ᠬᠡᠰᠢᠭᠳᠡᠨ ᠬᠤᠰᠢᠭᠤ ᠪᠤᠯ ᠮᠠᠯ ᠠᠵᠤ ᠠᠬᠤᠢ ᠲᠠᠷᠢᠶᠠᠯᠠᠩ ᠤᠨ ᠡᠬᠢ ᠪᠠᠶᠠᠯᠢᠭ ᠡᠯᠪᠡᠭ ᠤᠷᠤᠨ ᠶᠤᠮ᠃ | ᠪᠦᠬᠦ ᠬᠤᠰᠢᠭᠤᠨ ᠤ ᠲᠠᠷᠢᠶᠠᠨ ᠭᠠᠵᠠᠷ ᠤᠨ ᠶᠡᠷᠦᠩᠬᠡᠢ ᠲᠡᠯᠠᠪᠡᠢ ᠨᠢ 135 ᠲᠦᠮᠡᠨ ᠮᠤ᠋ ᠳᠤ ᠬᠦᠷᠴᠤ᠂ | ᠠᠮᠤ ᠪᠤᠷᠴᠠᠭ ᠤᠨ ᠶᠡᠷᠦᠩᠬᠡᠢ ᠤᠨᠠᠯᠳᠠ ᠨᠢ ᠭᠤᠷᠪᠠᠨ ᠵᠢᠯ ᠲᠠᠷᠠᠭᠠᠯᠠᠨ 5.5 ᠳ᠋ᠦᠩᠰᠢᠭᠤᠷ ᠵᠢᠩ ᠢ ᠲᠠᠪᠠᠭᠰᠠᠨ | ᠪᠠᠶᠢᠨ᠎ᠠ︔ ᠪᠠᠶᠢᠭᠠᠯᠢᠯᠢᠭ ᠪᠡᠯᠴᠢᠬᠡᠷ ᠬᠠᠳᠤᠯᠠᠩ ᠤᠨ ᠲᠠᠯᠠᠪᠠᠢ ᠨᠢ 2656 ᠲᠦᠮᠡᠨ ᠮᠤ᠋᠂ ᠤᠢ ᠰᠢᠭᠤᠢ ᠶᠢᠨ | ᠲᠠᠯᠠᠪᠠᠢ ᠨᠢ 954 ᠲᠦᠮᠡᠨ ᠮᠤ᠋ ᠪᠠᠶᠢᠵᠤ᠂ ᠨᠤᠳᠤᠭ ᠪᠡᠯᠴᠢᠬᠡᠷ ᠤᠨ ᠣᠷᠭᠤᠮᠠᠯ ᠤᠨ ᠪᠦᠷᠬᠦᠴᠠ ᠶᠢᠨ ᠬᠡᠮᠵᠢᠶ᠎ᠡ | ᠪᠤᠯᠤᠨ ᠤᠢ ᠰᠢᠭᠤᠢ ᠶᠢᠨ ᠪᠦᠷᠬᠦᠴᠠ ᠶᠢᠨ ᠬᠡᠮᠵᠢᠶ᠎ᠡ ᠨᠢ ᠲᠤᠰᠪᠤᠷᠢ 48.75% ᠪᠤᠯᠤᠨ 33.13% ᠳᠤ | ᠬᠦᠷᠴᠤ᠂ ᠮᠠᠨ ᠤ ᠬᠤᠰᠢᠭᠤ ᠨᠢ ᠪᠦᠬᠦ ᠤᠯᠤᠰ ᠤᠨ ᠤᠢ ᠰᠢᠭᠤᠢ ᠶᠢᠨ ᠡᠬᠢ ᠪᠠᠶᠠᠯᠢᠭ ᠤᠨ ᠦᠷᠬᠦᠯᠵᠢᠯᠡᠯ | ᠡᠵᠡᠩᠨᠡᠯᠳᠠ ᠬᠠᠮᠢᠶᠠᠷᠤᠯᠳᠠ ᠶᠢᠨ ᠲᠤᠷᠰᠢᠯᠳᠠ ᠶᠢᠨ ᠴᠢᠭ᠋ ᠪᠤᠯᠤᠭᠰᠠᠨ ᠪᠠᠶᠢᠨ᠎ᠠ᠃ ᠮᠠᠯ ᠠᠵᠤ ᠠᠬᠤᠢ ᠶᠢᠨ ᠵᠢᠯ ᠤᠨ | ᠮᠠᠯ ᠤᠨ ᠵᠤᠭᠰᠤᠭ᠎ᠠ ᠲᠤᠭ᠎ᠠ ᠨᠢ 243.06 ᠲᠦᠮᠡᠨ ᠲᠤᠯᠤᠭᠠᠢ ︵ᠦᠪᠡᠷᠳᠡᠬᠡᠨ ᠵᠠᠰᠠᠬᠤ ᠤᠷᠤᠨ ᠤ ᠬᠤᠰᠢᠭᠤ | ᠰᠢᠶᠠᠨ ᠲᠤᠭᠤᠷᠢᠭ ᠤᠨ ᠡᠮᠦᠨ᠎ᠡ 10 ᠨᠡᠷᠡᠰ ᠲᠤ ᠵᠢᠭᠰᠠᠭᠠᠭᠳᠠᠵᠤ ᠪᠤᠢ︶ ᠳᠤ ᠬᠦᠷᠴᠤ᠂ ᠵᠢᠯ ᠪᠦᠷᠢ ᠶᠢᠨ | ᠪᠤᠷᠤᠯᠠᠭᠤᠯᠬᠤ ᠠᠯᠠᠰᠢᠨ ᠦᠬᠡᠷ ᠤᠨ ᠲᠤᠭ᠎ᠠ ᠨᠢ 12.5 ᠲᠦᠮᠡᠨ ᠲᠤᠯᠤᠭᠠᠢ᠂ ᠠᠯᠠᠰᠢᠨ ᠬᠤᠨᠢᠨ ᠤ ᠲᠤᠭ᠎ᠠ ᠨᠢ | 110 ᠲᠦᠮᠡ ᠳᠤ ᠬᠦᠷᠴᠤ᠂ ᠵᠤᠤ ᠤᠳᠠ ᠠᠯᠠᠰᠢᠨ ᠬᠤᠨᠢᠨ ᠤ ᠲᠡᠵᠢᠬᠡᠨ ᠦᠷᠡᠵᠢᠬᠦᠯᠬᠦ ᠬᠡᠪᠴᠢᠶ᠎ᠡ ᠨᠢ 50 | ᠲᠦᠮᠡ ᠶᠢ ᠲᠠᠪᠠᠭᠰᠠᠨ ᠪᠠᠶᠢᠨ᠎ᠠ᠃ | |