠷᠤᠯᠠᠠ ᠦᠭᠭᠦ ᠬᠠᠷᠠᠭᠠᠯᠵᠠᠯ ᠬᠦᠷᠳᠡᠵᠤ ᠪᠤᠯᠤᠨ᠎ᠠ᠃ ᠬᠠᠮᠳᠤᠷᠠᠠ ᠡᠵᠡᠩᠨᠡᠯᠳᠡ ᠬᠢᠵᠤ ᠪᠠᠶᠢᠭ᠎ᠠ ᠪᠤᠶᠤ ᠬᠠᠮᠳᠤᠪᠠᠷ ᠵᠤᠬᠢᠶᠠᠠ ᠪᠠᠶᠢᠭᠤᠯᠵᠤ ᠦᠢᠯᠡᠰ ᠪᠤᠰᠬᠠᠭᠰᠠᠳ ᠲᠤ ᠪᠤᠳᠠᠳᠤ ᠪᠠᠶᠢᠳᠠᠯ ᠢ ᠨᠢ ᠦᠨᠳᠦᠰᠦᠯᠡᠵᠤ ᠪᠠᠶᠢᠭᠠᠳ ᠵᠢᠭᠡᠯᠡᠯᠭᠡ ᠶᠢᠨ ᠲᠤᠭ᠎ᠠ ᠶᠢ ᠨᠡᠮᠡᠭᠳᠡᠬᠦᠯᠵᠤ ᠪᠤᠯᠤᠨ᠎ᠠ︔ 3᠂ ᠬᠠᠮᠢᠶ᠎ᠠ ᠪᠦᠬᠦᠢ ᠵᠠᠰᠠᠭ ᠵᠠᠬᠢᠷᠭᠠᠠ ᠤ ᠠᠵᠢᠯ ᠦᠢᠯᠡᠰ ᠤᠨ ᠴᠢᠨᠠᠷᠳᠠᠢ ᠰᠦᠢᠳᠭᠡᠯ ᠢ ᠭᠡᠯᠳᠤᠷᠢᠬᠦᠯᠬᠦ ᠬᠠᠷᠠᠭᠠᠯᠵᠠᠯ᠄ ᠤᠶᠤᠳᠠᠠ ᠲᠡᠬᠦᠰᠦᠭᠡᠳ 2 ᠵᠢᠯ ᠤᠨ ᠲᠤᠳᠤᠷ᠎ᠠ ᠬᠤᠪᠢ ᠶᠢᠨ ᠡᠵᠡᠩᠨᠡᠯᠳᠡ ᠡᠷᠭᠢᠯᠡᠪᠡᠯ ︵ᠤᠯᠤᠰ ᠠᠴᠠ ᠬᠢᠵᠠᠭᠠᠷᠯᠠᠵᠤ ᠪᠠᠶᠢᠭ᠎ᠠ ᠠᠵᠢᠯ ᠲᠦᠷᠦᠯ ᠠᠴᠠ ᠪᠤᠰᠤᠳ︶ ᠠᠩᠬ᠎ᠠ ᠤᠳᠠᠭ᠎ᠠ ᠦᠢᠯᠡᠳᠪᠤᠷᠢ ᠬᠤᠳᠠᠯᠳᠤᠭᠠᠠ ᠤ ᠰᠠᠯᠠᠭ᠎ᠠ ᠮᠦᠴᠢᠷ ᠲᠤ ᠲᠡᠩᠰᠡᠯᠡᠭᠤᠯᠤᠭᠰᠠᠠ ᠡᠳᠤᠷ ᠠᠴᠠ ᠡᠬᠢᠯᠡᠡ 3 ᠵᠢᠯ ᠤᠨ ᠲᠤᠳᠤᠷᠡᠬᠢ ᠬᠠᠮᠢᠶᠠᠷᠤᠯᠳᠠ ᠶᠢᠨ ᠲᠦᠷᠦᠯ᠂ ᠲᠡᠩᠰᠡᠯᠡᠭᠤᠯᠤᠭᠰᠠᠠ ᠲᠦᠷᠦᠯ ᠪᠤᠯᠤᠨ ᠭᠡᠷᠡᠴᠢ ᠦᠨᠡᠮᠯᠡᠯ ᠤᠨ ᠲᠦᠷᠦᠯ ᠤᠨ ᠬᠠᠮᠢᠶ᠎ᠠ ᠪᠦᠬᠦᠢ ᠵᠠᠰᠠᠭ ᠵᠠᠬᠢᠷᠭᠠᠠ ᠤ ᠠᠵᠢᠯ ᠦᠢᠯᠡᠰ ᠤᠨ ᠴᠢᠨᠠᠷᠳᠠᠢ ᠰᠦᠢᠳᠭᠡᠯ ᠢ ᠭᠡᠯᠳᠤᠷᠢᠬᠦᠯᠦᠨ᠎ᠠ︔ 4᠂ ᠪᠤᠯᠪᠠᠰᠤᠷᠠᠯ ᠬᠦᠷᠳᠡᠭᠡᠬᠦ ᠨᠦᠬᠦᠪᠤᠷᠢ ᠶᠢᠨ ᠬᠠᠷᠠᠭᠠᠯᠵᠠᠯ᠄ ᠶᠡᠭᠡ ᠲᠡᠭᠡᠳᠤ ᠰᠤᠷᠭᠠᠭᠤᠯᠢ ᠪᠠᠨ ᠲᠡᠬᠦᠰᠭᠡᠭᠡᠳ ᠲᠤᠰ ᠵᠢᠯ ᠦᠢᠯᠡᠰ ᠪᠤᠰᠬᠠᠬᠤ ᠪᠤᠯᠪᠠᠰᠤᠷᠠᠯ ᠳᠤ ᠤᠷᠤᠯᠴᠠᠭᠰᠠᠠ ᠤᠶᠤᠳᠠᠠ ᠳᠤ᠂ ᠦᠢᠯᠡᠰ ᠪᠤᠰᠬᠠᠬᠤ ᠪᠤᠯᠪᠠᠰᠤᠷᠠᠯ ᠤᠨ ᠬᠢᠷᠢ ᠲᠡᠩᠴᠡᠭᠰᠡᠡ ᠦᠨᠡᠮᠯᠡᠯ ᠠᠪᠤᠭᠰᠠᠠ ᠡᠰᠡᠬᠦᠯ᠎ᠠ ᠠᠵᠢᠯ ᠤᠯᠤᠭᠰᠠᠠ᠂ ᠦᠢᠯᠡᠰ ᠪᠤᠰᠬᠠᠭᠰᠠᠠ ᠪᠠᠶᠢᠳᠠᠯ ᠵᠡᠷᠭᠡ ᠶᠢ ᠦᠨᠳᠦᠰᠦᠯᠠᠵᠤ ᠲᠤᠭᠳᠠᠭᠠᠯ ᠶᠤᠰᠤᠭᠠᠷ ᠪᠤᠯᠪᠠᠰᠤᠷᠠᠯ ᠤᠨ ᠨᠦᠬᠦᠪᠤᠷᠢ ᠬᠦᠷᠳᠡᠭᠡᠨ᠎ᠠ︔ 5᠂ ᠦᠢᠯᠡᠰ ᠪᠤᠰᠬᠠᠬᠤ ᠦᠢᠯᠡᠴᠢᠯᠡᠭᠡᠨ ᠤ ᠰᠦᠢᠳᠭᠡᠯ ᠢ ᠭᠡᠯᠳᠤᠷᠢᠬᠦᠯᠬᠦ ᠬᠠᠷᠠᠭᠠᠯᠵᠠᠯ᠄ ᠦᠢᠯᠡᠰ ᠪᠤᠰᠬᠠᠬᠤ ᠰᠠᠨᠠᠭ᠎ᠠ ᠲᠠᠢ ᠤᠶᠤᠳᠠᠠ ᠳᠤ ᠤᠯᠠᠠ ᠨᠠᠶᠢᠳᠠ ᠶᠢᠨ ᠠᠵᠢᠯ ᠤᠯᠬᠤ ᠪᠠ ᠴᠢᠳᠠᠪᠤᠷᠢᠳᠠᠠ ᠤ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠩᠭᠠᠭᠰᠠᠠ ᠦᠢᠯᠡᠰ ᠪᠤᠰᠬᠠᠬᠤ ᠵᠢᠯᠤᠭᠤᠳᠤᠮᠵᠢ ᠶᠢᠨ ᠦᠢᠯᠡᠴᠢᠯᠡᠭᠡ ᠶᠢ ᠰᠦᠢᠳᠭᠡᠯ ᠬᠤᠷᠢᠶᠠᠬᠤ ᠦᠭᠡᠢ ᠪᠠᠷ ᠬᠦᠷᠳᠡᠭᠡᠨ᠎ᠠ᠂ ᠡᠬᠦᠨ ᠳᠤ ᠲᠦᠷᠦ ᠶᠢᠨ ᠪᠤᠳᠤᠯᠭ᠎ᠠ ᠶᠢᠨ ᠯᠠᠪᠯᠠᠭ᠎ᠠ ᠵᠦᠪᠳᠡᠯᠴᠡᠭᠡ᠂ ᠮᠡᠳᠡᠭᠡ ᠵᠠᠩᠬᠢ ᠶᠢᠨ ᠦᠢᠯᠡᠴᠢᠯᠡᠭᠡ᠂ ᠲᠦᠷᠦᠯ ᠵᠦᠢᠯ ᠢ ᠨᠡᠭᠡᠭᠡᠡ ᠬᠦᠭᠵᠢᠬᠦᠯᠬᠦ᠂ ᠲᠦᠭᠰᠢᠬᠦᠷᠢ ᠶᠢ ᠦᠨᠡᠯᠡᠡ ᠵᠢᠱᠢᠬᠦ᠂ ᠪᠡᠯᠡ ᠬᠤᠷᠰᠢᠬᠤ ᠦᠢᠯᠡᠴᠢᠯᠡᠭᠡ᠂ ᠮᠦᠷᠳᠡᠡ ᠲᠡᠳᠬᠦᠬᠦ ᠵᠡᠷᠭᠡ ︽ᠭᠡᠯᠬᠢᠶᠡᠵᠢᠭᠰᠡᠡ︾ ᠦᠢᠯᠡᠰ ᠪᠤᠰᠬᠠᠬᠤ ᠦᠢᠯᠡᠴᠢᠯᠡᠭᠡ ᠪᠠᠭᠳᠠᠨ᠎ᠠ︔ 6᠂ ᠡᠯ᠎ᠠ ᠬᠤᠳᠠ ᠶᠢᠨ ᠬᠢᠨ ᠤᠶᠤᠳᠠᠠ ᠤ ᠡᠷᠦᠭᠡ ᠠᠮᠠ ᠶᠢᠨ ᠲᠡᠩᠰᠡᠡ ᠤ ᠬᠢᠵᠠᠭᠠᠷᠯᠠᠯ ᠢ ᠬᠦᠴᠦᠨ ᠦᠭᠡᠢ ᠪᠤᠯᠭᠠᠵᠤ᠂ ᠤᠶᠤᠳᠠᠠ ᠤ ᠦᠢᠯᠡᠰ ᠪᠤᠰᠬᠠᠭᠰᠠᠠ ᠭᠠᠵᠠᠷ ᠤᠷᠤᠨ ᠳᠤ ᠡᠷᠦᠭᠡ ᠠᠮᠠ ᠶᠢᠨ ᠲᠡᠩᠰᠡ ᠤᠷᠤᠭᠤᠯᠬᠤ ᠭᠠᠷ ᠬᠦᠢᠴᠡᠳᠭᠡᠯ ᠬᠢᠵᠤ ᠦᠭᠭᠦᠨ᠎ᠠ᠃      ︵ᠲᠦᠷᠪᠡ︶ ᠠᠯᠪᠡᠳᠡᠨ ᠤ ᠰᠢᠯᠭᠠᠯᠳᠠ ᠶᠢᠨ ᠬᠠᠷᠠᠭᠠᠯᠵᠠᠯ ᠤᠨ ᠲᠦᠷᠤ ᠶᠢᠨ ᠪᠤᠳᠤᠯᠭ᠎ᠠ ᠶᠢ ᠦᠷᠭᠡᠳᠭᠡᠪᠡ᠃ ᠦᠨᠳᠦᠰᠦᠨ ᠱᠠᠳᠤᠨ ᠤ ᠦᠢᠯᠡᠴᠢᠯᠡᠬᠡᠨ ᠤ ᠲᠦᠷᠦᠯ ᠵᠦᠢᠯ ᠨᠢ ᠶᠡᠭᠡ ᠲᠡᠬᠡᠳᠤ ᠰᠤᠷᠭᠠᠭᠤᠯᠢ ᠠᠴᠠ ᠲᠡᠬᠦᠰᠦᠭᠰᠡᠳ ᠢ ᠰᠤᠩᠭᠤᠨ ᠤᠷᠢᠵᠤ ᠭᠠᠴᠠᠭ᠎ᠠ ᠲᠤᠰᠬᠤᠨ ᠳᠤ ᠤᠴᠢᠭᠤᠯᠤᠨ ᠲᠤᠰᠢᠶᠠᠯ ᠡᠬᠦᠷᠬᠡᠯᠡᠬᠦᠯᠬᠦ ᠲᠦᠯᠦᠪᠯᠡᠭᠡ᠂ ︽ᠭᠤᠷᠪᠡ ᠶᠢ ᠲᠤᠰᠠᠯᠠᠵᠤ᠂ ᠨᠢᠬᠡ ᠶᠢ ᠲᠡᠳᠬᠦᠬᠦ︾ ᠲᠦᠯᠦᠪᠯᠡᠭᠡ᠂ ᠤᠶᠤᠳᠠᠨ ᠰᠠᠶᠢᠨ ᠲᠤᠷᠠᠴᠤᠳ ᠢ ᠪᠠᠷᠠᠭᠤᠨ ᠤᠷᠤᠨ ᠳᠤ ᠦᠢᠯᠡᠴᠢᠯᠡᠬᠦᠯᠬᠦ ᠲᠦᠯᠦᠪᠯᠡᠭᠡ᠂ ᠨᠡᠶᠢᠬᠡᠮ ᠲᠤᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠲᠤᠷᠠᠴᠤᠳ ᠤᠨ ᠠᠵᠢᠯ ᠤᠨ ᠦᠢᠯᠡᠴᠢᠯᠡᠭᠡ ᠶᠢᠨ ᠲᠦᠯᠦᠪᠯᠡᠭᠡ᠂ ᠬᠦᠳᠡᠭᠡ ᠲᠤᠰᠬᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠭᠠᠭᠤᠯᠢ ᠶᠢᠨ ᠪᠠᠭᠰᠢ ᠶᠢᠨ ᠤᠨᠴᠠᠭᠠᠢ ᠠᠵᠢᠯ ᠤᠨ ᠪᠠᠶᠢᠷᠢ ᠶᠢᠨ ᠲᠦᠯᠦᠪᠯᠡᠭᠡ᠂ ᠲᠤᠮᠳᠠ ᠪᠠᠭ᠎ᠠ ᠠᠵᠤ ᠠᠬᠤᠢᠢᠯᠠᠯ ᠪᠤᠯᠤᠨ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢᠢᠯᠠᠯ ᠤᠨ ︽ᠴᠢᠳᠡᠪᠤᠷᠢᠳᠠᠨ ᠨᠦᠬᠡᠴᠡᠯᠡᠬᠦ︾ ᠲᠦᠯᠦᠪᠯᠡᠭᠡ ᠪᠠᠷ ᠠᠵᠢᠯᠯᠠᠵᠤ ᠪᠠᠶᠢᠭ᠎ᠠ ᠶᠡᠭᠡ ᠲᠡᠬᠡᠳᠤ ᠰᠤᠷᠭᠠᠭᠤᠯᠢ ᠲᠡᠬᠦᠰᠦᠭᠰᠡᠨ ᠤᠶᠤᠳᠠᠳ ᠢ ᠵᠢᠭᠠᠵᠤ ᠪᠤᠢ᠃ ᠴᠡᠷᠢᠭ ᠠᠴᠠ ᠬᠠᠯᠠᠬᠳᠠᠭᠰᠠᠨ ᠤᠶᠤᠳᠠᠨ ᠭᠡᠳᠡᠭ ᠨᠢ ᠪᠦᠬᠦᠯᠢ ᠡᠳᠤᠷ ᠤᠨ ᠲᠦᠷᠢᠮᠳᠤ ᠡᠩ ᠤᠨ ᠶᠡᠭᠡ ᠲᠡᠬᠡᠳᠤ ᠰᠤᠷᠭᠠᠭᠤᠯᠢ ᠠᠴᠠ ᠲᠡᠬᠦᠰᠴᠤ᠂ ᠲᠡᠬᠦᠰᠦᠭᠰᠡᠨ ᠤ ᠲᠠᠷᠠᠭ᠎ᠠ ᠴᠡᠷᠢᠭ ᠲᠤ ᠡᠯᠰᠡᠭᠳᠡᠨ᠂ ᠨᠡᠷ᠎ᠡ ᠮᠡᠳᠡᠬᠦᠯᠬᠦ ᠠᠴᠠ ᠡᠮᠤᠨ᠎ᠡ ᠴᠡᠷᠢᠭ ᠠᠴᠠ ᠪᠠᠨ ᠬᠠᠯᠠᠬᠳᠠᠭᠰᠠᠨ ᠤᠶᠤᠳᠠᠨ ᠢ ᠬᠡᠯᠡᠵᠤ ᠪᠠᠶᠢᠨ᠎ᠡ᠃ ᠡᠳᠡᠭᠡᠷ ᠤᠶᠤᠳᠡᠨ ᠠᠯᠪᠡᠳᠡᠨ ᠤ ᠰᠢᠯᠭᠠᠯᠳᠠ ᠳᠤ ᠤᠷᠤᠯᠴᠠᠪᠠᠯ ᠬᠤᠪᠢ ᠶᠢᠨ ᠲᠠᠯ᠎ᠠ ᠪᠠᠷ ᠬᠠᠷᠠᠭᠠᠯᠵᠠᠯᠠᠯ ᠦᠵᠡᠭᠦᠯᠤᠨ᠎ᠠ᠃      ︵ᠲᠠᠪᠤ︶ ᠰᠤᠷᠭᠠᠨ ᠬᠦᠮᠥᠵᠢᠯ ᠤᠨ ᠶᠠᠮᠤᠨ ᠬᠦᠳᠡᠭᠡ ᠲᠤᠰᠬᠤᠨ ᠤ ᠤᠶᠤᠳᠠᠳ ᠤᠨ ᠪᠦᠬᠦᠯᠢ ᠴᠤᠭᠴᠠ ᠶᠢᠨ ᠠᠵᠢᠯ ᠤᠯᠭᠤᠯᠳᠠ ᠶᠢᠨ ᠪᠠᠶᠢᠳᠠᠯ ᠳᠤ ᠨᠠᠷᠢᠨ ᠬᠢᠨᠠᠮᠠᠭᠠᠢ ᠵᠠᠳᠠᠯᠤᠯᠳᠠ ᠪᠤᠯᠤᠨ ᠬᠦᠨᠵᠡᠬᠡᠢ ᠰᠤᠳᠤᠯᠤᠯᠳᠠ ᠬᠢᠵᠥ᠂ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠦ ᠪᠠᠶᠢᠭᠠᠳ ᠬᠦᠳᠡᠭᠡ ᠲᠤᠰᠬᠤᠨ ᠤ ᠤᠶᠤᠳᠠᠳ ᠤᠨ ᠠᠵᠢᠯ ᠤᠯᠭᠤᠯᠳᠠ ᠶᠢ ᠠᠬᠢᠭᠤᠯᠬᠤ ᠪᠠᠷ ᠪᠤᠯᠪᠠ᠃ ᠡᠭᠦᠨ ᠳᠤ᠄      1᠂ ᠲᠡᠬᠦᠰᠦᠭᠰᠡᠳ ᠤᠨ ᠠᠵᠢᠯ ᠤᠯᠭᠤᠯᠳᠠ ᠶᠢᠨ ᠲᠦᠷᠦ ᠶᠢᠨ ᠪᠤᠳᠤᠯᠭ᠎ᠠ ᠶᠢ ᠤᠯᠠᠮ ᠴᠢᠨᠠᠭᠰᠢᠳᠠ ᠲᠡᠬᠦᠯᠳᠡᠷᠵᠢᠬᠦᠯᠥᠨ᠎ᠡ᠃ 2᠂ ︽ᠭᠤᠷᠪᠠ ᠶᠢ ᠲᠡᠮᠵᠢᠵᠥ ᠨᠢᠭᠡ ᠶᠢ ᠲᠤᠰᠠᠯᠠᠬᠤ︾᠂ ︽ᠬᠦᠳᠡᠭᠡ ᠲᠤᠰᠬᠤᠨ ᠳᠤ ᠲᠤᠰᠢᠶᠠᠯ ᠡᠬᠦᠷᠬᠡᠯᠡᠬᠦᠯᠬᠦ︾᠂ ︽ᠪᠠᠷᠠᠭᠤᠨ ᠤᠷᠤᠨ ᠤ ᠲᠥᠯᠥᠪᠯᠡᠭᠡ︾᠂ ︽ᠲᠠᠷᠢᠶᠠᠯᠠᠩ ᠤᠨ ᠮᠡᠷᠭᠡᠵᠢᠯ ᠤᠨ ᠤᠨᠴᠠᠭᠠᠢ ᠠᠵᠢᠯ ᠤᠨ ᠪᠠᠶᠢᠷᠢ ᠭᠠᠷᠭᠠᠬᠤ︾ ᠵᠡᠷᠭᠡ ᠡᠯ᠎ᠡ ᠲᠦᠷᠦᠯ ᠤᠨ ᠦᠨᠳᠦᠰᠦᠨ ᠱᠠᠳᠤᠨ ᠤ ᠠᠵᠢᠯ ᠤᠯᠭᠤᠯᠳᠠ ᠶᠢᠨ ᠲᠦᠷᠦᠯ ᠵᠦᠢᠯ ᠢ ᠰᠠᠶᠢᠳᠤᠷ ᠵᠤᠬᠢᠶᠠᠨ ᠪᠠᠶᠢᠭᠤᠯᠤᠨ ᠬᠡᠷᠡᠭᠵᠢᠬᠦᠯᠵᠥ᠂ ᠪᠦᠳᠦᠴᠡ ᠳᠤ ᠤᠯᠠᠮ ᠴᠢᠨᠠᠭᠰᠢᠳᠠ ᠲᠤᠬᠢᠷᠠᠭᠤᠯᠤᠯᠳᠠ ᠬᠢᠵᠥ᠂ ᠬᠡᠪᠴᠢᠶ᠎ᠡ ᠪᠠᠨ ᠦᠷᠭᠡᠳᠭᠡᠵᠥ᠂ ᠭᠤᠤᠯᠳᠠᠯᠭ᠎ᠠ ᠪᠠᠨ ᠬᠦᠳᠡᠭᠡ ᠲᠤᠰᠬᠤᠨ ᠤ ᠲᠡᠬᠦᠰᠦᠭᠰᠡᠳ ᠲᠤ ᠬᠡᠯᠪᠠᠶᠢᠯᠬᠡᠨ᠎ᠡ᠃ 3᠂ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠵᠥ ᠪᠠᠶᠢᠭ᠎ᠠ ᠭᠡᠷ ᠪᠦᠯᠢ ᠶᠢᠨ ᠲᠡᠬᠦᠰᠦᠭᠰᠡᠳ ᠤᠨ ᠠᠵᠢᠯ ᠤᠯᠬᠤ ᠳᠤ ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠠᠶᠢᠳᠤᠷ ᠨᠠᠶᠢᠳᠠᠪᠤᠷᠢᠵᠢᠭᠤᠯᠵᠥ᠂ ᠡᠯ᠎ᠡ ᠭᠠᠵᠠᠷ ᠤᠨ ᠬᠢᠨ ᠢ ᠱᠠᠯᠠᠪᠳᠠᠭᠤᠯᠤᠨ ᠱᠠᠭᠠᠷᠳᠠᠵᠥ ᠪᠠᠶᠢᠭᠠᠳ ᠨᠦᠬᠦᠪᠦᠷᠢ ᠶᠢ ᠬᠦᠳᠡᠭᠡ ᠲᠤᠰᠬᠤᠨ ᠤ ᠡᠷᠦᠬᠡ ᠠᠮᠠ ᠶᠢᠨ ᠲᠠᠩᠰᠠ ᠲᠠᠢ ᠨᠦᠬᠦᠴᠡᠯ ᠳᠤ ᠨᠡᠶᠢᠴᠡᠬᠦ ᠲᠡᠬᠦᠰᠦᠭᠰᠡᠳ ᠲᠤ ᠴᠠᠭ ᠲᠤᠬᠠᠢ ᠳᠤᠨᠢ ᠦᠭᠬᠦᠬᠦᠯᠵᠥ᠂ ᠲᠡᠳᠡᠨ ᠤ ᠠᠵᠢᠯ ᠡᠷᠢᠬᠦ ᠠᠵᠥ ᠠᠬᠤᠢ ᠶᠢᠨ ᠲᠠᠷᠤᠭᠠᠰᠤ ᠶᠢ ᠨᠢ ᠨᠠᠮᠳᠠᠭᠤᠯᠤᠨ᠎ᠠ᠃ 4᠂ ᠬᠦᠳᠡᠭᠡ ᠲᠤᠰᠬᠤᠨ ᠤ ᠲᠡᠬᠦᠰᠦᠭᠰᠡᠳ ᠤᠨ ᠠᠵᠢᠯ ᠡᠷᠢᠬᠦ ᠦᠷᠢᠰᠦᠯᠳᠦᠬᠦ ᠴᠢᠳᠠᠪᠤᠷᠢ ᠶᠢ ᠲᠡᠭᠡᠭᠰᠢᠯᠡᠬᠦᠯᠵᠥ᠂ ᠠᠵᠢᠯ ᠤᠯᠭᠤᠯᠳᠠ ᠶᠢᠨ ᠵᠢᠯᠤᠭᠤᠳᠤᠯᠭ᠎ᠠ ᠶᠢᠨ ᠬᠠᠨᠳᠤᠯᠭᠠᠳᠤ ᠴᠢᠨᠠᠷ ᠪᠤᠯᠤᠨ ᠪᠦᠳᠦᠮᠵᠢᠳᠤ ᠴᠢᠨᠠᠷ ᠢ ᠴᠢᠩᠭᠠᠳᠬᠠᠵᠥ᠂ ᠬᠡᠪ ᠴᠢᠨᠠᠷ ᠪᠤᠯᠤᠨ ᠴᠢᠳᠠᠪᠤᠷᠢ ᠶᠢ ᠲᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠨ ᠠᠵᠢᠯ ᠤᠯᠭᠤᠯᠳᠠ ᠳᠤ ᠬᠠᠪᠰᠤᠷᠤᠨ ᠲᠡᠳᠬᠦᠬᠦ ᠪᠦᠳᠦᠮᠵᠢᠳᠡᠢ ᠠᠵᠢᠯ ᠢ ᠦᠷᠨᠢᠬᠦᠯᠵᠥ᠂ ᠲᠡᠳᠡᠨ ᠤ ᠠᠵᠢᠯ ᠡᠷᠢᠬᠦ ᠦᠷᠢᠰᠦᠯᠳᠦᠭᠡᠨ ᠤ ᠴᠢᠳᠠᠪᠤᠷᠢ ᠪᠤᠯᠤᠨ ᠲᠤᠰᠬᠠᠢ ᠮᠡᠷᠭᠡᠵᠢᠯ ᠢᠶᠠᠨ ᠰᠤᠯᠢᠬᠤ ᠴᠢᠳᠠᠪᠤᠷᠢ ᠶᠢ ᠦᠨᠡᠨᠬᠦ ᠲᠡᠭᠡᠭᠰᠢᠯᠡᠬᠦᠯᠥᠨ᠎ᠡ᠃ 5᠂ ᠲᠡᠬᠦᠰᠦᠭᠰᠡᠳ ᠤᠨ ᠠᠵᠢᠯ ᠤᠯᠬᠤ ᠮᠡᠳᠡᠭᠡ ᠵᠠᠩᠬᠢ ᠶᠢᠨ ᠦᠢᠯᠡᠴᠢᠯᠡᠭᠡ ᠶᠢ ᠴᠢᠩᠭᠠᠳᠬᠠᠵᠥ᠂ ᠤᠷᠤᠨ ᠨᠤᠳᠤᠭ ᠪᠤᠯᠤᠨ ᠶᠡᠭᠡ ᠲᠡᠭᠡᠳᠤ ᠰᠤᠷᠭᠠᠭᠤᠯᠢ ᠶᠢᠨ ᠬᠦᠳᠡᠭᠡ ᠲᠤᠰᠬᠤᠨ ᠤ ᠲᠡᠬᠦᠰᠦᠭᠰᠡᠡ ᠤᠶᠤᠳᠠᠳ ᠲᠤ ᠵᠤᠷᠢᠭᠤᠯᠤᠨ ᠲᠤᠰᠬᠠᠢ ᠤᠷᠢᠵᠤ ᠡᠯᠰᠡᠬᠦ ᠠᠵᠢᠯᠯᠠᠭ᠎ᠠ ᠦᠷᠨᠢᠭᠦᠯᠬᠦ ᠶᠢ ᠵᠤᠷᠢᠬᠵᠢᠭᠤᠯᠵᠥ᠂ ᠠᠵᠢᠯ ᠤᠯᠬᠤ ᠳᠤ ᠬᠦᠴᠢᠷᠳᠡᠯ ᠲᠠᠢ ᠶᠢ ᠨᠢ ᠭᠤᠤᠯᠳᠠᠯᠭ᠎ᠠ ᠲᠠᠢ ᠲᠤᠰᠠᠯᠠᠵᠥ᠂ ᠬᠦᠳᠡᠭᠡ ᠲᠤᠰᠬᠤᠨ ᠤ ᠤᠶᠤᠳᠠᠳ ᠤᠨ ᠤᠷᠤᠭᠰᠢᠳᠠᠢ ᠪᠠᠷ ᠠᠵᠢᠯ ᠤᠯᠬᠤ ᠶᠢ ᠢᠳᠡᠪᠬᠢᠳᠡᠢ ᠠᠬᠢᠭᠤᠯᠤᠨ᠎ᠠ᠃      ︵ᠵᠢᠷᠭᠤᠭ᠎ᠠ︶ ᠦᠪᠡᠷᠳᠡᠬᠡᠨ ᠵᠠᠰᠠᠬᠤ ᠤᠷᠤᠨ ᠤ ᠠᠯᠪᠠᠳᠠᠨ ᠤ ᠶᠠᠪᠤᠳᠠᠯ ᠤᠨ ᠲᠤᠪᠴᠢᠶᠠᠨ ᠠᠴᠠ ᠡ᠊ᠨᠡ ᠵᠢᠯ ᠦᠪᠡᠷᠲᠡᠭᠡᠨ ᠵᠠᠰᠠᠬᠤ ᠤᠷᠤᠨ ᠠᠯᠪᠠᠳᠠᠨ ᠢ ᠲᠡᠰ ᠲᠦᠷᠤᠯ ᠬᠤᠪᠢᠶᠠᠨ ᠰᠢᠯᠭᠠᠨ ᠡᠯᠰᠡᠬᠦ ᠲᠤᠷᠰᠢᠯᠳᠠ ᠶᠢᠨ ᠠᠷᠭ᠎ᠠ ᠶᠢ ᠰᠤᠳᠤᠯᠤᠨ ᠲᠤᠭᠳᠠᠭᠠᠵᠤ᠂ ᠦᠨᠳᠤᠰᠤᠨ ᠱᠠᠳᠤᠨ ᠤ ᠠᠯᠪᠠᠳᠠᠨ ᠤ ᠡ᠊ᠩᠨᠡᠭᠡ ᠶᠢ ᠴᠢᠩᠭᠠᠳᠬᠠᠨ ᠲᠤᠭᠳᠠᠭᠤᠨ ᠪᠠᠶᠢᠯᠭᠠᠬᠤ ᠪᠠᠷ ᠭᠤᠤᠯᠳᠠᠯᠭ᠎ᠠ ᠪᠤᠯᠭᠠᠵᠤ᠂ ᠦᠨᠳᠤᠰᠤᠨ ᠱᠠᠳᠤᠨ ᠤ ᠠᠯᠪᠠᠳᠠᠨ ᠢ ᠡᠯᠰᠡᠨ ᠭᠡᠷᠡᠭᠯᠡᠬᠦ ᠪᠠᠷᠢᠮᠵᠢᠶ᠎ᠠ ᠶᠢ ᠵᠤᠬᠢᠬᠤ ᠬᠡᠮᠵᠢᠶ᠎ᠠ ᠪᠠᠷ ᠲᠤᠤᠷ᠎ᠠ ᠪᠤᠯᠭᠠᠵᠤ᠂ ᠲᠡᠷᠡᠴᠢᠯᠠᠨ ᠰᠢᠯᠢᠳᠡᠭ ᠭᠠᠴᠠᠭ᠎ᠠ ᠶᠢᠨ ᠺᠠᠳ᠋ᠷ᠂ ᠦᠨᠳᠤᠰᠤᠨ ᠱᠠᠳᠤᠨ ᠳᠤ ᠤᠢᠢᠯᠡᠴᠢᠯᠠᠵᠤ ᠪᠠᠶᠢᠭ᠎ᠠ ᠰᠤᠷᠤᠬᠴᠢ ᠠᠴᠠ ᠠᠯᠪᠠᠳᠠᠨ ᠡᠯᠰᠡᠨ ᠰᠤᠩᠭᠤᠬᠤ ᠲᠤᠷᠰᠢᠯᠳᠠ ᠬᠢᠨ᠎ᠠ ᠬᠡᠵᠡᠢ᠃      ︵ᠲᠤᠯᠤᠭ᠎ᠠ︶ ᠡᠳ᠋ ᠤᠨ ᠵᠠᠰᠠᠬ ᠤᠨ ᠶᠡᠮᠤᠡ ᠠᠴᠠ ᠦᠢᠯᠠᠭᠠᠬᠰᠠᠠ ᠢᠶᠠᠷ᠂ ᠤᠯᠥᠰ ᠤᠨ ᠪᠠᠳᠦᠯᠠᠠ ᠬᠠᠮᠠᠭᠠᠯᠠᠯᠳᠠ ᠪᠡ ᠴᠡᠷᠢᠭ ᠠᠩᠬᠢ ᠶᠢᠨ ᠤᠳᠦᠬᠢᠴᠢᠯᠡᠯᠳᠡ ᠶᠢᠨ ᠪᠦᠳᠦᠬᠡᠡ ᠪᠠᠶᠢᠭᠤᠯᠥᠯᠳᠠ ᠶᠢ ᠠᠬᠢᠭᠤᠯᠵᠦ᠂ ᠶᠡᠭᠡ ᠳᠡᠬᠡᠳᠦ ᠰᠤᠷᠭᠠᠭᠤᠯᠢ ᠶᠢᠨ ᠰᠤᠷᠤᠬᠴᠢᠳ ᠤᠨ ᠢᠳᠠᠪᠬᠢᠳᠠᠢ ᠪᠠᠷ ᠴᠡᠷᠢᠭ ᠲᠤ ᠡᠯᠰᠡᠭᠳᠡᠵᠦ ᠠᠯᠪᠡᠡ ᠵᠢᠷᠦᠮ ᠤᠨ ᠴᠡᠷᠢᠭ ᠤᠨ ᠠᠯᠪᠡ ᠬᠠᠭᠠᠬᠤ ᠶᠢ ᠵᠤᠷᠢᠬᠵᠢᠭᠤᠯᠵᠦ᠂ ᠴᠡᠷᠢᠭ ᠡᠯᠰᠠᠬᠦ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠶᠢᠨ ᠳᠦᠯᠥᠬᠡ᠂ ᠤᠯᠥᠰ ᠠᠴᠠ ᠴᠡᠷᠢᠭ ᠲᠤ ᠡᠯᠰᠡᠭᠳᠡᠵᠦ ᠠᠯᠪᠡᠡ ᠵᠢᠷᠦᠮ ᠤᠨ ᠴᠡᠷᠢᠭ ᠤᠨ ᠠᠯᠪᠡ ᠬᠠᠭᠠᠵᠦ ᠪᠠᠶᠢᠬᠤ ᠵᠢᠴᠢ ᠴᠡᠷᠢᠭ ᠤᠨ ᠠᠯᠪᠡ ᠠᠴᠠ ᠪᠠᠭᠤᠬᠰᠠᠠ ᠤ ᠳᠠᠷᠠᠭ᠎ᠠ ᠰᠠᠶᠢᠠ ᠳᠤᠷ᠎ᠠ ᠠᠴᠠ ᠪᠠᠨ ᠰᠤᠷᠭᠠᠭᠤᠯᠢ ᠳᠠᠭᠠᠨ ᠤᠴᠢᠵᠦ ᠰᠤᠷᠤᠯᠭ᠎ᠠ ᠪᠠᠨ ᠰᠠᠷᠬᠦᠬᠡᠬᠦ ᠳᠤᠷᠠᠳᠠᠢ ᠶᠡᠭᠡ ᠳᠡᠬᠡᠳᠦ ᠰᠤᠷᠭᠠᠭᠤᠯᠢ ᠶᠢᠨ ᠰᠤᠷᠤᠬᠴᠢᠳ ᠲᠤ ᠬᠦᠮᠦᠠ ᠨᠢᠬᠡᠪᠦᠷᠢ ᠳᠤ ᠵᠢᠯ ᠳᠤ ᠬᠠᠮᠤᠬ ᠤᠨ ᠦᠨᠳᠦᠷ ᠲᠡᠭᠡᠨ 10000 ᠳᠦᠬᠦᠷᠢᠭ ᠠᠴᠠ ᠳᠤᠷᠤᠭᠰᠢ ᠳᠤᠰᠠᠯᠠᠮᠵᠢ ᠤᠯᠭᠤᠨ᠎ᠡ᠃ ᠡᠳ᠋ ᠤᠨ ᠵᠠᠰᠠᠬ ᠤᠨ ᠶᠠᠮᠤᠡ᠂ ᠰᠤᠷᠭᠠᠠ ᠬᠦᠮᠦᠵᠢᠯ ᠤᠨ ᠶᠡᠮᠤᠡ᠂ ᠶᠡᠷᠦᠩᠬᠡᠢ ᠱᠲ᠋ᠠᠪ ᠤᠨ ᠬᠡᠯᠳᠡᠰ ᠬᠠᠮᠳᠤᠷᠠᠨ ᠳᠦᠷᠦᠬᠦᠬᠡᠡ ︽ᠶᠡᠭᠡ ᠳᠡᠬᠡᠳᠦ ᠰᠤᠷᠭᠠᠭᠤᠯᠢ ᠶᠢᠨ ᠰᠤᠷᠤᠬᠴᠢᠳ ᠴᠡᠷᠢᠭ ᠲᠤ ᠡᠯᠰᠡᠭᠳᠡᠵᠦ ᠠᠯᠪᠡᠡ ᠵᠢᠷᠦᠮ ᠤᠨ ᠴᠡᠷᠢᠭ ᠤᠨ ᠠᠯᠪᠡ ᠬᠠᠭᠠᠬᠤ ᠳᠤ ᠤᠯᠥᠰ ᠤᠨ ᠳᠤᠰᠠᠯᠠᠮᠵᠢ ᠦᠵᠡᠬᠦᠯᠬᠦ ᠠᠷᠭ᠎ᠠ︾᠎ ᠶᠢ ᠳᠤᠭᠳᠠᠭᠠᠵᠦ᠂ ᠳᠤᠰᠠᠯᠠᠮᠵᠢ ᠦᠵᠡᠬᠦᠯᠬᠦ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢ ᠳᠤᠳᠤᠷᠬᠠᠢᠢᠯᠠᠪᠡ᠃ ᠠᠷᠭ᠎ᠠ ᠶᠢ ᠦᠨᠳᠦᠰᠦᠯᠡᠪᠡᠯ᠂ ᠤᠯᠥᠰ ᠠᠴᠠ ᠴᠡᠷᠢᠭ ᠲᠤ ᠡᠯᠰᠡᠭᠳᠡᠵᠦ ᠠᠯᠪᠡᠡ ᠵᠢᠷᠦᠮ ᠤᠨ ᠴᠡᠷᠢᠭ ᠤᠨ ᠠᠯᠪᠡ ᠬᠠᠭᠠᠵᠦ ᠪᠠᠶᠢᠭ᠎ᠠ ᠶᠡᠭᠡ ᠳᠡᠬᠡᠳᠦ ᠰᠤᠷᠭᠠᠭᠤᠯᠢ ᠶᠢᠨ ᠰᠤᠷᠤᠬᠴᠢᠳ ᠲᠤ ᠴᠡᠷᠢᠭ ᠲᠤ ᠤᠷᠦᠬᠤ ᠦᠶᠡᠰ ᠲᠤᠨᠢ ᠰᠤᠷᠤᠭᠴᠢ ᠶᠢᠨ ᠰᠤᠷᠭᠠᠭᠤᠯᠢ ᠳᠤ ᠪᠠᠶᠢᠬᠤ ᠬᠤᠭᠤᠴᠠᠭᠠᠠ ᠳᠤ ᠳᠤᠰᠢᠶᠠᠬᠰᠠᠠ ᠰᠤᠷᠤᠯᠭ᠎ᠠ ᠶᠢᠨ ᠰᠦᠢᠳᠬᠡᠯ ᠢ ᠨᠢ ᠨᠢᠬᠡᠯᠡ ᠳᠡᠭᠡᠷ᠎ᠠ ᠨᠦᠬᠦᠪᠤᠷᠢᠯᠠᠬᠦ ᠪᠤᠶᠤ ᠡᠰᠠᠬᠦᠯ᠎ᠠ ᠤᠯᠵᠦ ᠪᠠᠶᠢᠭ᠎ᠠ ᠤᠯᠥᠰ ᠤᠨ ᠰᠤᠷᠤᠯᠭ᠎ᠠ ᠶᠢ ᠳᠠᠳᠬᠦᠬᠦ ᠵᠢᠬᠡᠯᠡᠯᠬᠡ ︵ᠰᠤᠷᠭᠠᠭᠤᠯᠢ ᠳᠠᠬᠢ ᠤᠯᠥᠰ ᠤᠨ ᠰᠤᠷᠤᠯᠭ᠎ᠠ ᠶᠢ ᠳᠠᠳᠬᠦᠬᠦ ᠵᠢᠬᠡᠯᠡᠯᠬᠡ ᠪᠡ ᠰᠤᠷᠤᠬᠴᠢ ᠶᠢᠨ ᠢᠷᠡᠯᠳᠡ ᠶᠢᠨ ᠤᠷᠤᠨ ᠳᠠᠬᠢ ᠰᠤᠷᠤᠯᠭ᠎ᠠ ᠶᠢ ᠳᠠᠳᠬᠦᠬᠦ ᠢᠳᠠᠬᠡᠮᠵᠢ ᠶᠢᠨ ᠵᠢᠬᠡᠯᠡᠯᠬᠡ ᠪᠠᠭᠳᠠᠨ᠎ᠠ︶᠎ ᠶᠢ ᠨᠢ ᠤᠷᠦᠯᠠᠠ ᠳᠦᠯᠥᠨ᠎ᠠ︔ ᠴᠡᠷᠢᠭ ᠲᠤ ᠡᠯᠰᠡᠭᠳᠡᠵᠦ ᠠᠯᠪᠡᠡ ᠵᠢᠷᠦᠮ ᠤᠨ ᠴᠡᠷᠢᠭ ᠤᠨ ᠠᠯᠪᠡ ᠬᠠᠭᠠᠬᠤ ᠠᠴᠠ ᠡᠮᠤᠨ᠎ᠠ ᠶᠡᠭᠡ ᠳᠡᠬᠡᠳᠦ ᠰᠤᠷᠭᠠᠭᠤᠯᠢ ᠳᠤ ᠰᠤᠷᠤᠯᠴᠠᠵᠦ ᠪᠠᠶᠢᠬᠰᠠᠠ ᠰᠤᠷᠤᠬᠴᠢᠳ ︵ᠤᠯᠥᠰ ᠤᠨ ᠰᠤᠷᠤᠬᠴᠢ ᠡᠯᠰᠠᠬᠦ ᠳᠤᠭᠳᠠᠭᠠᠯ ᠢᠶᠠᠷ ᠡᠯᠰᠡᠭᠳᠡᠭᠰᠠᠠ ᠶᠡᠭᠡ ᠳᠡᠬᠡᠳᠦ ᠰᠤᠷᠭᠠᠭᠤᠯᠢ ᠶᠢᠨ ᠰᠢᠨ᠎ᠠ ᠰᠤᠷᠤᠬᠴᠢᠳ ᠪᠠᠭᠳᠠᠨ᠎ᠠ︶ ᠴᠡᠷᠢᠭ ᠤᠨ ᠠᠯᠪᠡ ᠬᠠᠭᠠᠵᠦ ᠪᠠᠶᠢᠬᠤ ᠬᠤᠭᠤᠴᠠᠭᠠᠠ ᠳᠤ ᠤᠯᠥᠰ ᠤᠨ ᠬᠠᠮᠢᠶ᠎ᠠ ᠪᠦᠬᠦᠢ ᠳᠤᠬᠳᠠᠭᠠᠯ ᠶᠤᠰᠤᠭᠠᠷ ᠰᠤᠷᠭᠠᠭᠤᠯᠢ ᠶᠢᠨ ᠬᠠᠷᠢᠶ᠎ᠠ ᠪᠤᠶᠤ ᠰᠤᠷᠭᠠᠭᠤᠯᠢ ᠳᠤ ᠤᠷᠦᠬᠤ ᠬᠢᠷᠢ ᠬᠡᠮ ᠢᠶᠠᠨ ᠬᠡᠪ ᠢᠶᠠᠷ ᠪᠠᠶᠢᠯᠭᠠᠬᠤ᠂ ᠴᠡᠷᠢᠭ ᠤᠨ ᠠᠯᠪᠡ ᠠᠴᠠ ᠪᠠᠭᠤᠬᠰᠠᠠ ᠤ ᠪᠠᠨ ᠳᠠᠷᠠᠭ᠎ᠠ ᠰᠠᠶᠢᠠ ᠳᠤᠷ᠎ᠠ ᠠᠴᠠ ᠪᠠᠨ ᠰᠤᠷᠤᠯᠭ᠎ᠠ ᠪᠠᠨ ᠰᠠᠷᠬᠦᠬᠡᠬᠦ ᠳᠤᠷᠠᠳᠠᠢ ᠪᠤᠶᠤ ᠰᠤᠷᠭᠠᠭᠤᠯᠢ ᠳᠤ ᠤᠷᠦᠬᠤ ᠳᠤᠷᠠᠳᠠᠢ ᠪᠠᠶᠢᠪᠡᠯ ᠰᠤᠷᠤᠯᠭ᠎ᠠ ᠶᠢᠨ ᠰᠦᠢᠳᠬᠡᠯ ᠢ ᠨᠢ ᠤᠯᠥᠰ ᠠᠴᠠ ᠬᠡᠯᠳᠦᠷᠢᠬᠦᠯᠥᠨ᠎ᠠ᠃ ︵ᠲᠤᠰ ᠵᠤᠬᠢᠶᠠᠯ ᠤᠨ ᠮᠠᠲ᠋ᠧᠷᠢᠶᠠᠯ ᠢ ᠲᠤᠮᠳᠠᠳᠤ ᠤᠯᠤᠰ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ ᠠᠴᠠ ᠡᠰᠢᠯᠡᠪᠡ︶                 ᠬᠠᠶ᠋ᠢᠭ᠄ ᠦᠪᠤᠷ ᠮᠤᠩᠭᠤᠯ ᠤᠨ ᠠᠷᠠᠳ ᠤᠨ ᠷᠠᠳᠢᠤ᠋ ᠬᠤᠷᠢᠶ᠎ᠡ
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号