| 2013 ᠤᠨ ᠤ 3 ᠰᠠᠷ᠎ᠠ ᠶᠢᠨ 19 ᠤ ᠡᠳᠦᠷ᠂ ᠦᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠱᠦᠵᠢ ᠸᠠᠩ ᠵᠢᠶᠦ᠋ᠨ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠪᠦᠬᠦ ᠤᠷᠤᠨ ᠳᠤ ᠤᠯᠠᠮᠵᠢᠯᠠᠨ | ᠲᠤᠤᠱᠯᠠᠭᠤᠯᠬᠤ ᠶᠡᠭᠡ ᠬᠤᠷᠠᠯ ᠲᠡᠬᠡᠷ᠎ᠠ ︽8337︾ ᠬᠦᠭᠵᠢᠯᠲᠠ ᠶᠢᠨ ᠰᠡᠳᠬᠢᠮᠵᠢ ᠶᠢ ᠲᠤᠷᠠᠳᠴᠦ᠂ ᠮᠠᠨ ᠤ | ᠤᠷᠤᠨ ᠤ ᠬᠦᠭᠵᠢᠯᠲᠠ ᠶᠢᠨ ᠪᠠᠶᠢᠷᠢᠰᠢᠭᠤᠯᠤᠯᠲᠠ᠂ ᠠᠵᠢᠯ ᠤᠨ ᠭᠤᠤᠯᠳᠠᠯᠭ᠎ᠠ᠂ ᠦᠨᠳᠦᠰᠦᠨ ᠱᠠᠭᠠᠷᠳᠠᠯᠭ᠎ᠠ ᠪᠠ | ᠭᠤᠤᠯ ᠡᠬᠦᠷᠬᠡ ᠶᠢ ᠤᠯᠠᠮ ᠨᠢᠬᠡ ᠠᠯᠬᠤᠮ ᠲᠤᠳᠤᠷᠠᠭᠤᠯᠵᠦ᠂ ᠠᠷᠠᠳ ᠤᠯᠠᠨ ᠤ ᠰᠢᠨ᠎ᠠ ᠬᠦᠰᠡᠯ ᠡᠷᠡᠮᠡᠯᠵᠠᠯ ᠳᠤ | ᠬᠠᠷᠢᠭᠤ ᠦᠭᠴᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠮᠠᠨ ᠤ ᠤᠷᠤᠨ ᠳᠤ | ᠪᠤᠲᠠᠲᠠᠶᠢᠵᠢᠭᠤᠯᠤᠭᠰᠡᠨ ᠪᠠᠶᠢᠨ᠎ᠠ᠃ | ᠶᠠᠭ ᠡᠨᠡᠬᠦ ᠪᠦᠬᠦ ᠤᠷᠤᠨ ᠢᠶᠠᠷ ᠢᠶᠠᠨ ︽8337︾ ᠬᠦᠭᠵᠢᠯᠲᠠ ᠶᠢᠨ ᠰᠡᠳᠬᠢᠮᠵᠢ ᠪᠠᠷ ᠦᠨᠳᠦᠰᠦᠯᠡᠯ | ᠪᠤᠯᠭᠠᠵᠦ ᠤᠷᠤᠨ ᠨᠤᠳᠤᠭ ᠤᠨ ᠤᠨᠴᠠᠯᠢᠭ ᠲᠠᠭᠠᠨ ᠲᠤᠬᠢᠷᠠᠭᠰᠡᠨ ᠬᠦᠭᠵᠢᠯᠲᠠ ᠶᠢᠨ ᠲᠠᠷᠳᠡᠩ ᠵᠠᠮ ᠢᠶᠠᠷ | ᠬᠦᠬᠡᠬᠡᠴᠡᠯᠳᠦᠨ ᠶᠠᠪᠤᠵᠦ ᠪᠠᠶᠢᠭ᠎ᠠ ᠲᠠᠰᠢᠷᠠᠮ ᠳᠤ ᠰᠤᠷᠪᠤᠯᠵᠢᠯᠠᠭᠴᠢ ᠬᠡᠰᠢᠭᠲᠡᠨ ᠬᠤᠰᠢᠭᠤᠨ ᠤ ᠲᠠᠷᠬᠠᠨᠬᠭᠤᠯᠠ | ᠰᠤᠮᠦᠨ ᠳᠤ ᠬᠦᠷᠴᠦ ᠰᠤᠮᠦᠨ ᠤ ᠨᠠᠮ ᠤᠨ ᠬᠤᠷᠢᠶᠠᠨ ᠤ ᠱᠦᠵᠢ ᠰᠢᠷᠡᠮᠦ ᠠᠴᠠ ᠰᠤᠷᠪᠤᠯᠵᠢᠯᠠᠭ᠎ᠠ ᠠᠪᠤᠯ᠎ᠠ᠃ | ᠲᠠᠷᠬᠠᠨ᠋ᠠᠭᠤᠯᠠ ᠰᠤᠮᠦ ᠨᠢ ᠦᠪᠡᠷᠲᠡᠬᠡᠨ ᠵᠠᠰᠠᠬᠤ ᠤᠷᠤᠨ ᠤ ︽8337︾ ᠬᠦᠭᠵᠢᠯᠲᠠ ᠶᠢᠨ | ᠰᠡᠳᠬᠢᠮᠵᠢ ᠪᠠᠷ ᠬᠦᠭᠵᠢᠯᠲᠠ ᠶᠢᠨ ᠤᠷᠤᠨ ᠪᠠᠶᠢᠷᠢ ᠪᠠᠨ ᠲᠤᠭᠲᠠᠭᠠᠵᠦ᠂ ᠲᠠᠯ᠎ᠠ ᠨᠤᠳᠤᠭ ᠤᠨ ᠰᠤᠶᠤᠯ ᠢ | ᠬᠠᠷᠠᠭᠤᠯᠤᠭᠰᠡᠨ ᠦᠪᠡᠷᠮᠢᠴᠠ ᠤᠨᠴᠠᠯᠢᠭ ᠲᠠᠢ ᠰᠡᠯᠡᠬᠦᠴᠡᠨ ᠠᠮᠠᠷᠠᠬᠤ ᠰᠠᠭᠤᠷᠢᠨ ᠢ ᠪᠠᠶᠢᠭᠤᠯᠬᠤ ᠪᠠ ᠲᠠᠯ᠎ᠠ | ᠨᠤᠳᠤᠭ ᠤᠨ ᠤᠨᠴᠠᠯᠢᠭ ᠲᠠᠭᠠᠨ ᠲᠤᠬᠢᠷᠠᠭᠰᠡᠨ ᠵᠢᠭᠤᠯᠴᠢᠯᠠᠯ ᠤᠨ ᠤᠢᠢᠯᠡᠰ ᠢ ᠡᠷᠬᠢᠯᠡᠬᠦ ᠪᠠᠷ ᠲᠠᠮᠵᠢᠵᠦ ᠮᠠᠯᠴᠢᠳ ᠤᠨ | ᠠᠮᠢᠳᠦᠷᠠᠯ ᠤᠨ ᠴᠢᠨᠠᠷ ᠴᠢᠨᠰᠠᠭ᠎ᠠ ᠶᠢ ᠲᠡᠬᠡᠭᠰᠢᠯᠡᠬᠦᠯᠦᠨ᠂ ᠤᠷᠤᠯᠭ᠎ᠠ ᠶᠢᠨ ᠨᠡᠮᠡᠭᠳᠡᠯ ᠢ ᠨᠢ ᠲᠡᠬᠡᠭᠰᠢᠯᠡᠬᠦᠯᠵᠦ ᠪᠤᠢ᠃ | ᠰᠢᠷᠡᠮᠦ ᠶᠢᠨ ᠬᠡᠯᠡᠬᠦ ᠪᠠᠷ᠄ ︽ᠲᠠᠷᠬᠠᠨ᠋ᠠᠭᠤᠯᠠ ᠰᠤᠮᠦ ᠨᠢ ᠠᠵᠦ ᠠᠬᠤᠢ ᠶᠢᠨ ᠬᠦᠭᠵᠢᠯᠲᠠ ᠪᠠ ᠠᠷᠠᠳ ᠤᠨ | ᠠᠮᠢᠳᠦᠷᠠᠯ ᠢ ᠰᠠᠶᠢᠵᠢᠷᠠᠭᠤᠯᠬᠤ ᠪᠠᠷ ᠭᠤᠤᠯ ᠬᠠᠷᠠᠯᠲᠠ ᠪᠤᠯᠭᠠᠵᠦ᠂ ᠮᠠᠯᠴᠢᠳ ᠤᠨ ᠵᠢᠭᠤᠯᠴᠢᠯᠠᠯ ᠤᠨ ᠤᠢᠢᠯᠡᠰ ᠵᠡᠷᠬᠡ | ᠬᠤᠪᠢ ᠶᠢᠨ ᠡᠵᠡᠭᠨᠡᠯᠲᠠ ᠡᠵᠡᠩᠨᠡᠬᠦ ᠶᠢ ᠲᠡᠮᠵᠢᠵᠦ᠂ 2013 ᠤᠨ ᠳᠤ ᠰᠤᠮᠦᠨ ᠤ ᠵᠢᠭᠤᠯᠴᠢᠯᠠᠯ ᠤᠨ ᠤᠢᠢᠯᠡᠰ ᠤᠨ | ᠤᠷᠤᠯᠭ᠎ᠠ 650 ᠲᠦᠮᠡᠨ ᠲᠦᠬᠦᠷᠢᠭ ᠲᠤ ᠬᠦᠷᠴᠦ᠂ ᠮᠠᠯᠵᠢᠬᠤ ᠤᠷᠤᠨ ᠤ ᠦᠯᠡᠬᠦᠦ ᠬᠦᠳᠡᠯᠮᠦᠷᠢ ᠬᠦᠴᠦᠨ ᠤ | ᠠᠵᠢᠯ ᠤᠯᠭᠤᠯᠲᠠ ᠶᠢ 320 ᠬᠦᠮᠦᠨ ᠤᠳᠠᠭ᠎ᠠ ᠳᠤ ᠬᠦᠷᠬᠡᠨ᠂ 350 ᠲᠦᠮᠡᠨ ᠲᠦᠬᠦᠷᠢᠭ ᠤᠨ ᠤᠷᠤᠯᠭ᠎ᠠ ᠶᠢ | ᠪᠡᠶᠡᠯᠡᠬᠦᠯᠵᠠᠢ᠃ ᠮᠠᠯᠴᠢᠳ ᠤᠨ ᠬᠦᠮᠦᠨ ᠪᠦᠷᠢ ᠶᠢᠨ ᠵᠢᠯ ᠤᠨ ᠲᠡᠭᠰᠢᠳᠬᠡᠭᠰᠡᠨ ᠤᠷᠤᠯᠭ᠎ᠠ 8300 ᠲᠦᠬᠦᠷᠢᠭ ᠲᠤ | ᠬᠦᠷᠴᠦ᠂ 2012 ᠤᠨ ᠠᠴᠠ 1300 ᠲᠦᠬᠦᠷᠢᠭ ᠨᠡᠮᠡᠭᠳᠡᠨ᠂ 18᠂ 6 % ᠪᠠᠷ ᠲᠡᠬᠡᠭᠰᠢᠯᠡᠪᠠ᠃ | ᠤᠢᠢᠷ᠎ᠠ ᠶᠢᠨ ᠵᠢᠯ ᠳᠤ ᠲᠠᠷᠬᠠᠨ᠋ᠠᠭᠤᠯᠠ ᠰᠤᠮᠦ ᠨᠢ ᠮᠦᠡᠭᠬᠦᠨ ᠡᠪᠤᠯ ᠤᠨ ᠲᠡᠮᠡᠬᠡᠨ ᠰᠤᠶᠤᠯ ᠤᠨ ᠨᠠᠶᠢᠷ᠂ ᠵᠤᠨ ᠤ | ᠤᠯᠠᠷᠢᠯ ᠤᠨ ᠠᠳᠤᠭᠤᠨ ᠰᠤᠶᠤᠯ ᠤᠨ ᠨᠠᠶᠢᠷ᠂ ᠬᠡᠤᠬᠡᠳ ᠤᠨ ᠤᠪᠤᠭᠠᠨ ᠲᠠᠬᠢᠯᠭ᠎ᠠ ᠵᠡᠷᠬᠡ ᠨᠠᠶᠢᠷ ᠠᠭᠠᠳᠤᠮ | ᠡᠷᠬᠢᠯᠡᠵᠦ ᠵᠢᠭᠤᠯᠴᠢᠯᠠᠯ ᠤᠨ ᠰᠤᠶᠤᠯ ᠤᠨ ᠠᠭᠤᠯᠠᠭᠳᠠᠬᠤᠨ ᠢ ᠪᠠᠶᠠᠯᠢᠭᠵᠢᠭᠤᠯᠬᠤ ᠶᠢᠨ ᠬᠠᠮᠳᠦ ᠮᠠᠯᠴᠢᠨ ᠠᠶᠢᠯ ᠤᠨ | ᠵᠢᠭᠤᠯᠴᠢᠯᠠᠯ ᠤᠨ ᠤᠢᠢᠯᠡᠰ ᠡᠷᠬᠢᠯᠡᠬᠦ ᠶᠢ ᠵᠤᠷᠢᠭᠵᠢᠭᠤᠯᠤᠨ᠂ ᠮᠠᠯᠴᠢᠨ ᠠᠶᠢᠯ ᠤᠨ ᠵᠢᠭᠤᠯᠴᠢᠯᠠᠯ ᠤᠨ ᠴᠡᠭ ᠨᠡᠶᠢᠲᠠ | 52 ᠡᠷᠤᠬᠡ ᠪᠤᠯᠵᠦ᠂ ᠮᠠᠯ ᠮᠠᠯᠵᠢᠬᠤ ᠶᠢᠨ ᠲᠠᠭᠠᠤ ᠵᠢᠭᠤᠯᠴᠢᠯᠠᠯ ᠤᠨ ᠤᠢᠢᠯᠡᠰ ᠡᠷᠬᠢᠯᠡᠬᠦ ᠨᠢ ᠮᠠᠯᠴᠢᠳ ᠤᠨ | ᠪᠠᠶᠠᠵᠢᠯ ᠤᠨ ᠵᠠᠮ ᠳᠠᠬᠢ ᠤᠷᠤᠯᠭ᠎ᠠ ᠶᠢᠨ ᠰᠢᠨ᠎ᠠ ᠨᠡᠮᠡᠭᠳᠡᠯ ᠤᠨ ᠴᠡᠭ ᠢ ᠪᠤᠢ ᠪᠤᠯᠭᠠᠵᠠᠢ︾ ᠬᠡᠯ᠎ᠠ᠃ ᠡᠬᠦᠨ ᠤ ᠲᠤᠬᠠᠢ | ᠰᠢᠷᠡᠮᠦ ᠲᠠᠯᠦ ᠭᠠᠴᠠᠭᠠᠨ ᠤ ᠮᠠᠯᠴᠢᠨ ᠰᠤᠷᠳᠠᠯᠳᠦ ᠶᠢᠨ ᠪᠠᠶᠢᠳᠠᠯ ᠢ ᠲᠠᠨᠢᠯᠴᠠᠭᠤᠯᠤᠯ᠎ᠠ᠃ ᠰᠤᠷᠳᠠᠯᠳᠦ ᠪᠤᠯ ᠮᠦᠨ ᠴᠦ | ᠮᠠᠯ ᠮᠠᠯᠵᠢᠬᠤ ᠶᠢᠨ ᠲᠠᠭᠤ ᠵᠢᠭᠤᠯᠴᠢᠯᠠᠯ ᠤᠨ ᠤᠢᠢᠯᠡᠰ ᠡᠷᠬᠢᠯᠡᠵᠦ ᠠᠮᠢᠳᠦᠷᠠᠯ ᠢᠶᠠᠨ ᠲᠡᠬᠡᠭᠰᠢ ᠲᠠᠲᠠᠵᠦ ᠶᠠᠪᠤᠭ᠎ᠠ | ᠮᠠᠯᠴᠢᠤᠨ ᠤᠨ ᠨᠢᠬᠡ ᠪᠤᠯᠤᠨ᠎ᠠ᠂ ᠲᠡᠬᠦᠨ ᠤ ᠵᠢᠭᠤᠯᠴᠢᠯᠠᠯ ᠤᠨ ᠭᠠᠵᠠᠷ ᠨᠢ 2002 ᠤᠨ ᠳᠤ ᠡᠬᠢᠯᠡᠨ ᠡᠷᠬᠢᠯᠡᠵᠦ᠂ | ︽ᠮᠤᠩᠭᠤᠯ ᠵᠤᠰᠠᠯᠠᠩ︾ ᠬᠡᠰᠡᠨ ᠨᠡᠷ᠎ᠠ ᠦᠭᠴᠦ᠂ ᠡᠬᠢᠯᠡᠬᠡᠳ 4000 ᠭᠠᠷᠦᠢ ᠲᠦᠬᠦᠷᠢᠭ ᠤᠨ ᠪᠡᠯᠡ | ᠤᠷᠤᠭᠤᠯᠵᠦ ᠬᠤᠶᠠᠷ ᠮᠤᠩᠭᠤᠯ ᠬᠡᠷ ᠲᠠᠢ ᠪᠠᠶᠢᠵᠦ ᠵᠢᠯ ᠳᠤ 8000 ᠲᠦᠬᠦᠷᠢᠭ ᠤᠨ ᠴᠡᠪᠡᠷ ᠤᠷᠤᠯᠭ᠎ᠠ ᠤᠯᠵᠦ | ᠪᠠᠶᠢᠠᠠᠰᠡᠨ ᠠᠴᠠ ᠪᠠᠨ ᠤᠳᠤᠬᠠᠨ ᠳᠤ ᠢᠳᠡᠭ ᠢᠳᠡᠭ ᠢᠶᠠᠷ ᠨᠡᠮᠡᠭᠳᠡᠬᠡᠳ ᠨᠢᠬᠡᠨᠲᠠ 17 ~18 ᠲᠦᠮᠡᠨ | ᠲᠦᠬᠦᠷᠢᠭ ᠤᠨ ᠪᠡᠯᠡ ᠤᠷᠤᠭᠤᠯᠤᠨ ᠠᠷᠪᠠᠭᠠᠳ ᠮᠤᠩᠭᠤᠯ ᠬᠡᠷ ᠲᠠᠢ ᠪᠤᠯᠵᠦ᠂ ᠵᠢᠯ ᠳᠤ ᠲᠤᠮᠳᠠᠴᠢ ᠪᠠᠷ 500 | ~600 ᠵᠢᠭᠤᠯᠴᠢᠯᠠᠭᠰᠡᠳ ᠢ ᠲᠠᠲᠠᠵᠦ᠂ ᠵᠢᠯ ᠤᠨ ᠴᠡᠪᠡᠷ ᠤᠷᠤᠯᠭ᠎ᠠ ᠨᠢ 6 ᠲᠦᠮᠡᠨ ᠲᠦᠬᠦᠷᠢᠭ ᠬᠦᠷᠦᠭᠰᠡᠨ | ᠪᠠᠶᠢᠨ᠎ᠠ᠂ ᠲᠡᠬᠦᠨ ᠤ ᠡᠨᠡᠬᠦ ᠵᠢᠭᠤᠯᠴᠢᠯᠠᠯ ᠤᠨ ᠭᠠᠵᠠᠷ ᠨᠢ ᠭᠤᠤᠯ ᠨᠢ ᠬᠤᠭᠤᠯᠠ ᠤᠮᠳᠠ ᠵᠢᠴᠢ ᠨᠠᠭᠠᠳᠬᠤ | ᠵᠦᠢᠯ ᠢᠶᠠᠷ ᠭᠤᠤᠯᠯᠠᠵᠦ᠂ ᠵᠢᠯ ᠪᠦᠷᠢ ᠶᠢᠨ 6 ᠰᠠᠷ᠎ᠠ ᠶᠢᠨ 1 ᠠᠴᠠ 10 ᠰᠠᠷ᠎ᠠ ᠶᠢᠨ 1 ᠪᠤᠯᠲᠠᠯ᠎ᠠ ᠲᠦᠷᠪᠡᠨ | ᠰᠠᠷ᠎ᠠ ᠶᠢᠨ ᠬᠤᠭᠤᠴᠠᠭ᠎ᠠ ᠲᠠᠢ ᠡᠷᠬᠢᠯᠡᠳᠡᠭ ᠶᠤᠮ᠃ | ᠲᠠᠷᠬᠠᠨ᠋ᠠᠭᠤᠯᠠ ᠰᠤᠮᠦ ᠨᠢ ᠲᠠᠩ ᠭᠠᠭᠴᠠ ᠬᠦᠭᠵᠢᠯᠲᠠ ᠶᠢ ᠬᠦᠬᠡᠴᠡᠯᠳᠦᠭᠰᠡᠨ ᠪᠢᠰᠢ ᠬᠠᠷᠢᠨ ᠠᠮᠢ | ᠠᠬᠤᠢ ᠶᠢᠨ ᠪᠦᠳᠦᠬᠡᠨ ᠪᠠᠶᠢᠭᠤᠯᠤᠯᠲᠠ ᠶᠢ ᠴᠦ ᠯᠠᠪᠳᠠᠭᠤᠨ ᠢᠶᠠᠷ ᠠᠬᠢᠭᠤᠯᠵᠦ ᠮᠡᠳᠡᠭᠳᠡᠮ᠎ᠠ ᠠᠮᠵᠢᠯᠲᠠ ᠤᠯᠤᠭᠰᠡᠨ | ᠪᠠᠶᠢᠨ᠎ᠠ᠃ ᠲᠠᠷᠬᠠᠨ᠋ᠠᠭᠤᠯᠠ ᠰᠤᠮᠦ ᠨᠢ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠲᠦᠷᠢᠮ ᠲᠤᠭᠲᠠᠭᠠᠯ᠂ | ᠠᠮᠢ ᠠᠬᠤᠢ ᠶᠢᠨ ᠨᠦᠬᠦᠪᠦᠷᠢ ᠤᠯᠭᠤᠬᠤ ᠪᠠ ᠱᠠᠩᠨᠠᠨ ᠬᠦᠬᠢᠬᠦᠯᠬᠦ ᠵᠡᠷᠬᠡ ᠬᠠᠮᠢᠶ᠎ᠠ ᠪᠦᠬᠦᠢ ᠲᠦᠷᠦ ᠶᠢᠨ | ᠪᠤᠳᠤᠯᠭ᠎ᠠ ᠶᠢ ᠦᠷᠬᠦᠯᠵᠢᠯᠡᠨ ᠬᠦᠨᠵᠡᠬᠡᠢ ᠲᠤᠤᠱᠯᠠᠭᠤᠯᠵᠦ᠂ ᠬᠠᠪᠤᠷ ᠤᠨ ᠤᠯᠠᠷᠢᠯ ᠤᠨ ᠪᠡᠯᠴᠢᠬᠡᠷᠯᠡᠬᠦᠯᠬᠦ ᠶᠢ | ᠴᠠᠭᠠᠵᠢᠯᠠᠬᠤ ᠠᠵᠢᠯᠯᠭᠠᠨ ᠢ ᠤᠷᠳᠤᠮᠵᠢ ᠶᠢᠨ ᠴᠢᠨᠠᠷᠲᠠᠢ ᠪᠤᠯᠭᠠᠭᠰᠡᠨ ᠪᠦᠭᠡᠳ ᠠᠮᠢ ᠠᠬᠤᠢ ᠶᠢᠨ ᠨᠡᠶᠢᠲᠠ ᠶᠢᠨ | ᠠᠰᠠᠷᠠᠮᠵᠢ ᠶᠢᠨ ᠤᠢ ᠶᠢ ᠬᠠᠮᠠᠭᠠᠯᠠᠵᠤ᠂ ᠰᠠᠯᠬᠢ ᠡᠯᠡᠰᠦᠨ ᠤ ᠡᠬᠢ ᠶᠢ ᠵᠠᠰᠠᠬᠤ ᠵᠡᠷᠬᠡ ᠠᠵᠢᠯ ᠤᠳ ᠢ ᠬᠢᠭᠰᠡᠨ ᠪᠠᠶᠢᠨ᠎ᠠ | ᠃ | ᠡᠬᠦᠨ ᠤ ᠲᠤᠬᠠᠢ ᠰᠢᠷᠡᠮᠦ ᠶᠢᠨ ᠬᠡᠯᠡᠬᠦ ᠪᠠᠷ᠄ ︽ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠲᠠᠯ᠎ᠠ ᠪᠠᠷ | 2013 ᠤᠨ ᠳᠤ 70 ᠲᠦᠮᠡᠨ ᠲᠦᠬᠦᠷᠢᠭ ᠤᠨ ᠪᠡᠯᠡ ᠤᠷᠤᠭᠤᠯᠤᠨ 14000 ᠮᠦ ᠭᠠᠵᠠᠷ ᠢ ᠪᠢᠳᠡᠬᠦᠮᠵᠢᠯᠡᠨ | ᠤᠢᠢᠵᠢᠭᠤᠯᠵᠦ᠂ 4000 ᠮᠦ ᠪᠤᠲᠠ ᠮᠤᠳᠦ ᠲᠠᠷᠢᠵᠦ᠂ 2.4 ᠲᠦᠮᠡᠨ ᠲᠦᠬᠦᠷᠢᠭ ᠤᠨ ᠪᠡᠯᠡ ᠤᠷᠤᠭᠤᠯᠤᠨ᠂ | 200 ᠮᠦ ᠲᠤᠷᠤᠭ ᠮᠤᠳᠦ ᠲᠠᠷᠢᠵᠦ᠂ ᠪᠦᠬᠦ ᠵᠢᠯ ᠳᠤ ᠰᠠᠯᠬᠢ ᠡᠯᠡᠰᠦᠨ ᠤ ᠡᠬᠢ ᠶᠢ ᠵᠠᠰᠠᠬᠤ ᠲᠦᠷᠦᠯ ᠵᠦᠢᠯ ᠢᠶᠠᠷ | ᠲᠠᠮᠵᠢᠨ 1.2 ᠲᠦᠮᠡᠨ ᠮᠦ ᠡᠯᠡᠰᠦᠷᠬᠡᠭ ᠭᠠᠵᠠᠷ ᠢ ᠪᠢᠲᠡᠬᠦᠮᠵᠢᠯᠡᠨ ᠵᠠᠰᠠᠵᠦ᠂ ᠬᠦᠮᠦᠨ ᠤ ᠬᠦᠴᠤ ᠪᠠᠷ 5000 | ᠮᠦ ᠶᠢᠨ ᠤᠢᠢᠵᠢᠭᠤᠯᠤᠯᠲᠠ ᠶᠢ ᠪᠡᠶᠡᠯᠡᠬᠦᠯᠵᠠᠢ᠃ ᠡᠬᠦᠨ ᠤ ᠬᠠᠮᠳᠦ ᠲᠠᠯ᠎ᠠ ᠨᠤᠳᠤᠭ ᠤᠨ ᠠᠮᠢ ᠠᠬᠤᠢ ᠶᠢᠨ ᠴᠠᠭᠳᠠᠨ | ᠪᠠᠶᠢᠴᠠᠭᠠᠬᠤ ᠬᠦᠴᠦᠯᠡᠴᠡ ᠪᠠᠨ ᠦᠷᠬᠦᠯᠵᠢᠯᠡᠨ ᠴᠢᠩᠭᠠᠳᠬᠠᠵᠦ᠂ ᠪᠦᠬᠦ ᠵᠢᠯ ᠳᠤ 300 ᠲᠤᠯᠤᠭᠠᠢ ᠭᠠᠳᠠᠨ᠎ᠠ | ᠤᠷᠤᠨ ᠤ ᠦᠬᠡᠷ᠂ 3000 ᠲᠤᠯᠤᠭᠠᠢ ᠭᠠᠳᠠᠨ᠎ᠠ ᠤᠷᠤᠨ ᠤ ᠬᠤᠨᠢ ᠶᠢ ᠲᠤᠬᠠᠢ ᠶᠢᠨ ᠭᠠᠵᠠᠷ ᠲᠤᠨᠢ ᠪᠤᠴᠠᠭᠠᠵᠦ᠂ | ᠡᠪᠡᠰᠦᠨ ᠡᠮ ᠮᠠᠯᠳᠠᠭᠰᠡᠳ ᠢ 30 ᠭᠠᠷᠤᠢ ᠬᠦᠮᠦᠨ ᠤᠳᠠᠭ᠎ᠠ ᠬᠤᠷᠢᠭᠯᠠᠨ ᠵᠤᠭᠰᠤᠭᠠᠵᠠᠢ᠃ 15 ᠲᠦᠮᠡᠨ | ᠲᠦᠬᠦᠷᠢᠭ ᠤᠨ ᠪᠡᠯᠡ ᠤᠷᠤᠭᠤᠯᠤᠨ ᠬᠤᠭ ᠨᠤᠪᠰᠢ ᠲᠡᠬᠡᠬᠡᠬᠦ ᠲᠡᠷᠬᠡ ᠪᠡ ᠤᠳᠬᠤᠭᠤᠷ ᠲᠡᠷᠬᠡ ᠶᠢ ᠢᠵᠢ | ᠪᠦᠷᠢᠳᠤᠬᠦᠯᠦᠨ᠂ ᠰᠤᠮᠦᠨ ᠤ ᠰᠠᠭᠤᠭ᠎ᠠ ᠭᠠᠵᠠᠷ ᠲᠤ 4 ᠬᠤᠭ ᠬᠠᠶᠠᠬᠤ ᠴᠡᠭ ᠢ ᠰᠢᠨ᠎ᠠ ᠪᠠᠷ ᠪᠠᠶᠢᠭᠤᠯᠤᠭᠰᠡᠨ | ᠮᠦᠷᠲᠡᠬᠡᠨ 8 ᠨᠡᠷ᠎ᠠ ᠤᠷᠴᠢᠨ ᠲᠤᠭᠤᠷᠢᠨ ᠢ ᠴᠡᠪᠡᠷᠯᠡᠬᠦ ᠠᠵᠢᠯᠴᠢᠨ ᠢ ᠨᠡᠶᠢᠲᠠ ᠶᠢᠨ ᠠᠰᠠᠷᠠᠮᠵᠢ ᠶᠢᠨ ᠠᠵᠢᠯ ᠤᠨ | ᠪᠠᠶᠢᠷᠢ ᠳᠤ ᠲᠤᠬᠢᠷᠠᠭᠤᠯᠤᠨ ᠰᠤᠮᠦᠨ ᠤ ᠺᠠᠳ᠋ᠷ ᠠᠵᠢᠯᠳᠡᠨ ᠲᠠᠢ ᠬᠠᠮᠳᠦ ᠴᠡᠪᠡᠷᠯᠡᠭᠡ ᠬᠢᠵᠦ᠂ ᠤᠬᠠᠭᠤᠯᠭ᠎ᠠ ᠶᠢᠨ | ᠬᠠᠭᠤᠳᠠᠰᠦ ᠪᠤᠯᠤᠨ ᠵᠠᠷ ᠮᠡᠳᠡᠭᠡ ᠲᠠᠷᠬᠠᠭᠠᠬᠤ ᠵᠡᠷᠬᠡ ᠬᠡᠯᠪᠡᠷᠢ ᠪᠠᠷ ᠮᠠᠯᠴᠢᠳ ᠤᠨ ᠤᠷᠴᠢᠨ ᠲᠤᠭᠤᠷᠢᠨ ᠢ | ᠬᠠᠮᠠᠭᠠᠯᠠᠬᠤ ᠦᠵᠡᠯ ᠤᠬᠠᠮᠰᠠᠷ ᠬᠢᠬᠡᠳ ᠢᠳᠡᠪᠬᠢᠵᠢᠯ ᠢ ᠲᠠᠶᠢᠴᠢᠯᠠᠨ ᠤᠯᠤᠰ ᠤᠨ ᠲᠠᠰ ᠤᠨ ᠠᠮᠢ ᠠᠬᠤᠢ ᠶᠢᠨ ᠰᠤᠮᠦ | ᠪᠤᠯᠬᠤ ᠬᠠᠷᠠᠯᠲᠠ ᠶᠢ ᠪᠡᠶᠡᠯᠡᠬᠦᠯᠬᠦ ᠪᠠᠷ ᠲᠡᠮᠡᠴᠡᠵᠦ ᠪᠤᠢ᠃ ᠡᠨᠡ ᠵᠢᠯ 55 ᠲᠦᠮᠡᠨ ᠲᠦᠬᠦᠷᠢᠭ ᠤᠨ ᠪᠡᠯᠡ | ᠤᠷᠤᠭᠤᠯᠵᠦ 900 ᠮᠦ ᠡᠯᠡᠰᠦ ᠶᠢ ᠵᠠᠰᠠᠬᠤ ᠪᠠ 900 ᠮᠦ ᠪᠤᠳᠠ ᠮᠤᠳᠦ ᠶᠢ ᠤᠢᠢᠵᠢᠭᠤᠯᠠᠬᠤ ᠪᠠᠷ ᠪᠠᠶᠢᠨ᠎ᠠ᠃ | ᠪᠠᠶᠢᠭᠠᠯᠢ ᠶᠢ ᠬᠦᠨᠳᠦᠳᠬᠡᠨ ᠪᠠᠶᠢᠭᠠᠯᠢ ᠲᠠᠢ ᠵᠤᠬᠢᠴᠠᠬᠤ᠂ ᠪᠠᠶᠢᠭᠠᠯᠠᠢ ᠶᠢ ᠬᠠᠮᠠᠭᠠᠯᠠᠬᠤ ᠠᠮᠢ ᠠᠬᠤᠢ ᠪᠠᠨ ᠬᠠᠮᠠᠭᠠᠯᠠᠬᠤ | ᠦᠵᠡᠯᠲᠠ ᠶᠢ ᠪᠤᠢ ᠪᠤᠯᠭᠠᠵᠦ᠂ ᠬᠠᠮᠠᠭᠠᠯᠠᠬᠤ ᠶᠢ ᠲᠡᠷᠢᠬᠦᠨ ᠪᠠᠶᠢᠷᠢᠨ ᠳᠤ ᠲᠠᠯᠪᠢᠨ᠂ ᠠᠶᠠᠨᠳᠠᠭᠠᠨ ᠰᠡᠷᠬᠦᠬᠦ ᠪᠠᠷ | ᠭᠤᠤᠯ ᠴᠢᠭᠯᠡᠯᠲᠠ ᠪᠠᠨ ᠪᠤᠯᠭᠠᠵᠦ᠂ ᠲᠡᠭᠷᠢ ᠨᠢ ᠬᠦᠬᠡ᠂ ᠲᠠᠯ᠎ᠠ ᠨᠢ ᠨᠤᠭᠤᠭᠠᠨ᠂ ᠤᠰᠤ ᠨᠢ ᠴᠡᠩᠬᠡᠭ ᠪᠠᠶᠢᠭᠠᠯᠢᠯᠢᠭ | ᠰᠠᠶᠢᠬᠠᠨ ᠲᠠᠷᠬᠠᠨ᠋ᠠᠭᠤᠯᠠ ᠶᠢ ᠪᠠᠶᠢᠭᠤᠯᠬᠤ ᠪᠠᠷ ᠴᠢᠷᠮᠠᠶᠢᠨ ᠲᠡᠮᠡᠴᠡᠵᠦ ᠪᠠᠶᠢᠨ᠎ᠠ︾ ᠬᠡᠵᠠᠢ᠃ | ᠬᠦᠭᠵᠢᠯᠲᠠ ᠶᠢ ᠪᠠᠷᠢᠮᠲᠠᠯᠠᠬᠤ ᠶᠢᠨ ᠬᠠᠮᠳᠦ ᠠᠮᠢ ᠠᠬᠤᠢ ᠪᠠᠨ ᠬᠠᠮᠠᠭᠠᠯᠠᠵᠦ ᠤᠷᠴᠢᠨ ᠲᠤᠭᠤᠷᠢᠨ ᠤ ᠡᠬᠢ | ᠪᠠᠶᠠᠯᠢᠭ ᠢᠶᠠᠨ ᠵᠦᠢ ᠵᠤᠬᠢᠰᠲᠠᠢ ᠠᠰᠢᠠᠯᠠᠬᠤ ᠬᠡᠷᠡᠭᠲᠠᠢ ᠭᠡᠵᠦ ᠤᠯᠤᠰ ᠠᠴᠠ ᠤᠷᠢᠶᠠᠯᠠᠭᠰᠠᠭᠠᠷ ᠢᠷᠡᠭᠰᠡᠨ᠃ | ᠲᠠᠷᠬᠠᠨ᠋ᠠᠭᠤᠯᠠ ᠰᠤᠮᠦ ᠨᠢ ᠲᠠᠯ᠎ᠠ ᠨᠤᠳᠤᠭ ᠤᠨ ᠡᠬᠢ ᠪᠠᠶᠠᠯᠢᠭ ᠢᠶᠠᠨ ᠵᠦᠢ ᠵᠤᠬᠢᠰᠲᠠᠢ ᠠᠰᠢᠭᠯᠠᠨ᠂ ᠮᠠᠯᠴᠢᠳ ᠤᠨ | ᠠᠮᠢᠳᠦᠷᠠᠯ ᠢ ᠴᠢᠨᠠᠬᠡᠯᠢᠭᠵᠢᠬᠦᠯᠵᠦ ᠪᠠᠶᠢᠨ᠎ᠠ᠃ ᠲᠠᠷᠬᠠᠨ᠋ᠠᠭᠤᠯᠠ ᠶᠢᠨ ᠢᠷᠡᠬᠡᠳᠦᠢ ᠨᠡᠩ ᠰᠠᠶᠢᠨ ᠰᠠᠶᠢᠬᠠᠨ ᠪᠤᠯᠬᠤ ᠨᠢ | ᠯᠠᠪᠲᠠᠢ︕ | |