ᠴ᠊ · ᠬᠡᠰᠢᠭᠲᠦᠭ᠌ᠲᠠᠬᠤ ᠫᠷᠣᠹᠧᠰᠰᠣᠷ ᠤᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2014/3/10
 
 
        ᠴ᠊ · ᠬᠡᠰᠢᠭᠲᠦᠭ᠌ᠲᠠᠬᠤ᠂ 1940 ᠣᠨ ᠤ 12 ᠰᠠᠷ᠎ᠠ ᠳᠤ ᠥᠪᠥᠷ ᠮᠣᠩᠭᠤᠯ ᠤᠨ ᠬᠡᠰᠢᠭᠲᠡᠨ ᠬᠤᠰᠢᠭᠤᠨ ᠤ ᠮᠠᠯᠴᠢᠨ ᠴᠣᠶᠢᠷᠤᠪ ᠤᠨ ᠭᠤᠷᠪᠠᠳᠤᠭᠠᠷ ᠬᠥᠪᠡᠭᠦᠨ ᠪᠣᠯᠣᠨ ᠵᠠᠶᠠᠭᠠᠵᠠᠢ᠃ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠶᠢᠨ ᠫᠷᠣᠹᠧᠰᠰᠣᠷ᠂ ᠳ᠋ᠤᠺᠲ᠋ᠣᠷᠠᠨᠲ ᠤᠨ ᠵᠢᠯᠣᠭᠤᠳᠤᠭᠴᠢ ᠪᠠᠭᠰᠢ᠃ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠤᠣᠯᠳᠠᠯᠭᠠᠲᠦ ᠰᠡᠳᠦᠪ ︽ᠳᠤᠮᠳᠠᠳᠤ ᠤᠯᠤᠰ ᠤᠨ ᠴᠦᠭᠡᠨ ᠲᠣᠭᠠᠲᠤ ᠦᠨᠳᠦᠰᠦᠲᠡᠨ ᠤ ᠡᠷᠲᠡᠨ ᠤ ᠨᠣᠮ ᠪᠢᠴᠢᠭ ᠎ ᠤᠨ ᠥᠭᠦᠯᠡᠮᠵᠢ︾ ᠰᠡᠳᠭᠦᠯ ᠤᠨ ᠵᠥᠪᠯᠡᠭᠴᠢ᠂ ᠣᠯᠠᠨ ᠤᠯᠤᠰ ᠤᠨ ᠮᠣᠩᠭᠤᠯᠴᠢ ᠡᠷᠳᠡᠮᠲᠡᠳ ᠤᠨ ᠬᠤᠯᠪᠣᠭᠠᠠᠨ ᠤ ᠵᠥᠪᠯᠡᠯᠳᠦᠬᠦ ᠲᠣᠪᠴᠢᠶᠠᠨ ᠤ ᠭᠡᠰᠢᠭᠦᠨ᠂ ᠶᠠᠫᠤᠨ ᠤᠯᠤᠰ ᠤᠨ ᠸᠠᠰᠧᠳᠠ ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠲᠥᠪ ᠤᠨ ᠵᠣᠴᠢᠨ ᠫᠷᠣᠹᠧᠰᠰᠣᠷ ᠵᠡᠷᠭᠡ ᠨᠡᠶᠢᠭᠡᠮ ᠤᠨ ᠡᠭᠦᠷᠭᠡ ᠲᠤᠰᠢᠶᠠᠯ ᠲᠠᠢ᠃        ᠲᠡᠷᠡ ᠪᠠᠷ 1966 ᠣᠨ ᠤ 6 ᠰᠠᠷ᠎ᠠ ᠳᠤ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠡᠯᠡ ᠪᠢᠴᠢᠭ ᠤᠨ ᠰᠠᠯᠪᠤᠷᠢ ᠶᠢᠨ ᠲᠠᠪᠤᠨ ᠵᠢᠯ ᠤᠨ ᠳᠦᠷᠢᠮᠲᠦ ᠮᠣᠩᠭᠤᠯ ᠬᠡᠯᠡ ᠤᠳᠬ᠎ᠠ ᠵᠣᠬᠢᠶᠠᠯ ᠎ ᠤᠨ ᠲᠤᠰᠬᠠᠢ ᠮᠡᠷᠭᠡᠵᠢᠯ ᠤᠨ ᠠᠩᠭᠢ ᠳᠤ ᠰᠤᠷᠤᠯᠴᠠᠨ ᠲᠡᠭᠦᠰᠦᠭᠡᠳ ᠰᠤᠷᠭᠠᠭᠤᠯᠢ ᠳᠠᠭᠠᠨ ᠦᠯᠡᠳᠡᠨ ᠪᠠᠭᠰᠢᠯᠠᠵᠠᠢ᠃ 1966-1986 ᠣᠨ ᠪᠣᠯᠲᠠᠯ᠎ᠠ ᠮᠣᠩᠭᠤᠯ ᠬᠡᠯᠡ ᠤᠳᠬ᠎ᠠ ᠵᠣᠬᠢᠶᠠᠯ ᠤᠨ ᠵᠢᠭᠠᠨ ᠰᠣᠳᠣᠯᠬᠤ ᠲᠠᠰᠤᠭ ᠲᠤ᠂ 1986-2000 ᠣᠨ ᠪᠣᠯᠲᠠᠯ᠎ᠠ ᠴᠥᠬᠡᠨ ᠲᠣᠭᠠᠲᠦ ᠦᠨᠳᠦᠰᠦᠲᠡᠨ ᠤ ᠤᠳᠬ᠎ᠠ ᠵᠣᠬᠢᠶᠠᠯ ᠤᠷᠠᠯᠢᠭ ᠰᠤᠳᠤᠯᠬᠤ ᠬᠦᠷᠢᠶᠡᠯᠡᠩ ᠳᠤ᠂ 2000 ᠣᠨ ᠠᠴᠠ ᠬᠤᠶᠢᠰᠢ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠳᠤ ᠠᠵᠢᠯᠯᠠᠨ ᠂ ᠬᠢᠴᠢᠶᠡᠯ ᠬᠥᠮᠥᠵᠢᠯ ᠤᠨ ᠨᠥᠰᠡᠷ ᠡᠭᠦᠷᠭᠡ ᠪᠠᠨ ᠪᠡᠶᠡᠯᠡᠭᠦᠯᠬᠦ ᠶᠢᠨ ᠳᠠᠭᠠᠤ ᠭᠤᠣᠯᠳᠠᠭᠤ ᠮᠣᠩᠭᠤᠯ ᠤᠨ ᠡᠷᠲᠡᠨ ᠤ ᠤᠳᠬ᠎ᠠ ᠵᠣᠬᠢᠶᠠᠯ᠂ ᠮᠣᠩᠭᠤᠯ ᠰᠤᠷᠪᠤᠯᠵᠢ ᠪᠢᠴᠢᠭ ᠤᠨ ᠰᠣᠳᠣᠯᠭᠠᠨ ᠤ ᠴᠢᠭᠯᠡᠯ ᠢᠶᠠᠷ ᠰᠣᠳᠣᠯᠭᠠᠨ ᠤ ᠠᠵᠢᠯ ᠢᠶᠠᠨ ᠥᠷᠨᠢᠭᠦᠯᠵᠦ ᠢᠷᠠᠵᠠᠢ᠃ ᠲᠣᠰ ᠰᠣᠳᠣᠯᠭᠠᠨ ᠤ ᠴᠢᠭᠯᠡᠯ ᠢᠶᠠᠷ ᠤᠷᠢᠳ ᠬᠤᠵᠢᠳ 22 ᠠᠰᠫᠢᠷᠠᠨᠲ ᠢ ᠵᠢᠯᠤᠭᠤᠳᠤᠨ ᠰᠤᠷᠤᠯᠴᠠᠭᠤᠯᠵᠦ ᠲᠡᠭᠦᠰᠭᠡᠭᠰᠡᠨ ᠪᠥᠭᠡᠳ᠂ 16 ᠳ᠋ᠣᠺᠲ᠋ᠣᠷ ᠵᠢᠯᠤᠭᠤᠳᠣᠨ ᠬᠥᠮᠥᠵᠢᠭᠦᠯᠵᠦ ᠣᠯᠠᠩᠬᠢ ᠶᠢ ᠲᠡᠭᠦᠰᠭᠡᠭᠡᠳ ᠪᠠᠶᠢᠨ᠎ᠠ᠃        1993 -1994 ᠣᠨ ᠪᠣᠯᠲᠠᠯ᠎ᠠ ᠶᠠᠫᠤᠨ ᠤ ᠸᠠᠰᠧᠳᠠ ᠶᠡᠭᠡ ᠰᠤᠷᠭᠠᠭᠤᠯᠢ ᠳᠤ ᠤᠷᠢᠭᠳᠠᠨ ᠬᠢᠴᠢᠶᠡᠯ ᠬᠥᠮᠦᠵᠢᠯ᠂ ᠡᠷᠳᠡᠮ ᠰᠢᠨᠵᠢᠯᠡᠭᠡᠨ ᠤ ᠬᠠᠮᠲᠦ ᠶᠢᠨ ᠠᠵᠢᠯᠯᠠᠭ᠎ᠠ ᠪᠠᠷ ᠨᠢᠭᠡ ᠵᠢᠯ ᠠᠵᠢᠯᠯᠠᠨ ᠶᠣᠰᠢᠳᠠ ᠵᠦᠠᠶᠢᠴᠢ ᠫᠷᠣᠹᠧᠰᠰᠣᠷ ᠨᠠᠷ ᠲᠠᠢ ︽ᠴᠡᠭᠷᠠᠸᠠᠷᠳᠢ ᠠᠯᠲᠠᠨ ᠬᠠᠭᠠᠨ ᠤ ᠲᠤᠭᠤᠵᠢ︾᠎ ᠶᠢ ᠬᠠᠮᠲᠤᠷᠠᠨ ᠰᠣᠳᠣᠯᠵᠦ ᠬᠡᠪᠯᠡᠭᠦᠯᠪᠡ᠃ 2003 ᠣᠨ ᠤ 10-11 ᠰᠠᠷ᠎ᠠ ᠳᠤ ᠬᠤᠶᠠᠳᠠᠭᠢ ᠤᠳᠠᠭ᠎ᠠ ᠸᠠᠰᠧᠳᠠ ᠶᠡᠭᠡ ᠰᠤᠷᠭᠠᠭᠤᠯᠢ ᠳᠤ ᠤᠷᠢᠭᠳᠠᠨ ᠡᠷᠳᠡᠮ ᠰᠢᠨᠵᠢᠯᠡᠭᠡᠨ ᠤ ᠰᠣᠷᠪᠣᠯᠵᠢᠯᠠᠭ᠎ᠠ ᠬᠢᠵᠡᠢ᠃        ᠣᠯᠠᠨ ᠤᠯᠤᠰ ᠤᠨ ᠮᠣᠩᠭᠤᠯᠴᠢ ᠡᠷᠳᠡᠮᠲᠡᠳ ᠤᠨ ᠬᠤᠯᠪᠤᠭᠠᠨ ᠤ ᠤᠷᠢᠯᠭ᠎ᠠ ᠪᠠᠷ ᠤᠯᠠᠭᠠᠨᠪᠠᠭᠠᠲᠤᠷ ᠲᠤ ᠪᠣᠯᠣᠭᠰᠠᠨ ᠤᠯᠠᠨ ᠤᠯᠤᠰ ᠤᠨ ᠮᠣᠩᠭᠤᠯᠴᠢ ᠡᠷᠳᠡᠮᠲᠡᠳ ᠤᠨ 7᠂ 8᠂ 9 ᠳ᠋ᠦ᠋ᠭᠡᠷ ᠶᠡᠭᠡ ᠬᠤᠷᠠᠯ ᠳᠤ ᠣᠷᠣᠵᠦ ᠡᠷᠳᠡᠮ ᠰᠢᠨᠵᠢᠯᠡᠭᠡᠨ ᠤ ᠢᠯᠡᠳᠬᠡᠯ ᠬᠢᠪᠡ᠃ ᠡᠭᠦᠨ ᠳᠤ᠂ 7 ᠳ᠋ᠤᠭᠠᠷ ᠶᠡᠭᠡ ᠬᠤᠷᠠᠯ ᠳᠡᠭᠡᠷ᠎ᠡ ᠣᠯᠠᠨ ᠤᠯᠤᠰ ᠤᠨ ᠮᠣᠩᠭᠤᠯᠴᠢ ᠡᠷᠳᠡᠮᠲᠡᠳ ᠤᠨ ᠬᠤᠯᠪᠤᠭᠠᠨ ᠤ ᠭᠦᠢᠴᠡᠳᠭᠡᠬᠦ ᠲᠣᠪᠴᠢᠶᠠᠨ ︵ᠳᠠᠷᠠᠭ᠎ᠠ ᠨᠢ ᠵᠥᠪᠯᠡᠯᠳᠦᠬᠦ ᠲᠣᠪᠴᠢᠶ᠎ᠠ ᠭᠡᠵᠦ ᠥᠭᠡᠷᠡᠴᠢᠯᠡᠭᠰᠡᠨ︶᠎ ᠤ ᠭᠡᠰᠢᠭᠦᠨ ᠢᠶᠠᠷ ᠰᠤᠩᠭᠤᠬᠳᠠᠵᠦ᠂ 8 ᠳ᠋ᠤᠭᠠᠷ ᠶᠡᠭᠡ ᠬᠤᠷᠠᠯ ᠎ ᠳᠤ ᠮᠣᠩᠭᠤᠯ ᠤᠯᠤᠰ ᠤᠨ ᠶᠡᠷᠦᠩᠬᠡᠢ ᠰᠠᠶᠢᠳ ᠡᠩᠬᠡᠪᠠᠶᠠᠷ ᠤᠨ ᠤᠷᠢᠯᠭ᠎ᠠ ᠲᠠᠢ ᠣᠷᠣᠯᠴᠠᠨ ᠴᠢᠩᠭᠢᠰ ᠬᠠᠭᠠᠨ ᠤ ᠮᠡᠨᠳᠦᠯᠡᠭᠰᠡᠨ 840 ᠵᠢᠯ ᠤᠨ ᠤᠢ ᠶᠢ ᠪᠡᠯᠭᠡᠯᠡᠬᠦ ᠲᠤᠰᠬᠠᠢ ᠰᠡᠳᠦᠪ ᠤᠨ ᠶᠡᠭᠡ ᠬᠤᠷᠠᠯ ᠳᠡᠭᠡᠷ᠎ᠡ ᠭᠤᠣᠯ ᠰᠡᠳᠦᠪ ᠤᠨ ᠢᠯᠡᠳᠬᠡᠯ ᠬᠢᠵᠦ᠂ 9 ᠳ᠋ᠤᠭᠡᠷ ᠶᠡᠭᠡ ᠬᠤᠷᠠᠯ ᠳᠡᠭᠡᠷ᠎ᠡ ᠠᠮᠧᠷᠢᠺᠠ᠂ ᠭᠧᠷᠮᠠᠨ᠂ ᠣᠷᠣᠰ᠂ ᠶᠠᠫᠤᠨ ᠤᠯᠤᠰ ᠤᠨ ᠳᠥᠷᠪᠡᠨ ᠮᠣᠩᠭᠤᠯᠴᠢ ᠡᠷᠳᠡᠮᠲᠡᠳ ᠤᠨ ᠬᠠᠮᠲᠦ ᠮᠣᠩᠭᠤᠯ ᠤᠯᠤᠰ ᠤᠨ ᠶᠡᠷᠦᠩᠬᠡᠶᠢᠯᠡᠭᠴᠢ ᠡᠩᠬᠡᠪᠠᠶᠠᠷ ᠤᠨ ︽ᠠᠯᠲᠠᠨ ᠭᠠᠳᠠᠰᠤ︾ ᠭᠠᠪᠢᠶᠠᠨ ᠤ ᠣᠳᠣᠨ ᠢᠶᠠᠷ ᠱᠠᠩᠨᠠᠬᠳᠠᠪᠠ᠃        ᠲᠡᠷᠡ ᠪᠠᠰᠠ 1999 ᠣᠨ ᠳᠤ ᠠᠮᠧᠷᠢᠺᠠ ᠶᠢᠨ ᠮᠣᠩᠭᠤᠯᠴᠤᠳ ᠤᠨ ᠰᠣᠶᠣᠯ ᠤᠨ ᠬᠤᠯᠪᠣᠭ᠎ᠠ᠂ ᠢᠨᠳᠢᠶᠠᠨ᠎ᠠ ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠲᠥᠪ ᠤᠨ ᠤᠷᠢᠯᠭ᠎ᠠ ᠪᠠᠷ᠂ 2000 ᠣᠨ ᠳᠤ ᠺᠣᠷᠢᠶᠠ ᠤᠯᠤᠰ ᠤᠨ ᠮᠣᠩᠭᠤᠯ ᠰᠤᠳᠤᠯᠤᠯ ᠤᠨ ᠨᠡᠶᠢᠭᠡᠮᠯᠢᠭ ᠤᠨ ᠤᠷᠢᠯᠭ᠎ᠠ ᠪᠠᠷ ᠠᠮᠧᠷᠢᠺᠠ᠂ ᠺᠣᠷᠢᠶᠠ ᠤᠯᠤᠰ ᠲᠤ ᠣᠴᠢᠵᠦ ᠡᠷᠳᠡᠮ ᠰᠢᠨᠵᠢᠯᠡᠭᠡᠨ ᠤ ᠰᠣᠷᠪᠣᠯᠵᠢᠯᠠᠭ᠎ᠠ ᠬᠢᠵᠡᠢ᠃        ᠲᠡᠷᠡ ᠪᠠᠷ ᠤᠯᠤᠰ ᠤᠨ ᠳᠣᠲᠣᠭᠠᠳᠤ ᠭᠠᠳᠠᠭᠠᠳᠤ ᠳᠤ ᠥᠪᠡᠷ ᠢᠶᠠᠨ 5 ᠲᠤᠰᠬᠠᠢ ᠪᠦᠲᠦᠭᠡᠯ᠂ ᠪᠣᠰᠣᠳ ᠲᠠᠢ ᠬᠠᠮᠲᠤᠷᠠᠨ 5 ᠪᠦᠲᠦᠭᠡᠯ ᠬᠡᠪᠯᠡᠭᠦᠯᠦᠭᠰᠡᠨ ᠪᠤᠢ᠃ ᠤᠯᠤᠰ ᠤᠨ ᠳᠣᠲᠣᠭᠠᠳᠤ ᠭᠠᠳᠠᠭᠠᠳᠤ ᠶᠢᠨ ᠡᠷᠳᠡᠮ ᠰᠢᠨᠵᠢᠯᠡᠭᠡᠨ ᠤ ᠰᠡᠳᠬᠦᠯ ᠳᠤ 60 ᠭᠠᠷᠤᠢ ᠥᠭᠦᠯᠡᠯ ᠨᠡᠶᠢᠲᠡᠯᠡᠭᠦᠯᠦᠭᠰᠡᠨ ᠤ ᠵᠠᠷᠢᠮ ᠨᠢ ᠶᠠᠫᠤᠨ᠂ ᠠᠩᠭ᠍ᠯᠢ᠂ ᠣᠷᠣᠰ ᠬᠡᠯᠡᠨ ᠳᠤ ᠤᠷᠴᠢᠭᠤᠯᠤᠬᠳᠠᠨ᠂ ᠵᠠᠷᠢᠮ ᠨᠢ ᠺᠢᠷᠢᠯ ᠦᠰᠦᠭ ᠲᠤ ᠪᠠᠭᠤᠯᠭᠠᠵᠤ ᠶᠠᠫᠤᠨ᠂ ᠤᠷᠤᠰ᠂ ᠮᠣᠩᠭᠤᠯ ᠵᠡᠷᠭᠡ ᠤᠯᠤᠰ ᠲᠤ ᠨᠡᠶᠢᠲᠡᠯᠡᠭᠳᠡᠪᠡ᠃        ︽ᠮᠣᠩᠭᠤᠯ ᠤᠨ ᠡᠷᠲᠡᠨ ᠤ ᠤᠳᠬ᠎ᠠ ᠵᠣᠬᠢᠶᠠᠯ ᠤᠨ ᠰᠤᠳᠤᠯᠤᠯ︾ ᠭᠡᠬᠦ ᠨᠣᠮ ᠨᠢ 1992 ᠣᠨ ᠳᠤ ᠪᠡᠭᠡᠵᠢᠩ ᠬᠤᠲᠠ ᠶᠢᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠪᠦᠳᠦᠭᠡᠯ ᠤᠨ ᠬᠤᠶᠠᠳᠤᠭᠠᠷ ᠲᠡᠰ ᠤᠨ ᠱᠠᠩᠨᠠᠯ ᠬᠦᠷᠲᠡᠵᠦ᠂ ︽ᠶᠤᠸᠠᠨ ᠤᠯᠤᠰ ᠤᠨ ᠴᠦᠢᠵᠢᠠᠣᠳᠰᠠᠷ ᠤᠨ ᠨᠠᠮᠲᠠᠷ ᠲᠡᠦᠬᠡ ᠶᠢᠨ ᠲᠤᠬᠠᠢ ᠳᠠᠬᠢᠨ ᠥᠭᠦᠯᠡᠬᠦ ᠨᠢ︾ ᠭᠡᠬᠦ ᠥᠭᠦᠯᠡᠯ 2003 ᠣᠨ ᠳᠤ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠪᠦᠳᠦᠭᠡᠯ ᠤᠨ ᠭᠤᠷᠪᠠᠳᠤᠭᠠᠷ ᠲᠡᠰ ᠤᠨ ᠱᠠᠩᠨᠠᠯ ᠬᠦᠷᠲᠡᠵᠡᠢ᠃ ︽ᠡᠷᠲᠡᠨ ᠤ ᠮᠣᠩᠭᠤᠯ ᠰᠢᠯᠦᠭ ᠤᠨ ᠲᠡᠭᠦᠪᠦᠷᠢ︾᠎ ᠨᠢ ᠡᠷᠲᠡᠨ ᠤ ᠮᠣᠩᠭᠤᠯ ᠰᠢᠯᠦᠭ ᠤᠨ ᠠᠩᠬᠠᠳᠠᠭᠴᠢ ᠲᠠᠶᠢᠯᠪᠤᠷᠢᠲᠦ ᠲᠡᠭᠦᠪᠦᠷᠢ ᠪᠣᠯᠬᠤ ᠪᠥᠭᠡᠳ ᠤᠳᠤ ᠴᠤ ᠭᠡᠰᠡᠨ ᠡᠷᠳᠡᠮ ᠰᠢᠨᠵᠢᠯᠡᠭᠡᠨ ᠤ ᠬᠢᠨ ᠳᠤ ᠥᠨᠳᠥᠷ ᠦᠨᠡᠯᠡᠭᠳᠡᠭᠰᠡᠭᠡᠷ ᠪᠠᠶᠢᠨ᠎ᠠ᠃        ᠲᠡᠭᠦᠨ ᠤ ᠪᠢᠴᠢᠭᠰᠡᠨ ᠰᠢᠯᠦᠭ ᠤᠨ ᠣᠨᠣᠯ ᠤᠨ ᠲᠤᠬᠠᠢ ᠥᠭᠦᠯᠡᠯ ᠤᠳ ᠲᠤ᠂ ᠮᠣᠩᠭᠤᠯ ᠰᠢᠯᠦᠭ ᠤᠨ ᠬᠤᠯᠪᠣᠯᠲᠠ ᠪᠣᠯᠣᠨ ᠠᠯᠲᠠᠢ ᠢᠵᠠᠭᠤᠷ ᠬᠡᠯᠡᠨ ᠤ ᠦᠨᠳᠦᠰᠦᠲᠡᠨ ᠨᠦᠭᠦᠳ ᠤᠨ ᠰᠢᠯᠦᠭ ᠤᠨ ᠬᠤᠯᠪᠣᠯᠲᠠ ᠶᠢ ᠬᠠᠷᠢᠴᠠᠭᠤᠯᠤᠨ ᠰᠣᠳᠣᠯᠤᠭᠠᠳ᠂ ᠣᠳᠣ ᠦᠶ᠎ᠡ ᠶᠢᠨ ᠠᠯᠲᠠᠢ ᠢᠵᠠᠭᠤᠷ ᠬᠡᠯᠡᠨ ᠤ ᠦᠨᠳᠦᠰᠦᠲᠡᠨ ᠎ ᠨᠦᠭᠦᠳ ᠤᠨ ᠰᠢᠯᠦᠭ ᠤᠨ ᠬᠤᠯᠪᠣᠯᠲᠠ ᠦᠨᠳᠦᠰᠦᠨ ᠳᠡᠭᠡᠨ ᠭᠤᠷᠪᠠᠨ ᠲᠥᠷᠥᠯ ᠳᠤ ᠬᠤᠪᠢᠶᠠᠭᠳᠠᠨ᠎ᠠ ᠭᠡᠵᠦ ᠵᠢᠭᠠᠨ ᠭᠠᠷᠭᠠᠵᠠᠢ᠃ ᠨᠢᠭᠡ ᠨᠢ᠂ ᠮᠣᠩᠭᠤᠯ᠂ ᠳᠠᠭᠤᠷ ᠵᠡᠷᠭᠡ ᠨᠠᠢᠮᠠ ᠶᠢᠰᠦᠨ ᠬᠡᠯᠡᠨ ᠤ ᠰᠢᠯᠦᠭ ᠤᠨ ᠬᠤᠯᠪᠣᠯᠲᠠ ᠨᠢ ᠮᠣᠩᠭᠤᠯ ᠰᠢᠯᠦᠭ ᠤᠨ ᠬᠤᠯᠪᠣᠯᠲᠠ ᠯᠤᠭ᠎ᠠ ᠡᠭᠡᠭᠡ ᠠᠳᠠᠯᠢ ᠪᠠᠷ ᠲᠣᠯᠣᠭᠠᠢ ᠬᠤᠯᠪᠣᠯᠲᠠ ᠪᠠ ᠰᠡᠭᠦᠯ ᠬᠤᠯᠪᠣᠯᠲᠠ ᠎ ᠪᠠᠨ ᠬᠠᠳᠠᠭᠠᠯᠠᠭᠰᠠᠭᠠᠷ ᠪᠠᠶᠢᠨ᠎ᠠ᠃ ᠬᠤᠶᠠᠷ ᠨᠢ᠂ ᠮᠠᠨᠵᠦ᠂ ᠬᠠᠰᠠᠭ᠂ ᠴᠠᠭᠠᠨ ᠮᠣᠩᠭᠤᠯ ᠤᠨ ᠰᠢᠯᠦᠭ ᠤᠨ ᠬᠤᠯᠪᠣᠯᠲᠠ ᠨᠢ ᠰᠡᠭᠦᠯ ᠬᠤᠯᠪᠣᠯᠲᠠ ᠭᠤᠣᠯᠯᠠᠭᠠᠳ ᠲᠣᠯᠣᠭᠠᠢ ᠬᠤᠯᠪᠣᠯᠲᠠ ᠳᠡᠳ᠋ᠯᠡᠬᠦ ᠪᠠᠶᠢᠷᠢᠨ ᠳᠤ ᠣᠷᠣᠭᠰᠠᠨ ᠪᠠᠶᠢᠳᠠᠯ ᠲᠠᠢ ᠪᠣᠯᠵᠠᠢ᠃ ᠭᠡᠬᠦ ᠳᠡᠭᠡᠨ ᠡᠷᠲᠡ ᠳᠡᠭᠡᠷ᠎ᠡ ᠦᠶ᠎ᠡ ᠳᠤ ᠪᠣᠯ ᠮᠥᠨ ᠬᠦ ᠲᠣᠯᠣᠭᠠᠢ ᠬᠤᠯᠪᠣᠯᠲᠠ ᠶᠢ ᠢᠳᠡᠪᠬᠢᠲᠡᠢ ᠬᠡᠷᠡᠭᠯᠡᠵᠦ ᠪᠠᠶᠢᠵᠠᠢ᠃ ᠭᠤᠷᠪᠠ ᠨᠢ᠂ ᠤᠶᠢᠭᠤᠷ ᠰᠢᠯᠦᠭ 11 ᠳ᠋ᠦ᠋ᠭᠡᠷ ᠵᠠᠭᠤᠨ ᠠᠴᠠ ᠡᠮᠦᠨ᠎ᠡ ᠲᠣᠯᠣᠭᠠᠢ ᠬᠤᠯᠪᠣᠬᠤ᠂ ᠰᠡᠭᠦᠯ ᠬᠤᠯᠪᠣᠬᠤ ᠲᠠᠯ᠎ᠠ ᠪᠠᠷ ᠮᠣᠩᠭᠤᠯ ᠰᠢᠯᠦᠭ ᠲᠠᠢ ᠡᠭᠡᠭᠡ ᠠᠳᠠᠯᠢᠬᠠᠨ ᠪᠠᠶᠢᠭᠰᠠᠨ ᠢᠶᠠᠨ 11 ᠳ᠋ᠦ᠋ᠭᠡᠷ ᠵᠠᠭᠤᠨ ᠠᠴᠠ ᠬᠤᠶᠢᠰᠢ ᠠᠷᠠᠪ᠂ ᠫᠧᠷᠰ ᠤᠨ ᠰᠢᠯᠦᠭ ᠤᠨ ᠨᠥᠯᠥᠭᠡ ᠶᠢ ᠬᠦᠯᠢᠶᠡᠭᠰᠡᠨ ᠢᠶᠠᠷ ᠤᠷᠲᠤ ᠪᠣᠭᠤᠨᠢ ᠦᠶ᠎ᠡ ᠶᠢᠨ ᠨᠡᠶᠢᠯᠡᠯᠲᠡ ᠪᠠ ᠬᠤᠪᠢᠷᠠᠯᠲᠠ ᠪᠠᠷ ᠰᠠᠭᠤᠷᠢ ᠪᠣᠯᠭᠠᠭᠰᠠᠨ ᠰᠢᠯᠦᠭ ᠤᠨ ᠬᠤᠯᠪᠣᠯᠲᠠ ᠲᠠᠢ ᠪᠣᠯᠵᠠᠢ᠃ ᠣᠳᠣ ᠦᠶ᠎ᠡ ᠶᠢᠨ ᠠᠯᠲᠠᠢ ᠢᠵᠠᠭᠤᠷ ᠬᠡᠯᠡᠨ ᠤ ᠦᠨᠳᠦᠰᠦᠲᠡᠨ ᠨᠦᠭᠦᠳ ᠤᠨ ᠰᠢᠯᠦᠭ ᠤᠨ ᠬᠤᠯᠪᠣᠯᠲᠠ ᠬᠡᠳᠦᠶᠢᠪᠡᠷ ᠡᠶᠢᠮᠦ ᠭᠤᠷᠪᠠᠨ ᠲᠥᠷᠥᠯ ᠳᠤ ᠬᠤᠪᠢᠶᠠᠬᠳᠠᠨ ᠪᠠᠶᠢᠭ᠎ᠠ ᠪᠣᠯᠪᠠᠴᠦ᠂ ᠤᠯᠠᠮ ᠡᠷᠲᠡ ᠦᠶ᠎ᠡ ᠳᠡᠭᠡᠨ ᠠᠯᠲᠠᠢ ᠢᠵᠠᠭᠤᠷ ᠬᠡᠯᠡᠨ ᠤ ᠦᠨᠳᠦᠰᠦᠲᠡᠨ ᠨᠦᠭᠦᠳ ᠤᠨ ᠰᠢᠯᠦᠭ ᠤᠨ ᠬᠤᠯᠪᠣᠯᠲᠠ ᠨᠢ ᠤᠯᠠᠮ ᠢᠯᠡᠭᠦᠦ ᠨᠡᠶᠢᠲᠡᠯᠡᠭ ᠲᠠᠯ᠎ᠠ ᠎ ᠲᠠᠢ᠂ ᠪᠦᠷ ᠲᠣᠯᠣᠭᠠᠢ ᠬᠤᠯᠪᠣᠯᠲᠠ ᠪᠠ ᠰᠡᠭᠦᠯ ᠬᠤᠯᠪᠣᠯᠲᠠ ᠶᠢ ᠬᠡᠷᠡᠭᠯᠡᠳᠡᠭ ᠪᠠᠶᠢᠬᠰᠠᠨ ᠭᠡᠬᠦ ᠥᠪᠡᠷᠮᠢᠴᠡ ᠦᠵᠡᠯᠲᠡ ᠶᠢ ᠳᠡᠪᠰᠢᠭᠦᠯᠵᠡᠢ᠃ ᠡᠨᠡ ᠬᠦ ᠦᠵᠡᠯᠲᠡ ᠨᠢ ᠮᠣᠩᠭᠤᠯ ᠰᠢᠯᠦᠭ ᠤᠨ ᠬᠤᠯᠪᠣᠯᠲᠠ ᠶᠢᠨ ᠰᠤᠳᠤᠯᠤᠯ ᠲᠡᠷᠡᠴᠢᠯᠡᠨ ᠠᠯᠲᠠᠢ ᠰᠤᠳᠤᠯᠤᠯ ᠤᠨ ᠲᠠᠯ᠎ᠠ ᠳᠤ ᠴᠥᠮ ᠴᠢᠬᠤᠯᠠ ᠡᠷᠳᠡᠮ ᠰᠢᠨᠵᠢᠯᠡᠭᠡᠨ ᠤ ᠪᠠ ᠣᠨᠣᠯ ᠤᠨ ᠠᠴᠢ ᠬᠤᠯᠪᠣᠭᠳᠠᠯ ᠲᠠᠢ ᠶᠤᠮ᠃        ᠨᠠᠮᠲᠠᠷ ᠵᠣᠬᠢᠶᠠᠯ ᠤᠨ ᠰᠤᠳᠤᠯᠤᠯ ᠤᠨ ᠲᠠᠯ᠎ᠠ ᠪᠠᠷ ᠬᠢ ᠥᠭᠦᠯᠡᠯ ᠤᠳ ᠲᠤ ᠴᠦᠢᠵᠢᠠᠣᠳᠰᠠᠷ᠂ ᠨᠠᠶᠢᠵᠢ ᠲᠣᠶᠢᠨ ᠪᠠ ᠽᠠᠶ᠎ᠠ ᠪᠠᠨᠳᠢᠳᠠ ᠨᠠᠮᠬᠠᠶᠢᠵᠠᠮᠰᠦ ᠵᠡᠷᠭᠡ ᠡᠷᠳᠡᠮᠲᠡᠳ ᠤᠨ ᠨᠠᠮᠲᠠᠷ ᠲᠡᠤᠬᠡ ᠶᠢᠨ ᠲᠠᠯ᠎ᠠ ᠪᠠᠷ ᠭᠦᠨᠵᠡᠭᠡᠢ ᠰᠢᠰᠲ᠋ᠧᠮ ᠲᠠᠢ ᠰᠢᠯᠭᠠᠨ ᠮᠠᠭᠠᠳᠯᠠᠯᠲᠠ ᠬᠢᠵᠦ ᠥᠪᠡᠷ ᠤᠨ ᠦᠵᠡᠯᠲᠡ ᠪᠠᠨ ᠳᠡᠪᠰᠢᠭᠦᠯᠵᠡᠢ᠃ ᠵᠢᠱᠢᠶᠡᠯᠡᠪᠡᠯ᠂ ︽ᠶᠤᠸᠠᠨ ᠤᠯᠤᠰ ᠤᠨ ᠴᠦᠢᠵᠢᠠᠣᠳᠰᠠᠷ ᠤᠨ ᠨᠠᠮᠲᠠᠷ ᠲᠡᠤᠬᠡ ᠶᠢᠨ ᠲᠤᠬᠠᠢ ᠳᠠᠬᠢᠨ ᠦᠭᠦᠯᠡᠬᠦ ᠨᠢ︾ ᠬᠡᠮᠡᠬᠦ ᠥᠭᠦᠯᠡᠯ ᠳᠡᠭᠡᠨ᠂ ᠮᠣᠩᠭᠤᠯ ᠬᠢᠲᠠᠳ ᠵᠢᠴᠢ ᠭᠠᠳᠠᠭᠠᠳᠤ ᠬᠡᠯᠡᠨ ᠤ ᠰᠤᠷᠪᠤᠯᠵᠢ ᠪᠢᠴᠢᠭ ᠪᠠ ᠮᠠᠲ᠋ᠧᠷᠢᠶᠠᠯ ᠤᠳ ᠎ ᠢ ᠠᠰᠢᠭᠯᠠᠨ ᠨᠠᠷᠢᠨ ᠲᠣᠳᠣᠷᠬᠠᠢ ᠰᠢᠯᠭᠠᠨ ᠮᠠᠭᠠᠳᠯᠠᠯᠲᠠ ᠬᠢᠭᠰᠡᠨ ᠤ ᠳ᠋ᠦᠩ ᠳᠤ᠂ ᠴᠦᠢᠵᠢᠠᠣᠳᠰᠠᠷ ᠤᠨ 1305-1321 ᠣᠨ ᠤ ᠬᠤᠭᠤᠷᠣᠨᠳᠤᠬᠢ ᠦᠢᠯᠡ ᠠᠵᠢᠯᠯᠠᠭ᠎ᠠ ᠶᠢ ᠲᠣᠳᠣᠷᠠᠭᠤᠯᠤᠨ ᠥᠭᠦᠯᠡᠭᠰᠡᠨ ᠤ ᠬᠠᠮᠲᠤ ᠡᠷᠲᠡᠨ ᠡᠳᠦᠭᠡ ᠭᠠᠳᠠᠭᠠᠳᠤ ᠳᠣᠲᠣᠭᠠᠳᠤ ᠶᠢᠨ ᠵᠠᠷᠢᠮ ᠰᠤᠳᠤᠯᠤᠭᠴᠢᠳ ᠤᠨ ᠴᠦᠢᠵᠢᠠᠣᠳᠰᠠᠷ ᠢ ᠲᠥᠪᠡᠳ ᠤᠨ ᠴᠤᠶᠢᠭᠦᠠᠤᠳᠰᠠᠷ᠂ ᠵᠠᠭᠪᠠᠣᠳᠰᠠᠷ ᠪᠣᠯᠣᠨ᠂ ᠯᠢᠭᠳᠡᠨ ᠬᠠᠭᠠᠨ ᠤ ᠦᠶ᠎ᠡ ᠶᠢᠨ ᠳᠠᠷᠬᠠᠨ ᠯᠠᠮ᠎ᠠ ᠴᠣᠶᠢᠵᠢᠣᠳᠰᠠᠷ ᠬᠡᠮᠡᠬᠦ ᠴᠣᠯᠠ ᠲᠠᠢ ᠰᠠᠮᠳᠠᠨᠰᠡᠩᠭᠡ ᠵᠡᠷᠭᠡ ᠬᠥᠮᠥᠰ ᠲᠠᠢ ᠬᠤᠳᠬᠤᠨ ᠪᠠᠶᠢᠭᠰᠠᠨ ᠠᠳᠡᠭᠦᠷᠡᠯ ᠢ ᠠᠷᠢᠭᠤᠳᠬᠠᠨ ᠱᠦᠭᠦᠵᠦ ᠵᠠᠯᠠᠷᠠᠭᠤᠯᠤᠭᠰᠠᠨ ᠪᠠᠶᠢᠨ᠎ᠠ᠃        ᠴᠢᠩᠭᠢᠰ ᠬᠠᠭᠠᠨ ᠤ ᠣᠩᠭᠤᠨ ᠤ ᠲᠤᠬᠠᠢ ᠪᠢᠴᠢᠭᠰᠡᠨ ︽ᠴᠢᠩᠭᠢᠰ ᠬᠠᠭᠠᠨ ᠤ ᠭᠤᠷᠪᠠᠨ ᠣᠩᠭᠤᠨ︾ ᠭᠡᠬᠦ ᠥᠭᠦᠯᠡᠯ ᠳᠡᠭᠡᠨ ᠴᠢᠩᠭᠢᠰ ᠬᠠᠭᠠᠨ ᠤ ᠣᠩᠭᠤᠨ ᠭᠡᠳᠡᠭ ᠣᠶᠢᠯᠠᠭᠠᠯᠲᠠ ᠳᠤ ᠳᠤᠷᠠᠰᠬᠠᠯ ᠤᠨ ᠣᠩᠭᠤᠨ᠂ ᠰᠢᠲᠦᠭᠡᠨ ᠣᠩᠭᠤᠨ᠂ ᠴᠢᠨᠳᠠᠷ ᠤᠨ ᠣᠩᠭᠤᠨ ᠭᠡᠵᠦ ᠭᠤᠷᠪᠠᠨ ᠵᠦᠢᠯ ᠤᠨ ᠣᠩᠭᠤᠨ ᠪᠠᠶᠢᠳᠠᠭ ᠭᠡᠵᠦ ᠳᠤᠷᠠᠳᠤᠨ ᠨᠤᠲᠠᠯᠠᠭᠰᠠᠨ ᠪᠥᠭᠡᠳ ᠣᠳᠣᠬᠢ ᠣᠷᠳᠣᠰ ᠲᠠᠬᠢ ᠴᠢᠩᠭᠢᠰ ᠤᠨ ᠣᠩᠭᠤᠨ ᠪᠣᠯ ᠰᠢᠲᠦᠭᠡᠨ ᠣᠩᠭᠤᠨ ᠪᠣᠯᠣᠨ᠎ᠠ ᠭᠡᠳᠡᠭ ᠦᠵᠡᠯᠲᠡ ᠳᠡᠪᠰᠢᠭᠦᠯᠵᠡᠢ᠃ ᠡᠨᠡ ᠦᠭᠦᠯᠡᠯ ᠨᠡᠶᠢᠲᠡᠯᠡᠭᠳᠡᠮᠡᠭᠴᠡ ᠶᠠᠫᠤᠨ ᠤ ᠶᠠᠩ ᠬᠠᠢ ᠶᠢᠩ ᠵᠡᠷᠭᠡ ᠡᠷᠳᠡᠮᠲᠡᠳ ᠲᠤ ᠥᠨᠳᠦᠷ ᠦᠨᠡᠯᠡᠭᠳᠡᠪᠡ᠃        ︽ᠴᠡᠭᠷᠠᠸᠠᠷᠳᠢ ᠠᠯᠲᠠᠨ ᠬᠠᠭᠠᠨ ᠤ ᠲᠤᠭᠤᠵᠢ︾᠎ ᠶᠢᠨ ᠲᠤᠬᠠᠢ ᠲᠠᠪᠤᠨ ᠥᠭᠦᠯᠡᠯ ᠪᠠ ᠶᠣᠰᠢᠳᠠ ᠵᠦᠨᠶ᠋ᠢᠴᠢ ᠫᠷᠣᠹᠧᠰᠰᠣᠷ ᠨᠠᠷ ᠲᠠᠢ ᠬᠠᠮᠳᠤᠷᠠᠨ ᠪᠢᠴᠢᠭᠰᠡᠨ ︽︿ᠴᠡᠭᠷᠠᠸᠠᠷᠳᠢ ᠠᠯᠲᠠᠨ ᠬᠠᠭᠠᠨ ᠤ ᠲᠤᠭᠤᠵᠢ﹀᠎ ᠶᠢᠨ ᠣᠷᠴᠢᠭᠤᠯᠭ᠎ᠠ ᠲᠠᠶᠢᠯᠪᠤᠷᠢ︾ ᠭᠡᠬᠦ ᠶᠠᠫᠤᠨ ᠬᠡᠯᠡᠨ ᠤ ᠨᠣᠮ ᠨᠢ ᠣᠯᠠᠨ ᠤᠯᠤᠰ ᠤᠨ ᠮᠣᠩᠭᠤᠯ ᠰᠤᠳᠤᠯᠤᠯ ᠤᠨ ᠬᠢᠨ ᠤ ᠥᠨᠳᠥᠷ ᠦᠨᠡᠯᠡᠯᠲᠡ ᠶᠢ ᠣᠯᠣᠭᠰᠠᠨ ᠪᠥᠭᠡᠳ ︽ᠮᠣᠩᠭᠤᠯ ᠰᠤᠷᠪᠤᠯᠵᠢ ᠪᠢᠴᠢᠭ᠂ ᠲᠡᠭᠦᠨ ᠎ ᠤ ᠬᠠᠳᠠᠭᠠᠯᠠᠮᠵᠢ᠂ ᠰᠤᠳᠤᠯᠤᠯ᠂ ᠰᠤᠳᠤᠯᠬᠤ ᠠᠷᠭ᠎ᠠ︾ ᠭᠡᠬᠦ ᠥᠭᠦᠯᠡᠯ᠂ ︽ᠮᠣᠩᠭᠤᠯ ᠤᠨ ᠨᠢᠭᠤᠴᠠ ᠲᠣᠪᠴᠢᠶᠠᠨ︾᠎ ᠤ ᠲᠤᠬᠠᠢ᠂ ᠠᠨᠳᠠᠢ ᠶᠢᠨ ᠡᠭᠦᠰᠦᠯ ᠤᠨ ᠲᠤᠬᠠᠢ ᠦᠭᠦᠯᠡᠯ᠂ ︽ᠶᠤᠸᠠᠨ ᠤᠯᠤᠰ ᠤᠨ ᠦᠶ᠎ᠡ ᠶᠢᠨ ︿ᠶᠢᠩ ᠴᠠᠩ ᠯᠤ᠋ ᠶᠢᠨ ᠮᠠᠨ ᠲᠦᠸᠧ ᠱᠠᠨ ᠠᠭᠤᠯᠠ ᠶᠢᠨ ᠰᠢᠨ᠎ᠠ ᠪᠠᠶᠢᠭᠤᠯᠤᠭᠰᠠᠨ ᠯᠦᠩ ᠰᠢᠩ ᠰᠦᠮ᠎ᠠ ᠶᠢᠨ ᠲᠡᠮᠳᠡᠭᠯᠡᠯ﹀ ᠪᠦᠬᠦᠢ ᠫᠢᠢ ᠲᠠᠰ ᠤᠨ ᠬᠢᠳᠠᠳ ᠪᠢᠴᠢᠭ ᠤᠨ ᠰᠤᠳᠤᠯᠤᠯ︾᠂ ︽ᠪᠡᠭᠡᠵᠢᠩ ᠳᠠᠬᠢ ᠶᠤᠸᠠᠨ ᠤᠯᠤᠰ ᠤᠨ ᠦᠶ᠎ᠡ ᠶᠢᠨ ᠴᠠᠭᠠᠨ ᠰᠤᠪᠤᠷᠭ᠎ᠠ ᠶᠢᠨ ᠬᠢᠲᠠᠳ ᠪᠢᠢ ᠲᠠᠰ ᠤᠨ ᠪᠢᠴᠢᠭ ᠤᠨ ᠰᠤᠳᠤᠯᠤᠯ᠂ ᠮᠣᠩᠭᠤᠯᠴᠢᠯᠠᠭ᠎ᠠ᠂ ᠲᠠᠶᠢᠯᠪᠤᠷᠢ︾ ᠵᠡᠷᠭᠡ ᠥᠭᠦᠯᠡᠯ ᠤᠳ ᠨᠢ ᠴᠥᠮ ᠮᠣᠩᠭᠤᠯ ᠰᠤᠳᠤᠯᠤᠯ ᠤᠨ ᠬᠢᠨ ᠤ ᠳᠤᠮᠳᠠ ᠥᠷᠭᠡᠨ ᠨᠥᠯᠥᠭᠡ ᠲᠠᠢ᠃        ᠬᠡᠰᠢᠭᠲᠦᠭ᠌ᠲᠠᠬᠤ ᠫᠷᠣᠹᠧᠰᠰᠣᠷ ᠡᠷᠳᠡᠮ ᠨᠣᠮ ᠤᠨ ᠠᠵᠢᠯ ᠳᠠᠭᠠᠨ ᠢᠮᠠᠬᠲᠠ ᠯᠠᠪᠳᠠᠭᠤᠨ ᠬᠢᠨᠠᠮᠠᠭᠠᠢ᠂ ᠰᠢᠨᠵᠢᠯᠡᠬᠦ ᠤᠬᠠᠭᠠᠴᠢ ᠣᠪᠣᠷ ᠢᠶᠠᠷ ᠵᠢᠳᠭᠦᠵᠦ᠂ ᠭᠤᠣᠯᠳᠠᠭᠤ ᠬᠡᠯᠡ ᠪᠢᠴᠢᠭ ᠤᠨ ᠤᠬᠠᠭᠠᠨ ᠤ ᠣᠨᠣᠯ ᠠᠷᠭ᠎ᠠ ᠶᠢ ᠬᠡᠷᠡᠭᠯᠡᠨ ᠤᠷᠠᠨ ᠵᠣᠬᠢᠶᠠᠯ᠂ ᠰᠣᠷᠪᠣᠯᠵᠢ ᠪᠢᠴᠢᠭ ᠰᠣᠳᠣᠯᠣᠯ᠂ ᠬᠡᠯᠡ ᠰᠢᠨᠵᠢᠯᠡᠯ᠂ ᠲᠡᠦᠬᠡ᠂ ᠱᠠᠰᠢᠨ ᠰᠤᠷᠲᠠᠬᠤᠨ᠂ ᠵᠠᠩ ᠦᠢᠯᠡ ᠶᠢᠨ ᠣᠯᠠᠨ ᠬᠠᠷᠠᠭᠠᠰᠦ ᠠᠴᠠ ᠶᠡᠷᠦᠩᠬᠡᠶᠢᠯᠡᠨ ᠰᠤᠳᠤᠯᠵᠦ᠂ ᠰᠢᠨ᠎ᠡ ᠦᠵᠡᠯᠲᠡ ᠳᠤᠷᠠᠳᠳᠠᠭ ᠪᠣᠯᠬᠤᠷ 20 ᠳ᠋ᠤᠭᠠᠷ ᠵᠠᠭᠤᠨ ᠤ ᠨᠠᠶᠠᠭᠠᠳ ᠣᠨ ᠠᠴᠠ ᠡᠬᠢᠯᠡᠨ ᠣᠯᠠᠨ ᠤᠯᠤᠰ ᠤᠨ ᠮᠣᠩᠭᠤᠯ ᠰᠤᠳᠤᠯᠤᠭᠴᠢᠳ ᠲᠤ ᠮᠡᠳᠡᠷᠡᠭᠳᠡᠭᠰᠡᠭᠡᠷ ᠦᠨᠡᠯᠡᠭᠳᠡᠭᠰᠡᠭᠡᠷ ᠢᠷᠠᠵᠠᠢ᠃        ★ ᠳᠥᠭᠦᠮ ᠨᠠᠮᠲᠠᠷ᠄        1961 ᠣᠨ ᠤ 9 ᠰᠠᠷ᠎ᠠ ᠠᠴᠠ 1966 ᠣᠨ ᠤ 6 ᠰᠠᠷ᠎ᠠ ᠪᠣᠯᠲᠠᠯ᠎ᠠ᠂ ᠲᠥᠪ ᠤᠨ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠬᠡᠯᠡ ᠪᠢᠴᠢᠭ ᠤᠨ ᠰᠠᠯᠪᠤᠷᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠤᠨ 5 ᠵᠢᠯ ᠤᠨ ᠳᠦᠷᠢᠮᠲᠦ ᠵᠢᠩᠬᠢᠨᠢ ᠠᠩᠭᠢ ᠳᠤ ᠰᠣᠷᠣᠯᠴᠠᠨ ᠲᠡᠭᠦᠰᠪᠡ᠃        1966 ᠣᠨ ᠤ 7 ᠰᠠᠷ᠎ᠠ ᠠᠴᠠ ᠣᠳᠣ ᠪᠣᠯᠲᠠᠯ᠎ᠠ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠮᠣᠩᠭᠤᠯ ᠬᠡᠯᠡ ᠤᠳᠬ᠎ᠠ ᠵᠣᠬᠢᠶᠠᠯ ᠤᠨ ᠵᠢᠭᠠᠨ ᠰᠣᠳᠣᠯᠬᠤ ᠲᠠᠰᠤᠭ᠂ ᠴᠥᠬᠡᠨ ᠲᠣᠭᠠᠲᠦ ᠦᠨᠳᠦᠰᠦᠲᠡᠨ ᠤ ᠤᠳᠬ᠎ᠠ ᠵᠣᠬᠢᠶᠠᠯ ᠤᠷᠠᠯᠢᠭ ᠰᠤᠳᠤᠯᠬᠤ ᠬᠦᠷᠢᠶᠡᠯᠡᠩ ᠪᠠ ᠮᠣᠩᠭᠤᠯ ᠬᠡᠯᠡ ᠤᠳᠬ᠎ᠠ ᠵᠣᠬᠢᠶᠠᠯ ᠤᠨ ᠰᠠᠯᠪᠤᠷᠢ ᠳᠤ ᠠᠵᠢᠯᠯᠠᠵᠤ ᠢᠷᠡᠪᠡ᠃        ★ ᠭᠤᠣᠯ ᠪᠣᠯᠬᠤ ᠡᠷᠳᠡᠮ ᠰᠢᠨᠵᠢᠯᠡᠭᠡᠨ ᠤ ᠠᠵᠢᠯᠯᠠᠭ᠎ᠠ᠄        ᠮᠣᠩᠭᠤᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ᠂ ᠤᠯᠠᠨ ᠤᠯᠤᠰ ᠤᠨ ᠮᠣᠩᠭᠤᠯᠴᠢ ᠡᠷᠳᠡᠮᠲᠡᠳ ᠤᠨ ᠬᠤᠯᠪᠣᠭᠠᠨ ᠤ ᠤᠷᠢᠯᠭ᠎ᠠ ᠪᠠᠷ 1990 ᠣᠨ ᠤ 8 ᠰᠠᠷ᠎ᠠ ᠶᠢᠨ 14-19᠎ ᠤ ᠡᠳᠦᠷ ᠪᠣᠯᠲᠠᠯ᠎ᠠ ᠮᠣᠩᠭᠤᠯ ᠤᠯᠤᠰ ᠤᠨ ᠨᠡᠶᠢᠰᠯᠡᠯ ᠤᠯᠠᠭᠠᠨᠪᠠᠭᠠᠲᠤᠷ ᠲᠤ ᠪᠣᠯᠣᠭᠰᠠᠨ ︽ᠮᠣᠩᠭᠤᠯ ᠤᠨ ᠨᠢᠭᠤᠴᠠ ᠲᠣᠪᠴᠢᠶᠠᠨ︾᠎ ᠤ ᠵᠣᠬᠢᠶᠠᠭᠳᠠᠭᠰᠠᠨ 750 ᠵᠢᠯ ᠤᠨ ᠤᠢ ᠶᠢ ᠪᠡᠯᠡᠭᠯᠡᠬᠦ ᠣᠯᠠᠨ ᠤᠯᠤᠰ ᠤᠨ ᠡᠷᠳᠡᠮ ᠰᠢᠨᠵᠢᠯᠡᠭᠡᠨ ᠎ ᠤ ᠪᠠᠭ᠎ᠠ ᠬᠤᠷᠠᠯ ᠳᠤ ᠣᠷᠣᠯᠴᠠᠵᠤ ︽︿ᠮᠣᠩᠭᠤᠯ ᠤᠨ ᠨᠢᠭᠤᠴᠠ ᠲᠣᠪᠴᠢᠶᠠᠨ﹀᠎ ᠤ ᠤᠷᠠᠨ ᠵᠣᠬᠢᠶᠠᠯ ᠤᠨ ᠣᠨᠴᠠᠯᠢᠭ︾ ᠭᠡᠬᠦ ᠡᠷᠳᠡᠮ ᠰᠢᠨᠵᠢᠯᠡᠭᠡᠨ ᠤ ᠢᠯᠡᠳᠬᠡᠯ ᠬᠢᠪᠡ᠃        ᠶᠠᠫᠤᠨ ᠤ ᠸᠠᠰᠧᠳᠠ ᠶᠡᠭᠡ ᠰᠤᠷᠭᠠᠭᠤᠯᠢ ᠶᠢᠨ ᠤᠷᠢᠯᠭ᠎ᠠ ᠪᠠᠷ 1993 ᠣᠨ ᠤ 8 ᠰᠠᠷ᠎ᠠ ᠎ ᠶᠢᠨ 31 -1994 ᠣᠨ ᠤ 8 ᠰᠠᠷ᠎ᠠ ᠶᠢᠨ 31᠎ ᠤ ᠡᠳᠦᠷ ᠪᠣᠯᠲᠠᠯ᠎ᠠ ᠲᠣᠰ ᠰᠤᠷᠭᠠᠭᠤᠯᠢ ᠶᠢᠨ ᠰᠣᠳᠣᠯᠬᠤ ᠰᠤᠷᠤᠬᠴᠢᠳ ᠤᠨ ᠳᠡᠭᠡᠳᠦ ᠰᠤᠷᠭᠠᠭᠤᠯᠢ ᠶᠢᠨ ᠤᠳᠬ᠎ᠠ ᠵᠣᠬᠢᠶᠠᠯ ᠰᠣᠳᠣᠯᠬᠤ ᠰᠠᠯᠠᠭ᠎ᠠ ᠳᠤ ᠬᠢᠴᠢᠶᠡᠯ ᠵᠢᠭᠠᠬᠤ ᠶᠢᠨ ᠬᠠᠮᠲᠦ ᠮᠣᠩᠭᠤᠯ ᠲᠡᠦᠬᠡᠨ ᠰᠤᠷᠪᠤᠯᠵᠢ ᠪᠢᠴᠢᠭ ︽ᠴᠡᠭᠷᠠᠸᠠᠷᠳᠢ ᠠᠯᠲᠠᠨ ᠬᠠᠭᠠᠨ ᠤ ᠲᠤᠭᠤᠵᠢ︾᠎ ᠶᠢ ᠬᠠᠮᠲᠤᠷᠠᠨ ᠰᠤᠳᠤᠯᠪᠠ᠃        ᠣᠯᠠᠨ ᠤᠯᠤᠰ ᠤᠨ ᠮᠣᠩᠭᠤᠯᠴᠢ ᠡᠷᠳᠡᠮᠲᠡᠳ ᠤᠨ ᠬᠤᠯᠪᠣᠭᠠᠨ ᠤ ᠤᠷᠢᠯᠭ᠎ᠠ ᠪᠠᠷ 1997 ᠣᠨ ᠤ 8 