ᠦᠨᠳᠤᠷ ᠦᠷ᠎ᠠ ᠠᠰᠢᠬᠳᠤ ᠮᠠᠯ ᠠᠵᠤ ᠠᠬᠤᠢ ᠶᠢᠨ ᠭᠦᠭᠵᠢᠯᠳᠠ ᠶᠢ ᠲᠦᠷᠬᠡᠳᠬᠡᠵᠤ ᠮᠠᠯᠴᠢᠨ ᠲᠦᠮᠡᠨ ᠤ ᠤᠷᠤᠯᠭ᠎ᠠ ᠶᠢ ᠨᠡᠮᠡᠭᠳᠡᠭᠦᠯᠭᠦ ᠪᠠᠷ ᠭᠤᠤᠯ ᠬᠠᠷᠠᠯᠳᠠ ᠪᠠᠨ ᠪᠤᠯᠭᠠᠨ᠎ᠠ — ᠲᠠᠯᠠᠶᠢᠨᠠᠭᠤᠷ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠠᠯᠳᠠᠷᠳᠤ ᠶᠢ ᠰᠤᠷᠪᠤᠯᠵᠢᠯᠠᠬᠰᠠᠨ ᠨᠢ
ᠨᠡᠶᠢᠲᠡᠯᠡᠭᠰᠡᠨ ᠴᠠᠭ᠄
2014/12/10
     ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠪᠦᠭᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠬᠤ ᠺᠡᠳ᠋ᠷᠴᠤᠳ ᠤᠨ ᠬᠤᠷᠠᠯ ᠲᠠᠬᠡᠷ ᠎ᠠ ︽8337︾ ᠭᠦᠭᠵᠢᠯᠳᠠ ᠶᠢᠨ ᠰᠡᠳᠬᠢᠮᠵᠢ ᠶᠢ ᠲᠤᠷᠠᠳᠤᠬᠰᠠᠨ ᠠᠴᠠ ᠨᠠᠰᠢᠬᠢ ᠨᠢᠬᠡ ᠵᠢᠯ ᠤᠨ ᠲᠤᠷᠰᠢ᠂ ᠪᠦᠭᠦ ᠤᠷᠤᠨ ᠲᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠡᠭ ᠤᠨ ᠦᠪᠦᠷ ᠮᠤᠩᠭᠤᠯ ᠳᠤ ᠰᠢᠡᠵᠢᠯᠡᠨ ᠪᠠᠶᠢᠴᠠᠭᠠᠬᠤ ᠦᠶᠡᠰ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠᠷ ᠵᠢᠯᠤᠭᠤᠳᠤᠮᠵᠢ ᠪᠤᠯᠭᠠᠨ᠂ ᠡᠨᠡᠭᠦ ᠰᠡᠳᠬᠢᠮᠵᠢ ᠶᠢᠨ ᠲᠤᠭᠤᠷᠢᠨ ᠳᠤ ᠠᠵᠢᠯ ᠤᠨ ᠪᠠᠶᠢᠷᠢᠯᠠᠭᠤᠯᠤᠯᠳᠠ ᠬᠢᠵᠤ᠂ ᠨᠠᠮ ᠤᠨ ᠤᠯᠠᠨ ᠲᠦᠮᠡᠨᠴᠢ ᠱᠤᠭᠤᠮ ᠤᠨ ᠭᠦᠮᠦᠵᠢᠯ ᠦᠢᠯᠡᠳᠤᠯᠬᠡ ᠶᠢᠨ ᠠᠵᠢᠯᠯᠠᠭᠠᠨ ᠲᠠᠢ ᠤᠶᠠᠯᠳᠤᠭᠤᠯᠵᠤ᠂ ᠠᠵᠤ ᠠᠬᠤᠢ ᠶᠢᠨ ᠪᠦᠳᠤᠴᠡ ᠳᠤ ᠲᠤᠬᠢᠷᠠᠭᠤᠯᠤᠯᠳᠠ ᠬᠢᠬᠦ᠂ ᠦᠬᠡᠷᠡᠴᠢᠯᠡᠯᠳᠠ ᠶᠢ ᠭᠦᠨᠵᠡᠬᠡᠶᠢᠷᠡᠭᠦᠯᠭᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠬᠡ ᠠᠵᠢᠯ ᠤᠨ ᠲᠠᠯ᠎ᠠ ᠪᠠᠷ ᠦᠨᠳᠤᠷ ᠪᠦᠳᠤᠮᠵᠢ ᠲᠠᠢ ᠨᠠᠷᠢᠨ ᠬᠢᠨᠠᠮᠠᠭᠠᠢ ᠲᠤᠤᠱᠯᠠᠭᠤᠯᠵᠤ ᠪᠤᠢ᠃ ᠡᠨᠡᠭᠦ ᠲᠠᠰᠢᠷᠠᠮ ᠳᠤ ᠰᠤᠷᠪᠤᠯᠵᠢᠯᠠᠬᠴᠢ ᠮᠠᠨ ᠤ ᠰᠤᠨᠢᠨ ᠤ ᠪᠠᠨ ︽︿8337﹀ ᠬᠦᠭᠵᠢᠯᠳᠡ ᠶᠢᠨ ᠰᠡᠳᠬᠢᠮᠵᠢ ᠶᠢ ᠨᠠᠶᠢᠳᠠᠪᠤᠷᠢᠵᠢᠭᠤᠯᠤᠨ ᠦᠵᠡᠰᠭᠦᠯᠠᠩᠳᠤ ᠰᠠᠶᠢᠬᠠᠨ ᠤᠯᠠᠭᠠᠨᠬᠠᠳᠠ ᠶᠢ ᠪᠦᠳᠦᠭᠡᠨ ᠪᠠᠶᠢᠭᠤᠯᠤᠶ᠎ᠠ︾ ᠬᠡᠭᠦ ᠰᠢᠷᠢᠰ ᠮᠠᠳᠡᠬᠡᠯᠡᠯ ᠤᠨ ᠰᠡᠳᠤᠪ ᠢᠶᠠᠷ ᠬᠡᠰᠢᠭᠳᠡᠨ ᠬᠤᠰᠢᠭᠤᠨ ᠤ ᠲᠠᠯᠠᠶᠢᠨᠠᠭᠤᠷ ᠪᠠᠯᠭᠠᠰᠤᠨ ᠳᠤ ᠭᠦᠷᠴᠤ᠂ ᠲᠤᠰ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠠᠯᠳᠠᠷᠳᠤ ᠠᠴᠠ ᠰᠤᠷᠪᠤᠯᠵᠢᠯᠠᠭ᠎ᠠ ᠠᠪᠴᠤ᠂ ᠦᠪᠠᠷᠳᠡᠬᠡᠨ ᠵᠠᠰᠠᠬᠤ ᠤᠷᠤᠨ ᠤ ︽8337︾ ᠭᠦᠭᠵᠢᠯᠳᠠ ᠶᠢᠨ ᠰᠡᠳᠬᠢᠮᠵᠢ ᠶᠢ ᠬᠡᠷᠬᠢᠨ ᠬᠡᠷᠡᠭᠵᠢᠭᠦᠯᠵᠤ ᠪᠠᠶᠢᠭ᠎ᠠ ᠲᠤᠬᠠᠢ ᠪᠤᠳᠠᠳᠤ ᠠᠵᠢᠯᠯᠠᠭ᠎ᠠ ᠶᠢᠨ ᠲᠤᠭᠤᠷᠢᠨ ᠳᠤ ᠶᠠᠷᠢᠯᠴᠠᠯ᠎ᠠ᠃      ᠰᠤᠷᠪᠤᠯᠵᠢᠯᠠᠬᠴᠢ᠄ ᠦᠪᠡᠷᠳᠡᠬᠡᠨ ᠵᠠᠰᠠᠬᠤ ᠤᠷᠤᠨ ᠤ ︽8337︾ ᠭᠦᠭᠵᠢᠯᠳᠡ ᠶᠢᠨ ᠰᠡᠳᠬᠢᠮᠵᠢ ᠶᠢ ᠮᠠᠨ ᠤ ᠤᠷᠤᠨ ᠤ ᠡᠯ ᠎ᠠ ᠱᠠᠳᠤᠨ ᠤ ᠨᠠᠮ ᠵᠠᠰᠠᠭ ᠤᠨ ᠠᠵᠢᠯ ᠤᠨ ᠭᠤᠤᠯᠳᠠᠯᠭ᠎ᠠ ᠪᠠᠨ ᠪᠤᠯᠭᠠᠵᠤ᠂ ᠪᠤᠳᠠᠳᠤ ᠠᠵᠢᠯᠯᠠᠭ᠎ᠠ ᠪᠠᠷ ᠢᠶᠠᠨ ᠪᠦᠭᠦ ᠲᠠᠯ ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠨ᠎ᠠ᠃ ᠮᠠᠯᠵᠢᠬᠤ ᠤᠷᠤᠨ ᠤ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠲᠠᠯ ᠎ᠠ ᠠᠴᠠ ᠡᠨᠡᠭᠦ ᠰᠡᠳᠬᠢᠮᠵᠢ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠬᠤ ᠪᠤᠢ︖      ᠠᠯᠳᠠᠷᠳᠤ᠄ ᠸᠠᠩ ᠵᠢᠶᠦ᠋ᠨ ᠱᠦᠵᠢ ︽8337︾ ᠭᠦᠭᠵᠢᠯᠳᠠ ᠶᠢᠨ ᠰᠡᠳᠬᠢᠮᠵᠢ ᠶᠢ ᠲᠤᠷᠠᠳᠤᠨ ᠭᠠᠷᠭᠠᠬᠰᠠᠨ ᠨᠢ ᠮᠠᠨ ᠤ ᠤᠷᠤᠨ ᠲᠠᠶᠠᠭᠠᠷ ᠲᠤ ᠰᠢᠨ᠎ᠠ ᠭᠦᠭᠵᠢᠯᠳᠠ ᠶᠢᠨ ᠲᠠᠪᠴᠠᠩ ᠢ ᠬᠠᠩᠭᠠᠬᠰᠠᠨ ᠪᠠᠶᠢᠨ᠎ᠠ᠃ ᠮᠠᠨ ᠤ ᠮᠠᠯᠵᠢᠬᠤ ᠤᠷᠤᠨ ᠳᠤ ᠠᠪᠴᠤ ᠬᠡᠯᠡᠪᠡᠯ ᠮᠦᠨ ᠴᠤ ᠯᠤᠳᠤ ᠶᠡᠭᠡ ᠭᠦᠭᠵᠢᠯᠳᠠ ᠶᠢᠨ ᠠᠵᠠ ᠲᠤᠬᠢᠶᠠᠯ ᠪᠤᠯᠬᠤ ᠪᠠᠷ ᠪᠠᠷᠠᠬᠤ ᠦᠬᠡᠢ᠂ ᠲᠤᠯᠭᠠᠷᠠᠵᠤ ᠪᠠᠶᠢᠭ᠎ᠠ ᠡᠭᠦᠷᠬᠡ ᠴᠤ ᠮᠠᠰᠢ ᠭᠦᠨᠳᠦ ᠴᠢᠬᠤᠯᠠ ᠪᠠᠶᠢᠨ᠎ᠠ᠃ ᠴᠤᠯ ᠮᠠᠯᠵᠢᠬᠤ ᠪᠠᠯᠭᠠᠰᠤ ᠪᠤᠯᠤᠬᠰᠠᠨ ᠤ ᠬᠤᠪᠢ ᠳᠤ ᠪᠢᠳᠠ ᠪᠠᠯᠭᠠᠰᠤᠨ ᠤ ᠪᠠᠨ ᠪᠤᠳᠠᠳᠤ ᠪᠠᠶᠢᠳᠠᠯ ᠠᠴᠠ ᠡᠭᠦᠰᠴᠤ᠂ ᠦᠨᠡᠨ ᠠᠴᠠ ᠵᠦᠪ ᠢ ᠡᠷᠢᠵᠤ᠂ ᠠᠵᠢᠯ ᠤᠨ ᠭᠤᠤᠯᠳᠠᠯᠭ᠎ᠠ ᠪᠠᠨ ᠲᠤᠪᠤᠶᠢᠯᠭᠠᠨ ᠴᠢᠩᠭ᠎ᠠ ᠠᠳᠬᠤᠵᠤ᠂ ᠰᠠᠳᠬᠢᠮᠵᠢ ᠶᠢᠨ ᠲᠤᠳᠤᠷᠡᠬᠢ ᠪᠤᠬᠢᠷᠳᠤᠯ ᠦᠬᠡᠢ ᠮᠠᠯ ᠤᠨ ᠠᠰᠢᠭ ᠰᠢᠮ᠎ᠠ ᠶᠢ ᠡᠳ᠋ᠰᠢᠭᠦᠯᠵᠤ ᠪᠤᠯᠪᠠᠰᠤᠷᠠᠭᠤᠯᠤᠨ ᠭᠠᠳᠠᠬᠰᠢ ᠭᠠᠷᠭᠠᠬᠤ ᠰᠠᠭᠤᠷᠢᠨ ᠭᠠᠵᠠᠷ ᠪᠤᠯᠭᠠᠨ ᠪᠦᠳᠤᠬᠡᠨ ᠪᠠᠶᠢᠭᠤᠯᠬᠤ ᠶᠢ ᠭᠤᠤᠯᠳᠠᠯᠭ᠎ᠠ ᠪᠤᠯᠭᠠᠨ ᠠᠳᠬᠤᠵᠤ᠂ ᠮᠠᠯ ᠠᠵᠤ ᠠᠬᠤᠢ ᠶᠢᠨ ᠪᠦᠳᠤᠴᠡ ᠳᠤ ᠲᠤᠬᠢᠷᠠᠭᠤᠯᠤᠯᠳᠠ ᠬᠢᠵᠤ᠂ ᠮᠠᠯ ᠪᠡᠯᠴᠢᠬᠡᠷ ᠤᠨ ᠲᠠᠩᠴᠡᠭᠦᠷᠢ ᠶᠢ ᠪᠠᠳᠤᠯᠠᠵᠤ᠂ ᠤᠷᠤᠨ ᠨᠤᠳᠤᠭ ᠤᠨ ᠢᠶᠠᠨ ᠲᠠᠪᠠᠭᠤᠯᠢᠬ ᠢᠶᠠᠨ ᠪᠠᠳᠠᠷᠠᠭᠤᠯᠵᠤ᠂ ᠮᠠᠯᠴᠢᠨ ᠲᠦᠮᠡᠨ ᠤ ᠢᠳᠡᠪᠬᠢᠵᠢᠯ ᠢ ᠲᠠᠶᠢᠴᠢᠯᠠᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠪᠠᠷ ᠭᠤᠤᠯ ᠬᠠᠷᠠᠯᠳᠠ ᠪᠠᠨ ᠪᠤᠯᠭᠠᠵᠤ᠂ ᠬᠤᠶᠢᠰᠢᠳᠠ ᠶᠢᠨ ᠤᠷᠳᠤ ᠬᠤᠭᠤᠴᠠᠭᠠᠨ ᠤ ᠠᠵᠢᠯ ᠤᠨ ᠭᠤᠤᠯᠳᠠᠯᠭ᠎ᠠ ᠪᠠᠨ ᠪᠤᠯᠭᠠᠨ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠨ᠎ᠠ᠃      ᠰᠤᠷᠪᠤᠯᠵᠢᠯᠠᠬᠴᠢ᠄ ︽8337︾ ᠭᠦᠭᠵᠢᠯᠳᠡ ᠶᠢᠨ ᠰᠡᠳᠬᠢᠮᠵᠢ ᠶᠢ ᠲᠤᠷᠠᠳᠤᠭᠠᠳ ᠨᠢᠬᠡ ᠵᠢᠯ ᠭᠠᠷᠤᠢ ᠪᠤᠯᠤᠯ᠎ᠠ᠃ ᠡᠨᠡᠭᠦ ᠰᠡᠳᠬᠢᠮᠵᠢ ᠶᠢ ᠬᠡᠷᠡᠭᠵᠢᠭᠦᠯᠦᠨ ᠲᠤᠤᠱᠯᠠᠭᠤᠯᠬᠤ ᠶᠠᠪᠤᠴᠠ ᠲᠤᠮᠳᠠ ᠶᠠᠮᠠᠷ ᠶᠠᠮᠠᠷ ᠪᠤᠳᠠᠳᠤ ᠠᠵᠢᠯᠯᠠᠭ᠎ᠠ ᠪᠠᠷ ᠢᠶᠠᠨ ᠮᠠᠯ ᠠᠵᠤ ᠠᠬᠤᠢ ᠶᠢᠨ ᠭᠦᠭᠵᠢᠯᠳᠠ ᠶᠢ ᠲᠦᠷᠬᠡᠳᠬᠡᠨ᠂ ᠮᠠᠯ ᠤᠨ ᠦᠷ ᠎ᠠ ᠠᠰᠢᠭ ᠢ ᠪᠠᠳᠤᠯᠠᠵᠤ᠂ ᠮᠠᠯᠴᠢᠳ ᠤᠨ ᠡᠳ᠋ ᠭᠦᠷᠦᠩᠬᠡ ᠶᠢ ᠬᠠᠮᠠᠭᠠᠯᠠᠵᠤ ᠪᠠᠶᠢᠬᠤ ᠪᠤᠢ︖      ᠠᠯᠳᠠᠷᠳᠤ᠄ ᠮᠠᠯ ᠠᠵᠤ ᠠᠬᠤᠢ ᠪᠤᠯ ᠮᠠᠯᠵᠢᠬᠤ ᠤᠷᠤᠨ ᠤ ᠭᠦᠭᠵᠢᠯᠳᠠ ᠶᠢᠨ ᠭᠤᠤᠯ ᠲᠤᠯᠭᠠᠭᠤᠷᠢ ᠭᠦᠴᠦᠨ ᠪᠤᠯᠤᠨ᠎ᠠ᠃ ᠮᠠᠨ ᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠡᠯᠡ ᠮᠦᠩᠭᠦ ᠴᠤᠬᠯᠠᠭᠤᠯᠵᠤ᠂ ᠰᠠᠭᠤᠷᠢ ᠲᠦᠭᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ︽ᠮᠠᠯ ᠠᠵᠤ ᠠᠬᠤᠢ ᠶᠢᠨ ᠨᠡᠮᠡᠭᠳᠡᠯ ᠢ ᠪᠠᠳᠤᠯᠠᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠭᠦ︾᠎ ᠪᠠᠷ ᠭᠤᠤᠯ ᠬᠠᠷᠠᠯᠳᠠ ᠪᠠᠨ ᠪᠤᠯᠭᠠᠵᠤ᠂ ᠦᠨᠳᠤᠷ ᠦᠷ ᠎ᠠ ᠠᠰᠢᠬᠲᠦ ᠮᠠᠯ ᠠᠵᠤ ᠠᠬᠤᠢ ᠶᠢᠨ ᠠᠵᠤ ᠦᠢᠯᠡᠰ ᠢ ᠭᠦᠭᠵᠢᠭᠦᠯᠵᠤ ᠪᠠᠶᠢᠨ᠎ᠠ᠃ 2013 ᠤᠨ ᠤ ᠲᠤᠭ᠎ᠠ ᠪᠦᠷᠢᠳᠬᠡᠯ ᠢ ᠦᠨᠳᠤᠰᠦᠯᠡᠪᠡᠯ᠂ ᠪᠦᠭᠦ ᠪᠠᠯᠭᠠᠰᠤᠨ ᠳᠤ ᠪᠤᠳᠠ ᠮᠠᠯ 3.44 ᠲᠦᠮᠡ᠂ ᠪᠤᠭ ᠮᠠᠯ 9.19 ᠲᠦᠮᠡ ᠭᠦᠷᠴᠡᠢ᠃ ᠡᠨᠡ ᠵᠢᠯ ᠤᠨ 3 ᠰᠠᠷ ᠎ᠠ ᠠᠴᠠ ᠡᠬᠢᠯᠡᠨ᠂ ᠪᠠᠯᠭᠠᠰᠤᠨ ᠤ ᠠᠮᠢᠳᠠᠨ ᠤ ᠬᠢᠵᠢᠭ ᠬᠡᠮ ᠳᠤ ᠬᠢᠨᠡᠯᠳᠠ ᠲᠠᠯᠪᠢᠬᠤ ᠦᠷᠳᠡᠭᠡ ᠶᠢᠨ ᠠᠵᠢᠯᠳᠠᠨ ᠢ ᠵᠤᠬᠢᠶᠠᠨ ᠪᠠᠶᠢᠭᠤᠯᠵᠤ᠂ ᠮᠠᠯᠴᠢᠨ ᠡᠷᠦᠬᠡ ᠪᠠᠷ ᠭᠦᠨᠵᠡᠬᠡᠶᠢᠷᠡᠵᠤ᠂ ᠮᠠᠯ ᠤᠨᠤᠭ᠎ᠠ ᠶᠢᠨ ᠡᠪᠡᠳᠴᠢᠨ ᠬᠡᠮ ᠢ ᠦᠨ᠎ᠠ ᠲᠦᠯᠦᠪᠤᠷᠢ ᠦᠬᠡᠢ ᠪᠠᠷ ᠵᠠᠰᠠᠵᠤ ᠦᠭᠭᠦ ᠠᠵᠢᠯᠯᠠᠭᠠᠨ ᠦᠷᠨᠢᠭᠦᠯᠪᠡ᠃ ᠤᠳᠤ ᠪᠤᠯᠳᠠᠯ ᠎ᠠ᠂ 100 ᠭᠠᠷᠤᠢ ᠬᠤᠷᠠᠭ᠎ᠠ᠂ 40 ᠭᠠᠷᠤᠢ ᠲᠤᠭᠤᠯ ᠤᠨ ᠬᠡᠳᠡᠰᠤᠨ ᠵᠠᠩᠬᠢᠷᠠᠭ᠎ᠠ᠂ 300 ᠠᠳᠤᠭᠤ ᠶᠢᠨ ᠴᠢᠰᠤᠨ ᠤ ᠪᠠᠮ ᠡᠪᠡᠳᠴᠢᠨ ᠢ ᠵᠠᠰᠠᠵᠤ᠂ 30 ᠭᠠᠷᠤᠢ ᠲᠤᠭᠤᠯᠯᠠᠵᠤ ᠲᠠᠶᠢᠯᠭᠦ ᠦᠬᠡᠢ ᠦᠨᠢᠶ ᠎ᠠ ᠳᠤ ᠮᠠᠰᠠ ᠵᠠᠰᠠᠯ ᠬᠢᠵᠤ᠂ 20 — 50 ᠲᠦᠮᠡᠨ ᠲᠦᠭᠦᠷᠢᠭ ᠤᠨ ᠠᠵᠤ ᠠᠬᠤᠢ ᠶᠢᠨ ᠬᠤᠬᠢᠷᠠᠯ ᠢ ᠡᠬᠡᠭᠦᠯᠦᠨ ᠠᠪᠴᠢᠷᠠᠵᠤ ᠴᠢᠳᠠᠬᠰᠠᠨ ᠪᠠᠶᠢᠨ᠎ᠠ᠃ ᠮᠠᠯ ᠵᠢᠭᠦᠷᠳᠡᠨ ᠤ ᠱᠦᠯᠭᠦᠬᠡ ᠡᠪᠡᠳᠴᠢᠨ᠂ ᠪᠷᠦ᠋ᠼᠧᠯ ᠡᠪᠡᠳᠴᠢᠨ᠂ ᠬᠤᠨᠢᠨ ᠤ ᠴᠡᠴᠡᠭ ᠡᠪᠡᠳᠴᠢᠨ ᠵᠡᠷᠬᠡ ᠬᠢᠵᠢᠭ ᠬᠡᠮ ᠢ ᠡᠰᠡᠷᠭᠦᠴᠡᠭᠦ ᠨᠤᠷᠮ᠎ᠠ ᠶᠢ 100%᠎ ᠲᠤ ᠭᠦᠷᠬᠡᠵᠤ᠂ ᠮᠠᠯᠴᠢᠳ ᠤᠨ ᠮᠠᠯ ᠤᠨᠤᠭ᠎ᠠ ᠦᠭᠦᠵᠤ ᠬᠤᠷᠤᠭᠳᠠᠬᠤ ᠨᠤᠷᠮ᠎ᠠ ᠶᠢ ᠬᠠᠮᠤᠭ ᠤᠨ ᠲᠤᠤᠷ ᠎ᠠ ᠬᠡᠮᠵᠢᠶ ᠎ᠠ ᠪᠠᠷ ᠬᠢᠵᠠᠭᠠᠷᠯᠠᠪᠠ᠃ ᠰᠠᠭᠤᠷᠢ ᠪᠦᠳᠤᠬᠡᠨ ᠪᠠᠶᠢᠭᠤᠯᠤᠯᠳᠠ ᠶᠢᠨ ᠲᠠᠯ ᠎ᠠ ᠪᠠᠷ᠂ ︽ᠨᠢᠬᠡ ᠶᠠᠪᠤᠳᠠᠯ ᠢ ᠨᠢᠬᠡ ᠵᠦᠪᠯᠡᠭᠦ︾ ᠡᠳ᠋ ᠤᠨ ᠵᠠᠰᠠᠭ ᠤᠨ ᠱᠠᠩᠨᠠᠨ ᠨᠦᠭᠦᠪᠤᠷᠢᠯᠠᠭᠦ ᠲᠦᠷᠦᠯ ᠵᠦᠢᠯ ᠢ ᠠᠰᠢᠬᠯᠠᠨ 473.5 ᠲᠦᠮᠡᠨ ᠲᠦᠭᠦᠷᠢᠭ ᠤᠨ ᠪᠡᠯᠡ ᠤᠷᠤᠭᠤᠯᠵᠤ᠂ 3 ᠴᠠᠬᠢᠯᠭᠠᠨ ᠬᠤᠳᠳᠤᠭ ᠮᠠᠯᠳᠠᠵᠤ᠂ 3000 ᠮᠧᠳ᠋ᠷ ᠤᠨ ᠲᠦᠬᠡᠬᠡᠯ ᠤᠰᠤᠨ ᠤ ᠬᠤᠭᠤᠯᠠᠢ ᠤᠬᠰᠠᠷᠠᠵᠤ᠂ 14 ᠬᠢᠵᠢᠭ ᠢ ᠰᠡᠷᠬᠡᠶᠢᠯᠡᠭᠦ ᠬᠠᠰᠢᠶ ᠎ᠠ ᠪᠠᠶᠢᠭᠤᠯᠵᠤ᠂ 102 ᠲᠤᠯᠠᠭᠠᠨ ᠫᠧᠩ ᠰᠡᠷᠠᠪᠴᠢ᠂ 1 ᠰᠤᠶᠤᠯ ᠲᠠᠮᠢᠷ ᠤᠨ ᠲᠠᠯᠠᠪᠤᠷ ᠢ ᠪᠠᠶᠢᠭᠤᠯᠵᠤ᠂ 673 ᠡᠪᠡᠰᠤ ᠠᠷᠪᠢᠯᠠᠬᠤ ᠤᠩᠭᠤᠴᠠ ᠬᠤᠳᠠᠯᠳᠤᠨ ᠠᠪᠴᠡᠢ᠃ ᠠᠷᠠᠳ ᠢ ᠨᠡᠭᠦᠯᠬᠡᠨ ᠲᠤᠬᠢᠷᠠᠭᠤᠯᠬᠤ ᠲᠦᠷᠦᠯ ᠵᠦᠢᠯ ᠢ ᠠᠰᠢᠬᠯᠠᠵᠤ 110 ᠲᠦᠮᠡᠨ ᠲᠦᠭᠦᠷᠢᠭ ᠤᠨ ᠪᠡᠯᠡ ᠮᠦᠩᠭᠦ ᠭᠠᠷᠭᠠᠨ᠂ ᠮᠠᠯᠴᠢᠳ 51 ᠲᠦᠮᠡᠨ ᠲᠦᠭᠦᠷᠢᠭ ᠭᠠᠷᠭᠠᠵᠤ᠂ ᠭᠠᠩᠭᠠᠩ ᠭᠠᠴᠠᠭ᠎ᠠ ᠳᠤ ᠦᠬᠡᠷ ᠬᠤᠨᠢ ᠲᠡᠵᠢᠬᠡᠨ ᠦᠷᠡᠵᠢᠭᠦᠯᠭᠦ ᠲᠠᠯᠠᠪᠡᠢ ᠪᠠᠶᠢᠭᠤᠯᠵᠤ᠂ ᠠᠩᠬᠠᠳᠤᠭᠠᠷ ᠬᠤᠭᠤᠴᠠᠭᠠᠨ ᠤ ᠪᠠᠷᠢᠯᠭ᠎ᠠ ᠲᠠᠭᠤᠰᠴᠤ᠂ ᠬᠤᠶᠠᠳᠤᠭᠠᠷ ᠤᠳᠠᠭᠠᠨ ᠤ ᠪᠠᠷᠢᠯᠭ᠎ᠠ ᠶᠢ ᠨᠢᠬᠡᠨᠳᠡ ᠡᠬᠢᠯᠡᠭᠦᠯᠦᠭᠰᠡᠨ ᠪᠠᠶᠢᠨ᠎ᠠ᠃ ᠶᠠᠳᠠᠭᠤ ᠶᠢ ᠲᠠᠳᠭᠦᠨ ᠨᠡᠬᠡᠬᠡᠨ ᠭᠦᠭᠵᠢᠭᠦᠯᠭᠦ ᠲᠦᠷᠦᠯ ᠵᠦᠢᠯ ᠢ ᠠᠰᠢᠬᠯᠠᠵᠤ 70 ᠲᠦᠮᠡᠨ ᠲᠦᠭᠦᠷᠢᠭ ᠤᠨ ᠪᠡᠯᠡ ᠭᠠᠷᠭᠠᠨ᠂ ᠮᠠᠯᠴᠢᠳ 30.4 ᠲᠦᠮᠡᠨ ᠲᠦᠭᠦᠷᠢᠭ ᠭᠠᠷᠭᠠᠵᠤ᠂ 835 ᠰᠠᠶᠢᠨ ᠡᠬᠦᠯᠳᠡᠷ ᠤᠨ ᠬᠤᠨᠢ ᠬᠤᠳᠠᠯᠳᠤᠨ ᠠᠪᠴᠤ ᠪᠠᠶᠠᠨᠵᠢᠷᠦᠬᠡ ᠭᠠᠴᠠᠭ᠎ᠠ ᠶᠢᠨ 110 ᠡᠷᠦᠬᠡ ᠮᠠᠯᠴᠢᠳ ᠲᠤ ᠬᠤᠪᠢᠶᠠᠨ ᠦᠭᠴᠡᠢ᠃ ᠶᠠᠳᠠᠭᠤ ᠶᠢ ᠲᠠᠳᠭᠦᠭᠦ ᠠᠯᠪᠠᠨ ᠬᠡᠷ ᠠᠴᠠ ᠬᠠᠪᠰᠤᠷᠤᠨ ᠲᠠᠮᠵᠢᠭᠦ ᠪᠡᠯᠡ ᠮᠦᠩᠭᠦ ᠶᠢ 40 ᠲᠦᠮᠡᠨ ᠲᠦᠭᠦᠷᠢᠭ ᠲᠡᠮᠡᠴᠡᠨ ᠤᠯᠵᠤ᠂ 400 ᠭᠠᠷᠤᠢ ᠠᠯᠠᠰᠢᠨ ᠬᠤᠨᠢ ᠬᠤᠳᠠᠯᠳᠤᠨ ᠠᠪᠴᠤ᠂ ᠮᠠᠯᠴᠢᠳ ᠲᠤ ᠬᠤᠪᠢᠶᠠᠨ ᠦᠭᠪᠡ᠃ 480 ᠲᠦᠮᠡᠨ ᠲᠦᠭᠦᠷᠢᠭ ᠤᠨ ᠪᠡᠯᠡ ᠤᠷᠤᠭᠤᠯᠤᠨ᠂ ᠲᠠᠯᠠᠪᠠᠢ ᠨᠢ 2200 ᠲᠡᠭᠰᠢ ᠲᠦᠷᠪᠡᠯᠵᠢᠨ ᠮᠧᠳ᠋ᠷ ᠤᠨ ᠡᠪᠡᠰᠤ ᠬᠠᠳᠠᠭᠠᠯᠠᠬᠤ ᠫᠧᠩ᠂ 2000 ᠲᠡᠭᠰᠢ ᠲᠦᠷᠪᠡᠯᠵᠢᠨ ᠮᠧᠳ᠋ᠷ ᠲᠠᠯᠠᠪᠠᠢ ᠪᠦᠭᠦᠢ ᠰᠢᠨ᠎ᠠ ᠰᠤᠷᠭᠤᠬ ᠢᠶᠠᠷ ᠬᠠᠳᠠᠭᠠᠯᠠᠬᠤ ᠭᠦᠮᠦᠷᠬᠡ ᠪᠠᠶᠢᠭᠤᠯᠤᠬᠰᠠᠨ ᠪᠠᠶᠢᠨ᠎ᠠ᠃      ᠰᠤᠷᠪᠤᠯᠵᠢᠯᠠᠬᠴᠢ᠄ ᠮᠠᠯᠵᠢᠬᠤ ᠤᠷᠤᠨ ᠤ ᠲᠠᠯ᠎ᠠ ᠠᠴᠠ ᠠᠪᠴᠤ ᠬᠡᠯᠡᠪᠡᠯ᠂ ᠮᠠᠯ ᠠᠵᠤ ᠠᠬᠤᠢ ᠶᠢᠨ ᠭᠦᠭᠵᠢᠯᠳᠡ ᠨᠢ ᠪᠦᠭᠦ ᠨᠠᠶᠢᠬᠡᠮ ᠤᠨ ᠭᠦᠭᠵᠢᠯᠳᠠ ᠶᠢ ᠲᠠᠶᠢᠴᠢᠯᠠᠵᠤ᠂ ᠮᠠᠯ ᠤᠨ ᠡᠭᠦᠯᠳᠡᠷ ᠨᠢ ᠮᠠᠯ ᠠᠵᠤ ᠠᠬᠤᠢ ᠶᠢᠨ ᠭᠦᠭᠵᠢᠯᠳᠠ ᠶᠢ ᠰᠢᠭᠤᠳ ᠨᠦᠯᠦᠬᠡᠯᠡᠵᠤ ᠪᠠᠶᠢᠳᠠᠭ᠃ ᠲᠡᠬᠡᠪᠡᠯ ᠪᠠᠯᠭᠠᠰᠤᠨ ᠤ ᠪᠠᠨ ᠬᠤᠪᠢ ᠳᠤ ᠮᠠᠯ ᠠᠵᠤ ᠠᠬᠤᠢ ᠶᠢᠨ ᠭᠦᠭᠵᠢᠯᠳᠠ ᠶᠢ ᠠᠬᠢᠭᠤᠯᠵᠤ᠂ ᠮᠠᠯ ᠤᠨ ᠠᠰᠢᠭ ᠰᠢᠮ᠎ᠠ ᠶᠢ ᠪᠠᠳᠤᠯᠠᠨ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠭᠦ ᠠᠵᠢᠯ ᠢ ᠬᠡᠷᠬᠢᠨ ᠠᠳᠬᠤᠵᠤ ᠨᠠᠶᠢᠳᠠᠪᠤᠷᠢᠵᠢᠭᠤᠯᠵᠤ ᠪᠠᠶᠢᠬᠤ ᠪᠤᠢ︖      ᠠᠯᠳᠠᠷᠳᠤ᠄ ᠮᠠᠯ ᠪᠤᠯ ᠮᠠᠯᠴᠢᠳ ᠤᠨ ᠠᠮᠢᠳᠤᠷᠠᠯ ᠤᠨ ᠠᠯᠳᠠᠨ ᠠᠶᠠᠭ᠎ᠠ ᠮᠦᠨ᠃ ᠮᠠᠯ ᠤᠨ ᠠᠰᠢᠭ ᠰᠢᠮ᠎ᠠ ᠶᠢ ᠪᠠᠳᠤᠯᠠᠨ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠭᠦ ᠠᠵᠢᠯ ᠪᠤᠯ ᠪᠢᠳᠠᠨ ᠤ ᠠᠵᠢᠯ ᠤᠨ ᠭᠤᠤᠯᠳᠠᠯᠭ᠎ᠠ ᠪᠤᠯᠤᠨ᠎ᠠ᠃ ᠪᠢᠳᠠ ᠡᠨᠡᠭᠦ ᠠᠵᠢᠯ ᠤᠨ ᠲᠤᠭᠤᠷᠢᠨ ᠳᠤ ᠰᠠᠶᠢᠨ ᠡᠬᠦᠯᠳᠡᠷ ᠤᠨ ᠪᠤᠬ᠎ᠠ ᠪᠤᠯᠤᠨ ᠭᠠᠷ ᠬᠡᠬᠡᠯᠳᠤᠭᠦᠯᠭᠡ ᠶᠢ ᠤᠶᠠᠯᠳᠤᠭᠤᠯᠬᠤ ᠠᠷᠭ᠎ᠠ ᠬᠡᠮᠵᠢᠶ ᠎ᠠ ᠶᠢ ᠠᠪᠴᠤ᠂ ᠪᠤᠳᠠ ᠪᠤᠬ ᠮᠠᠯ ᠤᠨ ᠡᠭᠦᠯᠳᠡᠷ ᠰᠠᠶᠢᠵᠢᠷᠠᠭᠤᠯᠬᠤ ᠠᠵᠢᠯ ᠢ ᠦᠷᠭᠦᠯᠵᠢᠯᠠᠨ ᠴᠢᠩᠭ᠎ᠠ ᠠᠳᠬᠤᠵᠤ᠂ ᠮᠠᠯᠴᠢᠳ ᠬᠤᠯᠪᠤᠭᠠᠯᠠᠨ ᠬᠤᠷᠰᠢᠶᠠᠵᠢᠯ ᠪᠠᠶᠢᠭᠤᠯᠬᠤ᠂ ᠬᠤᠪᠢ ᠭᠦᠮᠦᠨ ᠤ ᠬᠡᠷ ᠪᠦᠯᠢ ᠶᠢᠨ ᠮᠠᠯᠵᠢᠯ ᠤᠨ ᠲᠠᠯᠠᠪᠡᠢ ᠪᠠᠶᠢᠭᠤᠯᠬᠤ ᠶᠢ ᠪᠦᠭᠦ ᠭᠦᠴᠦ ᠪᠠᠷ ᠲᠡᠮᠵᠢᠵᠤ᠂ ᠮᠠᠯ ᠠᠵᠤ ᠠᠬᠤᠢ ᠶᠢᠨ ᠶᠠᠰᠤ ᠴᠢᠨᠠᠷ ᠢ ᠲᠡᠭᠡᠭᠰᠢᠯᠡᠭᠦᠯᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠭᠦ ᠠᠷᠭ᠎ᠠ ᠪᠤᠳᠤᠯᠭ᠎ᠠ ᠶᠢ ᠲᠠᠰᠤᠷᠠᠯᠳᠠ ᠦᠬᠡᠢ ᠰᠦᠪᠡᠭᠴᠢᠯᠡᠵᠤ ᠪᠠᠶᠢᠨ᠎ᠠ᠃ ︽ᠭᠠᠩᠭᠠᠩ ᠭᠠᠴᠠᠭᠠᠨ ᠤ ᠰᠢᠮᠧᠨ᠋ᠲ᠋ᠠᠷ ᠦᠬᠡᠷ ᠬᠤᠨᠢ ᠲᠠᠵᠢᠬᠡᠨ ᠪᠤᠷᠳᠤᠬᠤ ᠬᠤᠷᠰᠢᠶᠠᠵᠢᠯ︾᠂ ︽ᠪᠠᠭᠠᠳᠤᠷ ᠤᠨ ᠳ᠋ᠦᠪᠦ᠋ ᠠᠯᠠᠰᠢᠨ ᠬᠤᠨᠢ ᠲᠠᠵᠢᠬᠡᠨ ᠦᠷᠡᠵᠢᠭᠦᠯᠭᠦ ᠲᠤᠰᠬᠠᠢ ᠬᠤᠷᠰᠢᠶᠠᠵᠢᠯ︾᠎ ᠢᠶᠠᠷ ᠭᠤᠤᠯ ᠴᠡᠭ ᠪᠤᠯᠭᠠᠨ ᠠᠳᠬᠤᠵᠤ᠂ ᠪᠦᠭᠦ ᠪᠠᠯᠭᠠᠰᠤᠨ ᠤ ᠮᠠᠯᠴᠢᠳ ᠢ ᠲᠠᠶᠢᠴᠢᠯᠠᠨ ᠬᠤᠷᠰᠢᠶᠠᠵᠢᠯ ᠳᠤ ᠢᠳᠡᠪᠬᠢᠳᠡᠢ ᠤᠷᠤᠯᠴᠠᠭᠤᠯᠵᠤ ᠪᠤᠢ᠃ ︽ᠭᠠᠩᠭᠠᠩ ᠭᠠᠴᠠᠭᠠᠨ ᠤ ᠰᠢᠮᠧᠨ᠋ᠲ᠋ᠡᠷ ᠦᠬᠡᠷ ᠪᠠ ᠬᠤᠨᠢ ᠲᠠᠵᠢᠬᠡᠨ ᠪᠤᠷᠳᠤᠬᠤ ᠬᠤᠷᠰᠢᠶᠠᠵᠢᠯ︾᠎ ᠳᠤ ᠤᠳᠤ 30 ᠭᠠᠷᠤᠢ ᠡᠷᠦᠬᠡ ᠤᠷᠤᠯᠴᠠᠵᠤ᠂ 800 ᠦᠬᠡᠷ᠂ 1500 ᠬᠤᠨᠢ ᠪᠠᠶᠢᠵᠤ᠂ 37000 ᠮᠦ ᠬᠠᠳᠤᠯᠠᠩ ᠪᠡᠯᠴᠢᠬᠡᠷ ᠲᠠᠢ ᠲᠤᠮᠤ ᠬᠤᠷᠰᠢᠶᠠᠵᠢᠯ ᠪᠤᠯᠵᠤ᠂ ᠡᠷᠦᠬᠡ ᠪᠠᠷ ᠨᠢᠬᠡᠴᠢ ᠪᠤᠯᠭᠠᠨ ᠨᠢᠬᠡᠳᠤᠯᠳᠡᠢ ᠬᠠᠮᠢᠶᠠᠷᠴᠤ ᠪᠠᠶᠢᠨ᠎ᠠ᠃ ᠪᠦᠳᠤᠬᠡᠨ ᠪᠠᠶᠢᠭᠤᠯᠤᠯᠳᠠ ᠶᠢᠨ ᠲᠠᠯ᠎ᠠ ᠪᠠᠷ ᠬᠤᠰᠢᠭᠤᠨ ᠤ ᠵᠠᠰᠠᠭ ᠤᠨ ᠤᠷᠳᠤᠨ ᠤ 110 ᠲᠦᠮᠡᠨ ᠲᠦᠭᠦᠷᠢᠭ ᠤᠨ ᠪᠡᠯᠡ ᠮᠦᠩᠭᠦ ᠶᠢ ᠠᠰᠢᠬᠯᠠᠵᠤ᠂ ᠮᠠᠯᠴᠢᠳ 60 ᠲᠦᠮᠡᠨ ᠲᠦᠭᠦᠷᠢᠭ ᠤᠨ ᠪᠡᠯᠡ ᠤᠷᠤᠭᠤᠯᠵᠤ᠂ 2000 ᠲᠡᠭᠰᠢ ᠲᠦᠷᠪᠡᠯᠵᠢᠨ ᠮᠧᠳ᠋ᠷ ᠲᠠᠯᠠᠪᠠᠢ ᠪᠦᠭᠦᠢ ᠪᠤᠷᠳᠤᠨ ᠲᠡᠵᠢᠬᠡᠭᠦ ᠲᠡᠯᠠᠪᠠᠢ ᠪᠠᠶᠢᠭᠤᠯᠵᠤ᠂ ᠡᠨᠡ ᠵᠢᠯ ᠤᠨ 8 ᠰᠠᠷ ᠎ᠠ ᠳᠤ ᠠᠰᠢᠬᠯᠠᠯᠳᠠ ᠳᠤ ᠤᠷᠤᠬᠤ ᠪᠤᠯᠤᠨ᠎ᠠ᠃ ᠬᠤᠷᠰᠢᠶᠠᠵᠢᠯ ᠢ ᠠᠩᠬ᠎ᠠ ᠡᠬᠢᠯᠠᠵᠤ ᠪᠠᠶᠢᠭᠤᠯᠬᠤ ᠳᠤ᠂ ᠨᠢᠬᠡ ᠡᠷᠦᠬᠡ ᠨᠢᠬᠡ ᠲᠦᠮᠡᠨ ᠲᠦᠭᠦᠷᠢᠭ ᠤᠨ ᠤᠷᠤᠯᠭ᠎ᠠ ᠤᠯᠵᠤ ᠪᠠᠶᠢᠬᠰᠠᠨ ᠠᠴᠠ ᠤᠳᠤ ᠨᠢᠬᠡ ᠦᠬᠡᠷ ᠲᠡᠬᠡᠷ ᠎ᠠ ᠠᠴᠠ 2000 ᠲᠦᠭᠦᠷᠢᠭ ᠤᠨ ᠴᠡᠪᠡᠷ ᠤᠷᠤᠯᠭ᠎ᠠ ᠤᠯᠵᠤ᠂ ᠬᠤᠷᠰᠢᠶᠠᠵᠢᠯ ᠢᠶᠠᠷ ᠲᠡᠮᠵᠢᠭᠠᠳ 90 ᠭᠠᠷᠤᠢ ᠲᠦᠮᠡᠨ ᠲᠦᠭᠦᠷᠢᠭ ᠤᠨ ᠤᠷᠤᠯᠭ᠎ᠠ ᠶᠢ ᠪᠠᠳᠤᠯᠠᠵᠤ ᠪᠠᠶᠢᠨ᠎ᠠ᠃ ︽ᠪᠠᠭᠠᠳᠤᠷ ᠤᠨ ᠳ᠋ᠦᠪᠦ᠋ ᠠᠯᠠᠰᠢᠨ ᠬᠤᠨᠢ ᠲᠠᠵᠢᠬᠡᠨ ᠦᠷᠡᠵᠢᠭᠦᠯᠭᠦ ᠲᠤᠰᠬᠠᠢ ᠬᠤᠷᠰᠢᠶᠠᠵᠢᠯ︾᠎ ᠨᠢ ᠭᠠᠩᠭᠠᠩ ᠭᠠᠴᠠᠭᠠᠨ ᠳᠤ ᠪᠠᠶᠢᠷᠢᠯᠠᠵᠤ᠂ 20000 ᠭᠠᠷᠤᠢ ᠬᠤᠨᠢ᠂ 47.7 ᠲᠦᠮᠡᠨ ᠮᠦ ᠬᠠᠳᠤᠯᠠᠩ ᠪᠡᠯᠴᠢᠬᠡᠷ ᠲᠠᠢ ᠪᠠᠶᠢᠵᠤ ᠂ ᠲᠤᠰ ᠭᠠᠴᠠᠭᠠᠨ ᠤ 118 ᠡᠷᠦᠬᠡ ᠬᠤᠷᠰᠢᠶᠠᠵᠢᠯ ᠳᠤ ᠤᠷᠤᠯᠴᠠᠬᠰᠠᠨ ᠪᠠᠶᠢᠨ᠎ᠠ᠃ ᠲᠤᠰ ᠬᠤᠷᠰᠢᠶᠠᠵᠢᠯ ᠨᠢ ᠳ᠋ᠦᠪᠦ᠋ ᠬᠤᠨᠢ ᠶᠢᠨ ᠡᠭᠦᠯᠳᠡᠷ ᠢᠶᠠᠷ ᠭᠤᠤᠯ ᠪᠤᠯᠭᠠᠵᠤ᠂ ᠨᠤᠳᠤᠭ ᠤᠨ ᠬᠤᠨᠢ ᠲᠠᠢ ᠡᠷᠯᠢᠰᠡᠵᠢᠭᠦᠯᠤᠨ ᠦᠷᠡᠵᠢᠭᠦᠯᠵᠤ ᠪᠤᠢ᠃ ᠳ᠋ᠦᠪᠦ᠋ ᠬᠤᠨᠢ ᠨᠢ ᠪᠡᠶ᠎ᠠ ᠪᠢᠯᠳᠡᠷ ᠢᠶᠠᠷ ᠪᠦᠳᠦᠭᠦᠨ᠂ ᠡᠪᠡᠷ ᠦᠬᠡᠢ᠂ ᠪᠠᠭ᠎ᠠ ᠰᠡᠭᠦᠯ ᠲᠠᠢ᠂ ᠬᠠᠷ᠎ᠠ ᠮᠢᠬ᠎ᠠ ᠤᠯᠠᠨ ᠭᠠᠷᠳᠠᠭ ᠵᠡᠷᠬᠡ ᠦᠪᠡᠷᠮᠢᠴᠡ ᠤᠨᠴᠡᠯᠢᠬ ᠲᠠᠢ ᠮᠦᠷᠳᠡᠬᠡᠨ ᠤᠷᠴᠢᠨ ᠲᠤᠭᠤᠷᠢᠨ ᠳᠤ ᠵᠤᠬᠢᠴᠠᠬᠤ᠂ ᠡᠪᠡᠳᠴᠢᠨ ᠬᠢᠵᠢᠭ ᠢ ᠡᠰᠡᠷᠬᠦᠴᠡᠭᠦ ᠴᠢᠳᠡᠪᠤᠷᠢ ᠪᠤᠯᠤᠨ ᠦᠷᠡᠵᠢᠭᠦ ᠴᠢᠳᠡᠪᠤᠷᠢ ᠨᠢ ᠲᠤᠩ ᠰᠠᠶᠢᠨ ᠪᠠᠶᠢᠵᠤ᠂ ᠦᠰᠦᠯᠳᠡ ᠨᠢ ᠴᠤ ᠲᠤᠩ ᠲᠦᠷᠬᠡᠨ ᠪᠠᠶᠢᠳᠠᠭ᠃ ᠡᠨᠡ ᠬᠤᠶᠠᠷ ᠬᠤᠷᠰᠢᠶᠠᠵᠢᠯ ᠢᠶᠠᠷ ᠵᠢᠱᠢᠶ᠎ᠠ ᠦᠵᠡᠭᠦᠯᠵᠤ᠂ ᠬᠡᠷ ᠪᠦᠯᠢ ᠶᠢᠨ ᠮᠠᠯᠵᠢᠯ ᠤᠨ ᠲᠠᠯᠠᠪᠠᠢ ᠶᠢ ᠲᠠᠶᠢᠴᠢᠯᠠᠵᠤ᠂ ᠠᠮᠢ ᠠᠬᠤᠢᠢᠵᠢᠬᠰᠠᠨ ᠮᠠᠯ ᠠᠵᠤ ᠠᠬᠤᠢ ᠶᠢᠨ ᠪᠦᠳᠤᠬᠡᠨ ᠪᠠᠶᠢᠭᠤᠯᠤᠯᠳᠠ ᠶᠢ ᠴᠢᠩᠭᠠᠳᠬᠠᠵᠤ᠂ ᠤᠳᠤ ᠦᠶ᠎ᠠ ᠶᠢᠨ ᠮᠠᠯ ᠠᠵᠤ ᠠᠬᠤᠢ ᠶᠢ ᠭᠦᠭᠵᠢᠭᠦᠯᠵᠤ᠂ ᠪᠦᠳᠤᠴᠡ ᠳᠤ ᠲᠤᠬᠢᠷᠠᠭᠤᠯᠤᠯᠳᠠ ᠬᠢᠭᠦ ᠂ ᠭᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠤᠯ ᠬᠠᠷᠠᠯᠳᠠ ᠶᠢᠨ ᠢᠶᠠᠨ ᠲᠤᠭᠤᠷᠢᠨ ᠳᠤ ᠠᠵᠢᠯ ᠢᠶᠠᠨ ᠪᠠᠶᠢᠷᠢᠯᠠᠭᠤᠯᠵᠤ᠂ ᠪᠤᠳᠠᠳᠤ ᠠᠵᠢᠯᠯᠠᠭ᠎ᠠ ᠪᠠᠷ ᠢᠶᠠᠨ ᠦᠨᠳᠤᠷ ᠦᠷ ᠎ᠠ ᠪᠦᠳᠤᠮᠵᠢ ᠤᠯᠬᠤ ᠪᠠᠷ ᠴᠢᠷᠮᠠᠶᠢᠨ᠎ᠠ᠃
 
ᠢᠷᠡᠯᠲᠡ᠄ ᠬᠡᠰᠢᠭᠳᠡᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号