ᠲᠠᠯ᠎ᠠ ᠨᠤᠳᠤᠭ ᠤᠨ ᠵᠢᠭᠤᠯᠴᠢᠯᠠᠯ ᠤᠨ ᠤᠢᠢᠯᠡᠰ ᠢ ᠬᠦᠭᠵᠢᠬᠦᠯᠦᠨ ᠮᠠᠯᠴᠢᠳ ᠤᠨ ᠤᠷᠤᠯᠭ᠎ᠠ ᠶᠢ ᠨᠡᠮᠡᠭᠳᠡᠬᠦᠯᠦᠨ᠎ᠠ — ᠬᠡᠰᠢᠭᠳᠡᠨ ᠬᠤᠰᠢᠭᠤᠨ ᠤ ᠳᠠᠷᠬᠠᠬᠠᠭᠤᠯᠠ ᠰᠤᠮᠦᠨ ᠤ ᠨᠠᠮ ᠤᠨ ᠬᠤᠷᠢᠶᠠᠨ ᠤ ᠱᠦᠵᠢ ᠰᠢᠷᠡᠮᠦ ᠶᠢ ᠰᠤᠷᠪᠤᠯᠵᠢᠯᠠᠭᠰᠡᠨ
ᠨᠡᠶᠢᠲᠡᠯᠡᠭᠰᠡᠨ ᠴᠠᠭ᠄
2014/12/19
     2013 ᠤᠨ ᠤ 3 ᠰᠠᠷ᠎ᠠ ᠶᠢᠨ 19 ᠤ ᠡᠳᠦᠷ᠂ ᠦᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠪᠦᠬᠦ ᠤᠷᠤᠨ ᠳᠤ ᠤᠯᠠᠮᠵᠢᠯᠠᠨ ᠲᠤᠤᠱᠯᠠᠭᠤᠯᠬᠤ ᠶᠡᠭᠡ ᠬᠤᠷᠠᠯ ᠲᠡᠬᠡᠷ᠎ᠠ ︽8337︾ ᠬᠦᠭᠵᠢᠯᠲᠠ ᠶᠢᠨ ᠰᠡᠳᠬᠢᠮᠵᠢ ᠶᠢ ᠲᠤᠷᠠᠳᠴᠦ᠂ ᠮᠠᠨ ᠤ ᠤᠷᠤᠨ ᠤ ᠬᠦᠭᠵᠢᠯᠲᠠ ᠶᠢᠨ ᠪᠠᠶᠢᠷᠢᠰᠢᠭᠤᠯᠤᠯᠲᠠ᠂ ᠠᠵᠢᠯ ᠤᠨ ᠭᠤᠤᠯᠳᠠᠯᠭ᠎ᠠ᠂ ᠦᠨᠳᠦᠰᠦᠨ ᠱᠠᠭᠠᠷᠳᠠᠯᠭ᠎ᠠ ᠪᠠ ᠭᠤᠤᠯ ᠡᠬᠦᠷᠬᠡ ᠶᠢ ᠤᠯᠠᠮ ᠨᠢᠬᠡ ᠠᠯᠬᠤᠮ ᠲᠤᠳᠤᠷᠠᠭᠤᠯᠵᠦ᠂ ᠠᠷᠠᠳ ᠤᠯᠠᠨ ᠤ ᠰᠢᠨ᠎ᠠ ᠬᠦᠰᠡᠯ ᠡᠷᠡᠮᠡᠯᠵᠠᠯ ᠳᠤ ᠬᠠᠷᠢᠭᠤ ᠦᠭᠴᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠮᠠᠨ ᠤ ᠤᠷᠤᠨ ᠳᠤ ᠪᠤᠲᠠᠲᠠᠶᠢᠵᠢᠭᠤᠯᠤᠭᠰᠡᠨ ᠪᠠᠶᠢᠨ᠎ᠠ᠃      ᠶᠠᠭ ᠡᠨᠡᠬᠦ ᠪᠦᠬᠦ ᠤᠷᠤᠨ ᠢᠶᠠᠷ ᠢᠶᠠᠨ ︽8337︾ ᠬᠦᠭᠵᠢᠯᠲᠠ ᠶᠢᠨ ᠰᠡᠳᠬᠢᠮᠵᠢ ᠪᠠᠷ ᠦᠨᠳᠦᠰᠦᠯᠡᠯ ᠪᠤᠯᠭᠠᠵᠦ ᠤᠷᠤᠨ ᠨᠤᠳᠤᠭ ᠤᠨ ᠤᠨᠴᠠᠯᠢᠭ ᠲᠠᠭᠠᠨ ᠲᠤᠬᠢᠷᠠᠭᠰᠡᠨ ᠬᠦᠭᠵᠢᠯᠲᠠ ᠶᠢᠨ ᠲᠠᠷᠳᠡᠩ ᠵᠠᠮ ᠢᠶᠠᠷ ᠬᠦᠬᠡᠬᠡᠴᠡᠯᠳᠦᠨ ᠶᠠᠪᠤᠵᠦ ᠪᠠᠶᠢᠭ᠎ᠠ ᠲᠠᠰᠢᠷᠠᠮ ᠳᠤ ᠰᠤᠷᠪᠤᠯᠵᠢᠯᠠᠭᠴᠢ ᠬᠡᠰᠢᠭᠲᠡᠨ ᠬᠤᠰᠢᠭᠤᠨ ᠤ ᠲᠠᠷᠬᠠᠨᠬᠭᠤᠯᠠ ᠰᠤᠮᠦᠨ ᠳᠤ ᠬᠦᠷᠴᠦ ᠰᠤᠮᠦᠨ ᠤ ᠨᠠᠮ ᠤᠨ ᠬᠤᠷᠢᠶᠠᠨ ᠤ ᠱᠦᠵᠢ ᠰᠢᠷᠡᠮᠦ ᠠᠴᠠ ᠰᠤᠷᠪᠤᠯᠵᠢᠯᠠᠭ᠎ᠠ ᠠᠪᠤᠯ᠎ᠠ᠃      ᠲᠠᠷᠬᠠᠨ᠋ᠠᠭᠤᠯᠠ ᠰᠤᠮᠦ ᠨᠢ ᠦᠪᠡᠷᠲᠡᠬᠡᠨ ᠵᠠᠰᠠᠬᠤ ᠤᠷᠤᠨ ᠤ ︽8337︾ ᠬᠦᠭᠵᠢᠯᠲᠠ ᠶᠢᠨ ᠰᠡᠳᠬᠢᠮᠵᠢ ᠪᠠᠷ ᠬᠦᠭᠵᠢᠯᠲᠠ ᠶᠢᠨ ᠤᠷᠤᠨ ᠪᠠᠶᠢᠷᠢ ᠪᠠᠨ ᠲᠤᠭᠲᠠᠭᠠᠵᠦ᠂ ᠲᠠᠯ᠎ᠠ ᠨᠤᠳᠤᠭ ᠤᠨ ᠰᠤᠶᠤᠯ ᠢ ᠬᠠᠷᠠᠭᠤᠯᠤᠭᠰᠡᠨ ᠦᠪᠡᠷᠮᠢᠴᠠ ᠤᠨᠴᠠᠯᠢᠭ ᠲᠠᠢ ᠰᠡᠯᠡᠬᠦᠴᠡᠨ ᠠᠮᠠᠷᠠᠬᠤ ᠰᠠᠭᠤᠷᠢᠨ ᠢ ᠪᠠᠶᠢᠭᠤᠯᠬᠤ ᠪᠠ ᠲᠠᠯ᠎ᠠ ᠨᠤᠳᠤᠭ ᠤᠨ ᠤᠨᠴᠠᠯᠢᠭ ᠲᠠᠭᠠᠨ ᠲᠤᠬᠢᠷᠠᠭᠰᠡᠨ ᠵᠢᠭᠤᠯᠴᠢᠯᠠᠯ ᠤᠨ ᠤᠢᠢᠯᠡᠰ ᠢ ᠡᠷᠬᠢᠯᠡᠬᠦ ᠪᠠᠷ ᠲᠠᠮᠵᠢᠵᠦ ᠮᠠᠯᠴᠢᠳ ᠤᠨ ᠠᠮᠢᠳᠦᠷᠠᠯ ᠤᠨ ᠴᠢᠨᠠᠷ ᠴᠢᠨᠰᠠᠭ᠎ᠠ ᠶᠢ ᠲᠡᠬᠡᠭᠰᠢᠯᠡᠬᠦᠯᠦᠨ᠂ ᠤᠷᠤᠯᠭ᠎ᠠ ᠶᠢᠨ ᠨᠡᠮᠡᠭᠳᠡᠯ ᠢ ᠨᠢ ᠲᠡᠬᠡᠭᠰᠢᠯᠡᠬᠦᠯᠵᠦ ᠪᠤᠢ᠃      ᠰᠢᠷᠡᠮᠦ ᠶᠢᠨ ᠬᠡᠯᠡᠬᠦ ᠪᠠᠷ᠄ ︽ᠲᠠᠷᠬᠠᠨ᠋ᠠᠭᠤᠯᠠ ᠰᠤᠮᠦ ᠨᠢ ᠠᠵᠦ ᠠᠬᠤᠢ ᠶᠢᠨ ᠬᠦᠭᠵᠢᠯᠲᠠ ᠪᠠ ᠠᠷᠠᠳ ᠤᠨ ᠠᠮᠢᠳᠦᠷᠠᠯ ᠢ ᠰᠠᠶᠢᠵᠢᠷᠠᠭᠤᠯᠬᠤ ᠪᠠᠷ ᠭᠤᠤᠯ ᠬᠠᠷᠠᠯᠲᠠ ᠪᠤᠯᠭᠠᠵᠦ᠂ ᠮᠠᠯᠴᠢᠳ ᠤᠨ ᠵᠢᠭᠤᠯᠴᠢᠯᠠᠯ ᠤᠨ ᠤᠢᠢᠯᠡᠰ ᠵᠡᠷᠬᠡ ᠬᠤᠪᠢ ᠶᠢᠨ ᠡᠵᠡᠭᠨᠡᠯᠲᠠ ᠡᠵᠡᠩᠨᠡᠬᠦ ᠶᠢ ᠲᠡᠮᠵᠢᠵᠦ᠂ 2013 ᠤᠨ ᠳᠤ ᠰᠤᠮᠦᠨ ᠤ ᠵᠢᠭᠤᠯᠴᠢᠯᠠᠯ ᠤᠨ ᠤᠢᠢᠯᠡᠰ ᠤᠨ ᠤᠷᠤᠯᠭ᠎ᠠ 650 ᠲᠦᠮᠡᠨ ᠲᠦᠬᠦᠷᠢᠭ ᠲᠤ ᠬᠦᠷᠴᠦ᠂ ᠮᠠᠯᠵᠢᠬᠤ ᠤᠷᠤᠨ ᠤ ᠦᠯᠡᠬᠦᠦ ᠬᠦᠳᠡᠯᠮᠦᠷᠢ ᠬᠦᠴᠦᠨ ᠤ ᠠᠵᠢᠯ ᠤᠯᠭᠤᠯᠲᠠ ᠶᠢ 320 ᠬᠦᠮᠦᠨ ᠤᠳᠠᠭ᠎ᠠ ᠳᠤ ᠬᠦᠷᠬᠡᠨ᠂ 350 ᠲᠦᠮᠡᠨ ᠲᠦᠬᠦᠷᠢᠭ ᠤᠨ ᠤᠷᠤᠯᠭ᠎ᠠ ᠶᠢ ᠪᠡᠶᠡᠯᠡᠬᠦᠯᠵᠠᠢ᠃ ᠮᠠᠯᠴᠢᠳ ᠤᠨ ᠬᠦᠮᠦᠨ ᠪᠦᠷᠢ ᠶᠢᠨ ᠵᠢᠯ ᠤᠨ ᠲᠡᠭᠰᠢᠳᠬᠡᠭᠰᠡᠨ ᠤᠷᠤᠯᠭ᠎ᠠ 8300 ᠲᠦᠬᠦᠷᠢᠭ ᠲᠤ ᠬᠦᠷᠴᠦ᠂ 2012 ᠤᠨ ᠠᠴᠠ 1300 ᠲᠦᠬᠦᠷᠢᠭ ᠨᠡᠮᠡᠭᠳᠡᠨ᠂ 18᠂ 6 % ᠪᠠᠷ ᠲᠡᠬᠡᠭᠰᠢᠯᠡᠪᠠ᠃ ᠤᠢᠢᠷ᠎ᠠ ᠶᠢᠨ ᠵᠢᠯ ᠳᠤ ᠲᠠᠷᠬᠠᠨ᠋ᠠᠭᠤᠯᠠ ᠰᠤᠮᠦ ᠨᠢ ᠮᠦᠡᠭᠬᠦᠨ ᠡᠪᠤᠯ ᠤᠨ ᠲᠡᠮᠡᠬᠡᠨ ᠰᠤᠶᠤᠯ ᠤᠨ ᠨᠠᠶᠢᠷ᠂ ᠵᠤᠨ ᠤ ᠤᠯᠠᠷᠢᠯ ᠤᠨ ᠠᠳᠤᠭᠤᠨ ᠰᠤᠶᠤᠯ ᠤᠨ ᠨᠠᠶᠢᠷ᠂ ᠬᠡᠤᠬᠡᠳ ᠤᠨ ᠤᠪᠤᠭᠠᠨ ᠲᠠᠬᠢᠯᠭ᠎ᠠ ᠵᠡᠷᠬᠡ ᠨᠠᠶᠢᠷ ᠠᠭᠠᠳᠤᠮ ᠡᠷᠬᠢᠯᠡᠵᠦ ᠵᠢᠭᠤᠯᠴᠢᠯᠠᠯ ᠤᠨ ᠰᠤᠶᠤᠯ ᠤᠨ ᠠᠭᠤᠯᠠᠭᠳᠠᠬᠤᠨ ᠢ ᠪᠠᠶᠠᠯᠢᠭᠵᠢᠭᠤᠯᠬᠤ ᠶᠢᠨ ᠬᠠᠮᠳᠦ ᠮᠠᠯᠴᠢᠨ ᠠᠶᠢᠯ ᠤᠨ ᠵᠢᠭᠤᠯᠴᠢᠯᠠᠯ ᠤᠨ ᠤᠢᠢᠯᠡᠰ ᠡᠷᠬᠢᠯᠡᠬᠦ ᠶᠢ ᠵᠤᠷᠢᠭᠵᠢᠭᠤᠯᠤᠨ᠂ ᠮᠠᠯᠴᠢᠨ ᠠᠶᠢᠯ ᠤᠨ ᠵᠢᠭᠤᠯᠴᠢᠯᠠᠯ ᠤᠨ ᠴᠡᠭ ᠨᠡᠶᠢᠲᠠ 52 ᠡᠷᠤᠬᠡ ᠪᠤᠯᠵᠦ᠂ ᠮᠠᠯ ᠮᠠᠯᠵᠢᠬᠤ ᠶᠢᠨ ᠲᠠᠭᠠᠤ ᠵᠢᠭᠤᠯᠴᠢᠯᠠᠯ ᠤᠨ ᠤᠢᠢᠯᠡᠰ ᠡᠷᠬᠢᠯᠡᠬᠦ ᠨᠢ ᠮᠠᠯᠴᠢᠳ ᠤᠨ ᠪᠠᠶᠠᠵᠢᠯ ᠤᠨ ᠵᠠᠮ ᠳᠠᠬᠢ ᠤᠷᠤᠯᠭ᠎ᠠ ᠶᠢᠨ ᠰᠢᠨ᠎ᠠ ᠨᠡᠮᠡᠭᠳᠡᠯ ᠤᠨ ᠴᠡᠭ ᠢ ᠪᠤᠢ ᠪᠤᠯᠭᠠᠵᠠᠢ︾ ᠬᠡᠯ᠎ᠠ᠃ ᠡᠬᠦᠨ ᠤ ᠲᠤᠬᠠᠢ ᠰᠢᠷᠡᠮᠦ ᠲᠠᠯᠦ ᠭᠠᠴᠠᠭᠠᠨ ᠤ ᠮᠠᠯᠴᠢᠨ ᠰᠤᠷᠳᠠᠯᠳᠦ ᠶᠢᠨ ᠪᠠᠶᠢᠳᠠᠯ ᠢ ᠲᠠᠨᠢᠯᠴᠠᠭᠤᠯᠤᠯ᠎ᠠ᠃ ᠰᠤᠷᠳᠠᠯᠳᠦ ᠪᠤᠯ ᠮᠦᠨ ᠴᠦ ᠮᠠᠯ ᠮᠠᠯᠵᠢᠬᠤ ᠶᠢᠨ ᠲᠠᠭᠤ ᠵᠢᠭᠤᠯᠴᠢᠯᠠᠯ ᠤᠨ ᠤᠢᠢᠯᠡᠰ ᠡᠷᠬᠢᠯᠡᠵᠦ ᠠᠮᠢᠳᠦᠷᠠᠯ ᠢᠶᠠᠨ ᠲᠡᠬᠡᠭᠰᠢ ᠲᠠᠲᠠᠵᠦ ᠶᠠᠪᠤᠭ᠎ᠠ ᠮᠠᠯᠴᠢᠤᠨ ᠤᠨ ᠨᠢᠬᠡ ᠪᠤᠯᠤᠨ᠎ᠠ᠂ ᠲᠡᠬᠦᠨ ᠤ ᠵᠢᠭᠤᠯᠴᠢᠯᠠᠯ ᠤᠨ ᠭᠠᠵᠠᠷ ᠨᠢ 2002 ᠤᠨ ᠳᠤ ᠡᠬᠢᠯᠡᠨ ᠡᠷᠬᠢᠯᠡᠵᠦ᠂ ︽ᠮᠤᠩᠭᠤᠯ ᠵᠤᠰᠠᠯᠠᠩ︾ ᠬᠡᠰᠡᠨ ᠨᠡᠷ᠎ᠠ ᠦᠭᠴᠦ᠂ ᠡᠬᠢᠯᠡᠬᠡᠳ 4000 ᠭᠠᠷᠦᠢ ᠲᠦᠬᠦᠷᠢᠭ ᠤᠨ ᠪᠡᠯᠡ ᠤᠷᠤᠭᠤᠯᠵᠦ ᠬᠤᠶᠠᠷ ᠮᠤᠩᠭᠤᠯ ᠬᠡᠷ ᠲᠠᠢ ᠪᠠᠶᠢᠵᠦ ᠵᠢᠯ ᠳᠤ 8000 ᠲᠦᠬᠦᠷᠢᠭ ᠤᠨ ᠴᠡᠪᠡᠷ ᠤᠷᠤᠯᠭ᠎ᠠ ᠤᠯᠵᠦ ᠪᠠᠶᠢᠠᠠᠰᠡᠨ ᠠᠴᠠ ᠪᠠᠨ ᠤᠳᠤᠬᠠᠨ ᠳᠤ ᠢᠳᠡᠭ ᠢᠳᠡᠭ ᠢᠶᠠᠷ ᠨᠡᠮᠡᠭᠳᠡᠬᠡᠳ ᠨᠢᠬᠡᠨᠲᠠ 17 ~18 ᠲᠦᠮᠡᠨ ᠲᠦᠬᠦᠷᠢᠭ ᠤᠨ ᠪᠡᠯᠡ ᠤᠷᠤᠭᠤᠯᠤᠨ ᠠᠷᠪᠠᠭᠠᠳ ᠮᠤᠩᠭᠤᠯ ᠬᠡᠷ ᠲᠠᠢ ᠪᠤᠯᠵᠦ᠂ ᠵᠢᠯ ᠳᠤ ᠲᠤᠮᠳᠠᠴᠢ ᠪᠠᠷ 500 ~600 ᠵᠢᠭᠤᠯᠴᠢᠯᠠᠭᠰᠡᠳ ᠢ ᠲᠠᠲᠠᠵᠦ᠂ ᠵᠢᠯ ᠤᠨ ᠴᠡᠪᠡᠷ ᠤᠷᠤᠯᠭ᠎ᠠ ᠨᠢ 6 ᠲᠦᠮᠡᠨ ᠲᠦᠬᠦᠷᠢᠭ ᠬᠦᠷᠦᠭᠰᠡᠨ ᠪᠠᠶᠢᠨ᠎ᠠ᠂ ᠲᠡᠬᠦᠨ ᠤ ᠡᠨᠡᠬᠦ ᠵᠢᠭᠤᠯᠴᠢᠯᠠᠯ ᠤᠨ ᠭᠠᠵᠠᠷ ᠨᠢ ᠭᠤᠤᠯ ᠨᠢ ᠬᠤᠭᠤᠯᠠ ᠤᠮᠳᠠ ᠵᠢᠴᠢ ᠨᠠᠭᠠᠳᠬᠤ ᠵᠦᠢᠯ ᠢᠶᠠᠷ ᠭᠤᠤᠯᠯᠠᠵᠦ᠂ ᠵᠢᠯ ᠪᠦᠷᠢ ᠶᠢᠨ 6 ᠰᠠᠷ᠎ᠠ ᠶᠢᠨ 1 ᠠᠴᠠ 10 ᠰᠠᠷ᠎ᠠ ᠶᠢᠨ 1 ᠪᠤᠯᠲᠠᠯ᠎ᠠ ᠲᠦᠷᠪᠡᠨ ᠰᠠᠷ᠎ᠠ ᠶᠢᠨ ᠬᠤᠭᠤᠴᠠᠭ᠎ᠠ ᠲᠠᠢ ᠡᠷᠬᠢᠯᠡᠳᠡᠭ ᠶᠤᠮ᠃      ᠲᠠᠷᠬᠠᠨ᠋ᠠᠭᠤᠯᠠ ᠰᠤᠮᠦ ᠨᠢ ᠲᠠᠩ ᠭᠠᠭᠴᠠ ᠬᠦᠭᠵᠢᠯᠲᠠ ᠶᠢ ᠬᠦᠬᠡᠴᠡᠯᠳᠦᠭᠰᠡᠨ ᠪᠢᠰᠢ ᠬᠠᠷᠢᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢ ᠴᠦ ᠯᠠᠪᠳᠠᠭᠤᠨ ᠢᠶᠠᠷ ᠠᠬᠢᠭᠤᠯᠵᠦ ᠮᠡᠳᠡᠭᠳᠡᠮ᠎ᠠ ᠠᠮᠵᠢᠯᠲᠠ ᠤᠯᠤᠭᠰᠡᠨ ᠪᠠᠶᠢᠨ᠎ᠠ᠃ ᠲᠠᠷᠬᠠᠨ᠋ᠠᠭᠤᠯᠠ ᠰᠤᠮᠦ ᠨᠢ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠲᠦᠷᠢᠮ ᠲᠤᠭᠲᠠᠭᠠᠯ᠂ ᠠᠮᠢ ᠠᠬᠤᠢ ᠶᠢᠨ ᠨᠦᠬᠦᠪᠦᠷᠢ ᠤᠯᠭᠤᠬᠤ ᠪᠠ ᠱᠠᠩᠨᠠᠨ ᠬᠦᠬᠢᠬᠦᠯᠬᠦ ᠵᠡᠷᠬᠡ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠬᠦᠨᠵᠡᠬᠡᠢ ᠲᠤᠤᠱᠯᠠᠭᠤᠯᠵᠦ᠂ ᠬᠠᠪᠤᠷ ᠤᠨ ᠤᠯᠠᠷᠢᠯ ᠤᠨ ᠪᠡᠯᠴᠢᠬᠡᠷᠯᠡᠬᠦᠯᠬᠦ ᠶᠢ ᠴᠠᠭᠠᠵᠢᠯᠠᠬᠤ ᠠᠵᠢᠯᠯᠭᠠᠨ ᠢ ᠤᠷᠳᠤᠮᠵᠢ ᠶᠢᠨ ᠴᠢᠨᠠᠷᠲᠠᠢ ᠪᠤᠯᠭᠠᠭᠰᠡᠨ ᠪᠦᠭᠡᠳ ᠠᠮᠢ ᠠᠬᠤᠢ ᠶᠢᠨ ᠨᠡᠶᠢᠲᠠ ᠶᠢᠨ ᠠᠰᠠᠷᠠᠮᠵᠢ ᠶᠢᠨ ᠤᠢ ᠶᠢ ᠬᠠᠮᠠᠭᠠᠯᠠᠵᠤ᠂ ᠰᠠᠯᠬᠢ ᠡᠯᠡᠰᠦᠨ ᠤ ᠡᠬᠢ ᠶᠢ ᠵᠠᠰᠠᠬᠤ ᠵᠡᠷᠬᠡ ᠠᠵᠢᠯ ᠤᠳ ᠢ ᠬᠢᠭᠰᠡᠨ ᠪᠠᠶᠢᠨ᠎ᠠ      ᠡᠬᠦᠨ ᠤ ᠲᠤᠬᠠᠢ ᠰᠢᠷᠡᠮᠦ ᠶᠢᠨ ᠬᠡᠯᠡᠬᠦ ᠪᠠᠷ᠄ ︽ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢᠨ ᠲᠠᠯ᠎ᠠ ᠪᠠᠷ 2013 ᠤᠨ ᠳᠤ 70 ᠲᠦᠮᠡᠨ ᠲᠦᠬᠦᠷᠢᠭ ᠤᠨ ᠪᠡᠯᠡ ᠤᠷᠤᠭᠤᠯᠤᠨ 14000 ᠮᠦ ᠭᠠᠵᠠᠷ ᠢ ᠪᠢᠳᠡᠬᠦᠮᠵᠢᠯᠡᠨ ᠤᠢᠢᠵᠢᠭᠤᠯᠵᠦ᠂ 4000 ᠮᠦ ᠪᠤᠲᠠ ᠮᠤᠳᠦ ᠲᠠᠷᠢᠵᠦ᠂ 2.4 ᠲᠦᠮᠡᠨ ᠲᠦᠬᠦᠷᠢᠭ ᠤᠨ ᠪᠡᠯᠡ ᠤᠷᠤᠭᠤᠯᠤᠨ᠂ 200 ᠮᠦ ᠲᠤᠷᠤᠭ ᠮᠤᠳᠦ ᠲᠠᠷᠢᠵᠦ᠂ ᠪᠦᠬᠦ ᠵᠢᠯ ᠳᠤ ᠰᠠᠯᠬᠢ ᠡᠯᠡᠰᠦᠨ ᠤ ᠡᠬᠢ ᠶᠢ ᠵᠠᠰᠠᠬᠤ ᠲᠦᠷᠦᠯ ᠵᠦᠢᠯ ᠢᠶᠠᠷ ᠲᠠᠮᠵᠢᠨ 1.2 ᠲᠦᠮᠡᠨ ᠮᠦ ᠡᠯᠡᠰᠦᠷᠬᠡᠭ ᠭᠠᠵᠠᠷ ᠢ ᠪᠢᠲᠡᠬᠦᠮᠵᠢᠯᠡᠨ ᠵᠠᠰᠠᠵᠦ᠂ ᠬᠦᠮᠦᠨ ᠤ ᠬᠦᠴᠤ ᠪᠠᠷ 5000 ᠮᠦ ᠶᠢᠨ ᠤᠢᠢᠵᠢᠭᠤᠯᠤᠯᠲᠠ ᠶᠢ ᠪᠡᠶᠡᠯᠡᠬᠦᠯᠵᠠᠢ᠃ ᠡᠬᠦᠨ ᠤ ᠬᠠᠮᠳᠦ ᠲᠠᠯ᠎ᠠ ᠨᠤᠳᠤᠭ ᠤᠨ ᠠᠮᠢ ᠠᠬᠤᠢ ᠶᠢᠨ ᠴᠠᠭᠳᠠᠨ ᠪᠠᠶᠢᠴᠠᠭᠠᠬᠤ ᠬᠦᠴᠦᠯᠡᠴᠡ ᠪᠠᠨ ᠦᠷᠬᠦᠯᠵᠢᠯᠡᠨ ᠴᠢᠩᠭᠠᠳᠬᠠᠵᠦ᠂ ᠪᠦᠬᠦ ᠵᠢᠯ ᠳᠤ 300 ᠲᠤᠯᠤᠭᠠᠢ ᠭᠠᠳᠠᠨ᠎ᠠ ᠤᠷᠤᠨ ᠤ ᠦᠬᠡᠷ᠂ 3000 ᠲᠤᠯᠤᠭᠠᠢ ᠭᠠᠳᠠᠨ᠎ᠠ ᠤᠷᠤᠨ ᠤ ᠬᠤᠨᠢ ᠶᠢ ᠲᠤᠬᠠᠢ ᠶᠢᠨ ᠭᠠᠵᠠᠷ ᠲᠤᠨᠢ ᠪᠤᠴᠠᠭᠠᠵᠦ᠂ ᠡᠪᠡᠰᠦᠨ ᠡᠮ ᠮᠠᠯᠳᠠᠭᠰᠡᠳ ᠢ 30 ᠭᠠᠷᠤᠢ ᠬᠦᠮᠦᠨ ᠤᠳᠠᠭ᠎ᠠ ᠬᠤᠷᠢᠭᠯᠠᠨ ᠵᠤᠭᠰᠤᠭᠠᠵᠠᠢ᠃ 15 ᠲᠦᠮᠡᠨ ᠲᠦᠬᠦᠷᠢᠭ ᠤᠨ ᠪᠡᠯᠡ ᠤᠷᠤᠭᠤᠯᠤᠨ ᠬᠤᠭ ᠨᠤᠪᠰᠢ ᠲᠡᠬᠡᠬᠡᠬᠦ ᠲᠡᠷᠬᠡ ᠪᠡ ᠤᠳᠬᠤᠭᠤᠷ ᠲᠡᠷᠬᠡ ᠶᠢ ᠢᠵᠢ ᠪᠦᠷᠢᠳᠤᠬᠦᠯᠦᠨ᠂ ᠰᠤᠮᠦᠨ ᠤ ᠰᠠᠭᠤᠭ᠎ᠠ ᠭᠠᠵᠠᠷ ᠲᠤ 4 ᠬᠤᠭ ᠬᠠᠶᠠᠬᠤ ᠴᠡᠭ ᠢ ᠰᠢᠨ᠎ᠠ ᠪᠠᠷ ᠪᠠᠶᠢᠭᠤᠯᠤᠭᠰᠡᠨ ᠮᠦᠷᠲᠡᠬᠡᠨ 8 ᠨᠡᠷ᠎ᠠ ᠤᠷᠴᠢᠨ ᠲᠤᠭᠤᠷᠢᠨ ᠢ ᠴᠡᠪᠡᠷᠯᠡᠬᠦ ᠠᠵᠢᠯᠴᠢᠨ ᠢ ᠨᠡᠶᠢᠲᠠ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠲᠤᠬᠢᠷᠠᠭᠤᠯᠤᠨ ᠰᠤᠮᠦᠨ ᠤ ᠺᠠᠳ᠋ᠷ ᠠᠵᠢᠯᠳᠡᠨ ᠲᠠᠢ ᠬᠠᠮᠳᠦ ᠴᠡᠪᠡᠷᠯᠡᠭᠡ ᠬᠢᠵᠦ᠂ ᠤᠬᠠᠭᠤᠯᠭ᠎ᠠ ᠶᠢᠨ ᠬᠠᠭᠤᠳᠠᠰᠦ ᠪᠤᠯᠤᠨ ᠵᠠᠷ ᠮᠡᠳᠡᠭᠡ ᠲᠠᠷᠬᠠᠭᠠᠬᠤ ᠵᠡᠷᠬᠡ ᠬᠡᠯᠪᠡᠷᠢ ᠪᠠᠷ ᠮᠠᠯᠴᠢᠳ ᠤᠨ ᠤᠷᠴᠢᠨ ᠲᠤᠭᠤᠷᠢᠨ ᠢ ᠬᠠᠮᠠᠭᠠᠯᠠᠬᠤ ᠦᠵᠡᠯ ᠤᠬᠠᠮᠰᠠᠷ ᠬᠢᠬᠡᠳ ᠢᠳᠡᠪᠬᠢᠵᠢᠯ ᠢ ᠲᠠᠶᠢᠴᠢᠯᠠᠨ ᠤᠯᠤᠰ ᠤᠨ ᠲᠠᠰ ᠤᠨ ᠠᠮᠢ ᠠᠬᠤᠢ ᠶᠢᠨ ᠰᠤᠮᠦ ᠪᠤᠯᠬᠤ ᠬᠠᠷᠠᠯᠲᠠ ᠶᠢ ᠪᠡᠶᠡᠯᠡᠬᠦᠯᠬᠦ ᠪᠠᠷ ᠲᠡᠮᠡᠴᠡᠵᠦ ᠪᠤᠢ᠃ ᠡᠨᠡ ᠵᠢᠯ 55 ᠲᠦᠮᠡᠨ ᠲᠦᠬᠦᠷᠢᠭ ᠤᠨ ᠪᠡᠯᠡ ᠤᠷᠤᠭᠤᠯᠵᠦ 900 ᠮᠦ ᠡᠯᠡᠰᠦ ᠶᠢ ᠵᠠᠰᠠᠬᠤ ᠪᠠ 900 ᠮᠦ ᠪᠤᠳᠠ ᠮᠤᠳᠦ ᠶᠢ ᠤᠢᠢᠵᠢᠭᠤᠯᠠᠬᠤ ᠪᠠᠷ ᠪᠠᠶᠢᠨ᠎ᠠ᠃ ᠪᠠᠶᠢᠭᠠᠯᠢ ᠶᠢ ᠬᠦᠨᠳᠦᠳᠬᠡᠨ ᠪᠠᠶᠢᠭᠠᠯᠢ ᠲᠠᠢ ᠵᠤᠬᠢᠴᠠᠬᠤ᠂ ᠪᠠᠶᠢᠭᠠᠯᠠᠢ ᠶᠢ ᠬᠠᠮᠠᠭᠠᠯᠠᠬᠤ ᠠᠮᠢ ᠠᠬᠤᠢ ᠪᠠᠨ ᠬᠠᠮᠠᠭᠠᠯᠠᠬᠤ ᠦᠵᠡᠯᠲᠠ ᠶᠢ ᠪᠤᠢ ᠪᠤᠯᠭᠠᠵᠦ᠂ ᠬᠠᠮᠠᠭᠠᠯᠠᠬᠤ ᠶᠢ ᠲᠡᠷᠢᠬᠦᠨ ᠪᠠᠶᠢᠷᠢᠨ ᠳᠤ ᠲᠠᠯᠪᠢᠨ᠂ ᠠᠶᠠᠨᠳᠠᠭᠠᠨ ᠰᠡᠷᠬᠦᠬᠦ ᠪᠠᠷ ᠭᠤᠤᠯ ᠴᠢᠭᠯᠡᠯᠲᠠ ᠪᠠᠨ ᠪᠤᠯᠭᠠᠵᠦ᠂ ᠲᠡᠭᠷᠢ ᠨᠢ ᠬᠦᠬᠡ᠂ ᠲᠠᠯ᠎ᠠ ᠨᠢ ᠨᠤᠭᠤᠭᠠᠨ᠂ ᠤᠰᠤ ᠨᠢ ᠴᠡᠩᠬᠡᠭ ᠪᠠᠶᠢᠭᠠᠯᠢᠯᠢᠭ ᠰᠠᠶᠢᠬᠠᠨ ᠲᠠᠷᠬᠠᠨ᠋ᠠᠭᠤᠯᠠ ᠶᠢ ᠪᠠᠶᠢᠭᠤᠯᠬᠤ ᠪᠠᠷ ᠴᠢᠷᠮᠠᠶᠢᠨ ᠲᠡᠮᠡᠴᠡᠵᠦ ᠪᠠᠶᠢᠨ᠎ᠠ︾ ᠬᠡᠵᠠᠢ᠃       ᠬᠦᠭᠵᠢᠯᠲᠠ ᠶᠢ ᠪᠠᠷᠢᠮᠲᠠᠯᠠᠬᠤ ᠶᠢᠨ ᠬᠠᠮᠳᠦ ᠠᠮᠢ ᠠᠬᠤᠢ ᠪᠠᠨ ᠬᠠᠮᠠᠭᠠᠯᠠᠵᠦ ᠤᠷᠴᠢᠨ ᠲᠤᠭᠤᠷᠢᠨ ᠤ ᠡᠬᠢ ᠪᠠᠶᠠᠯᠢᠭ ᠢᠶᠠᠨ ᠵᠦᠢ ᠵᠤᠬᠢᠰᠲᠠᠢ ᠠᠰᠢᠠᠯᠠᠬᠤ ᠬᠡᠷᠡᠭᠲᠠᠢ ᠭᠡᠵᠦ ᠤᠯᠤᠰ ᠠᠴᠠ ᠤᠷᠢᠶᠠᠯᠠᠭᠰᠠᠭᠠᠷ ᠢᠷᠡᠭᠰᠡᠨ᠃ ᠲᠠᠷᠬᠠᠨ᠋ᠠᠭᠤᠯᠠ ᠰᠤᠮᠦ ᠨᠢ ᠲᠠᠯ᠎ᠠ ᠨᠤᠳᠤᠭ ᠤᠨ ᠡᠬᠢ ᠪᠠᠶᠠᠯᠢᠭ ᠢᠶᠠᠨ ᠵᠦᠢ ᠵᠤᠬᠢᠰᠲᠠᠢ ᠠᠰᠢᠭᠯᠠᠨ᠂ ᠮᠠᠯᠴᠢᠳ ᠤᠨ ᠠᠮᠢᠳᠦᠷᠠᠯ ᠢ ᠴᠢᠨᠠᠬᠡᠯᠢᠭᠵᠢᠬᠦᠯᠵᠦ ᠪᠠᠶᠢᠨ᠎ᠠ᠃ ᠲᠠᠷᠬᠠᠨ᠋ᠠᠭᠤᠯᠠ ᠶᠢᠨ ᠢᠷᠡᠬᠡᠳᠦᠢ ᠨᠡᠩ ᠰᠠᠶᠢᠨ ᠰᠠᠶᠢᠬᠠᠨ ᠪᠤᠯᠬᠤ ᠨᠢ ᠯᠠᠪᠲᠠᠢ︕
 
ᠢᠷᠡᠯᠲᠡ᠄ ᠬᠡᠰᠢᠭᠲᠡᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号