ᠬᠡᠰᠢᠭᠳᠡᠨ ᠬᠤᠰᠢᠭᠤ ᠪᠤᠯ ᠡᠨᠧᠷᠬᠢ ᠶᠢᠨ ᠰᠤᠷᠪᠤᠯᠵᠢ ᠡᠯᠪᠡᠭ ᠤᠷᠤᠨ ᠶᠤᠮ᠃ | ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠨᠢ 9.69 ᠳ᠋ᠦᠩᠰᠢᠭᠤᠷ ᠺᠦᠪ ᠮᠧᠲᠷ ᠪᠠᠶᠢᠵᠤ᠂ | ᠤᠰᠤᠨ ᠤ ᠡᠨᠧᠷᠬᠢ ᠶᠢᠨ ᠬᠠᠳᠠᠭᠠᠯᠠᠭᠳᠠᠴᠠ ᠶᠢᠨ ᠬᠡᠮᠵᠢᠶ᠎ᠠ ᠨᠢ 14 ᠲᠦᠮᠡᠨ ᠺᠢᠯᠦᠸᠠᠲ ᠲᠤ ᠬᠦᠷᠴᠤ᠂ | ᠰᠢᠷᠠᠮᠦ᠋ᠷᠡᠨ᠂ ᠯᠤᠸᠠᠨ ᠾᠧ ᠭᠤᠤᠯ᠂ ᠰᠢᠯᠢ ᠶᠢᠨ ᠭᠤᠤᠯ ᠤᠨ ᠰᠤᠷᠪᠤᠯᠵᠢ ᠤᠷᠤᠨ ᠪᠠᠶᠢᠵᠤ᠂ ᠡᠳᠦᠬᠡ ᠨᠢᠬᠡᠨᠳᠠ | 11 ᠰᠠᠭᠤᠷᠢ ᠤᠰᠤᠨ ᠴᠠᠬᠢᠯᠭᠠᠨ ᠦᠷᠳᠡᠭᠡ ᠶᠢ ᠪᠠᠶᠢᠭᠤᠯᠵᠤ᠂ ᠴᠤᠭᠴᠠᠯᠠᠪᠤᠷᠢ ᠶᠢᠨ ᠬᠡᠮᠵᠢᠶ᠎ᠡ ᠨᠢ 2.57 ᠲᠦᠮᠡᠨ | ᠺᠢᠯᠤᠸᠠᠲ ᠲᠤ ᠬᠦᠷᠦᠭᠰᠡᠨ ᠪᠠᠶᠢᠨ᠎ᠠ︔ ᠠᠰᠢᠭᠯᠠᠵᠤ ᠪᠤᠯᠬᠤ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠠᠯᠠᠪᠠᠢ | ᠶᠢᠨ ᠶᠡᠷᠦᠩᠬᠡᠢ ᠲᠠᠯᠠᠪᠠᠢ ᠨᠢ 4425 ᠺᠦᠸᠠᠳ᠋ ᠺᠢᠯᠤᠮᠧᠲᠷ ᠪᠠᠶᠢᠵᠤ᠂ ᠨᠡᠬᠡᠬᠡᠨ ᠠᠰᠢᠭᠯᠠᠵᠤ ᠪᠤᠯᠬᠤ ᠴᠤᠭᠴᠠᠯᠠᠪᠤᠷᠢ | ᠶᠢᠨ ᠬᠡᠪᠴᠢᠶ᠎ᠡ ᠨᠢ 788 ᠲᠦᠮᠡᠨ ᠺᠢᠯᠤᠸᠠᠲ ᠲᠤ ᠭᠦᠷᠴᠦ᠂ ᠰᠠᠯᠬᠢᠨ ᠬᠦᠴᠦᠨ ᠤ ᠴᠠᠬᠢᠯᠭᠠᠨ ᠤ ᠨᠡᠬᠡᠬᠡᠨ | ᠠᠰᠢᠭᠯᠠᠬᠤ ᠬᠡᠪᠴᠢᠶ᠎ᠡ ᠨᠢ ᠨᠢᠬᠡᠨᠳᠠ 181.4 ᠲᠦᠮᠡᠨ ᠺᠢᠯᠤᠸᠠᠲ ᠲᠤ ᠬᠦᠷᠴᠤ᠂ ᠪᠦᠬᠦ ᠤᠯᠤᠰ ᠤᠨ ᠰᠠᠯᠬᠢᠨ | ᠭᠦᠴᠦᠨ ᠤ ᠴᠠᠬᠢᠯᠭᠠᠨ ᠭᠠᠷᠭᠠᠬᠤ ᠴᠤᠭᠴᠠᠯᠠᠪᠤᠷᠢ ᠶᠢᠨ ᠬᠡᠮᠵᠢᠶ᠎ᠡ ᠪᠠᠷ ᠨᠡᠯᠢᠶᠡᠳ ᠶᠡᠭᠡ ᠬᠤᠰᠢᠭᠤ ᠰᠢᠶᠠᠨ ᠤ ᠲᠡᠰ | ᠤᠨ ᠭᠠᠵᠠᠷ ᠤᠷᠤᠨ ᠮᠦᠨ᠂ ᠡᠬᠦᠨ ᠤ ᠲᠤᠮᠳᠠ ᠰᠠᠶᠢᠬᠠᠨᠲᠠᠪᠠᠭᠠ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ | ᠲᠠᠯᠠᠪᠠᠢ ᠪᠤᠯ ᠪᠦᠬᠦ ᠤᠯᠤᠰ ᠤᠨ 6 ᠵᠠᠭᠤᠨ ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ | ᠭᠠᠵᠠᠷ ᠤᠨ ᠨᠢᠬᠡ ᠪᠤᠯᠬᠤ ᠶᠤᠮ︔ ᠵᠢᠯ ᠤᠨ ᠨᠠᠷᠠᠨ ᠤ ᠲᠤᠰᠤᠯᠳᠠ ᠤᠨ ᠬᠤᠭᠤᠴᠠᠭ᠎ᠠ ᠨᠢ 2600 — 2900 | ᠴᠠᠭ ᠪᠠᠶᠢᠵᠤ᠂ ᠬᠡᠷᠡᠯ ᠢᠶᠠᠷ ᠴᠠᠬᠢᠯᠭᠠᠨ ᠡᠬᠦᠰᠬᠡᠬᠦ ᠭᠤᠷᠪᠠᠨ ᠲᠦᠷᠦᠯ ᠤᠨ ᠭᠠᠵᠠᠷ ᠤᠷᠤᠨ ᠳᠤ ᠬᠠᠷᠢᠶᠠᠯᠠᠭᠳᠠᠵᠤ᠂ | 1 ᠲᠦᠮᠡᠨ ᠺᠢᠯᠦᠸᠠᠲ ᠤᠨ ᠴᠡᠬᠢᠯᠭᠠᠨ ᠡᠬᠦᠰᠬᠡᠬᠦ ᠲᠦᠷᠦᠯ ᠵᠦᠢᠯ ᠨᠢ ᠨᠢᠬᠡᠨᠳᠠ ᠪᠠᠷᠢᠯᠭ᠎ᠠ ᠡᠬᠢᠯᠡᠬᠦᠯᠦᠭᠰᠡᠨ ᠪᠠᠶᠢᠨ᠎ᠠ᠃ | | |