ᠰᠠᠷ᠎ᠠ ᠶᠢᠨ 11-16᠎ ᠤ ᠡᠳᠦᠷ ᠪᠣᠯᠲᠠᠯ᠎ᠠ ᠤᠯᠠᠭᠠᠨᠪᠠᠭᠠᠲᠤᠷ ᠲᠤ ᠪᠣᠯᠣᠭᠰᠠᠨ ᠤᠯᠠᠨ ᠤᠯᠤᠰ ᠤᠨ ᠮᠣᠩᠭᠤᠯ ᠰᠤᠳᠤᠯᠤᠯ ᠤᠨ 7 ᠳ᠋ᠤᠭᠠᠷ ᠶᠡᠭᠡ ᠬᠤᠷᠠᠯ ᠳᠤ ᠣᠷᠣᠯᠴᠠᠨ ︽ᠴᠢᠩᠭᠢᠰ ᠬᠠᠭᠠᠨ ᠤ ᠭᠤᠷᠪᠠᠨ ᠣᠩᠭᠤᠨ︾ ᠭᠡᠬᠦ ᠡᠷᠳᠡᠮ ᠰᠢᠨᠵᠢᠯᠡᠭᠡᠨ ᠤ ᠢᠯᠡᠳᠬᠡᠯ ᠬᠢᠭᠰᠡᠨ ᠪᠥᠭᠡᠳ ᠲᠣᠰ ᠤᠳᠠᠭᠠᠨ ᠤ ᠬᠤᠷᠠᠯ ᠳᠤ ᠣᠯᠠᠨ ᠤᠯᠤᠰ ᠤᠨ ᠮᠣᠩᠭᠤᠯᠴᠢ ᠡᠷᠳᠡᠮᠲᠡᠳ ᠤᠨ ᠬᠤᠯᠪᠣᠭᠠᠨ ᠤ ᠭᠦᠢᠴᠡᠳᠭᠡᠬᠦ ᠲᠣᠪᠴᠢᠶᠠᠨ ︵ᠳᠠᠷᠠᠭ᠎ᠠ ᠨᠢ ᠵᠥᠪᠯᠡᠯᠳᠦᠬᠦ ᠲᠣᠪᠴᠢᠶ᠎ᠠ ᠭᠡᠵᠦ ᠥᠭᠡᠷᠡᠴᠢᠯᠡᠭᠰᠡᠨ︶᠎ ᠤ ᠭᠡᠰᠢᠭᠦᠨ ᠢᠶᠠᠷ ᠰᠣᠩᠭᠤᠭᠳᠠᠪᠠ᠃ 1999 ᠣᠨ ᠤ 9 -10 ᠰᠠᠷ᠎ᠠ ᠳᠤ᠂ ᠠᠮᠧᠷᠢᠺᠠ ᠶᠢᠨ ᠮᠣᠩᠭᠤᠯᠴᠤᠳ ᠤᠨ ᠰᠣᠶᠣᠯ ᠤᠨ ᠬᠤᠯᠪᠣᠭ᠎ᠠ᠂ ᠢᠨᠳᠢᠶᠠᠨ᠎ᠠ ᠶᠡᠭᠡ ᠰᠤᠷᠭᠠᠭᠤᠯᠢ ᠶᠢᠨ ᠮᠣᠩᠭᠤᠯ ᠰᠣᠳᠣᠯᠣᠯ ᠤᠨ ᠲᠥᠪ ᠤᠨ ᠤᠷᠢᠯᠭ᠎ᠠ ᠪᠠᠷ ᠲᠣᠰ ᠬᠤᠯᠪᠣᠭ᠎ᠠ ᠪᠠ ᠶᠡᠭᠡ ᠰᠤᠷᠭᠠᠭᠤᠯᠢ ᠳᠤ ᠬᠦᠷᠴᠦ ᠡᠷᠳᠡᠮ ᠰᠢᠨᠵᠢᠯᠡᠭᠡᠨ ᠤ ᠢᠯᠡᠳᠬᠡᠯ ᠬᠢᠭᠰᠡᠨ ᠪᠠ ᠰᠤᠷᠪᠤᠯᠵᠢᠯᠠᠭ᠎ᠠ ᠬᠢᠪᠡ᠃        ᠺᠣᠷᠢᠶᠠ ᠤᠯᠤᠰ ᠤᠨ ᠮᠣᠩᠭᠤᠯ ᠰᠤᠳᠤᠯᠤᠯ ᠤᠨ ᠨᠡᠶᠢᠭᠡᠮᠯᠢᠭ ᠤᠨ ᠤᠷᠢᠯᠭ᠎ᠠ ᠪᠠᠷ 2000 ᠣᠨ ᠤ 3 ᠰᠠᠷ᠎ᠠ ᠶᠢᠨ 16-18᠎ ᠤ ᠡᠳᠦᠷ ᠪᠣᠯᠲᠠᠯ᠎ᠠ ᠰᠸᠦ᠋ᠯ ᠬᠤᠲᠠᠨ᠎ᠠ ᠬᠤᠷᠠᠯᠳᠤᠭᠰᠠᠨ ᠺᠣᠷᠢᠶᠠ ᠪᠠ ᠮᠣᠩᠭᠤᠯ ᠤᠯᠤᠰ ᠤᠨ ᠮᠣᠩᠭᠤᠯ ᠰᠤᠳᠤᠯᠤᠯ ᠤᠨ ᠤᠯᠠᠨ ᠤᠯᠤᠰ ᠤᠨ ᠡᠷᠳᠡᠮ ᠰᠢᠨᠵᠢᠯᠡᠭᠡᠨ ᠤ ᠶᠡᠭᠡ ᠬᠤᠷᠠᠯ ᠳᠤ ᠣᠷᠣᠯᠴᠠᠨ ︽ᠥᠪᠥᠷ ᠮᠣᠩᠭᠤᠯ ᠤᠨ ᠬᠡᠰᠢᠭᠲᠡᠨ ᠬᠤᠰᠢᠭᠤᠨ ᠤ ᠲᠡᠦᠬᠡ ᠰᠣᠶᠣᠯ ᠤᠨ ᠦᠯᠡᠳᠡᠭᠳᠡᠯ ᠵᠢᠴᠢ ᠰᠤᠷᠪᠤᠯᠵᠢ ᠪᠢᠴᠢᠭ ᠤᠨ ᠲᠡᠮᠳᠡᠭᠯᠡᠯ︾ ᠭᠡᠬᠦ ᠡᠷᠳᠡᠮ ᠰᠢᠨᠵᠢᠯᠡᠭᠡᠨ ᠤ ᠢᠯᠡᠳᠬᠡᠯ ᠬᠢᠭᠰᠡᠨ ᠪᠠ ᠲᠣᠰ ᠤᠯᠤᠰ ᠤᠨ ᠮᠣᠩᠭᠤᠯᠴᠢ ᠡᠷᠳᠡᠮᠲᠡᠳ ᠲᠠᠢ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠪᠡ᠃        ᠮᠣᠩᠭᠤᠯ ᠤᠯᠤᠰ ᠤᠨ ᠶᠡᠷᠦᠩᠬᠡᠢ ᠰᠠᠶᠢᠳ ᠡᠩᠬᠡᠪᠠᠶᠠᠷ ᠪᠣᠯᠣᠨ ᠣᠯᠠᠨ ᠤᠯᠤᠰ ᠤᠨ ᠮᠣᠩᠭᠤᠯᠴᠢ ᠡᠷᠳᠡᠮᠲᠡᠳ ᠤᠨ ᠬᠤᠯᠪᠣᠭᠠᠨ ᠤ ᠤᠷᠢᠯᠭ᠎ᠠ ᠪᠠᠷ 2000 ᠣᠨ ᠤ 8 ᠰᠠᠷ᠎ᠠ ᠶᠢᠨ 5 - 11᠎ ᠤ ᠡᠳᠦᠷ ᠪᠣᠯᠲᠠᠯ᠎ᠠ ᠤᠯᠠᠭᠠᠨᠪᠠᠭᠠᠲᠤᠷ ᠲᠤ ᠬᠤᠷᠠᠯᠳᠤᠭᠰᠠᠨ ᠤᠯᠠᠨ ᠤᠯᠤᠰ ᠤᠨ ᠮᠣᠩᠭᠤᠯᠴᠢ ᠡᠷᠳᠡᠮᠲᠡᠳ ᠤᠨ 8 ᠳ᠋ᠤᠭᠠᠷ ᠶᠡᠭᠡ ᠬᠤᠷᠠᠯ ᠳᠤ ᠣᠷᠣᠯᠴᠠᠵᠤ᠂ 8 ᠰᠠᠷ᠎ᠠ ᠶᠢᠨ 5᠎ ᠤ ᠡᠳᠦᠷ ᠤᠨ ︽ᠴᠢᠩᠭᠢᠰ ᠬᠠᠭᠠᠨ ᠤ ᠮᠡᠨᠳᠦᠯᠡᠭᠰᠡᠨ 840 ᠵᠢᠯ ᠤᠨ ᠤᠢ ᠶᠢ ᠪᠡᠯᠭᠡᠯᠡᠬᠦ ᠲᠤᠰᠬᠠᠢ ᠰᠡᠳᠦᠪ ᠤᠨ ᠶᠡᠭᠡ ᠬᠤᠷᠠᠯ︾ ᠳᠡᠭᠡᠷ᠎ᠡ ︽ᠶᠤᠸᠠᠨ ᠤ ᠦᠶ᠎ᠡ ᠶᠢᠨ ᠬᠢᠲᠠᠳ ᠬᠥᠰᠢᠶᠡᠨ ᠎ ᠤ ᠪᠢᠴᠢᠭ ᠤᠨ ᠰᠤᠳᠤᠯᠤᠯ︾ ᠭᠡᠬᠦ ᠭᠤᠣᠯ ᠰᠡᠳᠦᠪ ᠤᠨ ᠢᠯᠡᠳᠬᠡᠯ ᠬᠢᠪᠡ᠃        ᠶᠠᠫᠤᠨ ᠤ ᠸᠠᠰᠧᠳᠠ ᠶᠡᠭᠡ ᠰᠤᠷᠭᠠᠭᠤᠯᠢ ᠶᠢᠨ ᠤᠷᠢᠯᠭ᠎ᠠ ᠪᠠᠷ 2003 ᠣᠨ ᠤ 10 ᠰᠠᠷ᠎ᠠ ᠎ ᠶᠢᠨ 1-11 ᠰᠠᠷ᠎ᠠ ᠶᠢᠨ 1᠎ ᠤ ᠡᠳᠦᠷ ᠪᠣᠯᠲᠠᠯ᠎ᠠ ᠲᠣᠰ ᠰᠤᠷᠭᠠᠭᠤᠯᠢ ᠳᠤ ᠬᠤᠶᠠᠳᠠᠭᠢ ᠤᠳᠠᠭ᠎ᠠ ᠣᠴᠢᠵᠦ ᠡᠷᠳᠡᠮ ᠰᠢᠨᠵᠢᠯᠡᠭᠡᠨ ᠤ ᠰᠤᠷᠪᠤᠯᠵᠢᠯᠠᠭ᠎ᠠ ᠬᠢᠭᠰᠡᠨ ᠪᠥᠭᠡᠳ ᠸᠠᠰᠧᠳᠠ ᠶᠡᠭᠡ ᠰᠤᠷᠭᠠᠭᠤᠯᠢ ᠶᠢᠨ ᠮᠣᠩᠭᠤᠯ ᠰᠤᠳᠤᠯᠤᠯ ᠤᠨ ᠬᠦᠷᠢᠶᠡᠯᠡᠩ ᠤᠨ ᠡᠷᠬᠢᠯᠡᠭᠰᠡᠨ ︽ᠣᠶᠢᠷ᠎ᠠ ᠣᠷᠴᠢᠨ ᠦᠶ᠎ᠡ ᠶᠢᠨ ᠥᠪᠥᠷ ᠮᠣᠩᠭᠤᠯ ᠤᠨ ᠵᠡᠭᠦᠨ ᠣᠷᠣᠨ ᠤ ᠬᠤᠪᠢᠷᠠᠯᠲᠠ︾᠎ ᠶᠢᠨ ᠲᠤᠬᠠᠢ ᠣᠯᠠᠨ ᠤᠯᠤᠰ ᠤᠨ ᠡᠷᠳᠡᠮ ᠰᠢᠨᠵᠢᠯᠡᠭᠡᠨ ᠤ ᠶᠠᠷᠢᠯᠴᠠᠬᠤ ᠬᠤᠷᠠᠯ ᠳᠤ ᠣᠷᠣᠯᠴᠠᠵᠤ᠂ ︽ᠢᠨᠵᠠᠨᠨᠠᠰᠢ ᠶᠢᠨ ︿ᠨᠢᠭᠡᠨ ᠳᠠᠪᠬᠤᠷ ᠠᠰᠠᠷ﹀ ︿ᠤᠯᠠᠭᠠᠨ᠎ᠠ ᠣᠬᠢᠯᠠᠬᠤ ᠲᠠᠩᠬᠢᠮ﹀᠎ ᠳᠠᠬᠢ ᠬᠢᠲᠠᠳ ᠰᠣᠶᠣᠯ ᠤᠨ ᠨᠥᠯᠥᠭᠡ︾ ᠭᠡᠬᠦ ᠡᠷᠳᠡᠮ ᠰᠢᠨᠵᠢᠯᠡᠭᠡᠨ ᠤ ᠢᠯᠡᠳᠬᠡᠯ ᠬᠢᠪᠡ᠃        ᠣᠯᠠᠨ ᠤᠯᠤᠰ ᠤᠨ ᠮᠣᠩᠭᠤᠯᠴᠢ ᠡᠷᠳᠡᠮᠲᠡᠳ ᠤᠨ ᠬᠤᠯᠪᠣᠭᠠᠨ ᠤ ᠤᠷᠢᠯᠭ᠎ᠠ ᠪᠠᠷ 2006 ᠣᠨ ᠤ 8 ᠰᠠᠷ᠎ᠠ ᠶᠢᠨ 8-12᠎ ᠤ ᠡᠳᠦᠷ ᠪᠣᠯᠲᠠᠯ᠎ᠠ᠂ ᠤᠯᠠᠭᠠᠨᠪᠠᠭᠠᠲᠤᠷ ᠲᠤ ᠬᠤᠷᠠᠯᠳᠤᠭᠰᠠᠨ ᠤᠯᠠᠨ ᠤᠯᠤᠰ ᠤᠨ ᠮᠣᠩᠭᠤᠯᠴᠢ ᠡᠷᠳᠡᠮᠲᠡᠳ ᠤᠨ 9 ᠳ᠋ᠤᠭᠡᠷ ᠶᠡᠭᠡ ᠬᠤᠷᠠᠯ ᠳᠤ ᠣᠷᠣᠯᠴᠠᠵᠤ᠂ ︽ᠪᠡᠭᠡᠵᠢᠩ ᠳᠠᠬᠢ ᠶᠤᠸᠠᠨ ᠤᠯᠤᠰ ᠤᠨ ᠦᠶ᠎ᠡ ᠶᠢᠨ ᠴᠠᠭᠠᠨ ᠰᠤᠪᠤᠷᠭ᠎ᠠ ᠶᠢᠨ ᠬᠢᠲᠠᠳ ᠪᠢᠢ ᠲᠠᠰ ᠤᠨ ᠪᠢᠴᠢᠭ ᠤᠨ ᠰᠤᠳᠤᠯᠤᠯ᠂ ᠮᠣᠩᠭᠤᠯᠴᠢᠯᠠᠭ᠎ᠠ᠂ ᠲᠠᠶᠢᠯᠪᠤᠷᠢ︾ ᠭᠡᠬᠦ ᠢᠯᠡᠳᠬᠡᠯ ᠬᠢᠪᠡ᠃ ᠲᠣᠰ ᠤᠳᠠᠭᠠᠨ ᠤ ᠬᠤᠷᠠᠯ ᠳᠡᠭᠡᠷ᠎ᠡ ᠴᠢᠩᠭᠢᠰ ᠬᠠᠭᠠᠨ ᠤ ᠶᠡᠭᠡ ᠮᠣᠩᠭᠤᠯ ᠤᠯᠤᠰ ᠪᠠᠶᠢᠭᠤᠯᠤᠬᠳᠠᠬᠰᠠᠨ 800 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠳᠤ ᠵᠣᠷᠢᠭᠤᠯᠤᠨ᠂ ᠮᠣᠩᠭᠤᠯ ᠤᠯᠤᠰ ᠎ ᠤᠨ ᠶᠡᠷᠦᠩᠬᠡᠶᠢᠯᠡᠭᠴᠢ ᠡᠩᠬᠡᠪᠠᠶᠠᠷ ᠭᠠᠳᠠᠭᠠᠳᠤ ᠶᠢᠨ 5 ᠮᠣᠩᠭᠤᠯᠴᠢ ᠡᠷᠳᠡᠮᠲᠡᠳ ᠲᠤ ︽ᠠᠯᠲᠠᠨ ᠭᠠᠳᠠᠰᠤ︾ ᠭᠠᠪᠢᠶᠠᠨ ᠤ ᠣᠳᠣᠨ ᠱᠠᠩᠨᠠᠵᠦ᠂ ᠲᠡᠳᠡ ᠨᠠᠷ ᠤᠨ ᠮᠣᠩᠭᠤᠯ ᠰᠤᠳᠤᠯᠤᠯ ᠤᠨ ᠲᠠᠯ᠎ᠠ ᠪᠠᠷ ᠬᠢ ᠲᠣᠪᠣᠶᠢᠮ᠎ᠠ ᠭᠠᠪᠢᠶ᠎ᠠ ᠵᠢᠳᠭᠦᠯ ᠢ ᠬᠥᠬᠢᠭᠦᠯᠦᠨ ᠲᠡᠮᠳᠡᠭᠯᠡᠭᠰᠡᠨ ᠪᠢᠯᠡ᠃ ᠡᠨᠡ ᠲᠠᠪᠤᠨ ᠮᠣᠩᠭᠤᠯᠴᠢ ᠡᠷᠳᠡᠮᠲᠡᠨ ᠪᠣᠯ᠄        H.Sehwartz — ᠠᠮᠧᠷᠢᠺᠠ ᠶᠢᠨ ᠸᠠᠰᠢᠩᠲ᠋ᠣᠨ ᠶᠡᠭᠡ ᠰᠤᠷᠭᠠᠭᠤᠯᠢ ᠶᠢᠨ ᠫᠷᠣᠹᠧᠰᠰᠣᠷ᠂ ᠬᠢᠲᠠᠳᠴᠢ᠂ ᠮᠣᠩᠭᠤᠯᠴᠢ ᠡᠷᠳᠡᠮᠲᠡᠨ᠃        Veronika Veit — ᠭᠧᠷᠮᠠᠨ ᠤ ᠪᠤᠨ ᠶᠡᠭᠡ ᠰᠤᠷᠭᠠᠭᠤᠯᠢ ᠶᠢᠨ ᠡᠮᠡᠭᠲᠡᠢ ᠫᠷᠣᠹᠧᠰᠰᠣᠷ᠂ ᠮᠣᠩᠭᠤᠯᠴᠢ ᠡᠷᠳᠡᠮᠲᠡᠨ᠃        ᠬᠡᠰᠢᠭᠲᠦᠭ᠌ᠲᠠᠬᠤ — ᠳᠤᠮᠳᠠᠳᠤ ᠤᠯᠤᠰ ᠤᠨ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠫᠷᠣᠹᠧᠰᠰᠣᠷ᠂ ᠮᠣᠩᠭᠤᠯᠴᠢ ᠡᠷᠳᠡᠮᠲᠡᠨ᠃        Яскина Галина