ᠬᠡᠰᠢᠭᠳᠡᠨ ᠬᠤᠰᠢᠭᠤᠨ ᠤ ᠠᠭᠤᠷᠬᠠᠢ ᠶᠢᠨ ᠡᠬᠢ ᠪᠠᠶᠠᠯᠢᠭ
ᠨᠡᠶᠢᠲᠡᠯᠡᠭᠰᠡᠨ ᠴᠠᠭ᠄
2014/11/25
      ᠬᠡᠰᠢᠭᠳᠡᠨ ᠬᠤᠰᠢᠭᠤ ᠪᠤᠯ ᠠᠭᠤᠷᠬᠠᠢ ᠶᠢᠨ ᠡᠬᠢ ᠪᠠᠶᠠᠯᠢᠭ ᠡᠯᠪᠡᠭ ᠤᠷᠤᠨ ᠶᠤᠮ᠃       ᠭᠦᠬᠡ ᠮᠦᠷᠡᠨ ᠠᠴᠠ ᠤᠮᠠᠷᠠᠰᠢᠬᠢ ᠬᠠᠮᠤᠭ ᠤᠨ ᠶᠡᠭᠡ ᠲᠡᠮᠦᠷ ᠴᠠᠭᠠᠨ ᠲᠤᠭᠤᠯᠭ᠎ᠠ ᠡᠯᠪᠡᠭ ᠠᠭᠤᠯᠤᠭᠰᠠᠨ ᠬᠦᠳᠡᠷ ᠤᠨ ᠠᠭᠤᠷᠬᠠᠢ — ᠬᠤᠩᠭᠤ ᠶᠢᠨ ᠲᠠᠮᠤᠷ ᠤᠨ ᠠᠭᠤᠷᠬᠠᠢ ᠪᠤᠯᠤᠨ ᠨᠢᠬᠡᠨᠳᠠ ᠬᠠᠶᠢᠨ ᠲᠤᠳᠤᠯᠭᠰᠠᠨ ᠤᠯᠤᠰ ᠤᠨ ᠲᠤᠳᠤᠭᠠᠳᠤ ᠶᠢᠨ ᠬᠤᠶᠠᠳᠤᠭᠠᠷ ᠶᠡᠭᠡ ᠮᠦᠩᠬᠦ ᠡᠯᠪᠡᠭ ᠲᠡᠮᠦᠷᠯᠢᠭ ᠤᠨ ᠠᠭᠤᠷᠬᠠᠢ — ᠲᠠᠷᠢ ᠶᠢᠨ ᠲᠠᠪᠠᠭ᠎ᠠ ᠶᠢᠨ ᠮᠦᠩᠬᠦ ᠡᠯᠪᠡᠭ ᠲᠡᠮᠦᠷᠯᠢᠭ ᠤᠨ ᠠᠭᠤᠷᠬᠠᠢ ᠲᠠᠢ ᠪᠠᠶᠢᠵᠤ᠂ ᠪᠦᠬᠦ ᠬᠤᠰᠢᠭᠤᠨ ᠳᠤ ᠨᠢᠬᠡᠨᠳᠠ ᠪᠠᠶᠢᠴᠠᠭᠠᠨ ᠲᠤᠳᠤᠯᠠᠭᠰᠠᠨ ᠡᠯ᠎ᠡ ᠵᠦᠢᠯ ᠤᠨ ᠠᠭᠤᠷᠬᠠᠢ ᠶᠢᠨ ᠭᠠᠷᠤᠯᠳᠠ ᠶᠢᠨ ᠭᠠᠵᠠᠷ ᠨᠢ 300 ᠤᠷᠴᠢᠮ ᠪᠠᠶᠢᠵᠤ ᠂ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢ 38 ᠵᠦᠢᠯ ᠢ ᠢᠯᠡᠷᠡᠬᠦᠯᠵᠤ᠂ ᠤᠯᠠᠭᠠᠨᠬᠠᠳᠠ ᠬᠤᠳᠠ ᠶᠢᠨ ︽ᠲᠤᠮᠳᠠᠳᠤ ᠤᠯᠤᠰ ᠤᠨ ᠦᠩᠬᠡᠳᠤ ᠲᠡᠮᠦᠷᠯᠢᠭ ᠤᠨ ᠨᠤᠳᠤᠭ︾᠎ ᠤᠨ ᠠᠭᠤᠷᠬᠠᠢ ᠶᠢᠨ ᠡᠬᠢ ᠪᠠᠶᠠᠯᠢᠭ ᠢᠶᠠᠷ ᠡᠯᠪᠡᠭ ᠤᠷᠤᠨ ᠪᠠ ᠳᠤᠮᠳᠠᠳᠤ ᠤᠯᠤᠰ ᠤᠨ ᠤᠮᠠᠷᠠᠳᠤ ᠤᠷᠤᠨ ᠤ ᠴᠢᠬᠤᠯᠠ ᠠᠭᠤᠷᠬᠠᠢ ᠶᠢᠨ ᠭᠠᠷᠤᠯᠳᠠ ᠶᠢᠨ ᠪᠠᠶᠢᠯᠳᠤᠬᠤ ᠪᠤᠳᠤᠯᠭ᠎ᠠ ᠶᠢᠨ ᠦᠷᠬᠦᠯᠵᠢᠯᠡᠯ ᠤᠷᠤᠨ ᠪᠤᠯᠬᠤ ᠶᠤᠮ︔ ᠡᠳᠦᠬᠡ ᠨᠢᠬᠡᠨᠳᠠ ᠬᠠᠶᠢᠨ ᠲᠤᠳᠤᠯᠠᠭᠰᠠᠨ ᠲᠠᠮᠤᠷ ᠤᠨ ᠬᠦᠳᠡᠷ ᠤᠨ ᠬᠠᠳᠠᠭᠠᠯᠠᠭᠳᠠᠴᠠ ᠨᠢ 1.17 ᠳ᠋ᠦᠩᠰᠢᠭᠤᠷ ᠲᠤᠨ᠂ ᠲᠤᠭᠤᠯᠭ᠎ᠠ ᠴᠠᠶᠢᠷ ᠤᠨ ᠠᠭᠤᠯᠤᠭᠳᠠᠴᠠ ᠨᠢ 366.4 ᠲᠦᠮᠡᠨ ᠲᠤᠨ᠂ ᠴᠠᠭᠠᠨ ᠲᠤᠭᠤᠯᠭ᠎ᠠ ᠶᠢᠨ ᠠᠭᠤᠯᠤᠭᠳᠠᠴᠠ ᠨᠢ 51.51 ᠲᠦᠮᠡᠨ ᠲᠤᠨ᠂ ᠮᠦᠩᠬᠦ ᠲᠡᠮᠦᠷᠯᠢᠭ ᠤᠨ ᠠᠭᠤᠯᠤᠭᠳᠠᠴᠠ ᠨᠢ 8062.19 ᠲᠤᠨ᠂ ᠮᠣᠯᠢᠪᠳᠧᠠ ᠲᠡᠮᠦᠷᠯᠢᠭ ᠤᠨ ᠠᠭᠤᠯᠤᠭᠳᠠᠴᠠ ᠨᠢ 3.6 ᠲᠦᠮᠡᠨ ᠲᠤᠨ ᠪᠠᠶᠢᠵᠤ᠂ ᠡᠳᠤᠷ ᠪᠦᠷᠢ ᠶᠢᠨ ᠬᠦᠳᠡᠷ ᠰᠤᠩᠭᠤᠬᠤ ᠴᠢᠳᠠᠪᠤᠷᠢ ᠨᠢ 3. 26 ᠲᠦᠮᠡᠨ ᠲᠤᠨ ᠳᠤ ᠬᠦᠷᠴᠤ᠂ ᠵᠢᠯ ᠪᠦᠷᠢ ᠶᠢᠨ ᠬᠠᠷ᠎ᠠ ᠲᠤᠭᠤᠯᠭ᠎ᠠ ᠪᠤᠯᠪᠠᠰᠤᠷᠠᠭᠤᠯᠬᠤ ᠴᠢᠳᠠᠪᠤᠷᠢ ᠨᠢ 8 ᠲᠦᠮᠡᠨ ᠲᠤᠨ ᠳᠤ ᠬᠦᠷᠦᠭᠰᠡᠨ ᠪᠠᠶᠢᠨ᠎ᠠ︔ ᠪᠤᠬᠢᠷᠳᠤᠯ ᠦᠭᠡᠢ ᠠᠭᠤᠷᠬᠠᠢ ᠶᠢᠨ ᠪᠦᠳᠦᠬᠡᠨ ᠪᠠᠶᠢᠭᠤᠯᠤᠯᠳᠠ ᠶᠢ ᠪᠦᠬᠦ ᠬᠤᠰᠢᠭᠤᠨ ᠤ ᠬᠡᠪᠴᠢᠶᠡᠨ ᠳᠤ ᠢᠳᠡᠪᠬᠢᠳᠠᠢ ᠪᠠᠷ ᠲᠦᠯᠬᠢᠨ ᠠᠬᠢᠭᠤᠯᠵᠤ᠂ ᠬᠤᠩᠭᠤ ᠶᠢᠨ ᠠᠭᠤᠷᠬᠠᠢ᠂ ᠢᠩᠳᠤ ᠶᠢᠨ ᠠᠭᠤᠷᠬᠠᠢ ᠨᠢ ᠤᠯᠤᠰ ᠤᠨ ᠲᠡᠰ ᠤᠨ ᠪᠤᠬᠢᠷᠳᠤᠯ ᠦᠭᠡᠢ ᠠᠭᠤᠷᠬᠠᠢ ᠶᠢᠨ ᠪᠦᠳᠦᠬᠡᠨ ᠪᠠᠶᠢᠭᠤᠯᠤᠯᠳᠠ ᠶᠢᠨ ᠴᠢᠭ᠋ ᠪᠤᠯᠤᠭᠰᠠᠨ ᠪᠠᠶᠢᠨ᠎ᠠ᠃
 
ᠢᠷᠡᠯᠲᠡ᠄ ᠬᠡᠰᠢᠭᠲᠡᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号