ᠪᠠᠭ᠎ᠠ ᠰᠤᠷᠭᠠᠭᠤᠯᠢ ᠶᠢᠨ ᠰᠤᠷᠤᠭᠴᠢᠳ ᠢ ︽ᠰᠢᠨᠵᠢᠯᠡᠬᠦ ᠤᠬᠠᠭᠠᠨ︾ ᠳᠤ ᠤᠷᠮᠠᠰᠢᠭᠤᠯᠬᠤ ᠶᠢᠨ ᠬᠥᠳᠤᠴᠢ
ᠨᠡᠶᠢᠲᠡᠯᠡᠭᠰᠡᠨ ᠴᠠᠭ᠄
2014/11/11
       ᠤᠳᠤᠬᠠᠨ ᠤ ᠰᠤᠷᠭᠠᠨ ᠬᠥᠮᠤᠵᠢᠯ ᠤᠨ ᠥᠬᠡᠷᠡᠴᠢᠯᠡᠯᠳᠡ ᠶᠢᠨ ᠲᠥᠪᠰᠢᠨ ᠥᠡᠳᠳᠡᠷ ᠲᠥᠷᠬᠡᠨ ᠲᠡᠬᠡᠭᠰᠢᠯᠡᠬᠦ ᠶᠢ ᠲᠠᠭᠠᠯᠳᠤᠨ ᠰᠤᠷᠭᠠᠨ ᠬᠥᠮᠤᠵᠢᠯ ᠤᠨ ᠶᠠᠮᠤᠨ ᠠᠴᠠ ᠪᠠᠭ᠎ᠠ ᠰᠤᠷᠭᠠᠭᠤᠯᠢ ᠶᠢᠨ ᠰᠤᠷᠤᠬᠴᠢᠳ ᠲᠤ ︽ᠰᠢᠨᠵᠢᠯᠡᠬᠦ ᠤᠬᠠᠭᠠᠨ︾ ᠤ ᠬᠢᠴᠢᠶᠡᠯ ᠢ ᠥᠬᠡᠷᠡᠴᠢᠯᠡᠨ ᠲᠤᠬᠢᠷᠠᠭᠤᠯᠤᠭᠰᠠᠨ ᠨᠢ ᠰᠤᠷᠭᠠᠨ ᠬᠥᠮᠤᠵᠢᠯ ᠢ ᠤᠳᠤᠬᠢᠴᠢᠯᠠᠯᠳᠠ ᠳᠤ ᠬᠠᠨᠳᠤᠭᠤᠯᠤᠨ᠂ ᠢᠷᠡᠬᠡᠳᠤᠢ ᠳᠤ ᠬᠠᠨᠳᠤᠭᠤᠯᠤᠨ᠂ ᠲᠡᠯᠡᠬᠡᠢ ᠳᠤ ᠬᠠᠨᠳᠤᠭᠤᠯᠬᠤ ᠠᠤᠭ᠎ᠠ ᠰᠡᠳᠬᠢᠴᠡ ᠪᠠᠷ ᠴᠠᠭ ᠡᠷᠡᠨ ᠤ ᠥᠬᠡᠷᠡᠴᠢᠯᠡᠯᠳᠡ ᠶᠢᠨ ᠱᠠᠭᠠᠷᠳᠠᠯᠭ᠎ᠠ ᠳᠤ ᠲᠤᠬᠢᠷᠠᠯᠴᠠᠬᠰᠡᠨ᠂ ᠰᠤᠷᠤᠬᠴᠢᠳ ᠲᠤ ᠰᠢᠨᠵᠢᠯᠡᠬᠦ ᠤᠬᠠᠭᠠᠨ ᠤ ᠮᠥᠨ ᠴᠢᠨᠠᠷ ᠤᠨ ᠲᠤᠬᠠᠢ ᠠᠩᠬᠠᠨ ᠤ ᠤᠶᠢᠯᠠᠭᠠᠯᠳᠠ ᠶᠢ ᠪᠤᠢ ᠪᠤᠯᠭᠠᠵᠤ᠂ ᠳᠡᠳᠡᠨᠠᠷ ᠤᠨ ᠠᠰᠠᠭᠤᠳᠠᠯ ᠢ ᠤᠶᠢᠯᠠᠭᠠᠨ ᠲᠠᠨᠢᠵᠤ᠂ ᠠᠰᠠᠭᠤᠳᠠᠯ ᠢ ᠵᠠᠳᠠᠯᠤᠨ ᠰᠢᠢᠳᠪᠤᠷᠢᠯᠡᠬᠦ ᠠᠷᠭ᠎ᠠ ᠪᠤᠳᠤᠯᠭ᠎ᠠ ᠶᠢ ᠰᠥᠪᠡᠭᠴᠢᠯᠡᠬᠦ  ᠶᠢ ᠰᠤᠷᠭᠠᠬᠤ ᠪᠠ ᠰᠤᠷᠤᠬᠴᠢᠳ ᠤᠨ ᠪᠥᠳᠤᠬᠡᠯᠴᠢ ᠵᠤᠷᠢᠭ ᠰᠠᠨᠠᠭ᠎ᠠ᠂ ᠬᠥᠮᠤᠨ ᠰᠤᠶᠤᠯ ᠤᠨ ᠬᠡᠪ ᠪᠤᠯᠪᠠᠰᠤᠷᠡᠯ ᠢ ᠲᠡᠬᠡᠭᠰᠢᠯᠡᠬᠦᠯᠬᠦ ᠳᠤ ᠰᠢᠢᠳᠪᠤᠷᠢᠯᠡᠭᠴᠢ ᠴᠢᠨᠡᠷ ᠲᠠᠢ ᠤᠶᠢᠯᠡᠳᠤᠯ ᠥᠵᠡᠬᠦᠯᠵᠤ ᠴᠢᠳᠠᠬᠰᠡᠨ ᠪᠠᠶᠢᠨ᠎ᠠ᠃      ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠤᠨ ᠬᠥᠳᠡᠯᠪᠤᠷᠢ ᠨᠢ ᠰᠤᠷᠤᠬᠴᠢᠳ  ᠤᠨ ᠨᠠᠰᠤᠨ ᠲᠤᠷᠰᠢᠬᠢ ᠰᠤᠷᠤᠯᠴᠡᠯᠭ᠎ᠠ ᠪᠠ ᠠᠮᠢᠳᠤᠷᠠᠯ ᠳᠤ ᠪᠠᠳᠤ ᠰᠠᠭᠤᠷᠢ ᠲᠠᠯᠪᠢᠬᠤ ᠶᠢᠨ ᠲᠥᠯᠤᠬᠡ ᠰᠤᠷᠤᠬᠴᠢᠳ  ᠢ ᠠᠮᠢᠳᠤᠷᠠᠯ ᠳᠤ ᠤᠶᠢᠷᠠᠳᠤᠯᠴᠠᠭᠤᠯᠬᠤ ᠶᠢ ᠰᠠᠨᠠᠭᠠᠴᠢᠯᠠᠵᠤ᠂ ᠲᠡᠳᠡᠨᠠᠷ ᠤᠨ ᠰᠤᠨᠢᠭᠤᠴᠢ ᠰᠡᠳᠭᠢᠯ ᠪᠠ ᠰᠥᠪᠡᠭᠴᠢᠯᠡᠬᠦ ᠬᠥᠰᠡᠯ᠂ ᠰᠢᠨ᠎ᠡ ᠶᠢ ᠡᠬᠦᠳᠬᠦ ᠤᠬᠠᠮᠰᠠᠷ ᠪᠠ ᠰᠢᠨ᠎ᠡ ᠶᠢ ᠡᠬᠦᠳᠬᠦ ᠵᠤᠷᠢᠭ ᠰᠠᠨᠠᠭ᠎ᠠ ᠶᠢ ᠬᠥᠮᠤᠵᠢᠬᠦᠯᠤᠨ ᠰᠢᠨᠵᠢᠯᠡᠬᠦ ᠤᠬᠠᠭᠠᠨ ᠤ ᠬᠡᠪ ᠪᠤᠯᠪᠠᠰᠤᠷᠠᠯ ᠢ ᠲᠡᠬᠡᠭᠰᠢᠯᠡᠬᠦᠯᠬᠦ ᠪᠠᠷ ᠵᠤᠷᠢᠯᠳᠠ ᠪᠠᠨ ᠪᠤᠯᠭᠠᠵᠤ᠂ ᠰᠤᠷᠤᠬᠴᠢᠳ ᠤᠨ ᠠᠵᠢᠬᠯᠠᠯᠳᠠ᠂ ᠰᠤᠳᠤᠯᠤᠯᠳᠠ ᠪᠠ ᠲᠠᠨᠢᠯᠳᠠ ᠶᠢᠨ ᠬᠥᠳᠡᠯᠪᠤᠷᠢ ᠳᠤ ᠪᠡᠶᠡᠴᠢᠯᠡᠨ ᠤᠷᠤᠯᠴᠡᠭᠤᠯᠤᠨ ᠂ ᠰᠢᠨᠵᠢᠯᠡᠬᠡᠨ ᠤ ᠶᠠᠪᠤᠴᠠ ᠳᠤ ᠰᠡᠳᠤᠪ ᠲᠤᠬᠳᠠᠭᠠᠬᠤ︔ ᠵᠢᠱᠢᠯᠳᠡ ᠭᠠᠷᠭᠠᠬᠤ︔ ᠲᠤᠷᠰᠢᠯᠳᠠ ᠲᠥᠰᠤᠪᠯᠡᠵᠤ ᠵᠢᠱᠢᠯᠳᠠ ᠪᠠᠨ ᠲᠤᠷᠰᠢᠨ ᠬᠡᠷᠡᠴᠢᠯᠡᠬᠦ︔ ᠲᠤᠷᠰᠢᠬᠤ ᠶᠢᠨ ᠬᠠᠮᠳᠤ ᠲᠤᠭ᠎ᠠ ᠪᠠᠷᠢᠮᠳᠠ ᠪᠤᠯᠤᠨ ᠥᠵᠡᠭᠳᠡᠯ ᠢ ᠲᠡᠮᠳᠡᠭᠯᠡᠬᠦ ︔ ᠲᠤᠭ᠎ᠠ ᠪᠠᠷᠢᠮᠳᠠ ᠪᠠᠨ ᠰᠢᠢᠳᠪᠤᠷᠢᠯᠡᠬᠦ ᠪᠠ ᠵᠠᠳᠠᠯᠬᠤ ᠪᠥᠬᠡᠳ ᠳ᠋ᠥᠡᠭᠨᠡᠯᠳᠡ ᠭᠠᠷᠭᠠᠬᠤ︔ ᠥᠪᠡᠷ ᠤᠨ ᠥᠨᠡᠯᠡᠯᠳᠡ ᠬᠢᠬᠦ ᠵᠡᠷᠬᠡ ᠠᠮᠢᠳᠤᠯᠢᠭ ᠬᠥᠳᠡᠯᠤᠩᠬᠦᠢ ᠵᠢᠭᠠᠨ ᠰᠤᠷᠭᠠᠯᠳᠠ ᠶᠢᠨ ᠠᠷᠭ᠎ᠠ ᠠᠪᠴᠡᠯ ᠢᠶᠠᠷ ᠤᠤᠯ ᠤᠨ ᠬᠥᠯᠢᠶᠡᠨ ᠠᠪᠬᠤ ᠮᠠᠶ᠋ᠢᠭ ᠤᠨ ᠤᠯᠠᠮᠵᠢᠯᠠᠯᠳᠤ ᠵᠢᠭᠠᠨ ᠰᠤᠷᠭᠠᠯᠳᠠ ᠳᠤ ᠰᠢᠪᠳᠤᠯᠤᠯᠳᠠ ᠬᠢᠵᠤ᠂ ᠰᠢᠨ᠎ᠡ ᠶᠢ ᠡᠬᠦᠳᠬᠦ ᠵᠤᠷᠢᠭ ᠰᠠᠨᠠᠭ᠎ᠠ ᠪᠤᠯᠤᠨ ᠥᠢᠯᠡᠳᠤᠯᠭᠡ ᠶᠢᠨ ᠴᠢᠳᠠᠪᠤᠷᠢ ᠶᠢ ᠬᠥᠮᠤᠵᠢᠬᠦᠯᠬᠦ ᠰᠤᠷᠭᠠᠨ ᠬᠥᠮᠥᠵᠢᠯ ᠤᠨ ᠰᠢᠨ᠎ᠡ ᠤᠨᠤᠯᠵᠢᠬᠤᠨ  ᠤ ᠵᠢᠭᠠᠨ ᠰᠤᠷᠭᠠᠬᠤ ᠬᠥᠷᠢᠶ᠎ᠡ ᠴᠠᠷᠠᠭ᠎ᠠ ᠳᠤ ᠪᠤᠳᠠᠳᠠᠶᠢᠵᠢᠭᠤᠯᠤᠬᠰᠠᠨ ᠰᠢᠨᠵᠢᠯᠡᠬᠦ ᠤᠬᠠᠭᠠᠨ ᠤ ᠬᠡᠬᠡᠷᠡᠬᠦᠯᠬᠦ ᠴᠢᠨᠠᠷ  ᠲᠠᠢ ᠬᠢᠴᠢᠶᠡᠯ ᠲᠥᠷᠤᠯ ᠪᠤᠯᠤᠬᠰᠠᠨ ᠪᠠᠶᠢᠨ᠎ᠠ᠃      ᠲᠤᠰ ᠭᠢᠴᠢᠶᠡᠯ ᠨᠢ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠨᠠᠰᠤᠨ ᠤ ᠤᠨᠴᠡᠯᠢᠭ᠋᠂ ᠰᠡᠳᠬᠢᠴᠡ ᠶᠢᠨ ᠤᠨᠴᠡᠯᠢᠭ᠋ ᠵᠢᠴᠢ ᠬᠥᠯᠢᠶᠡᠨ ᠠᠪᠬᠤ ᠴᠢᠳᠠᠪᠤᠷᠢ ᠳᠤᠨᠢ ᠲᠤᠬᠢᠷᠠᠯᠴᠠᠬᠰᠡᠨ ᠠᠭᠤᠯᠭ᠎ᠠ ᠪᠠᠶᠠᠯᠢᠭ᠂ ᠮᠡᠳᠡᠯᠬᠡ ᠥᠷᠬᠡᠨ᠂ ᠰᠤᠨᠢᠷᠬᠠᠯᠳᠤ ᠴᠢᠨᠡᠷ ᠪᠠ ᠪᠥᠳᠤᠬᠡᠯᠴᠢ ᠴᠢᠨᠠᠷ ᠢ ᠤᠶᠠᠯᠳᠤᠭᠤᠯᠤᠬᠰᠠᠨ ᠰᠢᠨᠵᠢᠯᠡᠬᠦ ᠤᠬᠠᠭᠠᠨ ᠤ ᠠᠩᠬᠠᠨ ᠤ ᠬᠠᠷᠠᠭ᠎ᠠ ᠶᠢ ᠨᠡᠬᠡᠬᠡᠭᠳᠡᠬᠦᠯᠬᠦ ᠶᠡᠷᠤᠩᠭᠡᠶᠢᠯᠡᠭᠰᠡᠨ ᠬᠢᠴᠢᠶᠡᠯ ᠲᠥᠷᠤᠯ ᠪᠤᠯᠤᠬᠰᠠᠨ ᠤ ᠬᠤᠪᠢ ᠳᠤ ᠠᠮᠢᠳᠠᠨ ᠤᠷᠭᠤᠮᠠᠯ ᠤᠨ ᠥᠰᠤᠯᠳᠠ ᠬᠤᠪᠢᠷᠠᠯᠳᠠ ᠠᠴᠠ ᠡᠬᠢᠯᠡᠨ ᠬᠥᠮᠤᠨ ᠤ ᠪᠡᠶ᠎ᠡ ᠶᠢᠨ ᠪᠥᠳᠤᠴᠡ ᠶᠢᠨ ᠠᠩᠬᠠᠨ ᠤ ᠮᠡᠳᠡᠯᠬᠡ︔ ᠠᠮᠢᠳᠤ ᠪᠤᠳᠠᠰ ᠬᠢᠬᠡᠳ ᠤᠷᠴᠢᠨ ᠲᠤᠭᠤᠷᠢᠨ ᠤ ᠬᠠᠷᠢᠴᠠᠭ᠎ᠠ︔ ᠠᠭᠠᠷ ᠮᠠᠨᠳᠠᠯ ᠤᠨ ᠪᠥᠷᠢᠯᠳᠤᠯ ᠬᠤᠪᠢᠷᠠᠯ︔      ᠪᠡᠶ᠎ᠡ ᠶᠢᠨ ᠬᠥᠪᠬᠦ ᠵᠢᠪᠬᠦ ᠶᠢᠨ ᠥᠨᠳᠤᠰᠤᠨ ᠶᠤᠰᠤ︔ ᠬᠥᠳᠡᠯᠬᠡᠬᠡᠨ ᠪᠠ ᠬᠥᠴᠤᠨ ᠤ ᠠᠩᠬᠠᠨ  ᠤ ᠤᠨᠤᠯ︔ ᠴᠢᠯᠠᠭᠤᠯᠢᠭ ᠪᠠ ᠡᠷᠤᠳᠡᠰᠤ ᠶᠢᠨ ᠰᠢᠨᠵᠢ ᠴᠢᠨᠠᠷ︔ ᠪᠤᠳᠠᠰ ᠤᠨ ᠲᠥᠯᠤᠪ ᠤᠨ ᠬᠤᠪᠢᠷᠠᠯᠳᠠ︔ ᠲᠤᠮᠤᠷᠠᠭᠤᠯᠬᠤ ᠰᠢᠯ᠂ ᠮᠢᠺᠺᠤᠰᠺᠥᠫ ᠤᠨ ᠲᠤᠤᠷᠠᠬᠢ ᠬᠤᠮᠠᠬᠢ ᠶᠡᠷᠳᠢᠨᠴᠤ ᠶᠢᠨ ᠨᠢᠭᠤᠴᠠ ᠵᠢᠴᠢ ᠤᠷᠴᠢᠯᠡᠩ ᠤᠨ ᠬᠥᠨ ᠳᠠᠬᠢ ᠨᠠᠷᠨ ᠰᠠᠷᠨ ᠤᠳᠤᠨ᠂ ᠲᠡᠯᠡᠬᠡᠢ ᠶᠢᠨ ᠪᠥᠮᠪᠤᠷᠴᠡᠭ᠂ ᠲᠡᠭᠷᠢ ᠶᠢᠨ ᠤᠶᠤᠳᠠᠯ ᠵᠡᠷᠬᠡ ᠶᠢᠨ ᠠᠯᠤᠰ ᠬᠤᠯᠠ ᠠᠳᠠᠯ᠎ᠠ ᠰᠥᠷᠯᠢᠭ ᠰᠠᠶᠢᠬᠠᠨ ᠡᠴᠢᠨ᠎ᠡ ᠭᠠᠶᠢᠬᠠᠮᠰᠢᠭ ᠢ ᠲᠠᠨᠢᠭᠤᠯᠤᠨ᠂ ᠮᠠᠰᠢ ᠥᠷᠬᠡᠨ ᠰᠠᠷᠠᠭᠤᠯ ᠬᠥᠷᠢᠶ᠎ᠡ ᠬᠡᠪᠴᠢᠶᠡᠨ ᠳᠤ ᠰᠤᠷᠤᠬᠴᠢᠳ ᠢ ᠬᠥᠶᠤᠬᠡᠨ ᠠᠴᠠ ᠬᠥᠨ ᠲᠡᠰᠢ᠂ ᠬᠤᠯᠠ ᠠᠴᠠ ᠤᠶᠢᠷ᠎ᠠ ᠲᠡᠰᠢ ᠬᠥᠳᠥᠯᠥᠨ ᠵᠢᠯᠤᠭᠤᠳᠴᠤ ᠰᠢᠨᠵᠢᠯᠡᠬᠦ ᠤᠬᠠᠭᠠᠨ ᠤ ᠠᠵᠢᠬᠯᠠᠯᠳᠠ᠂ ᠰᠤᠳᠤᠯᠤᠯᠳᠠ᠂ ᠲᠤᠷᠰᠢᠯᠳᠠ ᠪᠠᠷ ᠳᠠᠮᠵᠢᠭᠤᠯᠤᠨ ᠨᠡᠩ ᠤᠯᠠᠨ ᠢᠯᠡᠷᠡᠬᠦᠯᠤᠯᠳᠡ ᠲᠠᠢ᠂ ᠨᠡᠩ ᠤᠯᠠᠨ ᠬᠡᠤᠬᠡᠳ ᠤᠨ ᠤᠢ ᠪᠢᠯᠢᠭ ᠤᠶᠤᠨ ᠤᠬᠠᠭᠠᠨ ᠢ ᠨᠡᠬᠡᠬᠡᠭᠳᠡᠬᠦᠯᠬᠦ ᠳᠤ ᠰᠠᠭᠤᠷᠢ ᠲᠠᠯᠪᠢᠵᠤ ᠰᠢᠨᠵᠢᠯᠡᠬᠦ ᠤᠬᠠᠭᠠᠨ ᠰᠤᠶᠤᠯ ᠮᠡᠳᠡᠯᠬᠡ ᠶᠢ ᠴᠢᠷᠮᠠᠶᠢᠨ ᠰᠤᠷᠤᠯᠴᠠᠬᠤ ᠡᠷᠴᠢ ᠬᠥᠴᠤ ᠶᠢ ᠨᠢ ᠬᠥᠪᠴᠢᠯᠡᠬᠦ ᠳᠤ ᠲᠤᠳᠠᠬᠳᠠᠵᠤ ᠪᠤᠯᠤᠰᠢ ᠥᠬᠡᠢ ︽ᠬᠥᠳᠤᠴᠢ︾ ᠪᠤᠯᠵᠤ ᠴᠢᠳᠠᠬᠰᠡᠨ ᠪᠠᠶᠢᠨ᠎ᠠ᠃       ᠬᠠᠶ᠋ᠢᠭ᠄ ᠤᠯᠠᠭᠠᠨᠬᠠᠳᠠ ᠬᠤᠳᠠ ᠶᠢᠨ ᠤᠡᠭᠨᠢᠭᠤᠳ ᠬᠤᠰᠢᠭᠤᠨ ᠤ ᠪᠠᠶᠠᠨᠳᠠᠯ᠎ᠠ ᠶᠡᠷᠤᠩᠬᠡᠢ ᠰᠤᠷᠭᠠᠭᠤᠯᠢ 
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号