Еер-геевна — ᠣᠷᠣᠰ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠳᠣᠷᠣᠨᠠᠳᠠᠬᠢᠨ ᠤ ᠰᠤᠳᠤᠯᠤᠯ ᠤᠨ ᠬᠦᠷᠢᠶᠡᠯᠡᠩ ᠤᠨ ᠡᠮᠡᠭᠲᠡᠢ ᠫᠷᠣᠹᠧᠰᠰᠣᠷ᠂ ᠮᠣᠩᠭᠤᠯᠴᠢ ᠡᠷᠳᠡᠮᠲᠡᠨ᠃        ᠨᠠᠺᠠᠮᠢ ᠲᠠᠼᠦᠦ ︵NAKAMI Tatsuo 中见立夫︶ — ᠶᠠᠫᠤᠨ ᠤ ᠲᠣᠺᠢᠤ᠋ ᠶᠢᠨ ᠭᠠᠳᠠᠭᠠᠳᠤ ᠬᠡᠯᠡᠨ ᠤ ᠶᠡᠭᠡ ᠰᠤᠷᠭᠠᠭᠤᠯᠢ ᠶᠢᠨ ᠠᠽᠢᠶ᠎ᠠ ᠠᠹᠷᠢᠺᠠ ᠶᠢᠨ ᠬᠡᠯᠡ ᠰᠣᠶᠣᠯ ᠰᠤᠳᠤᠯᠬᠤ ᠬᠦᠷᠢᠶᠡᠯᠡᠩ ᠤᠨ ᠫᠷᠣᠹᠧᠰᠰᠣᠷ᠂ ᠮᠣᠩᠭᠤᠯᠴᠢ ᠡᠷᠳᠡᠮᠲᠡᠨ᠃        ︽ᠠᠯᠲᠠᠨ ᠭᠠᠳᠠᠰᠤ︾ ᠭᠠᠪᠢᠶᠠᠨ ᠤ ᠣᠳᠣᠨ ᠪᠣᠯ ᠮᠣᠩᠭᠤᠯ ᠤᠯᠤᠰ ᠤᠨ ᠲᠥᠷᠥ ᠶᠢᠨ ᠡᠷᠳᠡᠮ ᠰᠢᠨᠵᠢᠯᠡᠭᠡᠨ ᠤ ᠬᠠᠮᠤᠭ ᠳᠡᠭᠡᠳᠦ ᠱᠠᠩᠨᠠᠯ ᠤᠨ ᠣᠳᠣᠨ ᠪᠣᠯᠬᠤ ᠶᠤᠮ᠃ ᠣᠯᠠᠨ ᠤᠯᠤᠰ ᠤᠨ ᠮᠣᠩᠭᠤᠯ ᠰᠤᠳᠤᠯᠤᠯ ᠤᠨ ᠬᠡᠪᠴᠢᠶᠡᠨ ᠳᠤ᠂ ᠣᠯᠠᠨ ᠤᠯᠤᠰ ᠤᠨ ᠮᠣᠩᠭᠤᠯᠴᠢ ᠡᠷᠳᠡᠮᠲᠡᠳ ᠤᠨ ᠬᠤᠯᠪᠣᠭᠠᠨ ᠤ ᠠᠩᠬᠠᠳᠠᠭᠴᠢ ᠶᠡᠷᠦᠩᠬᠡᠶᠢᠯᠡᠭᠴᠢ᠂ ᠠᠮᠧᠷᠢᠺᠠ ᠶᠢᠨ ᠮᠣᠩᠭᠤᠯᠴᠢ ᠡᠷᠳᠡᠮᠲᠡᠨ ᠯᠠᠲᠲ᠋ᠢᠮᠥᠷᠧ ︵O.Lattimore, 1900—1989︶᠂ ᠣᠯᠠᠨ ᠤᠯᠤᠰ ᠤᠨ ᠮᠣᠩᠭᠤᠯᠴᠢ ᠡᠷᠳᠡᠮᠲᠡᠳ ᠤᠨ ᠬᠤᠯᠪᠣᠭᠠᠨ ᠤ ᠬᠤᠶᠠᠳᠠᠬᠴᠢ ᠶᠡᠷᠦᠩᠬᠡᠶᠢᠯᠡᠭᠴᠢ᠂ ᠶᠠᠫᠤᠨ ᠤ ᠨᠡᠷᠡᠲᠦ ᠮᠣᠩᠭᠤᠯᠴᠢ ᠡᠷᠳᠡᠮᠲᠡᠨ ᠣᠽᠠᠸᠠ ᠰᠢᠭᠸᠦ‍ ︵小泽重 男︶᠂ ᠭᠧᠷᠮᠠᠨ ᠤ ᠨᠡᠷᠡᠲᠦ ᠮᠣᠩᠭᠤᠯᠴᠢ ᠡᠷᠳᠡᠮᠲᠡᠨ ᠸᠠᠯᠲᠾᠧᠷ ᠾᠸᠡᠢᠰᠰᠢᠭ (Walther Heissig,1913—2004) ᠵᠡᠷᠭᠡ ᠴᠥᠬᠡᠨ ᠬᠡᠳᠦᠨ ᠮᠣᠩᠭᠤᠯᠴᠢ ᠡᠷᠳᠡᠮᠲᠡᠨ ᠡᠨᠡ ᠬᠦ ᠱᠠᠩᠨᠠᠯ ᠢ ᠬᠦᠷᠲᠡᠭᠰᠡᠨ ᠪᠢᠯᠡ᠃        ᠮᠣᠩᠭᠤᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ᠂ ᠣᠯᠠᠨ ᠤᠯᠤᠰ ᠤᠨ ᠮᠣᠩᠭᠤᠯᠴᠢ ᠡᠷᠳᠡᠮᠲᠡᠳ ᠤᠨ ᠬᠤᠯᠪᠤᠭ᠎ᠠ ᠪᠠ ᠵᠠᠸ᠋ᠨ ᠲᠠᠨᠳᠢᠨ ᠬᠡᠶᠢᠳ ᠤᠨ ᠤᠷᠢᠯᠭ᠎ᠠ ᠪᠠᠷ 2007 ᠣᠨ ᠤ 8 ᠰᠠᠷ᠎ᠠ ᠶᠢᠨ ᠰᠡᠭᠦᠯᠴᠢ ᠠᠴᠠ 9 ᠰᠠᠷ᠎ᠠ ᠶᠢᠨ ᠡᠬᠢᠨ ᠳᠤ ᠤᠯᠠᠭᠠᠨᠪᠠᠭᠠᠲᠤᠷ ᠲᠤ ᠬᠤᠷᠠᠯᠳᠤᠭᠰᠠᠨ ︽ᠠᠺᠠᠳᠧᠮᠢᠴᠢ ᠱ᠊ · ᠪᠢᠷ᠎ᠠ ᠶᠢᠨ 80 ᠨᠠᠰᠤᠨ ᠤ ᠣᠢ ᠶᠢ ᠪᠡᠯᠭᠡᠯᠡᠬᠦ ᠣᠯᠠᠨ ᠤᠯᠤᠰ ᠤᠨ ᠡᠷᠳᠡᠮ ᠰᠢᠨᠵᠢᠯᠡᠭᠡᠨ ᠤ ᠬᠤᠷᠠᠯ︾ ᠪᠠ ︽ᠵᠠᠸ᠋ᠨ ᠲᠠᠨᠳᠢᠨ ᠤ ᠮᠡᠨᠳᠦᠯᠡᠭᠰᠡᠨ 140 ᠵᠢᠯ ᠤᠨ ᠤᠢ ᠶᠢ ᠪᠡᠯᠡᠭᠯᠡᠬᠦ ᠤᠯᠠᠨ ᠤᠯᠤᠰ ᠤᠨ ᠡᠷᠳᠡᠮ ᠰᠢᠨᠵᠢᠯᠡᠭᠡᠨ ᠤ ᠬᠤᠷᠠᠯ︾᠎ ᠳᠤ ᠣᠷᠣᠯᠴᠠᠵᠤ ᠢᠯᠡᠳᠬᠡᠯ ᠬᠢᠭᠰᠡᠨ ᠪᠥᠭᠡᠳ ᠵᠠᠸᠠ ᠳᠠᠨᠳᠢᠨ ᠨᠡᠷᠡᠮᠵᠢᠲᠦ ᠮᠥᠩᠭᠦᠨ ᠣᠳᠣᠨ ᠤ ᠱᠠᠩᠨᠠᠯ ᠬᠦᠷᠲᠡᠪᠡ᠃        ᠮᠣᠩᠭᠤᠯ ᠤᠯᠤᠰ ᠤᠨ ᠨᠡᠭᠦᠳᠡᠯ ᠰᠣᠶᠣᠯ ᠰᠤᠳᠤᠯᠤᠯ ᠤᠨ ᠬᠦᠷᠢᠶᠡᠯᠡᠩ᠂ ᠰᠢᠨᠵᠢᠯᠡᠬᠦ ᠤᠬᠠᠭᠠᠨ ᠤ ᠠᠺᠠᠳᠧᠮᠢ ᠶᠢᠨ ᠬᠡᠯᠡ ᠵᠣᠬᠢᠶᠠᠯ ᠰᠤᠳᠤᠯᠤᠯ ᠤᠨ ᠬᠦᠷᠢᠶᠡᠯᠡᠩ ᠤᠨ ᠤᠷᠢᠯᠭ᠎ᠠ ᠪᠠᠷ 2008 ᠣᠨ ᠤ 12 ᠰᠠᠷ᠎ᠠ ᠶᠢᠨ 16-18᠎ ᠤ ᠡᠳᠦᠷ ᠪᠤᠯᠲᠠᠯ᠎ᠠ ᠤᠯᠠᠭᠠᠨᠪᠠᠭᠠᠲᠤᠷ ᠲᠤ ᠬᠤᠷᠠᠯᠳᠤᠭᠰᠠᠨ ︽ᠨᠡᠭᠦᠳᠡᠯ ᠢᠷᠭᠡᠨᠰᠢᠯ ᠪᠠ ᠤᠯᠠᠮᠵᠢᠯᠠᠯᠲᠤ ᠤᠷᠠᠯᠢᠭ ᠤᠨ ᠣᠯᠠᠨ ᠤᠯᠤᠰ ᠤᠨ ᠡᠷᠳᠡᠮ ᠰᠢᠨᠵᠢᠯᠡᠭᠡᠨ ᠤ ᠬᠤᠷᠠᠯ︾᠎ ᠳᠤ ᠣᠷᠣᠯᠴᠠᠵᠤ᠂ ︽ᠮᠣᠩᠭᠤᠯ ᠤᠨ ᠡᠷᠲᠡᠨ ᠤ ᠣᠷᠳᠣᠨ ᠤ ᠳᠠᠭᠤᠤ ᠶᠢᠨ ᠰᠢᠯᠦᠭ ᠰᠤᠳᠤᠯᠤᠯ︾ ᠭᠡᠬᠦ ᠢᠯᠡᠳᠬᠡᠯ ᠬᠢᠪᠡ᠃         ᠴ᠊ · ᠬᠡᠰᠢᠭᠲᠦᠭ᠌ᠲᠠᠬᠤ ᠫᠷᠣᠹᠧᠰᠰᠣᠷ ᠤᠨ ᠡᠷᠳᠡᠮ ᠰᠢᠨᠵᠢᠯᠡᠭᠡᠨ ᠤ ᠪᠥᠲᠦᠭᠡᠯ ᠤᠳ         ★ ᠡᠷᠳᠡᠮ ᠰᠢᠨᠵᠢᠯᠡᠭᠡᠨ ᠤ ᠨᠣᠮ ᠪᠢᠴᠢᠭ ᠤᠳ        ● ᠥᠪᠡᠷ ᠤᠨ ᠲᠣᠭᠤᠷᠪᠢᠬᠰᠠᠨ ᠨᠣᠮ ᠪᠢᠴᠢᠭ ᠤᠳ        ᠵᠡᠭᠦᠯᠲᠡ ᠲᠠᠶᠢᠯᠪᠤᠷᠢᠲᠦ ︽ᠡᠷᠲᠡᠨ ᠤ ᠮᠣᠩᠭᠤᠯ ᠰᠢᠯᠦᠭ ᠤᠨ ᠲᠡᠭᠦᠪᠤᠷᠢ︾᠂ ᠥᠪᠦᠷ ᠮᠣᠩᠭᠤᠯ ᠤᠨ ᠪᠠᠭᠠᠴᠤᠳ ᠬᠡᠤᠬᠡᠳ ᠤᠨ ᠬᠡᠪᠯᠡᠯ ᠤᠨ ᠬᠤᠷᠢᠶ᠎ᠠ 1985 ᠣᠨ᠃        ︽ᠮᠣᠩᠭᠤᠯ ᠤᠨ ᠡᠷᠲᠡᠨ ᠤ ᠤᠳᠬ᠎ᠠ ᠵᠣᠬᠢᠶᠠᠯ ᠤᠨ ᠰᠣᠳᠣᠯᠣᠯ︾᠂ ᠥᠪᠦᠷ ᠮᠣᠩᠭᠤᠯ ᠤᠨ ᠰᠣᠶᠣᠯ ᠤᠨ ᠬᠡᠪᠯᠡᠯ ᠤᠨ ᠬᠤᠷᠢᠶ᠎ᠠ 1988 ᠣᠨ᠃        ︽ᠮᠣᠩᠭᠤᠯ ᠤᠨ ᠡᠷᠲᠡᠨ ᠤ ᠤᠳᠬ᠎ᠠ ᠵᠣᠬᠢᠶᠠᠯ ᠤᠨ ᠰᠢᠨ᠎ᠡ ᠰᠣᠳᠣᠯᠣᠯ︾᠂ ᠥᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ 1998 ᠣᠨ᠃        ᠺᠡᠷᠢᠯ ᠦᠰᠦᠭ ᠤᠨ ᠬᠡᠪᠯᠡᠯ᠄ ч. хишигтогтох《монголын эртэний утга зохиолын шинэ судлал》, Улаанбаатар хот 2008 он.        ︽ᠮᠣᠩᠭᠤᠯ ᠰᠣᠷᠪᠣᠯᠵᠢ ᠪᠢᠴᠢᠭ ᠤᠨ ᠰᠣᠳᠣᠯᠣᠯ︾᠂ ᠦᠨᠳᠦᠰᠦᠲᠡᠨ ᠤ ᠬᠡᠪᠯᠡᠯ ᠤᠨ ᠬᠤᠷᠢᠶ᠎ᠠ 2003 ᠣᠨ᠃        ● ᠬᠠᠮᠲᠤᠷᠠᠨ ᠲᠣᠭᠤᠷᠪᠢᠬᠰᠠᠨ ᠨᠣᠮ ᠪᠢᠴᠢᠭ ᠤᠳ        ︽︿ᠴᠡᠭᠷᠠᠸᠠᠷᠳᠢ ᠠᠯᠲᠠᠨ ᠬᠠᠭᠠᠨ ᠤ ᠲᠤᠭᠤᠵᠢ﹀᠎ ᠶᠢᠨ ᠣᠷᠴᠢᠭᠤᠯᠭ᠎ᠠ ᠲᠠᠶᠢᠯᠪᠤᠷᠢ ︵『 ︿ァルタン=ハ—ン传﹀ 訳注』︶᠂ ᠲᠣᠺᠢᠤ᠋᠂ ᠺᠠᠽᠠᠮᠠ — ᠱᠣᠪᠤ᠂ 1998 ᠣᠨ᠃        ᠲᠠᠪᠤᠨ ᠶᠡᠭᠡ ᠳᠡᠭᠡᠳᠦ ᠰᠤᠷᠭᠠᠭᠤᠯᠢ ᠬᠠᠮᠲᠤᠷᠠᠨ ᠲᠣᠭᠤᠷᠪᠢᠬᠰᠠᠨ ︽ᠮᠣᠩᠭᠤᠯ ᠤᠷᠠᠨ ᠵᠣᠬᠢᠶᠠᠯ ᠤᠨ ᠲᠡᠤᠬᠡ︾᠂ ᠥᠪᠦᠷ ᠮᠣᠩᠭᠤᠯ ᠤᠨ ᠰᠤᠷᠭᠠᠨ ᠬᠥᠮᠦᠵᠢᠯ ᠤᠨ ᠬᠡᠪᠯᠡᠯ ᠤᠨ ᠬᠤᠷᠢᠶ᠎ᠠ 1984 ᠣᠨ᠃        ︽ᠳᠤᠮᠳᠠᠳᠦ ᠤᠯᠤᠰ ᠤᠨ ᠡᠯ᠎ᠡ ᠦᠨᠳᠦᠰᠦᠲᠡᠨ ᠤ ᠱᠠᠰᠢᠨ ᠪᠠ ᠳᠣᠮᠤᠭ ᠤᠨ ᠲᠣᠮᠣ ᠲᠣᠯᠢ ︵中国各民族宗教与神话大词典︶︾᠂ ᠮᠣᠩᠭᠤᠯ ᠦᠨᠳᠦᠰᠦᠲᠡᠨ ᠤ ᠲᠤᠬᠠᠢ ᠬᠤᠪᠢᠶᠠᠷᠢ ᠨᠠᠶᠢᠷᠠᠭᠤᠯᠬᠤ ᠺᠣᠮᠢᠰ ᠤᠨ ᠡᠷᠬᠢᠯᠡᠭᠰᠡᠨ ᠨᠠᠶᠢᠷᠠᠭᠤᠯᠤᠬᠴᠢ᠂ 学苑出版社1990年 。        ︽ᠳᠤᠮᠳᠠᠳᠦ ᠤᠯᠤᠰ ᠤᠨ ᠴᠥᠬᠡᠨ ᠲᠣᠭᠠᠲᠦ ᠦᠨᠳᠦᠰᠦᠲᠡᠨ ᠤ ᠡᠷᠲᠡᠨ ᠤ ᠪᠢᠴᠢᠭ ᠤᠳ ᠤᠨ ᠬᠤᠷᠢᠶᠠᠩᠭᠤᠢ ᠲᠠᠶᠢᠯᠪᠤᠷᠢ ︵中国少数民族古籍集解︶︾᠂ ᠨᠠᠶᠢᠷᠠᠭᠤᠯᠬᠤ ᠺᠣᠮᠢᠰ ᠤᠨ ᠭᠡᠰᠢᠭᠦᠨ᠂ ᠭᠤᠣᠯ ᠵᠣᠬᠢᠶᠠᠬᠴᠢᠳ ᠤᠨ ᠨᠢᠭᠡ᠂ 云南教育出版社2006 年᠃        ︽ᠡᠷᠳᠡᠨᠢᠲᠥᠬᠲᠠᠬᠤ︾ ︵1-11 ᠪᠤᠳᠢ︶᠂ ᠡᠷᠬᠢᠯᠡᠭᠰᠡᠨ ᠨᠠᠶᠢᠷᠠᠭᠤᠯᠤᠬᠴᠢ᠂ ᠥᠪᠦᠷ ᠮᠣᠩᠭᠤᠯ ᠤᠨ ᠰᠣᠶᠤᠯ ᠤᠨ ᠬᠡᠪᠯᠡᠯ ᠤᠨ ᠬᠤᠷᠢᠶ᠎ᠠ 2010 ᠣᠨ᠃        ★ ᠡᠷᠳᠡᠮ ᠰᠢᠨᠵᠢᠯᠡᠭᠡᠨ ᠤ ᠦᠭᠦᠯᠡᠯ ᠤᠳ        ● ᠮᠣᠩᠭᠤᠯ ᠤᠨ ᠡᠷᠲᠡᠨ ᠤ ᠤᠳᠬ᠎ᠠ ᠵᠣᠬᠢᠶᠠᠯ ᠤᠨ ᠰᠣᠳᠣᠯᠣᠯ        ︽ᠮᠣᠩᠭᠤᠯ ᠢᠷᠠᠭᠤ ᠨᠠᠶᠢᠷᠠᠭ ᠤᠨ ᠡᠭᠦᠰᠦᠯ ᠤᠨ ᠦᠨᠳᠦᠰᠦᠨ ᠭᠤᠷᠪᠠᠨ ᠡᠯᠧᠮᠧᠨ᠋ᠲ︾᠂ ︽ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ︾᠂ 1988 ᠣᠨ ᠤ 2 ᠳ᠋ᠤᠭᠠᠷ ᠬᠤᠭᠤᠴᠠᠭ᠎ᠠ᠃        ︽ᠠᠨᠳᠠᠢ ᠶᠢᠨ ᠡᠭᠦᠰᠦᠯ᠂ ᠲᠡᠭᠦᠨ ᠤ ᠪᠥᠵᠢᠭ ᠬᠥᠭᠵᠢᠮ ᠰᠢᠯᠦᠭ ᠤᠨ ᠨᠡᠶᠢᠯᠡᠮᠡᠭ ᠤᠷᠠᠯᠢᠭ ᠎ ᠤᠨ ᠬᠡᠯᠪᠡᠷᠢ ᠳᠤ ᠬᠤᠯᠪᠣᠭᠳᠠᠬᠤ ᠨᠢ︾᠂ ︽ᠮᠣᠩᠭᠤᠯ ᠬᠡᠯᠡ ᠤᠳᠬ᠎ᠠ ᠵᠣᠬᠢᠶᠠᠯ︾᠂ 1998 ᠣᠨ ᠤ 2 ᠳ᠋ᠤᠭᠠᠷ ᠬᠤᠭᠤᠴᠠᠭ᠎ᠠ᠃        ︽︿ᠵᠢᠩᠭᠠᠷ﹀᠎ ᠤᠨ ᠰᠢᠯᠦᠭ ᠤᠨ ᠬᠤᠯᠪᠣᠯᠲᠠ︾᠂ ︽ᠣᠶᠢᠷᠠᠳ ᠰᠤᠳᠤᠯᠤᠯ︾᠂ 1989 ᠣᠨ ᠤ 1 ᠳ᠋ᠦ᠋ᠭᠡᠷ ᠬᠤᠭᠤᠴᠠᠭ᠎ᠠ᠃        ︽ᠮᠣᠩᠭᠤᠯ ᠰᠢᠯᠦᠭ ᠤᠨ ᠬᠤᠯᠪᠣᠯᠲᠠ ᠶᠢ ᠠᠯᠲᠠᠢ ᠢᠵᠠᠭᠤᠷ ᠬᠡᠯᠡᠨ ᠤ ᠪᠤᠰᠤᠳ ᠦᠨᠳᠦᠰᠦᠲᠡᠨ ᠨᠦᠭᠦᠳ ᠤᠨ ᠰᠢᠯᠦᠭ ᠤᠨ ᠬᠤᠯᠪᠣᠯᠲᠠ ᠯᠤᠭ᠎ᠠ ᠬᠠᠷᠢᠴᠠᠭᠤᠯᠤᠨ ᠰᠤᠳᠤᠯᠬᠤ ᠨᠢ︾᠂ ︽ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾᠂ 1989 ᠣᠨ ᠤ 3 ᠳ᠋ᠤᠭᠠᠷ ᠬᠤᠭᠤᠴᠠᠭ᠎ᠠ᠃        ︽︿ᠡᠷᠲᠡᠨ ᠤ ᠮᠣᠩᠭᠤᠯ ᠰᠢᠯᠦᠭ ᠤᠨ ᠲᠡᠭᠦᠪᠦᠷᠢ﹀᠎ ᠶᠢᠨ ᠣᠷᠣᠰᠢᠯ︾᠂ ︽ᠡᠷᠲᠡᠨ ᠤ ᠮᠣᠩᠭᠤᠯ ᠰᠢᠯᠦᠭ ᠤᠨ ᠲᠡᠭᠦᠪᠦᠷᠢ︾᠂ ᠥᠪᠥᠷ ᠮᠣᠩᠭᠤᠯ ᠤᠨ ᠪᠠᠭᠠᠴᠤᠳ ᠬᠡᠦᠬᠡᠳ ᠤᠨ ᠬᠡᠪᠯᠡᠯ ᠤᠨ ᠬᠤᠷᠢᠶ᠎ᠠ 1985 ᠣᠨ᠂ 1-40᠃        ︽ᠪᠥᠭᠡ ᠶᠢᠨ ᠱᠠᠰᠢᠨ ᠤ ᠢᠷᠠᠭᠤ ᠨᠠᠶᠢᠷᠠᠭ ᠤᠨ ᠲᠥᠷᠥᠯ ᠵᠦᠢᠯ︾᠂ ︽ᠮᠣᠩᠭᠤᠯ ᠬᠡᠯᠡ ᠤᠳᠬ᠎ᠠ ᠵᠣᠬᠢᠶᠠᠯ︾᠂ 1991 ᠣᠨ ᠤ 1 ᠳ᠋ᠦ᠋ᠭᠡᠷ ᠬᠤᠭᠤᠴᠠᠭ᠎ᠠ᠃        ︽ᠲᠦᠭᠡᠯ ᠰᠢᠯᠦᠭ︾᠂ ︽ᠮᠣᠩᠭᠤᠯ ᠰᠣᠳᠣᠯᠣᠯ ᠤᠨ ᠨᠡᠪᠲᠡᠷᠬᠡᠢ ᠲᠣᠯᠢ · ᠤᠳᠬ᠎ᠠ ᠵᠣᠬᠢᠶᠠᠯ ᠤᠨ ᠪᠣᠲᠢ︾᠂ ᠥᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ 2002 ᠣᠨ᠂ 755-757᠃        ︽︿ᠬᠦᠳᠡᠷ ᠰᠡᠴᠡᠨ᠂ ᠠᠮᠪᠠᠭᠠᠢ ᠶᠢᠨ ᠠᠷᠪᠠᠨ ᠬᠥᠪᠡᠭᠦᠳ ᠢ ᠰᠤᠷᠭᠠᠨ ᠥᠭᠦᠯᠡᠷᠦᠨ﹀ ᠬᠡᠮᠡᠬᠦ ᠰᠢᠯᠦᠭ ᠤᠨ ᠲᠤᠬᠠᠢ︾᠂ ︽ᠮᠣᠩᠭᠤᠯ ᠤᠨ ᠡᠷᠲᠡᠨ ᠤ ᠤᠷᠠᠨ ᠵᠣᠬᠢᠶᠠᠯ ᠤᠨ ᠰᠤᠳᠤᠯᠤᠯ︾᠂ ᠥᠪᠥᠷ ᠮᠣᠩᠭᠤᠯ ᠤᠨ ᠰᠣᠶᠣᠯ ᠤᠨ ᠬᠡᠪᠯᠡᠯ ᠤᠨ ᠬᠤᠷᠢᠶ᠎ᠠ᠂ 1999 ᠣᠨ᠂ 264-280᠃        ︽︿ᠴᠢᠩᠭᠢᠰ ᠤᠨ ᠬᠤᠶᠠᠷ ᠡᠷ᠎ᠡ ᠵᠠᠭᠠᠯ ᠤᠨ ᠲᠤᠭᠤᠵᠢ﹀᠎ ᠶᠢᠨ ᠦᠵᠡᠯ ᠰᠠᠨᠠᠭᠠᠨ ᠤ ᠴᠢᠭᠯᠡᠯ ︾ ︵ᠬᠢᠲᠠᠳ︶᠂ ︽ᠦᠨᠳᠦᠰᠦᠲᠡᠨ ᠤ ᠤᠷᠠᠨ ᠵᠣᠬᠢᠶᠠᠯ ᠰᠤᠳᠤᠯᠤᠯ︾᠂ 1987 ᠣᠨ ᠤ 4 ᠳ᠋ᠦ᠋ᠭᠡᠷ ᠬᠤᠭᠤᠴᠠᠭ᠎ᠠ᠃        ︽ᠬᠤᠶᠠᠷ ᠵᠠᠭᠠᠯ ᠮᠣᠷᠢᠨ ᠤ ᠲᠤᠬᠠᠢ ᠠᠷᠠᠳ ᠤᠨ ᠳᠠᠭᠤᠤ ᠨᠤᠭᠤᠳ︾᠂ ︽ᠮᠣᠩᠭᠤᠯ ᠤᠨ ᠰᠤᠳᠤᠯᠤᠯ︾᠂ 1992 ᠣᠨ ᠤ 1 ᠳ᠋ᠦ᠋ᠭᠡᠷ ᠬᠤᠭᠤᠴᠠᠭ᠎ᠠ᠃        ︽ᠥᠨᠥᠴᠢᠨ ᠬᠥᠪᠡᠭᠦᠨ ᠶᠠᠭᠤ ᠰᠡᠴᠡᠯᠡᠪᠡ︖︾᠂ ︽ᠮᠣᠩᠭᠤᠯ ᠤᠨ ᠡᠷᠲᠡᠨ ᠤ ᠤᠳᠬ᠎ᠠ ᠵᠣᠬᠢᠶᠠᠯ ᠤᠨ ᠰᠤᠳᠤᠯᠤᠯ︾᠂ ᠥᠪᠥᠷ ᠮᠣᠩᠭᠤᠯ ᠤᠨ ᠰᠣᠶᠣᠯ ᠤᠨ ᠬᠡᠪᠯᠡᠯ ᠤᠨ ᠬᠤᠷᠢᠶ᠎ᠠ 1999 ᠣᠨ᠂ 314-326᠃        ︽︿ᠠᠷᠭᠠᠰᠤᠨ ᠬᠤᠷᠴᠢ ᠶᠢᠨ ᠳᠣᠮᠤᠭ﹀᠎ ᠲᠤ ᠬᠤᠯᠪᠣᠭᠳᠠᠬᠤ ᠬᠡᠳᠦᠨ ᠠᠰᠠᠭᠤᠳᠠᠯ︾᠂ ︽ᠮᠣᠩᠭᠤᠯ ᠤᠨ ᠡᠷᠲᠡᠨ ᠤ ᠤᠳᠬ᠎ᠠ ᠵᠣᠬᠢᠶᠠᠯ ᠤᠨ ᠰᠤᠳᠤᠯᠤᠯ︾᠂ ᠥᠪᠥᠷ ᠮᠣᠩᠭᠤᠯ ᠤᠨ ᠰᠣᠶᠣᠯ ᠤᠨ ᠬᠡᠪᠯᠡᠯ ᠤᠨ ᠬᠤᠷᠢᠶ᠎ᠠ 1999 ᠣᠨ᠂ 327-362᠃        ︽ᠮᠠᠨᠳᠤᠬᠠᠢ ᠰᠡᠴᠡᠨ ᠬᠠᠲᠤᠨ ᠪᠣᠯᠣᠨ ᠲᠡᠭᠦᠨ ᠤ ᠲᠠᠩᠭᠠᠷᠢᠭ ᠰᠢᠯᠦᠭ︾᠂ ︽ᠮᠣᠩᠭᠤᠯ ᠬᠡᠯᠡ ᠪᠢᠴᠢᠭ︾᠂ 1981 ᠣᠨ ᠤ 1 ᠳ᠋ᠦ᠋ᠭᠡᠷ ᠬᠤᠭᠤᠴᠠᠭ᠎ᠠ᠃        ︽ᠴᠣᠭᠲᠤ ᠲᠠᠶᠢᠵᠢ ᠪᠣᠯᠣᠨ ᠲᠡᠭᠦᠨ ᠤ ᠬᠠᠳᠠᠨ ᠤ ᠰᠢᠯᠦᠭ︾᠂ ︽ᠥᠪᠥᠷ ᠮᠣᠩᠭᠤᠯ ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ︾᠂ 1981 ᠣᠨ ᠤ 2 ᠳ᠋ᠤᠭᠠᠷ ᠬᠤᠭᠤᠴᠠᠭ᠎ᠠ᠃        ︽︿ᠭᠤᠷᠪᠠᠨ ᠵᠠᠭᠤᠨ ᠲᠠᠶᠢᠴᠢᠭᠤᠳ ᠢ ᠳᠠᠷᠤᠭᠰᠠᠨ ᠳᠣᠮᠤᠭ﹀᠎ ᠤᠨ ᠲᠤᠬᠠᠢ︾᠂ ︽ᠵᠢᠷᠢᠮ ᠎ ᠤᠨ ᠤᠷᠠᠨ ᠵᠣᠬᠢᠶᠠᠯ︾᠂ 1982 ᠣᠨ ᠤ 2 ᠳ᠋ᠤᠭᠠᠷ ᠬᠤᠭᠤᠴᠠᠭ᠎ᠠ᠃        ︽︿ᠲᠣᠭᠤᠨᠲᠡᠮᠦᠷ ᠬᠠᠭᠠᠨ ᠤ ᠭᠡᠮᠰᠢᠯ ᠰᠢᠯᠦᠭ﹀᠎ ᠤᠨ ᠰᠤᠳᠤᠯᠤᠯ︾᠂ ︽ᠮᠣᠩᠭᠤᠯ ᠬᠡᠯᠡ ᠤᠳᠬ᠎ᠠ ᠵᠣᠬᠢᠶᠠᠯ︾᠂ 1994 ᠣᠨ ᠤ 2 ᠳ᠋ᠤᠭᠠᠷ ᠬᠤᠭᠤᠴᠠᠭ᠎ᠠ᠃        ︽ᠮᠣᠩᠭᠤᠯ ᠤᠨ ᠡᠷᠲᠡᠨ ᠤ ᠨᠠᠮᠲᠠᠷ ᠵᠣᠬᠢᠶᠠᠯ ᠤᠨ ᠲᠡᠦᠬᠡᠨ ᠲᠣᠶᠢᠮᠣ︾᠂ ︽ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾᠂ 1994 ᠣᠨ ᠤ 4 ᠳ᠋ᠦ᠋ᠭᠡᠷ ᠬᠤᠭᠤᠴᠠᠭ᠎ᠠ᠃        ︽︿ᠴᠢᠩᠭᠢᠰ ᠬᠠᠭᠠᠨ ᠤ ᠠᠯᠲᠠᠨ ᠲᠣᠪᠴᠢ ᠨᠡᠷᠡᠲᠦ ᠴᠡᠳᠡᠭ﹀᠎ ᠤᠨ ᠵᠣᠬᠢᠶᠠᠭᠳᠠᠭᠰᠠᠨ ᠴᠠᠭ ᠦᠶ᠎ᠡ ᠶᠢᠨ ᠲᠤᠬᠠᠢ︾᠂ ︽ᠮᠣᠩᠭᠤᠯ ᠬᠡᠯᠡ ᠤᠳᠬ᠎ᠠ ᠵᠣᠬᠢᠶᠠᠯ︾᠂ 1991 ᠣᠨ ᠤ 3 ᠳ᠋ᠤᠭᠠᠷ ᠬᠤᠭᠤᠴᠠᠭ᠎ᠠ᠃ ﹇ᠮᠣᠩᠭᠤᠯ﹈ ︽ᠬᠥᠳᠡᠯᠮᠦᠷᠢ ᠰᠣᠨᠢᠨ︾᠂ 1990 ᠣᠨ ᠤ 6 ᠰᠠᠷ᠎ᠠ ᠶᠢᠨ 2᠎ ᠤ ᠡᠳᠦᠷ ᠤᠨ 4 ᠳ᠋ᠦ᠋ᠭᠡᠷ ᠨᠢᠭᠤᠷ᠃        ︽ᠨᠠᠶᠢᠵᠢ ᠲᠣᠶᠢᠨ ᠤ ᠨᠠᠮᠲᠠᠷ ︿ᠴᠢᠨᠳᠠᠮᠤᠨᠢ ᠡᠷᠢᠬᠡ﹀᠎ ᠶᠢᠨ ᠰᠤᠳᠤᠯᠤᠯ︾᠂ ︽ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾᠂ 1993 ᠣᠨ ᠤ 2 ᠳ᠋ᠤᠭᠠᠷ ᠬᠤᠭᠤᠴᠠᠭ᠎ᠠ᠃        ︽ᠽᠠᠶ᠎ᠠ ᠪᠠᠨᠳᠢᠳᠠ ᠨᠠᠮᠬᠠᠶᠢᠵᠠᠮᠰᠤ ᠶᠢᠨ ᠨᠠᠮᠲᠠᠷ ︿ᠰᠠᠷᠠᠨ ᠤ ᠭᠡᠷᠡᠯ﹀᠎ ᠤᠨ ᠰᠤᠳᠤᠯᠤᠯ︾᠂ ︽ᠮᠣᠩᠭᠤᠯ ᠬᠡᠯᠡ ᠪᠢᠴᠢᠭ︾᠂ 1992 ᠣᠨ ᠤ 8 — 9 ᠳ᠋ᠦ᠋ᠭᠡᠷ ᠬᠤᠭᠤᠴᠠᠭ᠎ᠠ᠃        ︽︿ᠵᠢᠩᠭᠠᠷ﹀ ᠪᠠ ᠱᠠᠰᠢᠨ︾᠂ ︽ᠮᠣᠩᠭᠤᠯ ᠬᠡᠯᠡ ᠤᠳᠬ᠎ᠠ ᠵᠣᠬᠢᠶᠠᠯ︾᠂ 1984 ᠣᠨ ᠎ ᠤ 1 ᠳ᠋ᠦ᠋ᠭᠡᠷ ᠬᠤᠭᠤᠴᠠᠭ᠎ᠠ᠃        ︽︿ᠵᠢᠩᠭᠠᠷ﹀᠎ ᠲᠤ ᠳᠦᠷᠰᠦᠯᠡᠭᠳᠡᠭᠰᠡᠨ ᠮᠣᠩᠭᠤᠯᠴᠤᠳ ᠤᠨ ᠠᠩᠬᠠᠨ ᠦᠶ᠎ᠡ ᠶᠢᠨ ᠲᠥᠷᠥ ᠎ ᠶᠢᠨ ᠬᠡᠯᠪᠡᠷᠢ︾᠂ ︽ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ︾᠂ 1997 ᠣᠨ ᠤ 2 ᠳ᠋ᠤᠭᠠᠷ ᠬᠤᠭᠤᠴᠠᠭ᠎ᠠ᠃        ︽︿ᠨᠣᠮᠢᠨ ᠡᠷᠳᠡᠨᠢ ᠶᠢᠨ ᠴᠢᠯᠠᠭᠤ﹀᠎ ᠶᠢᠨ ᠣᠷᠣᠰᠢᠯ︾᠂ ︽ᠨᠣᠮᠢᠨ ᠡᠷᠳᠡᠨᠢ ᠶᠢᠨ ᠴᠢᠯᠠᠭᠤ ︾᠂ ᠦᠨᠳᠦᠰᠦᠲᠡᠨ ᠤ ᠬᠡᠪᠯᠡᠯ ᠤᠨ ᠬᠤᠷᠢᠶ᠎ᠠ᠂ 1999 ᠣᠨ᠂ 1-11᠃        ● ᠰᠤᠷᠪᠤᠯᠵᠢ ᠪᠢᠴᠢᠭ ᠤᠨ ᠰᠤᠳᠤᠯᠤᠯ        ︽ᠮᠣᠩᠭᠤᠯ ᠰᠤᠷᠪᠤᠯᠵᠢ ᠪᠢᠴᠢᠭ᠂ ᠲᠡᠭᠦᠨ ᠤ ᠬᠠᠳᠠᠭᠠᠯᠠᠮᠵᠢ᠂ ᠰᠤᠳᠤᠯᠤᠯ᠂ ᠰᠤᠳᠤᠯᠬᠤ ᠠᠷᠭ᠎ᠠ︾᠂ ︽ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾᠂ 2003 ᠣᠨ ᠤ 12 ᠳ᠋ᠤᠭᠠᠷ ᠬᠤᠭᠤᠴᠠᠭ᠎ᠠ᠃        ︽ᠮᠣᠩᠭᠤᠯ ᠰᠤᠷᠪᠤᠯᠵᠢ ᠪᠢᠴᠢᠭ ᠤᠨ ᠰᠤᠳᠤᠯᠤᠯ ᠪᠠ ᠮᠣᠩᠭᠤᠯ ᠰᠢᠯᠦᠭ ᠤᠨ ᠬᠤᠯᠪᠣᠯᠲᠠ︾᠂ ︽ᠮᠣᠩᠭᠤᠯ ᠬᠡᠯᠡ ᠪᠢᠴᠢᠭ︾᠂ 1999 ᠣᠨ ᠤ 1 ᠳ᠋ᠦ᠋ᠭᠡᠷ ᠬᠤᠭᠤᠴᠠᠭ᠎ᠠ᠃        ︽ᠶᠤᠸᠠᠨ ᠤᠯᠤᠰ ᠤᠨ ᠦᠶ᠎ᠡ ᠶᠢᠨ ᠴᠣᠶᠢᠵᠢᠣ᠋ᠳᠰᠣᠷ ᠤᠨ ᠨᠠᠮᠲᠠᠷ ᠲᠡᠦᠬᠡ ᠶᠢᠨ ᠲᠤᠬᠠᠢ ᠳᠠᠬᠢᠨ ᠥᠭᠦᠯᠡᠬᠦ ᠨᠢ︾᠂ ︽ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ︾᠂ 1995 ᠣᠨ ᠤ 3 ᠳ᠋ᠤᠭᠠᠷ ᠬᠤᠭᠤᠴᠠᠭ᠎ᠠ᠃        ᠶᠠᠫᠤᠨ ᠣᠷᠴᠢᠭᠤᠯᠭ᠎ᠠ᠄ チュ-ヒシクトクトホ『元代の仏僧 チョイヅオドセル (搠思吉斡節児)の経歴再考』,『内陸 アヅア史研究』第 10号,1995年3月。55-70.        ︽ᠶᠤᠸᠠᠨ ᠤᠯᠤᠰ ᠤᠨ ᠦᠶ᠎ᠡ ᠶᠢᠨ ᠮᠣᠩᠭᠤᠯ ᠰᠣᠶᠣᠯ ᠤᠨ ᠭᠡᠷᠡᠯᠲᠦ ᠣᠳᠣᠨ ᠴᠣᠶᠢᠵᠢᠣᠳᠰᠠᠷ ︵《元代蒙古文化泰斗搠思吉斡节儿》︶︾        ︵ᠬᠢᠲᠠᠳ ᠢᠶᠠᠷ︶᠂ 《中央民族大学学报》2002年第八期᠃        ︽ᠶᠤᠸᠠᠨ ᠤᠯᠤᠰ ᠤᠨ ᠦᠶ᠎ᠡ ᠶᠢᠨ ᠬᠡᠯᠡᠮᠤᠷᠴᠢ ᠰᠢᠷᠠᠪᠰᠡᠩᠭᠡ ᠳᠤ ᠳᠤᠷᠠᠳᠬᠠᠨ ᠪᠣᠷᠬᠠᠨ ᠤ ᠨᠣᠮ ᠣᠷᠴᠢᠭᠤᠯᠤᠭᠤᠯᠵᠦ ᠪᠠᠶᠢᠬᠰᠠᠨ ᠡᠰᠡᠨᠲᠡᠮᠦᠷ ᠤᠨ ᠲᠤᠬᠠᠢ ᠰᠢᠭᠦᠯᠲᠡ︾᠂ ︽ᠳᠤᠮᠳᠠᠳᠦ ᠤᠯᠤᠰ ᠤᠨ ᠮᠣᠩᠭᠤᠯ ᠰᠣᠳᠣᠯᠣᠯ︾ 2006 ᠣᠨ ᠤ 3 ᠳ᠋ᠤᠭᠠᠷ ᠬᠤᠭᠤᠴᠠᠭ᠎ᠠ᠃        ᠣᠷᠣᠰ ᠣᠷᠴᠢᠭᠤᠯᠭ᠎ᠠ᠄ Ч• Хишигтогтох《КЕМ БЫЛ ЭСЭН-ТЭМУР, ЗАКАЗЧИК ПЕРЕВОДОВ ШИРАБ-СЭНГЭ》, 《Цэндийн ДАМДИНСУРЭ-Н К 100-летию со дня рождения》МОСК-ВА 2008.183-191.        ︽ᠬᠠᠭᠠᠨ ᠣᠷᠳᠣᠨ᠎ᠠ ᠪᠢᠴᠢᠭᠳᠡᠵᠦ ᠬᠠᠳᠠᠭᠠᠯᠠᠬᠳᠠᠬᠰᠠᠨ ᠪᠣᠶᠤ ᠣᠷᠴᠢᠭᠤᠯᠤᠬᠳᠠᠵᠦ ᠬᠡᠪᠯᠡᠭᠳᠡᠭᠰᠡᠨ ᠭᠤᠷᠪᠠᠨ ᠴᠢᠬᠤᠯᠠ ᠮᠣᠩᠭᠤᠯ ᠲᠡᠤᠬᠡᠨ ᠰᠣᠷᠪᠣᠯᠵᠢ ᠪᠢᠴᠢᠭ︾᠂ ︽ᠥᠪᠥᠷ ᠮᠣᠩᠭᠤᠯ ᠤᠨ ᠨᠡᠶᠢᠭᠡᠮ ᠎ ᠤᠨ ᠰᠢᠨᠵᠢᠯᠡᠬᠦ ᠤᠬᠠᠭᠠᠨ︾᠂ 2005 ᠣᠨ ᠤ 4 ᠳ᠋ᠤᠭᠡᠷ ᠬᠤᠭᠤᠴᠠᠭ᠎ᠠ᠃        ︽ᠮᠣᠩᠭᠤᠯ ᠤᠨ ᠨᠢᠭᠤᠴᠠ ᠲᠣᠪᠴᠢᠶᠠᠨ︾᠎ ᠤ ᠬᠢᠲᠠᠳ ᠡᠬᠡ᠂ ᠪᠠᠷ ᠬᠡᠪᠯᠡᠯ ᠤᠨ ᠲᠣᠪᠴᠢ ᠲᠡᠤᠬᠡ︾᠂ ︽ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠭᠦᠯ︾ 1988 ᠣᠨ ᠤ 4 ᠳ᠋ᠤᠭᠡᠷ ᠬᠤᠭᠤᠴᠠᠭ᠎ᠠ᠃        ︽ᠪᠦᠷᠳᠡ ᠴᠢᠨ᠋ᠸ᠎ᠠ ᠶᠢᠨ ᠲᠤᠬᠠᠢ︾᠂ ᠨᠡᠶᠢᠲᠡᠯᠡᠬᠦ ᠪᠠᠷ ᠪᠤᠢ᠃        ︽︿ᠮᠣᠩᠭᠤᠯ ᠤᠨ ᠨᠢᠭᠤᠴᠠ ᠲᠣᠪᠴᠢᠶᠠᠨ﹀᠎ ᠳᠠᠬᠢ ︿ᠶᠡᠬᠡᠰ᠎ᠠ ᠬᠠᠵᠠᠷᠥ ᠢᠭ᠌ᠷᠦ ᠬᠠᠷᠤᠭᠰᠠᠨ ᠎ ᠲᠤᠷ﹀ ᠭᠡᠳᠡᠭ ᠥᠭᠦᠯᠡᠪᠦᠷᠢ ᠶᠢᠨ ᠲᠤᠬᠠᠢ︾᠂ ︽ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠬᠦᠯ︾᠂ 2001 ᠣᠨ ᠤ 3 ᠳ᠋ᠤᠭᠠᠷ ᠬᠤᠭᠤᠴᠠᠭ᠎ᠠ᠃        ︽ᠨᠢᠭᠡᠳᠷᠡᠵᠦ ᠪᠦᠯᠬᠦᠮᠳᠡᠬᠦ ᠶᠢ ᠤᠷᠢᠶᠠᠯᠠᠭᠰᠠᠨ ᠪᠢᠴᠢᠭ — ︿ᠮᠣᠩᠭᠤᠯ ᠤᠨ ᠨᠢᠭᠤᠴᠠ ᠲᠣᠪᠴᠢᠶᠠᠨ﹀᠎ ᠤ ᠭᠤᠣᠯ ᠦᠵᠡᠯ ᠰᠠᠨᠠᠭ᠎ᠠ︾᠂ ︽ᠮᠣᠩᠭᠤᠯ ᠬᠡᠯᠡ ᠪᠢᠴᠢᠭ︾᠂ 1980 ᠣᠨ ᠤ 4 ᠳ᠋ᠦ᠋ᠭᠡᠷ ᠬᠤᠭᠤᠴᠠᠭ᠎ᠠ᠃        ︽ᠴᠢᠩᠭᠢᠰ ᠬᠠᠭᠠᠨ ᠬᠢᠭᠡᠳ ᠵᠠᠮᠤᠬ᠎ᠠ ᠰᠡᠴᠡᠨ — ︿ᠮᠣᠩᠭᠤᠯ ᠤᠨ ᠨᠢᠭᠤᠴᠠ ᠲᠣᠪᠴᠢᠶᠠᠨ﹀᠎ ᠤ ᠬᠥᠮᠥᠰ︾᠂ ︽ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾᠂ 1982 ᠣᠨ ᠤ 4 ᠳ᠋ᠦ᠋ᠭᠡᠷ ᠬᠤᠭᠤᠴᠠᠭ᠎ᠠ᠃        ︽︿ᠮᠣᠩᠭᠤᠯ ᠤᠨ ᠨᠢᠭᠤᠴᠠ ᠲᠣᠪᠴᠢᠶᠠᠨ﹀᠎ ᠤ ᠤᠷᠠᠨ ᠵᠣᠬᠢᠶᠠᠯ ᠤᠨ ᠣᠨᠴᠠᠯᠢᠭ︾᠂ ︽ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾᠂ 1990 ᠣᠨ ᠤ 4 ᠳ᠋ᠦ᠋ᠭᠡᠷ ᠬᠤᠭᠤᠴᠠᠭ᠎ᠠ᠃        ︽︿ᠴᠡᠭᠷᠠᠸᠠᠷᠳᠢ ᠠᠯᠲᠠᠨ ᠬᠠᠭᠠᠨ ᠤ ᠲᠤᠭᠤᠵᠢ﹀᠎ ᠶᠢᠨ ᠲᠤᠬᠠᠢ ᠬᠡᠳᠦᠨ ᠠᠰᠠᠭᠤᠳᠠᠯ ᠳᠤ︾ ᠂ ︽ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠭᠦᠯ︾ 1983 ᠣᠨ ᠤ 4 ᠳ᠋ᠤᠭᠡᠷ ᠬᠤᠭᠤᠴᠠᠭ᠎ᠠ᠃ 1984 ᠣᠨ ᠤ 1 ᠳ᠋ᠤᠭᠡᠷ ᠬᠤᠭᠤᠴᠠᠭ᠎ᠠ᠃        ︽︿ᠴᠡᠭᠷᠠᠸᠠᠷᠳᠢ ᠠᠯᠲᠠᠨ ᠬᠠᠭᠠᠨ ᠤ ᠲᠤᠭᠤᠵᠢ﹀᠎ ᠶᠢᠨ ᠲᠤᠬᠠᠢ ᠪᠠᠰᠠ ᠨᠢᠭᠡ ᠬᠡᠳᠦᠨ ᠠᠰᠠᠭᠤᠳᠠᠯ ᠳᠤ︾᠂ ︽ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾᠂ 1987 ᠣᠨ ᠤ 1 ᠳ᠋ᠦ᠋ᠭᠡᠷ ᠬᠤᠭᠤᠴᠠᠭ᠎ᠠ᠃        ︽︿ᠴᠡᠭᠷᠠᠸᠠᠷᠳᠢ ᠠᠯᠲᠠᠨ ᠬᠠᠭᠠᠨ ᠤ ᠲᠤᠭᠤᠵᠢ﹀᠎ ᠶᠢᠨ ᠵᠠᠷᠢᠮ ᠦᠭᠡᠰ ᠢ ᠬᠡᠷᠬᠢᠨ ᠵᠥᠪ ᠤᠩᠰᠢᠵᠤ ᠪᠠᠭᠤᠯᠭᠠᠬᠤ ᠠᠰᠠᠭᠤᠳᠠᠯ ᠳᠤ︾᠂ ︽ᠮᠣᠩᠭᠤᠯ ᠬᠡᠯᠡ ᠤᠳᠬ᠎ᠠ ᠵᠣᠬᠢᠶᠠᠯ︾᠂ 1996 ᠣᠨ ᠤ 2 ᠳ᠋ᠤᠭᠠᠷ ᠬᠤᠭᠤᠴᠠᠭ᠎ᠠ᠃        ︽︿ᠴᠡᠭᠷᠠᠸᠠᠷᠳᠢ ᠠᠯᠲᠠᠨ ᠬᠠᠭᠠᠨ ᠤ ᠲᠤᠭᠤᠵᠢ﹀᠎ ᠶᠢᠨ ᠡᠬᠡ ᠪᠢᠴᠢᠭ ᠤᠨ ᠰᠤᠳᠤᠯᠤᠯ ᠳᠤ ᠬᠤᠯᠪᠣᠭᠳᠠᠬᠤ ᠬᠡᠳᠦᠨ ᠠᠰᠠᠭᠤᠳᠠᠯ ᠤᠨ ᠲᠤᠬᠠᠢ︾᠂ ︽ᠮᠣᠩᠭᠤᠯ ᠬᠡᠯᠡ ᠤᠳᠬ᠎ᠠ ᠵᠣᠬᠢᠶᠠᠯ︾᠂ 2003 ᠣᠨ ᠤ 1 ᠳ᠋ᠦ᠋ᠭᠡᠷ ᠬᠤᠭᠤᠴᠠᠭ᠎ᠠ᠃        ︽︿ᠬᠠᠳ ᠤᠨ ᠦᠨᠳᠦᠰᠦᠨ ᠬᠤᠷᠢᠶᠠᠩᠭᠤᠢ ᠠᠯᠲᠠᠨ ᠲᠣᠪᠴᠢ﹀᠎ ᠶᠢᠨ ᠪᠠᠷ ᠬᠡᠪᠯᠡᠯ᠂ ᠵᠣᠬᠢᠶᠠᠭᠳᠠᠭᠰᠠᠨ ᠴᠠᠭ ᠦᠶ᠎ᠡ︾᠂ ︽ᠮᠣᠩᠭᠤᠯ ᠬᠡᠯᠡ ᠤᠳᠬ᠎ᠠ ᠵᠣᠬᠢᠶᠠᠯ︾᠂ 2001 ᠣᠨ ᠤ 6 ᠳ᠋ᠤᠭᠠᠷ ᠬᠤᠭᠤᠴᠠᠭ᠎ᠠ᠃        ︽ᠯᠣᠪᠰᠠᠩᠳᠠᠨᠵᠢᠨ ᠤ ︿ᠠᠯᠲᠠᠨ ᠲᠣᠪᠴᠢ﹀᠎ ᠶᠢᠨ ᠰᠤᠳᠤᠯᠤᠯ︾᠂ ︽ᠥᠪᠥᠷ ᠮᠣᠩᠭᠤᠯ ᠎ ᠤᠨ ᠨᠡᠶᠢᠭᠡᠮ ᠤᠨ ᠰᠢᠨᠵᠢᠯᠡᠬᠦ ᠤᠬᠠᠭᠠᠨ︾᠂ 2002 ᠣᠨ ᠤ 1 ᠳ᠋ᠦ᠋ᠭᠡᠷ ᠬᠤᠭᠤᠴᠠᠭ᠎ᠠ᠃        ︽︿ᠭᠡᠨᠵᠦᠷ﹀᠎ ᠤᠨ ᠮᠣᠩᠭᠤᠯ ᠣᠷᠴᠢᠭᠤᠯᠭ᠎ᠠ ᠶᠢᠨ ᠲᠡᠦᠬᠡᠨ ᠲᠣᠶᠢᠮᠣ︾᠂ ︽ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾᠂ 1991 ᠣᠨ ᠤ 3 — 4 ᠳ᠋ᠦ᠋ᠭᠡᠷ ᠬᠤᠭᠤᠴᠠᠭ᠎ᠠ᠃        ︽ᠡᠸ᠋ᠯᠢᠰᠠᠪᠧᠲᠲ᠋ᠠ ᠺᠢᠤᠳᠣ᠋ ᠶᠢᠨ ᠬᠡᠪᠯᠡᠭᠦᠯᠦᠭᠰᠡᠨ ︿ᠮᠣᠩᠭᠤᠯ ᠤᠨ ᠰᠢᠨᠵᠢᠯᠡᠬᠦ ᠤᠬᠠᠭᠠᠨ ᠤ ᠠᠺᠠᠳᠧᠮᠢ ᠳᠤ ᠬᠠᠳᠠᠭᠠᠯᠠᠬᠳᠠᠵᠦ ᠪᠠᠶᠢᠭ᠎ᠠ ᠬᠠᠷ᠎ᠠ ᠪᠤᠬᠠᠨ ᠪᠠᠯᠭᠠᠰᠦ ᠶᠢᠨ ᠤᠶᠢᠰᠤᠨ ᠪᠢᠴᠢᠭ ᠤᠳ﹀ ︵1-2︶︾᠂ ︽ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾᠂ 2002 ᠣᠨ ᠤ 4 ᠳ᠋ᠦ᠋ᠭᠡᠷ ᠬᠤᠭᠤᠴᠠᠭ᠎ᠠ᠃        ● ᠮᠣᠩᠭᠤᠯ ᠲᠡᠦᠬᠡ ᠰᠣᠶᠣᠯ ᠤᠨ ᠰᠤᠳᠤᠯᠤᠯ        ︽ᠴᠢᠩᠭᠢᠰ ᠬᠠᠭᠠᠨ ᠤ ᠭᠤᠷᠪᠠᠨ ᠣᠩᠭᠤᠨ ᠤ ᠲᠤᠬᠠᠢ ᠦᠭᠦᠯᠡᠬᠦ ᠨᠢ︾᠂ ᠥᠪᠥᠷ ᠮᠣᠩᠭᠤᠯ ᠎ ᠤᠨ ᠨᠡᠶᠢᠭᠡᠮ ᠤᠨ ᠰᠢᠨᠵᠢᠯᠡᠬᠦ ᠤᠬᠠᠭᠠᠨ︾᠂ 1999 ᠣᠨ ᠤ 2 ᠳ᠋ᠤᠭᠠᠷ ᠬᠤᠭᠤᠴᠠᠭ᠎ᠠ᠃        ︽︿ᠲᠠᠪᠤᠨ ᠥᠩᠭᠡ ᠳᠥᠷᠪᠡᠨ ᠬᠠᠷᠢ﹀᠎ ᠶᠢᠨ ᠰᠢᠭᠦᠯᠲᠠ ︵ᠬᠢᠲᠠᠳ ᠢᠶᠠᠷ᠂ 《“五色四夷”考︾︶᠂ 《中央民族学院学报 》1986年第四期。        ᠮᠣᠩᠭᠤᠯ ᠣᠷᠴᠢᠭᠤᠯᠭ᠎ᠠ᠄ ︽︿ᠲᠠᠪᠤᠨ ᠥᠩᠭᠡ ᠳᠥᠷᠪᠡᠨ ᠬᠠᠷᠢ﹀᠎ ᠶᠢᠨ ᠤᠴᠢᠷ︾᠂ ︽ᠮᠣᠩᠭᠤᠯ ᠤᠨ ᠡᠷᠲᠡᠨ ᠤ ᠤᠷᠠᠨ ᠵᠣᠬᠢᠶᠠᠯ ᠤᠨ ᠰᠤᠳᠤᠯᠤᠯ︾᠂ ᠥᠪᠥᠷ ᠮᠣᠩᠭᠤᠯ ᠤᠨ ᠰᠣᠶᠣᠯ ᠤᠨ ᠬᠡᠪᠯᠡᠯ ᠤᠨ ᠬᠤᠷᠢᠶ᠎ᠠ᠂ 1988 ᠣᠨ᠂ 444-488᠃        ︽ᠡᠾᠦ᠋ᠨᠴᠤᠳ ᠤᠨ ᠦᠰᠦᠭ ᠪᠢᠴᠢᠭ ᠤᠨ ᠲᠤᠬᠠᠢ ᠰᠤᠯᠠ ᠲᠡᠮᠳᠡᠭᠯᠡᠯ︾᠂ ︽ᠮᠣᠩᠭᠤᠯ ᠬᠡᠯᠡ ᠪᠢᠴᠢᠭ︾᠂ 2003 ᠣᠨ ᠤ 8 ᠳ᠋ᠤᠭᠠᠷ ᠬᠤᠭᠤᠴᠠᠭ᠎ᠠ᠃        ︽ᠪᠢᠴᠢᠭ᠂ ᠪᠢᠴᠢᠭᠡᠴᠢ ᠬᠡᠮᠡᠬᠦ ᠦᠭᠡ ᠶᠢᠨ ᠰᠢᠭᠦᠯᠲᠡ︾᠂ ︽ᠮᠣᠩᠭᠤᠯ ᠰᠣᠳᠣᠯᠣᠯ ᠤᠨ ᠨᠡᠪᠲᠡᠷᠬᠡᠢ ᠲᠣᠯᠢ · ᠤᠳᠬ᠎ᠠ ᠵᠣᠬᠢᠶᠠᠯ ᠤᠨ ᠪᠣᠲᠢ︾᠂ ᠥᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ 2002 ᠣᠨ᠂ 302 — 304᠃        ︽ᠠᠯᠲᠠᠢ ᠰᠣᠳᠣᠯᠣᠯ ᠤᠨ ᠵᠠᠷᠢᠮ ᠠᠰᠠᠭᠤᠳᠠᠯ ᠳᠤ ( ᠬᠢᠲᠠᠳ ᠢᠶᠠᠷ 《简论阿尔泰学几个问题)︾᠂ 内蒙古社会科学院《蒙古 学研究 年鉴》2007年,295-301。        ︽ᠮᠣᠩᠭᠤᠯ ᠦᠰᠦᠭ ᠪᠢᠴᠢᠭ ᠢᠶᠠᠨ ᠦᠨᠢ ᠡᠭᠦᠷᠢᠳᠡ ᠡᠷᠬᠢᠮᠨᠡᠨ ᠡᠷᠭᠦᠵᠦ ᠶᠠᠪᠤᠬᠤ ᠶᠢᠨ ᠤᠴᠢᠷ︾᠂ ︽ᠳᠤᠮᠳᠠᠳᠦ ᠤᠯᠤᠰ ᠤᠨ ᠮᠣᠩᠭᠤᠯ ᠰᠣᠳᠣᠯᠣᠯ︾ 2009 ᠣᠨ᠃ 1-9᠃        ︽ᠪᠡᠭᠡᠵᠢᠩ ᠳᠠᠬᠢ ᠶᠤᠸᠠᠨ ᠤᠯᠤᠰ ᠤᠨ ᠴᠠᠭᠠᠨ ᠰᠣᠪᠤᠷᠭ᠎ᠠ ᠶᠢᠨ ᠬᠢᠲᠠᠳ ᠪᠢᠢ ᠲᠠᠰ ᠤᠨ ᠪᠢᠴᠢᠭ ᠤᠨ ᠰᠣᠳᠣᠯᠣᠯ᠂ ᠣᠷᠴᠢᠭᠤᠯᠭ᠎ᠠ᠂ ᠲᠠᠶᠢᠯᠪᠤᠷᠢ︾᠂ ︽ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾ 2007 ᠣᠨ ᠤ 6 ᠳ᠋ᠤᠭᠠᠷ ᠬᠤᠭᠤᠴᠠᠭ᠎ᠠ᠃        ︽ᠪᠡᠭᠡᠵᠢᠩ ᠳᠠᠬᠢ ᠶᠤᠸᠠᠨ ᠤᠯᠤᠰ ᠤᠨ ᠴᠠᠭᠠᠨ ᠰᠣᠪᠤᠷᠭ᠎ᠠ ᠶᠢᠨ ᠲᠥᠪᠡᠳ ᠮᠣᠩᠭᠤᠯ ᠬᠢᠲᠠᠳ ᠭᠠᠷᠴᠠᠭ︾᠂ ︽ᠳᠤᠮᠳᠠᠳᠦ ᠤᠯᠤᠰ ᠤᠨ ᠮᠣᠩᠭᠤᠯ ᠰᠣᠳᠣᠯᠣᠯ︾ 2008 ᠣᠨ ᠤ 5 ᠳ᠋ᠤᠭᠠᠷ ᠬᠤᠭᠤᠴᠠᠭ᠎ᠠ᠃        ︽ᠶᠤᠸᠠᠨ ᠤᠯᠤᠰ ᠤᠨ ᠬᠢᠲᠠᠳ ᠪᠢᠢ ᠲᠠᠰ ᠤᠨ ᠪᠢᠴᠢᠭ ︿ᠶᠢᠩ ᠴᠠᠩ ᠯᠦ ᠶᠢᠨ ᠮᠠᠨ ᠲᠦᠸᠧ ᠱᠠᠨ ᠠᠭᠤᠯᠠ ᠶᠢᠨ ᠰᠢᠨ᠎ᠡ ᠪᠠᠶᠢᠭᠤᠯᠤᠬᠰᠠᠨ ᠯᠥᠩ ᠰᠢᠩ ᠰᠧ ᠰᠥᠮ᠎ᠡ ᠶᠢᠨ ᠲᠡᠮᠳᠡᠭᠯᠡᠯ﹀᠎ ᠤᠨ ᠰᠣᠳᠣᠯᠣᠯ ︾᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ︾᠂ 2003 ᠣᠨ ᠤ 5 ᠳ᠋ᠤᠭᠠᠷ ᠬᠤᠭᠤᠴᠠᠭ᠎ᠠ᠃        ᠠᠩᠭ᠍ᠯᠢ ᠣᠷᠴᠢᠭᠤᠯᠭ᠎ᠠ᠄ Professor,Ch·Khishigtogtokh 《INSCRIPTION OF A MONUMENT CONNECTED WITH THE HISTORY OF YUAN DYNASTY》,《CHINGGIS KHAAN AND CONTEMPORARY ERA》, Ulaanbaatar2003.        ︽ᠬᠡᠰᠢᠭᠲᠡᠨ ᠬᠤᠰᠢᠭᠤᠨ ᠤ ᠲᠡᠦᠬᠡᠨ ᠳᠤᠷᠠᠰᠬᠠᠯ᠂ ᠬᠡᠰᠢᠭᠲᠡᠨ ᠨᠤᠲᠤᠭ ᠤᠨ ᠲᠤᠬᠠᠢ ᠲᠡᠦᠬᠡᠨ ᠲᠡᠮᠳᠡᠭᠯᠡᠯ︾᠂ ︽ᠦᠨᠳᠦᠰᠦᠲᠡᠨ ᠤ ᠪᠦᠯᠬᠦᠮᠳᠡᠯ︾ 1991 ᠣᠨ ᠤ 9 ᠳ᠋ᠦ᠋ᠭᠡᠷ ᠬᠤᠭᠤᠴᠠᠭ᠎ᠠ᠃ ︽ᠮᠣᠩᠭᠤᠯ ᠰᠤᠷᠪᠤᠯᠵᠢ ᠪᠢᠴᠢᠭ ᠤᠨ ᠰᠤᠳᠤᠯᠤᠯ︾᠂ ᠦᠨᠳᠦᠰᠦᠲᠡᠨ ᠤ ᠬᠡᠪᠯᠡᠯ ᠤᠨ ᠬᠤᠷᠢᠶ᠎ᠠ 2003 ᠣᠨ᠂ 261-282᠃        ︽ᠮᠣᠩᠭᠤᠯ ᠬᠢᠲᠠᠳ ᠢᠶᠠᠷ ᠵᠣᠬᠢᠶᠠᠭᠰᠠᠨ ᠮᠣᠩᠭᠤᠯ ᠤᠨ ᠰᠤᠳᠤᠯᠤᠯ ᠤᠨ ᠪᠦᠲᠦᠭᠡᠯ ᠤᠳ ᠎ ᠤᠨ ᠲᠣᠶᠢᠮᠣ︾᠂ ︽ᠮᠣᠩᠭᠤᠯ ᠬᠡᠯᠡ ᠪᠢᠴᠢᠭ︾᠂ 1987 ᠣᠨ ᠤ 5.6.7.8.9.10.11.12 ᠳ᠋ᠤᠭᠠᠷ ᠬᠤᠭᠤᠴᠠᠭ᠎ᠠ᠃ 1988 ᠣᠨ ᠤ 1 ᠳ᠋ᠦ᠋ᠭᠡᠷ ᠬᠤᠭᠤᠴᠠᠭ᠎ᠠ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号