ᠥᠵᠤᠮ ᠤᠨ ᠠᠷᠢᠬᠢ ᠶᠢᠨ ᠤᠶᠢᠯᠡᠳᠤᠯ
ᠨᠡᠶᠢᠲᠡᠯᠡᠭᠰᠡᠨ ᠴᠠᠭ᠄
2014/10/20
 
      ᠨᠢᠭᠡ᠂ ᠢᠳᠡᠭᠡᠨ ᠤ ᠳᠤᠷᠠᠰᠢᠯ ᠢ ᠰᠠᠶᠢᠵᠢᠷᠠᠭᠤᠯᠳᠠᠭ᠃ ᠦᠵᠦᠮ ᠤᠨ ᠠᠷᠢᠬᠢ ᠶᠢᠨ ᠰᠣᠷᠭᠤᠭ ᠰᠠᠶᠢᠬᠠᠨ ᠥᠩᠭᠡ᠂ ᠲᠤᠩᠭᠠᠯᠠᠭ ᠴᠡᠪᠡᠷ ᠪᠠᠶᠢᠳᠠᠯ ᠲᠥᠷᠬᠦ ᠨᠢ ᠬᠥᠮᠥᠰ ᠤᠨ ᠰᠡᠳᠬᠢᠯ ᠰᠠᠨᠠᠭ᠎ᠠ ᠶᠢ ᠠᠭᠤᠵᠢᠭᠤ ᠲᠠᠶᠢᠪᠤᠩ᠂ ᠳᠡᠯᠭᠡᠷ ᠰᠠᠶᠢᠬᠠᠨ ᠪᠣᠯᠭᠠᠵᠤ᠂ ᠠᠮᠰᠠᠬᠤ ᠳᠤ ᠴᠠᠭᠠᠨ᠎ᠠ ᠪᠠᠨ ᠡᠬᠡᠭᠦᠨ ᠠᠮᠲᠠᠯᠠᠭᠳᠠᠵᠤ᠂ ᠢᠳᠡᠭᠡᠨ ᠤ ᠳᠤᠷᠠᠰᠢᠯ ᠢ ᠨᠡᠭᠡᠭᠡᠳᠡᠭ᠃ ᠡᠨᠡ ᠪᠦᠬᠦᠨ ᠨᠢ ᠬᠥᠮᠥᠰ ᠢ ᠲᠤᠷ᠎ᠠ ᠪᠠᠬ᠎ᠠ ᠲᠠᠢ᠂ ᠬᠥᠭᠰᠡᠭᠰᠡᠨ ᠪᠠᠶᠢᠳᠠᠯ ᠳᠤ ᠣᠷᠣᠭᠤᠯᠳᠠᠭ ᠠᠴᠠ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠠᠰᠢᠭᠲᠠᠢ ᠪᠠᠶᠢᠳᠠᠭ᠃       ᠬᠤᠶᠠᠷ᠂ ᠦᠵᠦᠮ ᠤᠨ ᠠᠷᠢᠬᠢ ᠰᠢᠬᠢᠷ᠂ ᠸᠢᠲ᠋ᠠᠮᠢᠨ᠂ ᠰᠢᠪᠲᠦᠷᠲᠦ ᠬᠦᠴᠢᠯ᠂ ᠡᠷᠦᠳᠡᠰᠦ ᠵᠡᠷᠭᠡ ᠬᠥᠮᠥᠨ ᠤ ᠪᠡᠶ᠎ᠡ ᠳᠤ ᠳᠤᠲᠠᠭᠳᠠᠵᠤ ᠪᠣᠯᠳᠠᠭ ᠦᠭᠡᠢ ᠰᠢᠮ᠎ᠡ ᠲᠡᠵᠢᠭᠡᠯ ᠤᠨ ᠵᠦᠢᠯᠡᠰ ᠢ ᠠᠭᠤᠯᠵᠤ᠂ ᠰᠢᠩᠭᠡᠯᠲᠡ ᠪᠠᠷ ᠳᠠᠮᠵᠢᠨ ᠰᠢᠭᠤᠳ ᠬᠥᠮᠥᠨ ᠤ ᠪᠡᠶ᠎ᠡ ᠳᠤ ᠰᠢᠩᠭᠡᠳᠡᠭ᠃ ᠣᠨᠴᠠᠭᠠᠶᠢᠯᠠᠨ ᠪᠡᠶ᠎ᠡ ᠮᠠᠭᠤ ᠬᠥᠮᠥᠰ ᠦᠷᠭᠦᠯᠵᠢ ᠬᠡᠮᠵᠢᠶ᠎ᠡ ᠎ ᠲᠠᠢ ᠤᠤᠭᠤᠪᠠᠯ ᠲᠡᠩᠬᠡᠵᠢᠬᠦ ᠳᠤ ᠰᠠᠶᠢᠨ ᠪᠠᠶᠢᠳᠠᠭ᠃ ᠡᠶᠢᠮᠦ ᠠᠴᠠ᠂ ᠬᠡᠮᠵᠢᠶ᠎ᠡ ᠲᠠᠢ ᠤᠤᠭᠤᠪᠠᠯ ᠵᠠᠯᠠᠭᠤᠵᠢᠭᠤᠯᠳᠠᠭ᠃       ᠭᠤᠷᠪᠠ᠂ ᠰᠢᠩᠭᠡᠭᠡᠯᠲᠡ ᠶᠢ ᠰᠠᠶᠢᠵᠢᠷᠠᠭᠤᠯᠳᠠᠭ᠃ ᠦᠵᠦᠮ ᠤᠨ ᠠᠷᠢᠬᠢᠨ ᠳᠠᠬᠢ ᠲᠠᠨᠢᠨ ᠪᠣᠳᠠᠰ ᠎ ᠨᠢ ᠭᠡᠳᠡᠰᠦᠨ ᠪᠤᠯᠴᠢᠩ ᠤᠨ ᠰᠢᠷᠬᠡᠭ ᠤᠨ ᠠᠪᠴᠢᠵᠤ ᠰᠤᠩᠬᠤ ᠶᠢ ᠨᠡᠮᠡᠭᠳᠡᠭᠦᠯᠵᠦ᠂ ᠬᠤᠲᠣᠷᠢᠩᠬᠠᠢ ᠭᠡᠳᠡᠰᠦᠨ ᠤ ᠠᠵᠢᠯᠯᠠᠭ᠎ᠠ ᠶᠢ ᠵᠣᠬᠢᠴᠠᠭᠤᠯᠳᠠᠭ ᠠᠴᠠ ᠬᠤᠲᠣᠷᠢᠩᠬᠠᠢ ᠭᠡᠳᠡᠰᠦᠨ ᠤ ᠦᠷᠪᠢᠰᠦᠯ ᠢ ᠵᠣᠬᠢᠬᠤ ᠬᠡᠮᠵᠢᠶᠡᠨ ᠳᠤ ᠵᠠᠰᠠᠳᠠᠭ ᠪᠥᠭᠡᠳ ᠰᠢᠩᠭᠡᠭᠡᠯᠲᠡ ᠶᠢ ᠰᠠᠶᠢᠵᠢᠷᠠᠭᠤᠯᠵᠤ᠂ ᠬᠤᠷᠭᠤᠰᠤ ᠬᠠᠲᠠᠬᠤ ᠶᠢ ᠰᠡᠷᠭᠡᠶᠢᠯᠡᠳᠡᠭ᠃ ᠪᠠᠰᠠ ᠲᠠᠨᠢᠨ ᠬᠦᠴᠢᠯ ᠡᠯᠪᠡᠭ ᠠᠭᠤᠯᠳᠠᠭ ᠠᠴᠠ ᠰᠢᠳᠦ ᠬᠤᠷᠣᠬᠠᠶᠢᠲᠤᠬᠤ᠂ ᠰᠠᠴᠤᠷᠠᠭ ᠤᠨ ᠬᠤᠣᠷᠳᠠᠯ ᠵᠡᠷᠭᠡ ᠶᠢ ᠰᠡᠷᠭᠡᠶᠢᠯᠡᠵᠦ ᠴᠢᠳᠠᠳᠠᠭ᠃       ᠳᠥᠷᠪᠡ᠂ ᠮᠠᠷᠢᠶ᠎ᠠ ᠰᠢᠭᠤᠷᠭᠤᠯᠬᠤ ᠦᠢᠯᠡᠳᠦᠯ ᠲᠠᠢ᠃ ᠯᠢᠲ᠋ᠧᠷ ᠦᠵᠦᠮ ᠤᠨ ᠠᠷᠢᠬᠢᠨ ᠳᠤ 525 ᠺᠠᠯᠣᠷᠢ ᠡᠨᠧᠷᠭᠢ ᠠᠭᠤᠯᠳᠠᠭ᠂ ᠡᠨᠡ ᠨᠢ ᠬᠥᠮᠥᠨ ᠤ ᠡᠳᠦᠷ ᠪᠦᠷᠢ ᠬᠡᠷᠡᠭᠰᠡᠬᠦ ᠡᠨᠧᠷᠬᠢ ᠶᠢᠨ 15᠎ ᠤ ᠨᠢᠭᠡ ᠬᠤᠪᠢ ᠶᠢ ᠯᠡ ᠡᠵᠡᠯᠡᠳᠡᠭ᠃ ᠦᠵᠦᠮ ᠤᠨ ᠠᠷᠢᠬᠢ ᠨᠢ ᠰᠢᠭᠤᠳ ᠬᠥᠮᠥᠨ ᠤ ᠪᠡᠶ᠎ᠡ ᠳᠤ ᠰᠢᠩᠭᠡᠵᠦ᠂ 4 ᠴᠠᠭ ᠤᠨ ᠳᠣᠲᠣᠷ᠎ᠠ ᠠᠭᠤᠯᠤᠭᠰᠠᠨ ᠡᠨᠧᠷᠭᠢ ᠶᠢ ᠬᠤᠷᠣᠭᠠᠵᠤ ᠪᠠᠷᠠᠳᠠᠭ ᠠᠴᠠ ᠪᠡᠶ᠎ᠡ ᠶᠢᠨ ᠵᠢᠩ ᠨᠡᠮᠡᠭᠳᠡᠳᠡᠭ ᠦᠭᠡᠢ᠃ ᠲᠡᠶᠢᠮᠦ ᠠᠴᠠ ᠦᠷᠭᠦᠯᠵᠢ ᠦᠵᠦᠮ ᠤᠨ ᠠᠷᠢᠬᠢ ᠤᠤᠭᠤᠳᠠᠭ ᠬᠥᠮᠥᠨ ᠤ ᠪᠡᠶ᠎ᠡ ᠳᠤ ᠱᠠᠭᠠᠷᠳᠠᠭᠳᠠᠬᠤ ᠤᠰᠤ ᠰᠢᠮ᠎ᠡ ᠶᠢ ᠨᠥᠬᠦᠳᠡᠭ ᠮᠥᠷᠲᠡᠭᠡᠨ ᠮᠠᠷᠢᠶ᠎ᠠ ᠰᠢᠭᠤᠷᠠᠭᠤᠯᠬᠤ ᠦᠢᠯᠡᠳᠦᠯ ᠲᠠᠢ᠃       ᠲᠠᠪᠤ᠂ ᠰᠢᠭᠡᠰᠦ ᠭᠠᠳᠠᠭᠰᠢᠯᠠᠭᠤᠯᠬᠤ ᠦᠢᠯᠡᠳᠦᠯ ᠲᠠᠢ ᠪᠠᠶᠢᠳᠠᠭ ᠠᠴᠠ ᠤᠰᠤᠨ ᠬᠠᠪᠤᠳᠠᠷ ᠢ ᠰᠡᠷᠭᠡᠶᠢᠯᠡᠵᠦ᠂ ᠪᠡᠶᠡᠨ ᠤ ᠬᠦᠴᠢᠯ ᠰᠢᠪᠲᠦᠷ ᠤᠨ ᠲᠡᠩᠴᠡᠭᠦᠷᠢ ᠶᠢ ᠵᠣᠬᠢᠴᠠᠭᠤᠯᠳᠠᠭ᠃       ᠵᠢᠷᠭᠤᠭ᠎ᠠ᠂ ᠪᠠᠺᠲ᠋ᠧᠷᠢ ᠠᠯᠠᠬᠤ ᠦᠢᠯᠡᠳᠦᠯ ᠲᠠᠢ ᠲᠠᠢ ᠪᠠᠶᠢᠳᠠᠭ ᠠᠴᠠ ᠬᠢᠮᠤᠷᠠᠭ᠎ᠠ ᠲᠠᠭᠰᠢᠭᠤᠷ ᠢ ᠰᠡᠷᠭᠡᠶᠢᠯᠡᠵᠦ ᠴᠢᠳᠠᠳᠠᠭ᠃       ᠳᠣᠯᠤᠭ᠎ᠠ᠂ ᠦᠵᠦᠮ ᠤᠨ ᠠᠷᠢᠬᠢᠨ ᠳᠤ ᠠᠭᠤᠯᠤᠭᠳᠠᠬᠤ ᠥᠩᠭᠡᠯᠢᠭ ᠡᠳ᠋ ᠨᠢ ᠯᠤᠭᠰᠢᠭᠤᠨ ᠰᠤᠳᠠᠯ ᠤᠨ ᠬᠠᠲᠠᠭᠤᠷᠠᠯ ᠢ ᠰᠡᠷᠭᠡᠶᠢᠯᠡᠵᠦ ᠴᠢᠳᠠᠳᠠᠭ ᠶᠤᠮ ᠪᠠᠶᠢᠨ᠎ᠠ᠃       ᠨᠠᠢᠮᠠ᠂ ᠦᠵᠦᠮ ᠤᠨ ᠠᠷᠢᠬᠢ ᠴᠠᠭᠠᠨ ᠠᠭᠰᠢᠷᠭ᠎ᠠ ᠠᠭᠤᠯᠳᠠᠭ᠂ ᠡᠨᠡ ᠨᠢ ᠬᠤᠣᠷ ᠲᠠᠶᠢᠯᠳᠠᠭ ᠠᠴᠠ ᠲᠠᠷᠢᠬᠢᠨ ᠤ ᠴᠢᠰᠤᠨ ᠰᠤᠳᠠᠯ ᠪᠥᠭᠡᠮᠨᠡᠷᠡᠬᠦ ᠡᠪᠡᠳᠴᠢᠨ ᠣᠯᠬᠤ ᠶᠢ ᠪᠠᠭᠠᠰᠬᠠᠳᠠᠭ᠃       ᠶᠢᠰᠦ᠂ ᠭᠧᠷᠮᠠᠨ ᠤ ᠰᠢᠨᠵᠢᠯᠡᠬᠦ ᠤᠬᠠᠭᠠᠨᠲᠠᠨ ᠰᠤᠳᠤᠯᠭᠠᠨ ᠢᠶᠠᠷ ᠳᠠᠮᠵᠢᠵᠤ᠂ ᠦᠷᠭᠦᠯᠵᠢ ᠦᠵᠦᠮ ᠤᠨ ᠠᠷᠢᠬᠢ ᠤᠤᠭᠤᠳᠠᠭ ᠬᠥᠮᠥᠨ ᠪᠥᠭᠡᠷᠡᠨ ᠤ ᠴᠢᠯᠠᠭᠤᠵᠢᠯ ᠣᠯᠬᠤ ᠪᠣᠯᠣᠮᠵᠢ ᠬᠠᠮᠤᠭ ᠳᠣᠣᠷ᠎ᠠ ᠪᠠᠶᠢᠳᠠᠭ ᠢ ᠣᠯᠵᠤ ᠮᠡᠳᠡᠭᠰᠡᠨ ᠪᠠᠶᠢᠨ᠎ᠠ᠃       ᠠᠷᠪᠠ᠂ ᠲᠡᠭᠡᠪᠡᠯ ᠪᠠᠰᠠ ᠠᠮᠧᠷᠢᠺᠠ ᠶᠢᠨ ᠰᠢᠨᠵᠢᠯᠡᠬᠦ ᠤᠬᠠᠭᠠᠨᠲᠠᠨ ᠦᠵᠦᠮ ᠤᠨ  ᠠᠷᠢᠬᠢ ᠨᠢ ᠦᠮᠡᠨ ᠢ ᠰᠡᠷᠭᠡᠶᠢᠯᠡᠬᠦ ᠦᠢᠯᠡᠳᠦᠯ ᠲᠠᠢ ᠪᠠᠶᠢᠳᠠᠭ ᠢ ᠰᠤᠳᠤᠯᠵᠤ ᠭᠠᠷᠭᠠᠭᠰᠠᠨ ᠪᠠᠶᠢᠨ᠎ᠠ᠃       ᠠᠷᠪᠠᠨ ᠨᠢᠭᠡ᠂ ᠦᠵᠦᠮ ᠤᠨ ᠠᠷᠢᠬᠢ ᠶᠢ ᠬᠡᠮᠵᠢᠶ᠎ᠡ ᠲᠠᠢ ᠤᠤᠭᠤᠬᠤ ᠨᠢ ᠲᠠᠷᠢᠬᠢᠨ ᠤ ᠨᠢᠭᠡ ᠵᠦᠢᠯ ᠤᠨ ᠬᠢᠮᠢ ᠶᠢᠨ ᠪᠣᠳᠠᠰ ᠡᠭᠦᠰᠬᠡᠬᠦ ᠶᠢ ᠨᠡᠮᠡᠭᠳᠡᠭᠦᠯᠳᠡᠭ᠂ ᠡᠨᠡ ᠬᠢᠮᠢ ᠶᠢᠨ ᠪᠣᠳᠠᠰ ᠨᠢ ᠴᠡᠭᠡᠵᠢᠯᠡᠬᠦ ᠴᠢᠳᠠᠪᠤᠷᠢ ᠎ ᠲᠠᠢ ᠬᠠᠮᠢᠶᠠᠲᠠᠢ ᠮᠡᠳᠡᠷᠡᠯ ᠤᠨ ᠡᠰ ᠤᠨ ᠪᠦᠷᠢᠯᠳᠦᠬᠦ ᠶᠢ ᠠᠬᠢᠭᠤᠯᠳᠠᠭ ᠠᠴᠠ ᠶᠡᠭᠡ ᠲᠠᠷᠢᠬᠢᠨ ᠤ ᠴᠡᠭᠡᠵᠢᠯᠡᠬᠦ ᠴᠢᠳᠠᠪᠤᠷᠢ ᠶᠢ ᠰᠠᠶᠢᠵᠢᠷᠠᠭᠤᠯᠳᠠᠭ ᠶᠤᠮ ᠪᠠᠶᠢᠨ᠎ᠠ᠃       ᠠᠷᠪᠠᠨ ᠬᠤᠶᠠᠷ᠂ ᠦᠵᠦᠮ ᠤᠨ ᠠᠷᠢᠬᠢ ᠪᠠᠰᠠ ᠴᠢᠰᠤᠨ ᠳᠠᠷᠤᠯᠲᠠ᠂ ᠴᠢᠰᠤᠨ ᠤ ᠥᠭᠡᠬᠦ ᠶᠢ ᠪᠠᠭᠤᠷᠠᠭᠤᠯᠳᠠᠭ ᠮᠥᠷᠲᠡᠭᠡᠨ ᠴᠢᠰᠤᠨ ᠰᠤᠳᠠᠯ ᠤᠨ ᠡᠷᠭᠢᠯᠲᠡ ᠶᠢ ᠰᠠᠶᠢᠵᠢᠷᠠᠭᠤᠯᠵᠤ᠂ ᠵᠢᠷᠦᠬᠡ ᠲᠢᠲᠢᠮ ᠰᠤᠳᠠᠯ ᠤᠨ ᠡᠪᠡᠳᠴᠢᠨ ᠣᠯᠬᠤ ᠠᠴᠠ ᠰᠡᠷᠭᠡᠶᠢᠯᠡᠵᠦ ᠴᠢᠳᠠᠳᠠᠭ᠃       ᠠᠷᠪᠠᠨ ᠭᠤᠷᠪᠠ᠂ ᠦᠵᠦᠮ ᠤᠨ ᠠᠷᠢᠬᠢ ᠨᠢ ᠠᠷᠠᠰᠤ ᠶᠢ ᠲᠡᠨᠢᠢᠯᠭᠡᠵᠦ᠂ ᠵᠢᠰᠦ ᠭᠤᠶᠣᠯᠠᠬᠤ ᠦᠢᠯᠡᠳᠦᠯ ᠲᠠᠢ ᠪᠠᠶᠢᠳᠠᠭ᠃       ᠦᠵᠦᠮ ᠤᠨ ᠠᠷᠢᠬᠢ ᠬᠡᠮᠵᠢᠶ᠎ᠡ ᠲᠠᠢ ᠤᠤᠭᠤᠬᠤ ᠨᠢ ᠣᠯᠠᠨ ᠰᠠᠶᠢᠨ ᠲᠠᠯ᠎ᠠ ᠲᠠᠢ ᠪᠠᠶᠢᠳᠠᠭ ᠶᠤᠮ ᠪᠠᠶᠢᠨ᠎ᠠ᠃ ᠭᠡᠬᠦ ᠳᠡᠭᠡᠨ ᠬᠡᠲᠦᠷᠡᠲᠡᠯ᠎ᠡ ᠤᠤᠭᠤᠵᠤ ᠪᠣᠯᠬᠤ ᠦᠭᠡᠢ᠂ ᠡᠳᠦᠷ ᠪᠦᠷᠢ 100 ᠮᠢᠯᠢᠯᠢᠲ᠋ᠧᠷ ᠳᠠᠷᠤᠢ 2᠎ ᠠᠴᠠ 3 ᠬᠤᠨᠳᠠᠭ᠎ᠠ ᠪᠣᠯ ᠪᠣᠯᠴᠢᠬᠠᠨ᠎ᠠ᠃  
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号