ᠬᠡᠰᠢᠭᠳᠡᠨ ᠭᠦᠡᠭ ᠷᠤᠯᠭᠠᠷᠵᠠᠪ
ᠨᠡᠶᠢᠲᠡᠯᠡᠭᠰᠡᠨ ᠴᠠᠭ᠄
2014/11/17
  
       1888 ᠤᠨ ᠤ ᠠᠷᠪᠠᠳᠤᠭᠠᠷ ᠰᠠᠷ᠎ᠠ ᠳᠤ ᠬᠡᠰᠢᠭᠳᠡᠨ ᠬᠤᠰᠢᠭᠤᠨ ᠤ ᠪᠠᠷᠠᠭᠤᠨ ᠠᠷᠤ ᠨᠤᠲᠤᠭ ︵ᠤᠳᠤ ᠶᠢᠨ ᠲᠠᠷᠬᠠᠨ ᠠᠭᠤᠯᠠ ᠰᠤᠮᠤ︶᠎ ᠤᠨ ᠨᠢᠭᠡᠨ ᠢᠵᠠᠭᠤᠷᠲᠠᠨ ᠤ ᠭᠡᠷ ᠲᠤ ᠲᠦᠷᠦᠵᠠᠢ᠃ ᠬᠠᠷᠠᠬᠠᠨ ᠪᠠᠭ᠎ᠠ ᠨᠠᠰᠤᠨ ᠠᠴᠠ ᠪᠠᠨ ᠰᠤᠶᠤᠯ ᠮᠡᠳᠡᠯᠭᠡ ᠰᠤᠷᠬᠤ ᠶᠢ ᠬᠦᠭᠡᠭᠡᠴᠡᠯᠳᠤᠨ ᠮᠤᠩᠭᠤᠯ᠂ ᠬᠢᠲᠠᠳ᠂ ᠮᠠᠨᠵᠤ ᠵᠡᠷᠭᠡ ᠭᠤᠷᠪᠠᠨ ᠬᠡᠯᠡ ᠶᠢ ᠰᠤᠷᠴᠤ ᠡᠵᠡᠮᠰᠢᠵᠠᠢ᠃      1926 ᠤᠨ ᠳᠤ ᠮᠦᠭᠲᠡᠨ ᠬᠤᠲᠠ ᠳᠤ ᠵᠠᠩ ᠽᠦᠸᠧ ᠯᠢᠨ ᠤ ᠲᠤᠤᠷ᠎ᠠ ᠰᠤᠯᠠ ᠵᠦᠪᠯᠡᠭᠴᠢ ᠪᠤᠯᠪᠠ᠃ ᠮᠦᠨ ᠡᠨᠡ ᠵᠢᠯ ᠬᠤᠷᠴᠢᠨ ᠤ ᠬᠡᠰᠢᠩᠭᠡ᠂ ᠷᠠᠰᠢᠰᠡᠩᠬᠡ ᠨᠠᠷ ᠲᠠᠢ ᠬᠤᠷᠰᠢᠵᠤ ᠪᠠᠳᠢᠷ ᠡᠷᠢᠵᠤ ᠪᠡᠯᠡ ᠮᠦᠩᠬᠦ ᠴᠤᠭᠯᠠᠭᠤᠯᠤᠨ ᠵᠡᠭᠦᠨ ᠮᠤᠩᠭᠤᠯ ᠤᠨ ᠪᠢᠴᠢᠭ ᠤᠨ ᠬᠤᠷᠢᠶ᠎ᠠ ᠶᠢ ᠠᠩᠬ᠎ᠠ ᠪᠠᠶᠢᠭᠤᠯᠪᠠ᠃      1929 ᠤᠨ ᠳᠤ ᠬᠡᠰᠢᠭᠲᠡᠨ ᠬᠤᠰᠢᠭᠤᠨ ᠤ ᠵᠠᠰᠠᠭ ᠨᠤᠶᠠᠨ ᠰᠠᠭᠤᠵᠤ᠂ ᠰᠤᠶᠤᠯ ᠰᠤᠷᠭᠠᠨ ᠬᠦᠮᠦᠵᠢᠯ ᠢ ᠲᠤᠩ ᠶᠡᠭᠡ ᠪᠠᠷ ᠴᠢᠬᠤᠯᠠᠴᠢᠯᠠᠨ᠂ ᠨᠤᠮᠢᠨ ᠪᠠᠭ᠎ᠠ ᠰᠤᠷᠭᠠᠭᠤᠯᠢ ᠶᠢ ᠰᠠᠶᠢᠳᠤᠷ ᠴᠢᠩᠭᠠᠳᠬᠠᠬᠤ ᠶᠢᠨ ᠬᠠᠮᠲᠤ ᠡᠯ᠎ᠡ ᠰᠦᠮ᠎ᠡ ᠶᠢᠨ ᠵᠠᠯᠠᠭᠤ ᠯᠠᠮᠠ ᠳᠤ ᠮᠤᠩᠭᠤᠯ ᠪᠢᠴᠢᠭ ᠰᠤᠷᠭᠠᠬᠤ ᠵᠢᠭᠠᠪᠤᠷᠢ ᠭᠠᠷᠭᠠᠵᠤ ᠪᠠᠭᠰᠢ ᠲᠤᠬᠢᠷᠠᠭᠤᠯᠵᠤ᠂ ︽ᠬᠡᠨ ᠬᠡᠷᠪᠡ ᠬᠡᠤᠬᠡᠳ ᠢᠶᠠᠨ ᠰᠤᠷᠭᠠᠭᠤᠯᠢ ᠳᠤ ᠦᠭᠴᠤ ᠪᠢᠴᠢᠭ ᠰᠤᠷᠭᠠᠬᠤ ᠦᠭᠡᠢ ᠪᠤᠯᠪᠠᠰᠤ ᠲᠡᠭᠦᠨ ᠤ ᠮᠠᠯ ᠤᠨᠤᠭ᠎ᠠ ᠶᠢ ᠬᠤᠰᠢᠭᠤ ᠵᠠᠰᠠᠭ ᠬᠤᠷᠢᠶᠠᠨ ᠠᠪᠤᠮᠤᠢ︾ ᠭᠡᠰᠡᠨ ᠬᠠᠳᠠᠭᠤ ᠵᠢᠭᠠᠪᠤᠷᠢ ᠲᠤᠭᠲᠠᠭᠠᠵᠤ᠂ ᠬᠤᠰᠢᠭᠤᠨ ᠤ ᠵᠠᠰᠠᠭ ᠤᠨ ᠭᠠᠵᠠᠷ ᠠᠴᠠ ᠰᠤᠷᠭᠠᠭᠤᠯᠢ ᠶᠢᠨ ᠠᠯᠢᠪᠠ ᠰᠦᠢᠳᠬᠡᠯ ᠢ ᠬᠠᠷᠢᠭᠤᠴᠠᠨ ᠰᠢᠢᠳᠪᠤᠷᠢᠯᠠᠵᠤ᠂ ᠪᠦᠬᠦ ᠬᠤᠰᠢᠭᠤᠨ ᠤ ᠰᠤᠷᠬᠤ ᠨᠠᠰᠤᠨ ᠤ ᠬᠡᠤᠬᠡᠳ ᠢ ᠰᠤᠷᠭᠠᠭᠤᠯᠢ ᠳᠤ ᠤᠷᠤᠭᠤᠯᠪᠠ᠃      1926 ᠤᠨ ᠳᠤ ᠵᠡᠭᠦᠨ ᠮᠤᠩᠭᠤᠯ ᠤᠨ ᠪᠢᠴᠢᠭ ᠤᠨ ᠬᠤᠷᠢᠶᠠᠨ ᠳᠤ ᠠᠵᠢᠯᠯᠠᠵᠤ ᠪᠠᠶᠢᠬᠤ ᠎ ᠳᠠᠭᠠᠨ ︽ᠠᠩᠬᠠᠨ ᠰᠤᠷᠭᠠᠬᠤ ᠤᠯᠤᠰ ᠤᠨ ᠤᠳᠬ᠎ᠠ︾ ᠬᠡᠬᠦ ᠬᠢᠴᠢᠶᠠᠯ ᠤᠨ ᠪᠢᠴᠢᠭ ᠨᠠᠶᠢᠷᠠᠭᠤᠯᠤᠨ ᠪᠢᠴᠢᠵᠤ ᠨᠡᠶᠢᠲᠠ ᠨᠠᠢᠮᠠᠨ ᠳᠡᠪᠲᠡᠷ ᠬᠡᠪᠯᠡᠨ ᠲᠠᠷᠬᠠᠭᠠᠪᠠ᠃ ᠡᠨᠡ ᠪᠢᠴᠢᠭ ᠤᠨ ᠤᠭ ᠰᠠᠨᠠᠭ᠎ᠠ ᠶᠢ ᠢᠩᠭᠢᠵᠤ ᠪᠢᠴᠢᠵᠠᠢ᠄ ︽ᠤᠯᠤᠰ᠂ ᠠᠷᠠᠳ ᠤᠨ ᠮᠡᠳᠡᠯᠭᠡ ᠤᠬᠠᠭᠠᠨ ᠢ ᠰᠡᠩᠬᠡᠷᠡᠭᠦᠯᠦᠨ ᠨᠡᠭᠡᠭᠡᠭᠳᠡᠭᠦᠯᠬᠦ ᠶᠢ ᠵᠤᠷᠢᠯᠲᠠ ᠪᠤᠯᠭᠠᠭᠰᠠᠨ ᠤ ᠲᠤᠯᠠᠲᠠ ᠶᠤᠰᠤ ᠡᠷᠳᠡᠮ ᠢ ᠬᠦᠨᠳᠤᠳᠬᠡᠬᠦ᠂ ᠤᠯᠤᠰ ᠢᠶᠠᠨ ᠬᠠᠶᠢᠷᠠᠯᠠᠬᠤ᠂ ᠤᠭᠰᠭ᠎ᠠ ᠦᠨᠳᠤᠰᠦᠲᠠᠨ ᠢᠶᠠᠨ ᠬᠠᠮᠠᠭᠠᠯᠠᠬᠤ᠂ ᠠᠰᠢᠭ ᠭᠠᠷᠤᠯᠲᠠ ᠶᠢ ᠪᠠᠳᠠᠷᠠᠭᠤᠯᠬᠤ ᠵᠡᠷᠭᠡ ᠶᠢᠨ ᠶᠠᠪᠤᠳᠠᠯ ᠬᠢᠴᠢᠶᠠᠯ ᠢ ᠭᠠᠷᠭᠠᠨ ᠦᠭᠦᠯᠡᠯᠳᠤᠵᠦᠬᠦᠢ︾ ᠬᠡᠵᠡᠢ᠃ ᠷᠤᠯᠭᠠᠷᠵᠠᠪ ᠵᠠᠰᠠᠭ ᠬᠤᠰᠢᠭᠤ ᠨᠤᠲᠤᠭ ᠲᠠᠭᠠᠨ ᠦᠪᠡᠷ ᠤᠨ ᠵᠤᠬᠢᠶᠠᠭᠰᠠᠨ ︽ᠠᠩᠬᠠᠨ ᠰᠤᠷᠭᠠᠬᠤ ᠤᠯᠤᠰ ᠤᠨ ᠤᠳᠬ᠎ᠠ︾ ᠬᠡᠬᠦ ᠬᠢᠴᠢᠶᠠᠯ ᠤᠨ ᠲᠡᠪᠲᠡᠷ ᠢᠶᠠᠨ ᠨᠤᠮᠢᠨ ᠰᠤᠷᠭᠠᠭᠤᠯᠢ ᠶᠢᠨ ᠬᠢᠴᠢᠶᠠᠯ ᠤᠨ ᠲᠡᠪᠲᠡᠷ ᠪᠤᠯᠭᠠᠵᠤ᠂ ᠠᠩᠬ᠎ᠠ ᠪᠠᠭ᠎ᠠ ᠰᠤᠷᠭᠠᠭᠤᠯᠢ ᠠᠴᠠ ᠦᠨᠳᠦᠷ ᠪᠠᠭ᠎ᠠ ᠰᠤᠷᠭᠠᠭᠤᠯᠢ ᠳᠤ ᠵᠢᠭᠠᠵᠤ ᠪᠠᠶᠢᠪᠠ᠃ ᠡᠨᠡ ᠪᠢᠴᠢᠭ ᠤᠨ ᠲᠤᠲᠤᠷᠠᠬᠢ ᠰᠤᠷᠭᠠᠬᠤ ᠬᠢᠴᠢᠶᠠᠯ ᠳᠤ ᠲᠡᠭᠷᠢ ᠶᠢᠨ ᠤᠳᠬ᠎ᠠ᠂ ᠭᠠᠵᠠᠷ ᠵᠦᠢ᠂ ᠬᠦᠮᠦᠨ ᠤ ᠶᠠᠪᠤᠳᠠᠯ ᠵᠡᠷᠭᠡ ᠡᠩ ᠤᠨ ᠮᠡᠳᠡᠯᠭᠡ ᠪᠤᠯᠤᠨ ᠵᠠᠰᠠᠭ ᠴᠠᠭᠠᠵᠠ᠂ ᠬᠠᠤᠯᠢ ᠲᠦᠷᠢᠮ᠂ ᠴᠡᠷᠢᠭ ᠠᠶᠠᠨ ᠳᠤ ᠬᠦᠷᠲᠡᠯ᠎ᠡ ᠠᠯᠢᠪᠠ ᠤᠯᠤᠰ ᠠᠷᠠᠳ ᠤᠨ ᠮᠡᠳᠡᠪᠡᠰᠦ ᠵᠤᠬᠢᠬᠤ ᠵᠦᠢᠯ ᠤᠳ ᠢ ᠪᠠᠭᠳᠠᠭᠠᠵᠠᠢ᠃ ᠲᠡᠷᠡ ᠮᠤᠩᠭᠤᠯ ᠦᠰᠦᠭ ᠵᠢᠭᠠᠬᠤ ᠠᠷᠭ᠎ᠠ ᠶᠢ ᠰᠤᠳᠤᠯᠵᠤ᠂ ᠦᠶ᠎ᠡ ᠪᠠᠷ ᠵᠢᠭᠠᠬᠤ ᠠᠷᠭ᠎ᠠ ᠶᠢ ᠬᠡᠷᠡᠭᠯᠡᠵᠤ᠂ ᠬᠡᠤᠬᠡᠳ ᠤᠨ ᠰᠤᠷᠬᠤ ᠨᠠᠰᠤᠨ ᠤ ᠪᠠᠶᠢᠳᠠᠯ ᠳᠤ ᠲᠤᠬᠢᠷᠠᠭᠤᠯᠤᠨ ᠬᠦᠢᠬᠡᠨ ᠠᠴᠠ ᠬᠦᠨᠵᠡᠭᠡᠶᠢᠷᠡᠭᠦᠯᠵᠤ᠂ ᠲᠡᠳᠡᠨ ᠤ ᠮᠡᠳᠡᠬᠦ ᠦᠭᠡ ᠬᠡᠯᠡ ᠶᠢ ᠬᠡᠷᠡᠭᠯᠡᠵᠤ᠂ ᠠᠰᠠᠭᠤᠯᠲᠠ ᠬᠠᠷᠢᠭᠤᠯᠲᠠ ᠪᠠ ᠤᠬᠤᠷ ᠦᠯᠢᠭᠡᠷ ᠪᠤᠯᠭᠠᠨ ᠨᠠᠶᠢᠷᠠᠭᠤᠯᠵᠤ ᠭᠠᠷᠭᠠᠭᠰᠠᠨ ᠪᠠᠶᠢᠨ᠎ᠠ᠃      ᠭᠤᠴᠢᠭᠠᠳ ᠤᠨ ᠤ ᠦᠶ᠎ᠡ ᠳᠤ ᠬᠡᠰᠢᠭᠲᠡᠨ ᠬᠤᠰᠢᠭᠤᠨ ᠠᠴᠠ ᠡᠳᠦᠢ ᠲᠡᠳᠦᠢ ᠰᠢᠯᠭᠠᠷᠠᠭᠰᠠᠨ ᠰᠤᠷᠤᠭᠴᠢᠳ ᠳᠡᠭᠡᠳᠤ ᠰᠤᠷᠭᠠᠭᠤᠯᠢ᠂ ᠶᠡᠭᠡ ᠰᠤᠷᠭᠠᠭᠤᠯᠢ ᠳᠤ ᠰᠢᠯᠭᠠᠭᠳᠠᠨ ᠤᠷᠤᠭᠰᠠᠨ ᠶᠠᠪᠤᠳᠠᠯ ᠪᠤᠯ ᠬᠤᠰᠢᠭᠤ ᠵᠠᠰᠠᠭ ᠨᠤᠶᠠᠨ ᠷᠤᠯᠭᠠᠷᠵᠠᠪ ᠤᠨ ᠰᠤᠷᠭᠠᠨ ᠬᠦᠮᠦᠵᠢᠯ ᠢ ᠴᠢᠩᠭᠠᠳᠬᠠᠭᠰᠠᠨ ᠲᠠᠢ ᠰᠢᠭᠤᠳ ᠬᠤᠯᠪᠤᠭᠳᠠᠨ᠎ᠠ᠃      1934 ᠤᠨ ᠳᠤ ᠷᠤᠯᠭᠠᠷᠵᠠᠪ ᠵᠠᠰᠠᠭ ᠬᠢᠩᠭᠠᠨ ᠪᠠᠷᠠᠭᠤᠨ ᠮᠤᠵᠢ ᠶᠢᠨ ᠠᠷᠠᠳ ᠤᠨ ᠶᠠᠪᠤᠳᠠᠯ ᠎ ᠤᠨ ᠲᠢᠩᠬᠢᠮ ᠤᠨ ᠳᠠᠷᠤᠭ᠎ᠠ ᠪᠤᠯᠵᠤ ᠲᠠᠬᠢᠨ ᠬᠢᠩᠭᠠᠨ ᠪᠠᠷᠠᠭᠤᠨ ᠮᠤᠵᠢ ᠶᠢᠨ ᠲᠠᠷᠤᠭ᠎ᠠ ᠶᠢᠨ ᠲᠤᠰᠢᠶᠠᠯ ᠳᠤ ᠳᠠᠪᠰᠢᠪᠠ᠃ 1941 ᠤᠨ ᠳᠤ ᠶᠠᠫᠤᠨ ᠡᠵᠡᠷᠬᠡᠭ ᠲᠦᠷᠢᠮᠡᠬᠡᠶᠢᠲᠡᠨ ᠢ ᠢᠯᠡ ᠪᠠᠷ ᠡᠰᠡᠷᠭᠦᠴᠡᠭᠰᠡᠨ ᠠᠴᠠ ᠪᠤᠯᠵᠤ ᠶᠠᠫᠤᠨ ᠬᠦᠮᠦᠨ ᠤᠷᠠᠨ ᠠᠷᠭ᠎ᠠ ᠬᠡᠷᠡᠭᠯᠡᠵᠤ᠂ ︽ᠮᠤᠵᠢ ᠶᠢᠨ ᠲᠠᠷᠤᠭ᠎ᠠ ᠳᠤ ᠶᠤᠰᠤ ᠠᠯᠳᠠᠯ᠎ᠠ︾ ᠭᠡᠵᠤ ᠭᠡᠷ ᠲᠡᠭᠡᠨ ᠵᠠᠯᠠᠵᠤ ᠠᠪᠠᠴᠢᠭᠠᠳ ᠨᠠᠶᠢᠷᠯᠠᠨ ᠵᠤᠴᠢᠯᠠᠵᠤ ᠪᠠᠶᠢᠭᠠᠳ ᠬᠤᠤᠷ ᠲᠠᠢ ᠠᠷᠢᠬᠢ ᠤᠤᠭᠤᠯᠭᠠᠭᠰᠠᠨ ᠠᠴᠠ ᠪᠤᠯᠵᠤ ᠨᠤᠭᠤᠭᠠᠨ ᠦᠩᠭᠡ ᠲᠠᠢ ᠶᠠᠭᠤᠮ᠎ᠠ ᠪᠠᠷ ᠪᠦᠭᠡᠯᠵᠢᠵᠤ ᠪᠠᠶᠢᠭᠠᠳ ᠲᠠᠷᠠᠭ᠎ᠠ ᠡᠳᠦᠷ ᠨᠢ ᠨᠠᠰᠤ ᠪᠠᠷᠠᠵᠠᠢ ᠭᠡᠵᠤ ᠲᠡᠭᠦᠨ ᠤ ᠬᠠᠲᠤᠨ ᠨᠢ ᠬᠡᠯᠡᠵᠡᠢ᠃ ᠶᠠᠫᠤᠨ ᠡᠵᠡᠷᠬᠡᠭ ᠲᠦᠷᠢᠮᠡᠬᠡᠶᠢᠲᠡᠨ ᠷᠤᠯᠭᠠᠷᠵᠠᠪ ᠲᠤ ᠬᠠᠳᠠᠭᠤ ᠵᠦᠭᠡᠯᠡᠨ ᠡᠯᠳᠡᠪ ᠠᠷᠭ᠎ᠠ ᠶᠢ ᠬᠡᠷᠡᠭᠯᠡᠨ ᠲᠡᠭᠦᠨ ᠤ ᠴᠢᠳᠠᠪᠤᠷᠢ ᠪᠠ ᠨᠦᠯᠦᠭᠡ ᠢᠲᠡᠭᠡᠯ ᠢ ᠨᠢ ᠠᠰᠢᠭᠯᠠᠨ ᠬᠡᠷᠡᠭᠯᠡᠬᠦ ᠭᠡᠵᠤ ᠬᠡᠳᠦᠨ ᠵᠢᠯ ᠤᠷᠤᠯᠳᠤᠭᠠᠳ ᠴᠦᠬᠦᠷᠡᠬᠦ ᠳᠡᠭᠡᠨ ᠡᠴᠦᠰ ᠲᠡᠭᠡᠨ ᠪᠤᠵᠠᠷ ᠰᠠᠪᠠᠷ ᠢᠶᠠᠨ ᠰᠤᠩᠭᠠᠵᠤ ᠠᠮᠢ ᠶᠢ ᠨᠢ ᠬᠦᠨᠦᠭᠡᠭᠰᠡᠨ ᠪᠠᠶᠢᠵᠠᠢ᠃      ᠷᠤᠯᠭᠠᠷᠵᠠᠪ ᠪᠤᠯ ᠮᠤᠩᠭᠤᠯ ᠦᠨᠳᠦᠰᠦᠲᠡᠨ ᠤ ᠤᠶᠢᠷ᠎ᠠ ᠦᠶ᠎ᠡ ᠶᠢᠨ ᠲᠡᠦᠬᠡᠨ ᠳᠠᠬᠢ ᠨᠢᠭᠡᠨ ᠶᠡᠭᠡ ᠪᠢᠴᠢᠭ ᠤᠨ ᠬᠦᠮᠦᠨ ᠮᠦᠨ᠃ ᠤᠯᠤᠰ ᠦᠨᠳᠦᠰᠦᠲᠡᠨ ᠢᠶᠠᠨ ᠰᠡᠷᠭᠦᠭᠡᠨ ᠪᠤᠰᠬᠠᠵᠤ ᠬᠦᠭᠵᠢᠭᠦᠯᠦᠨ ᠮᠠᠨᠳᠤᠭᠤᠯᠬᠤ ᠎ ᠶᠢᠨ ᠲᠦᠯᠦᠭᠡ ᠴᠤᠴᠠᠯᠲᠠ ᠦᠭᠡᠢ ᠴᠢᠷᠮᠠᠶᠢᠨ ᠵᠢᠳᠬᠦᠭᠰᠡᠨ ᠭᠠᠪᠢᠶᠠᠲᠠᠨ ᠶᠤᠮ᠃ ᠷᠤᠯᠭᠠᠷᠵᠠᠪ ᠤᠨ ᠠᠯᠳᠠᠷ ᠨᠡᠷ᠎ᠡ ᠮᠤᠩᠭᠤᠯ ᠰᠤᠶᠤᠯ᠂ ᠰᠤᠷᠭᠠᠨ ᠬᠦᠮᠦᠵᠢᠯ ᠤᠨ ᠲᠡᠤᠬᠡᠨ ᠬᠠᠭᠤᠳᠠᠰᠤᠨ᠎ᠠ ᠮᠦᠩᠬᠡ ᠭᠡᠷᠡᠯᠳᠤᠬᠦ ᠶᠤᠰᠤᠲᠠᠢ︕              ※ ᠰ᠊ · ᠠᠯᠳᠠᠨᠪᠠᠭᠠᠨ᠎ᠠ ᠨᠠᠶᠢᠷᠠᠭᠤᠯᠤᠨ ᠪᠢᠴᠢᠵᠤ᠂                ᠴᠤ᠋ · ᠨᠠᠰᠤᠨᠵᠠᠶᠠᠭ᠎ᠠ ᠰᠡᠭᠦᠳᠡᠷ ᠬᠠᠪᠰᠤᠷᠭᠠᠪᠠ  
 
ᠢᠷᠡᠯᠲᠡ᠄ ᠬᠡᠰᠢᠭᠳᠡᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号