2014 ᠵᠠᠰᠠᠭ ᠎ ᠤᠨ ᠤᠷᠳᠤᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2014/3/14
2014 ᠤᠨ ᠤ 2 ᠰᠠᠷ᠎ᠠ ᠶᠢᠨ 27᠎ ᠤ ᠡᠳᠤᠷ  ᠬᠡᠰᠢᠭᠳᠡᠨ ᠬᠤᠰᠢᠭᠤᠨ ᠤ ᠠᠷᠪᠡᠨ ᠵᠢᠷᠭᠤᠳᠤᠭᠠᠷ ᠬᠤᠭᠤᠴᠠᠭᠠᠨ ᠎ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ           ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠲᠠᠷᠤᠭ᠎ᠠ    ᠢᠦᠢ ᠸᠧᠢ ᠳ᠋ᠦᠩ ᠲᠦᠯᠦᠬᠡᠯᠡᠭᠴᠢᠳ ᠡ᠄       ᠡᠳᠦᠬᠡ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ᠂ ᠶᠡᠭᠡ ᠬᠤᠷᠠᠯ ᠳᠤ ᠵᠠᠰᠠᠭ ᠎ ᠤᠨ ᠤᠷᠳᠤᠨ ᠤ ᠠᠵᠢᠯ ᠤᠨ ᠢᠯᠡᠳᠬᠡᠯ ᠬᠢᠶ᠎ᠡ᠂ ᠬᠢᠨᠡᠨ ᠵᠦᠪᠯᠡᠬᠦ ᠪᠤᠯᠪᠠᠤ᠂ ᠡᠬᠦᠨ ᠤ ᠬᠠᠮᠳᠤ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠠ ᠬᠤᠷᠠᠯ ᠳᠤ ᠰᠤᠯᠠ ᠤᠷᠤᠯᠴᠠᠵᠤ ᠪᠠᠶᠢᠭ᠎ᠠ ᠨᠦᠬᠦᠳ ᠠᠴᠠ ᠰᠠᠨᠠᠯ ᠢᠶᠠᠨ ᠲᠤᠷᠠᠳᠬᠤ ᠎ ᠶᠢ ᠬᠦᠰᠡᠵᠣ ᠪᠠᠶᠢᠨ᠎ᠠ᠃          ᠨᠢᠭᠡ᠂ 2013 ᠤᠨ ᠤ ᠠᠵᠢᠯ ᠤᠨ ᠡᠷᠬᠢᠴᠡᠬᠦᠯᠦᠯ       ᠰᠠᠶ᠋ᠢᠬᠠᠨ ᠦᠩᠬᠡᠷᠡᠭᠰᠡᠨ ᠨᠢᠭᠡ ᠵᠢᠯ ᠳᠤ᠂ ᠠᠵᠤ ᠠᠬᠤᠢ ᠶᠢᠨ ᠪᠠᠭᠤᠷᠠᠯᠳᠠ ᠶᠢᠨ ᠲᠠᠷᠤᠯᠳᠠ ᠵᠡᠷᠭᠡ ᠠᠰᠢᠭ ᠦᠬᠡᠢ ᠨᠦᠬᠦᠴᠡᠯ ᠳᠤ ᠴᠢᠭᠯᠡᠬᠦᠯᠦᠨ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠪᠦᠬᠦ ᠬᠤᠰᠢᠭᠤᠨ ᠤ ᠠᠷᠠᠳ ᠲᠦᠮᠡᠨ ᠢ ᠪᠦᠯᠬᠦᠮᠳᠡᠬᠦᠯᠦᠨ ᠲᠠᠶᠢᠴᠢᠯᠠᠵᠤ᠂ ᠲᠤᠭᠳᠠᠭᠤᠨ ᠤ ᠲᠤᠮᠳᠠ ᠤᠷᠤᠭᠰᠢᠯᠡᠬᠤ ᠠᠵᠢᠯ ᠤᠨ ᠶᠡᠷᠦᠩᠬᠡᠢ ᠵᠠᠷᠴᠢᠮ ᠢ ᠴᠢᠩᠭ᠎ᠠ ᠪᠠᠷᠢᠮᠳᠠᠯᠠᠨ᠂ ᠦᠪᠡᠷᠳᠡᠬᠡᠨ ᠵᠠᠰᠠᠬᠤ ᠤᠷᠤᠨ ᠤ ︽8337︾ ᠬᠦᠭᠵᠢᠯᠳᠠ ᠶᠢᠨ ᠰᠡᠳᠬᠢᠮᠵᠢ ᠎ ᠶᠢ ᠬᠢᠨᠠᠮᠠᠭᠠᠢ ᠲᠤᠤᠱᠯᠠᠭᠤᠯᠵᠤ᠂ ᠲᠤᠭᠳᠠᠭᠤᠨ ᠢᠶᠠᠷ ᠨᠡᠮᠡᠭᠳᠡᠬᠦ᠂ ᠪᠦᠳᠦᠴᠡ ᠶᠢ ᠲᠤᠬᠢᠷᠠᠭᠤᠯᠬᠤ᠂ ᠦᠬᠡᠷᠡᠴᠢᠯᠡᠯᠳᠠ ᠎ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠬᠡᠮ ᠤᠨ ᠰᠢᠨ᠎ᠠ ᠬᠦᠭᠵᠢᠯᠳᠠ ᠶᠢ ᠪᠡᠶᠡᠯᠡᠬᠦᠯᠦᠭᠰᠡᠨ ᠪᠠᠶᠢᠨ᠎ᠠ᠃       ︵ᠨᠢᠭᠡ︶ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢ ᠯᠠᠪᠳᠠᠭᠤᠨ ᠢᠶᠠᠷ ᠠᠬᠢᠭᠤᠯᠪᠠ᠃ ᠠᠮᠢ ᠠᠬᠤᠢ ᠎ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠳᠤ 2.49 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠤᠢ ᠰᠢᠭᠤᠢ ᠶᠢ ᠡᠵᠡᠩᠨᠡᠨ ᠦᠢᠵᠢᠭᠤᠯᠤᠭᠰᠠᠨ ᠲᠠᠯᠠᠪᠠᠢ 38 ᠲᠦᠮᠡᠨ ᠮᠤ᠋᠂ ᠨᠤᠭᠤ ᠭᠠᠵᠠᠷ ᠢ ᠬᠠᠮᠠᠭᠠᠯᠠᠭᠰᠠᠨ ᠲᠠᠯᠠᠪᠠᠢ 220 ᠲᠦᠮᠡᠨ ᠮᠤ᠋᠂ ᠨᠠᠶᠢᠳᠠ ᠶᠢᠨ ᠠᠰᠠᠷᠠᠮᠵᠢ ᠶᠢᠨ ᠤᠢ ᠶᠢ ᠬᠠᠮᠠᠭᠠᠯᠠᠭᠰᠠᠨ ᠲᠠᠯᠠᠪᠠᠢ 687.3 ᠲᠦᠮᠡᠨ ᠮᠤ᠋ ᠳᠤ ᠬᠦᠷᠦᠭᠰᠡᠨ ᠪᠠᠶᠢᠨ᠎ᠠ᠃ ᠤᠢ ᠰᠢᠭᠤᠢ ᠶᠢᠨ ᠪᠦᠷᠬᠦᠴᠠ ᠶᠢᠨ ᠨᠤᠷᠮ᠎ᠠ 1.04 ᠵᠠᠭᠤᠨ ᠤ ᠬᠤᠪᠢ ᠶᠢᠨ ᠴᠡᠭ ᠲᠡᠭᠡᠭᠰᠢᠯᠡᠵᠤ᠂ 33.14%᠎ ᠳᠤ ᠬᠦᠷᠦᠭᠰᠡᠨ ᠪᠠᠶᠢᠨ᠎ᠠ᠃ ᠪᠡᠯᠴᠢᠬᠡᠷᠯᠡᠬᠦᠯᠬᠦ ᠶᠢ ᠴᠠᠭᠠᠵᠠᠯᠠᠭᠰᠠᠨ ᠪᠠ ᠰᠡᠯᠬᠦᠨ ᠪᠠᠯᠴᠢᠬᠡᠷᠯᠡᠬᠦᠯᠦᠭᠰᠡᠨ ᠪᠡᠯᠴᠢᠬᠡᠷ 2254 ᠲᠦᠮᠡᠨ ᠮᠤ᠋᠂ ᠨᠤᠳᠤᠭ ᠪᠡᠯᠴᠢᠬᠡᠷ ᠤᠨ ᠪᠦᠳᠦᠬᠡᠨ ᠪᠠᠶᠢᠭᠤᠯᠤᠯᠳᠠ 61.75 ᠲᠦᠮᠡᠨ ᠮᠤ᠋ ᠪᠠᠶᠢᠵᠤ᠂ ᠲᠠᠯ᠎ᠠ ᠨᠤᠳᠤᠭ ᠤᠨ ᠤᠷᠭᠤᠮᠠᠯ ᠤᠨ ᠪᠦᠷᠬᠦᠴᠠ ᠶᠢᠨ ᠬᠡᠮᠵᠢᠶ᠎ᠡ 0.75 ᠵᠠᠭᠤᠨ ᠤ ᠬᠤᠪᠢ ᠶᠢᠨ ᠴᠡᠭ ᠲᠡᠭᠡᠭᠰᠢᠯᠡᠵᠤ᠂ 48.75%᠎ ᠳᠤ ᠬᠦᠷᠦᠭᠰᠠᠨ ᠪᠠᠶᠢᠨ᠎ᠠ᠃ ᠤᠰᠤ ᠬᠦᠷᠦᠰᠤ ᠶᠢ ᠬᠠᠮᠠᠭᠠᠯᠠᠨ ᠵᠠᠰᠠᠬᠤ ᠠᠵᠢᠯ ᠢ ᠬᠡᠷᠡᠭᠵᠢᠬᠦᠯᠦᠭᠰᠡᠨ ᠲᠠᠯᠠᠪᠠᠢ 2.5 ᠲᠦᠮᠡᠨ ᠮᠤ᠋᠂ ᠤᠰᠤ ᠠᠷᠪᠢᠯᠠᠬᠤ ᠪᠠ ᠪᠦᠳᠦᠮᠵᠢᠳᠠᠢ ᠤᠰᠤᠯᠠᠬᠤ ᠲᠠᠯᠠᠪᠠᠢ 4 ᠲᠦᠮᠡᠨ ᠮᠤ᠋ ᠶᠢ ᠰᠢᠨ᠎ᠡ ᠪᠠᠷ ᠨᠡᠮᠡᠭᠳᠡᠬᠦᠯᠤᠨ᠂ ᠬᠦᠮᠦᠨ ᠮᠠᠯ ᠤᠨ ᠤᠤᠭᠤᠬᠤ ᠤᠰᠤᠨ ᠤ ᠠᠶᠦᠯᠬᠦᠢ ᠶᠢᠨ ᠢᠨᠵᠧᠨᠧᠷᠢᠩ ᠢ 182 ᠭᠠᠵᠠᠷ ᠲᠤ ᠰᠢᠨ᠎ᠠ ᠪᠠᠷ ᠪᠠᠶᠢᠭᠤᠯᠵᠠᠢ᠃ ᠪᠤᠬᠢᠷᠳᠤᠯ ᠦᠭᠡᠢ ᠠᠭᠤᠷᠬᠠᠢ ᠎ ᠶᠢᠨ ᠪᠦᠳᠦᠬᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠡᠬᠢᠯᠡᠬᠦᠯᠵᠠᠢ᠃ 689.4 ᠮᠤ᠋ ᠰᠠᠭᠤᠭᠠᠯᠢ ᠠᠷᠠᠳ ᠤᠨ ᠬᠠᠭᠤᠴᠢᠨ ᠰᠠᠭᠤᠷᠢᠨ ᠪᠤᠯᠤᠨ ᠠᠭᠤᠷᠬᠠᠢ ᠶᠢᠨ ᠬᠠᠶᠠᠭᠳᠠᠮᠠᠯ ᠭᠠᠵᠠᠷ ᠢ ᠲᠡᠬᠢᠨ ᠬᠠᠭᠠᠯᠪᠤᠷᠢᠯᠠᠬᠤ ᠶᠢ ᠬᠦᠢᠴᠡᠳᠬᠡᠵᠠᠢ᠃ ᠨᠢᠭᠡᠴᠠ GDP᠎ ᠶᠢᠨ ᠡᠨᠧᠷᠬᠢ ᠶᠢᠨ ᠬᠤᠷᠤᠭᠳᠠᠯ 8.5% ᠲᠤᠷᠤᠭᠰᠢᠯᠠᠵᠤ᠂ ᠭᠤᠤᠯ ᠪᠤᠯᠬᠤ ᠪᠤᠬᠢᠷᠳᠠᠭᠤᠯᠤᠯ ᠪᠤᠳᠠᠰ ᠢ 974.04 ᠲᠤᠨ ᠪᠠᠭᠠᠰᠬᠠᠭᠰᠠᠨ ᠪᠠᠶᠢᠨ᠎ᠠ᠃ 5 ᠤᠯᠤᠰ ᠤᠨ ᠲᠡᠰ ᠤᠨ ᠠᠮᠢ ᠠᠬᠤᠢ ᠶᠢᠨ ᠰᠤᠮᠤ ᠪᠠᠯᠭᠠᠰᠤ᠂ 51 ᠬᠤᠳᠠ ᠶᠢᠨ ᠲᠡᠰ ᠤᠨ ᠠᠮᠢ ᠠᠬᠤᠢ ᠶᠢᠨ ᠲᠤᠰᠬᠤᠨ ᠰᠢᠨ᠎ᠡ ᠪᠠᠷ ᠨᠡᠮᠡᠭᠳᠡᠪᠠ᠂ ᠠᠮᠵᠢᠯᠳᠠ ᠲᠠᠢ ᠎ ᠪᠠᠷ ᠦᠪᠡᠷᠳᠡᠬᠡᠨ ᠵᠠᠰᠠᠬᠤ ᠤᠷᠤᠨ ᠤ ᠲᠡᠰ ᠤᠨ ᠴᠡᠴᠷᠯᠢᠭᠵᠢᠭᠰᠡᠨ ᠰᠢᠶᠠᠨ ᠬᠤᠳᠠ ᠪᠤᠯᠵᠤ ᠲᠡᠪᠰᠢᠭ᠌ᠰᠠᠨ ᠪᠠᠶᠢᠨ᠎ᠠ᠃       ︵ᠬᠤᠶᠠᠷ︶ ᠠᠵᠤ ᠠᠬᠤᠢ ᠶᠢᠨ ᠬᠦᠭᠵᠢᠯᠳᠠ ᠲᠤᠭᠳᠠᠭᠤᠨ ᠤ ᠲᠤᠮᠳᠠ ᠲᠠᠪᠰᠢᠯᠳᠠ ᠲᠠᠢ᠃ ᠠᠵᠤ ᠠᠬᠤᠢ ᠎ ᠶᠢᠨ ᠪᠠᠭᠤᠷᠠᠯᠳᠠ ᠶᠢᠨ ᠬᠠᠨᠳᠤᠰᠢ ᠶᠢ ᠦᠨᠳᠤᠰᠤᠯᠠᠨ ᠲᠤᠬᠢᠷᠠᠭᠤᠯᠤᠭᠰᠠᠨ ᠪᠦᠬᠦ ᠵᠢᠯ ᠤᠨ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ ᠬᠠᠷᠠᠯᠳᠠ ᠪᠠᠨ ᠠᠮᠵᠢᠯᠳᠠ ᠲᠠᠢ ᠬᠦᠢᠴᠡᠳᠬᠡᠵᠠᠢ᠃ ᠪᠦᠬᠦ ᠬᠤᠰᠢᠭᠤᠨ ᠤ ᠭᠠᠵᠠᠷ ᠤᠷᠤᠨ ᠎ ᠤ ᠦᠢᠯᠡᠳᠪᠤᠷᠢᠯᠡᠯ ᠤᠨ ᠶᠡᠷᠦᠩᠬᠡᠢ ᠦᠷᠳᠡᠭ ᠢ ᠪᠠᠷᠤᠭ 133.8 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 9.6%᠎ ᠪᠠᠷ ᠨᠡᠮᠡᠭᠳᠡᠵᠠᠢ᠃ ᠤᠷᠤᠨ ᠨᠤᠳᠤᠭ ᠤᠨ ᠡᠳ᠋ ᠤᠨ ᠵᠠᠰᠠᠭ ᠤᠨ ᠶᠡᠷᠦᠩᠬᠡᠢ ᠤᠷᠤᠯᠭ᠎ᠠ ᠶᠢ 14.5 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 16.8% ᠲᠤᠷᠤᠭᠰᠢᠯᠠᠵᠠᠢ᠃ ᠬᠡᠪᠴᠢᠶᠡᠵᠢᠯ ᠠᠴᠠ ᠲᠡᠭᠡᠭᠰᠢᠬᠢ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 124.2 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 0.9%᠎ ᠪᠠᠷ ᠨᠡᠮᠡᠭᠳᠡᠭᠰᠡᠨ ᠪᠠᠶᠢᠨ᠎ᠠ᠃ ᠨᠡᠶᠢᠬᠡᠮ ᠤᠨ ᠬᠡᠷᠡᠭᠯᠡᠬᠡᠨ ᠤ ᠪᠦᠳᠦᠬᠡᠭᠳᠡᠬᠦᠨ ᠤ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ ᠪᠠᠷᠤᠭ 25 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 12.5%᠎ ᠪᠠᠷ ᠨᠡᠮᠡᠭᠳᠡᠭᠰᠡᠨ ᠪᠠᠶᠢᠨ᠎ᠠ᠃       ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠬᠦᠯᠳᠠ ᠶᠢᠨ ᠠᠬᠢᠴᠠ ᠲᠠᠰᠤᠷᠠᠯᠳᠠ ᠦᠭᠡᠢ ᠲᠦᠷᠬᠡᠳᠴᠠᠢ᠃ ᠪᠦᠬᠦ ᠬᠤᠰᠢᠭᠤᠨ ᠤ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠢ ᠪᠠᠷᠤᠭ 79.3 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 13.6%᠎ ᠪᠠᠷ ᠨᠡᠮᠡᠭᠳᠡᠭᠰᠡᠨ ᠪᠠᠶᠢᠨ᠎ᠠ᠃ ᠳ᠋ᠠ ᠲᠠᠩ ᠤᠯᠠᠨ ᠤᠯᠤᠰ ᠤᠨ ᠨᠡᠬᠦᠷᠡᠰᠤ ᠶᠢ ᠬᠡᠶᠢᠵᠢᠬᠦᠯᠬᠦ Ⅰ ᠰᠢᠷᠢᠰ ᠤᠨ ᠵᠢᠯ ᠪᠦᠷᠢ 13.3 ᠳ᠋ᠦᠩᠰᠢᠭᠤᠷ ᠺᠦᠪ ᠮᠧᠲᠷ ᠬᠡᠢ ᠬᠦᠷᠬᠡᠬᠦ ᠢᠨᠵᠧᠨᠧᠷᠢᠩ ᠨᠢ ᠠᠰᠢᠭᠯᠠᠯᠳᠠ ᠳᠤ ᠤᠷᠤᠵᠤ᠂Ⅱ ᠰᠢᠷᠢᠰ ᠤᠨ ᠰᠢᠯᠵᠢᠯᠳᠡ ᠶᠢᠨ ᠮᠠᠰᠢᠨ ᠮᠧᠬᠠᠨᠢᠭ ᠤᠨ ᠪᠠᠷᠢᠯᠭ᠎ᠠ ᠲᠠᠭᠤᠰᠣᠭᠰᠠᠨ  ᠪᠠᠶᠢᠨ᠎ᠠ᠃ ᠪᠦᠸᠧ ᠶᠤᠸᠠᠨ ᠰᠢᠨᠵᠢᠯᠡᠭᠡ ᠮᠡᠷᠬᠡᠵᠢᠯ ᠤᠨ ᠬᠡᠤᠳᠠᠰᠤᠨ ᠳᠤ ᠤᠰᠤᠳᠦ᠋ᠷᠦᠭᠴᠢ ᠨᠡᠮᠡᠬᠦ᠂ ᠪᠦᠳᠦᠬᠦᠯᠢᠭ ᠹᠧᠨᠤᠯ ᠢ ᠨᠠᠷᠢᠯᠢᠭ ᠪᠤᠯᠪᠠᠰᠤᠷᠠᠭᠤᠯᠬᠤ᠂ ᠹᠧᠨᠤᠯ ᠠᠯᠳᠢᠭᠢᠳ᠋ ᠤᠨ ᠲᠠᠪᠠᠷᠬᠠᠢ ᠎ ᠶᠢᠨ ᠲᠦᠷᠦᠯ ᠵᠦᠢᠯ ᠨᠢ ᠲᠤᠨᠤᠭ ᠲᠦᠬᠦᠬᠡᠷᠦᠮᠵᠢ ᠪᠠᠨ ᠤᠭᠰᠠᠷᠠᠵᠤ ᠲᠠᠭᠤᠰᠬᠠᠭᠰᠠᠨ ᠪᠠᠶᠢᠨ᠎ᠠ᠃ ᠬᠤᠩᠭᠤ ᠠᠭᠤᠷᠬᠠᠢ ᠶᠢᠨ ᠺᠤᠮᠫᠠᠨᠢ ᠨᠢ ᠵᠠᠬ᠎ᠠ ᠲᠡᠯᠬᠡᠬᠦᠷ ᠲᠤ ᠭᠠᠷᠬᠤ ᠠᠵᠢᠯ ᠢᠶᠠᠨ ᠡᠬᠢᠯᠡᠬᠦᠯᠵᠤ᠂ ᠶᠦᠩ ᠰᠢᠩ ᠤᠨ ᠵᠡᠰ ᠤᠨ ᠠᠭᠤᠷᠬᠠᠢ ᠶᠢᠨ ᠬᠦᠳᠡᠷ ᠰᠤᠩᠭᠤᠬᠤ ᠲᠦᠷᠦᠯ ᠵᠦᠢᠯ ᠨᠢ ᠦᠪᠡᠷᠳᠡᠬᠡᠨ ᠵᠠᠰᠠᠬᠤ ᠤᠷᠤᠨ ᠤ ᠬᠢᠨᠡᠨ ᠵᠦᠪᠰᠢᠶᠡᠷᠡᠯ ᠢ ᠤᠯᠵᠤ᠂ ᠢᠩᠳᠤ ᠶᠢᠨ ᠱᠢ ᠳ᠋ᠢ ᠲᠤᠭᠤᠯᠭ᠎ᠠ ᠴᠠᠶᠢᠷ ᠤᠨ ᠠᠭᠤᠷᠬᠠᠢ ᠶᠢᠨ ᠬᠦᠳᠡᠷ ᠰᠤᠩᠭᠤᠬᠤ ᠲᠦᠷᠦᠯ ᠵᠦᠢᠯ ᠤᠨ ᠠᠯᠪᠠᠨ ᠤ ᠠᠰᠠᠷ᠂ ᠲᠤᠷᠰᠢᠯᠳᠠ ᠶᠢᠨ ᠠᠰᠠᠷ ᠶᠢᠨ ᠭᠤᠤᠯ ᠴᠤᠭᠴᠠᠳᠤ ᠢᠨᠵᠧᠨᠧᠷᠢᠩ ᠤᠨ ᠪᠠᠷᠢᠯᠭ᠎ᠠ ᠲᠠᠭᠤᠰᠬᠠᠭᠰᠠᠨ ᠪᠠᠶᠢᠨ᠎ᠠ᠃ ᠬᠤᠸᠠ ᠨᠧᠩ ᠪᠦᠯᠦᠭᠯᠡᠯ ᠤᠨ ᠱᠤ᠋ ᠱᠧᠩ ᠳᠠᠬᠢ᠂ ᠬᠤᠸᠠ ᠳ᠋ᠢᠶᠠᠨ ᠪᠦᠯᠦᠭᠯᠡᠯ ᠤᠨ ᠤᠤᠳᠤᠬᠤᠢ ᠳᠠᠬᠢ ᠲᠤᠰᠪᠤᠷᠢ 30 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ᠢ ᠨᠡᠬᠡᠬᠡᠨ ᠠᠰᠢᠭᠯᠠᠬᠤ ᠲᠦᠷᠦᠯ ᠵᠦᠢᠯ ᠎ ᠨᠢ ᠬᠢᠨᠠᠨ ᠵᠦᠪᠰᠢᠶᠡᠷᠡᠯ ᠤᠯᠵᠤ ᠰᠠᠭᠤᠷᠢᠰᠢᠭᠰᠠᠨ ᠪᠠᠶᠢᠨ᠎ᠠ᠃ ᠬᠢᠩᠭᠠᠨ ᠮᠦᠩᠬᠦ ᠲᠤᠭᠤᠯᠭ᠎ᠠ ᠪᠤᠯᠪᠠᠰᠤᠷᠠᠭᠤᠯᠬᠤ ᠺᠤᠮᠫᠠᠨᠢ ᠶᠢᠨ ᠭᠤᠤᠯ ᠴᠤᠪᠤᠷᠠᠯ ᠮᠡᠷᠬᠡᠵᠢᠯ ᠤᠨ ᠦᠬᠡᠷᠡᠴᠢᠯᠡᠯᠳᠠ ᠶᠢᠨ ᠲᠦᠷᠦᠯ ᠵᠦᠢᠯ ᠨᠢ ᠲᠤᠨᠤᠭ ᠲᠦᠬᠦᠬᠡᠷᠤᠮᠵᠢ ᠤᠭᠰᠠᠷᠠᠬᠤ ᠠᠵᠢᠯ ᠢᠶᠠᠨ ᠡᠬᠢᠯᠡᠬᠦᠯᠵᠤ᠂ ᠶᠢᠨ ᠶᠤᠸᠠᠨ ᠤ ᠤᠰᠤ ᠦᠭᠡᠢ ᠹᠯᠤᠷᠳᠤ ᠤᠰᠤᠳᠦ᠋ᠷᠦᠭᠴᠢ ᠶᠢᠨ ᠲᠦᠷᠦᠯ ᠵᠦᠢᠯ ᠨᠢ ᠦᠢᠯᠡᠳᠪᠤᠷᠢ ᠶᠢᠨ ᠲᠠᠰᠤᠭ ᠤᠨ ᠪᠦᠳᠦᠬᠡᠨ ᠪᠠᠶᠢᠭᠤᠯᠤᠯᠳᠠ ᠶᠢᠨ ᠠᠵᠢᠯ ᠢᠶᠠᠨ ᠪᠡᠶᠡᠯᠡᠬᠦᠯᠵᠤ᠂ ᠬᠠᠭᠤᠷᠠᠢ ᠬᠦᠷᠢᠶ᠎ᠠ ᠶᠢᠨ ᠪᠠᠶᠢᠭᠠᠯᠢ ᠶᠢᠨ ᠰᠢᠳᠠᠮᠠᠬᠠᠢ ᠬᠡᠢ ᠶᠢ ᠠᠪᠴᠢᠭᠤᠯᠬᠤ ᠡᠬᠢᠨ ᠤ ᠦᠷᠳᠡᠭᠡ ᠨᠢ ᠲᠤᠨᠤᠭ ᠲᠦᠬᠦᠬᠡᠷᠦᠮᠵᠢ ᠎ ᠪᠠᠨ ᠲᠤᠬᠢᠷᠠᠭᠤᠯᠤᠨ ᠲᠤᠷᠰᠢᠬᠤ ᠠᠵᠢᠯ ᠢᠶᠠᠨ ᠡᠬᠢᠯᠡᠬᠦᠯᠦᠭᠰᠡᠨ ᠪᠠᠶᠢᠨ᠎ᠠ᠃ ᠳ᠋ᠠ ᠲᠠᠩ ᠺᠤᠮᠫᠠᠨᠢ ᠶᠢᠨ 2 × 66 ᠲᠦᠮᠡᠨ ᠺᠢᠯᠦᠸᠠᠲ ᠢᠯᠴᠢ ᠶᠢᠨ ᠴᠠᠬᠢᠯᠭᠠᠨ ᠤ ᠲᠦᠷᠦᠯ ᠵᠦᠢᠯ ᠤᠨ ᠡᠮᠤᠨᠡᠬᠢ ᠬᠤᠭᠤᠴᠠᠭᠠᠨ ᠤ ᠠᠵᠢᠯ ᠨᠢ ᠤᠷᠤᠭᠰᠢᠳᠠᠢ ᠶᠠᠪᠤᠭᠳᠠᠵᠤ᠂ ᠤᠰᠤ ᠲᠠᠳᠠᠵᠤ ᠡᠨᠧᠷᠬᠢ ᠬᠠᠳᠠᠭᠠᠯᠠᠬᠤ ᠴᠠᠬᠢᠯᠭᠠᠨ ᠦᠷᠳᠡᠬᠡᠨ ᠤ ᠲᠦᠷᠦᠯ ᠵᠦᠢᠯ ᠨᠢ ᠪᠤᠯᠤᠮᠵᠢᠳᠤ ᠰᠤᠳᠤᠯᠭᠠᠨ ᠤ ᠬᠢᠨᠠᠨ ᠲᠤᠭᠳᠠᠭᠠᠬᠤ ᠶᠢᠨ ᠪᠡᠯᠡᠳᠬᠡᠯ ᠱᠠᠳᠤᠨ ᠳᠤ ᠤᠷᠤᠭᠰᠠᠨ ᠪᠠᠶᠢᠨ᠎ᠠ᠃ ᠬᠡᠰᠢᠭᠳᠡᠨ ᠎ ᠤ ᠡᠷᠬᠢᠯᠳᠠᠳᠤ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠬᠠᠮᠢᠶᠠᠷᠤᠯᠳᠠ ᠦᠢᠯᠡᠴᠢᠯᠡᠬᠡᠨ ᠤ ᠲᠤᠭᠤᠷᠢᠭ ᠎ ᠨᠢ ᠠᠩᠬ᠎ᠠ ᠠᠯᠬᠤᠮ ᠤᠨ ᠵᠢᠷᠤᠭ ᠲᠦᠯᠦᠪᠵᠢᠬᠦᠯᠬᠡ ᠪᠠᠨ ᠪᠡᠶᠡᠯᠡᠬᠦᠯᠵᠤ᠂ ᠠᠵᠤ ᠠᠬᠤᠶᠢᠯᠠᠯ ᠤᠨ ᠨᠡᠬᠡᠬᠡᠯᠳᠠ ᠪᠠ ᠠᠵᠢᠯᠯᠠᠬᠤ ᠠᠷᠭ᠎ᠠ ᠮᠠᠶ᠋ᠢᠭ ᠢᠶᠠᠨ ᠦᠨᠳᠤᠰᠤᠨ ᠳᠤ ᠪᠠᠨ ᠲᠤᠭᠳᠠᠭᠠᠵᠤ᠂ ᠪᠢᠷᠠᠭᠤ ᠠᠴᠠ ᠵᠤᠤᠬᠠᠳᠤ ᠬᠦᠷᠬᠦ᠂ ᠪᠢᠷᠠᠭᠤ ᠎ ᠠᠴᠠ ᠬᠤᠰᠤᠳᠤ ᠬᠦᠷᠢᠶ᠎ᠡ ᠬᠦᠷᠬᠦ 2 ᠵᠤᠷᠪᠤᠰ 66KV ᠵᠠᠮ ᠱᠤᠭᠤᠮ ᠤᠨ ᠪᠦᠳᠦᠬᠡᠨ ᠪᠠᠶᠢᠭᠤᠯᠤᠯᠳᠠ ᠶᠢᠨ ᠠᠵᠢᠯ ᠎ ᠢᠶᠠᠨ ᠲᠠᠭᠤᠰᠬᠠᠭᠰᠠᠨ ᠪᠠᠶᠢᠨ᠎ᠠ᠃       ᠤᠳᠤ ᠦᠶ᠎ᠡ ᠶᠢᠨ ᠮᠠᠯ ᠠᠵᠤ ᠠᠬᠤᠢ ᠲᠠᠷᠢᠶᠡᠯᠠᠩ ᠤᠨ ᠦᠢᠯᠡᠰ ᠲᠤᠭᠳᠠᠭᠤᠨ ᠢᠶᠠᠷ ᠬᠦᠭᠵᠢᠵᠠᠢ᠃ ᠲᠠᠷᠢᠮᠠᠯ ᠤᠨ ᠵᠦᠢᠯ ᠤᠨ ᠲᠠᠯᠠᠪᠠᠢ 133.3 ᠲᠦᠮᠡᠨ ᠮᠤ᠋᠂ ᠲᠦᠮᠦᠰᠤ ᠪᠤᠯᠤᠨ ᠬᠤ᠋ ᠯᠤᠤᠪᠠᠩ ᠤᠨ ᠲᠠᠷᠢᠮᠠᠯ ᠤᠨ ᠲᠠᠯᠠᠪᠠᠢ ᠲᠤᠰᠪᠤᠷᠢ 35.6 ᠲᠦᠮᠡᠨ ᠮᠤ᠋ ᠪᠠ 11.3 ᠲᠦᠮᠡᠨ ᠮᠤ᠋ ᠳᠤ ᠬᠦᠷᠴᠤ᠂ ᠠᠮᠤ ᠪᠤᠷᠴᠠᠭ ᠤᠨ ᠶᠡᠷᠦᠩᠬᠡᠢ ᠤᠨᠠᠯᠳᠠ ᠨᠢ 5.68 ᠳ᠋ᠦᠩᠰᠢᠭᠤᠷ ᠵᠢᠩ ᠬᠦᠷᠬᠦ ᠶᠢ ᠪᠡᠶᠡᠯᠡᠬᠦᠯᠦᠭᠰᠡᠨ ᠪᠠᠶᠢᠨ᠎ᠠ᠃ ᠪᠦᠷᠬᠦᠬᠦᠯ ᠤᠨ ᠲᠤᠤᠷ᠎ᠠ ᠲᠤᠰᠤᠯᠠᠭᠤᠯᠤᠨ ᠤᠰᠤᠯᠠᠬᠤ ᠶᠢ 3 ᠲᠦᠮᠡᠨ ᠮᠤ᠋ ᠬᠡᠷᠡᠭᠵᠢᠬᠦᠯᠦᠨ᠂ ᠲᠤᠮᠳᠠ ᠲᠤᠤᠷ᠎ᠠ ᠤᠨᠠᠯᠳᠠᠳᠤ ᠲᠠᠷᠢᠶᠠᠨ ᠭᠠᠵᠠᠷ ᠎ ᠢ 6000 ᠮᠤ᠋ ᠦᠬᠡᠷᠡᠴᠢᠯᠡᠨ᠂ ᠭᠠᠵᠠᠷ ᠰᠢᠷᠦᠢ ᠶᠢ 5014 ᠮᠤ᠋ ᠲᠡᠭᠰᠢᠯᠡᠨ ᠵᠠᠰᠠᠵᠤ᠂ ᠬᠦᠷᠦᠰᠤ ᠶᠢ ᠬᠡᠮᠵᠢᠨ ᠪᠤᠷᠳᠤᠭᠤᠷ ᠲᠤᠬᠢᠷᠠᠭᠤᠯᠬᠤ ᠶᠢ 40 ᠲᠦᠮᠡᠨ ᠮᠤ᠋ ᠲᠦᠬᠡᠮᠡᠯᠵᠢᠬᠦᠯᠵᠤ᠂ ᠲᠦᠬᠦᠬᠡᠷᠦᠮᠵᠢᠳᠤ ᠲᠠᠷᠢᠶᠠᠯᠠᠩ 2000 ᠮᠤ᠋ ᠰᠢᠨ᠎ᠠ ᠪᠠᠷ ᠨᠡᠮᠡᠭᠳᠡᠵᠤ᠂ ᠵᠠᠬᠢᠶᠠᠯᠠᠭ᠎ᠠ ᠶᠢᠨ ᠲᠠᠷᠢᠶᠠᠯᠠᠩ 39.4 ᠲᠦᠮᠡᠨ ᠮᠤ᠋ ᠬᠦᠭᠵᠢᠬᠦᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠮᠠᠰᠢᠨᠴᠢᠯᠠᠯᠳᠠ ᠶᠢᠨ ᠬᠡᠮᠵᠢᠶ᠎ᠠ 71.1%᠎ ᠳᠤ ᠬᠦᠷᠦᠭᠰᠡᠨ ᠪᠠᠶᠢᠨ᠎ᠠ᠃ ᠮᠠᠯ ᠠᠵᠤ ᠠᠬᠤᠢ ᠶᠢᠨ ᠵᠢᠯ ᠤᠨ ᠮᠠᠯ ᠤᠨ ᠵᠤᠭᠰᠤᠭ᠎ᠠ ᠲᠤᠭ᠎ᠠ 243.06 ᠲᠦᠮᠡᠨ ᠲᠤᠯᠤᠭᠠᠢ ᠪᠠᠶᠢᠵᠤ᠂ 12.5 ᠲᠦᠮᠡᠨ ᠲᠤᠯᠤᠭᠠᠢ ᠠᠯᠠᠰᠢᠨ ᠦᠬᠡᠷ᠂ 110 ᠲᠦᠮᠡᠨ ᠲᠤᠯᠤᠭᠠᠢ ᠠᠯᠠᠰᠢᠨ ᠬᠤᠨᠢ ᠬᠤᠳᠠᠯᠳᠤᠨ᠂ ᠵᠤᠤ ᠤᠳᠠ ᠠᠯᠠᠰᠢᠨ ᠬᠤᠨᠢᠨ ᠤ ᠲᠡᠵᠢᠬᠡᠨ ᠦᠷᠡᠵᠢᠬᠦᠯᠬᠦ ᠬᠡᠪᠴᠢᠶ᠎ᠡ ᠨᠢ 50 ᠲᠦᠮᠡᠨ ᠲᠤᠯᠤᠭᠠᠢ ᠶᠢ ᠲᠠᠪᠠᠵᠤ᠂ ᠮᠠᠯ ᠠᠵᠤ ᠠᠬᠤᠢ ᠶᠢᠨ ᠬᠠᠮ ᠲᠠᠷᠢᠶᠠᠯᠠᠩ ᠳᠠᠬᠢ ᠡᠵᠡᠯᠡᠬᠦ ᠬᠠᠷᠢᠴᠠᠯ ᠨᠢ 67%᠎ ᠳᠤ ᠬᠦᠷᠦᠭᠰᠡᠨ ᠪᠠᠶᠢᠨ᠎ᠠ᠃ ᠰᠢᠨ᠎ᠠ ᠪᠠᠷ ᠪᠠᠶᠢᠭᠤᠯᠤᠭᠰᠠᠨ ᠪᠠᠷᠢᠮᠵᠢᠶᠠᠳᠤ ᠬᠡᠪᠴᠢᠶᠡᠵᠢᠬᠦᠯᠦᠭᠰᠡᠨ ᠲᠡᠵᠢᠬᠡᠨ ᠦᠷᠡᠵᠢᠬᠦᠯᠬᠦ ᠲᠠᠯᠠᠪᠤᠷ ᠪᠠ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ 19 ᠪᠠᠶᠢᠵᠤ᠂ ᠢᠦᠢ ᠿᠦᠨ ᠢᠳᠡᠬᠡᠨ ᠤ ᠵᠦᠢᠯ ᠪᠤᠯᠪᠠᠰᠤᠷᠠᠭᠤᠯᠬᠤ ᠲᠦᠷᠦᠯ ᠵᠦᠢᠯ ᠤᠨ ᠭᠤᠤᠯ ᠴᠤᠭᠴᠠ ᠶᠢᠨ ᠪᠦᠳᠦᠬᠡᠨ ᠪᠠᠶᠢᠭᠤᠯᠤᠯᠳᠠ ᠶᠢᠨ ᠠᠵᠢᠯ ᠲᠠᠭᠤᠰᠴᠤ᠂ ᠬᠠᠭᠤᠷᠠᠢ ᠬᠦᠷᠢᠶ᠎ᠡ ᠶᠢᠨ ᠮᠠᠯ ᠤᠨ ᠰᠤᠯᠢᠯᠴᠠᠭᠠᠨ ᠤ ᠵᠠᠬ᠎ᠠ ᠲᠠᠯᠬᠡᠬᠦᠷ ᠪᠠ ᠠᠯᠠᠰᠢᠨ ᠭᠠᠯᠠᠭᠤ ᠶᠢᠨ ᠪᠤᠯᠪᠠᠰᠤᠷᠠᠭᠤᠯᠬᠤ ᠦᠢᠯᠡᠳᠪᠤᠷᠢ ᠶᠢ ᠪᠠᠶᠢᠭᠤᠯᠵᠤ ᠡᠵᠡᠩᠨᠡᠨ ᠠᠰᠢᠭᠯᠠᠯᠳᠠ ᠳᠤ ᠤᠷᠤᠭᠤᠯᠤᠨ᠂ ᠰᠢᠶᠠ ᠭᠤᠸᠠᠩ᠂ ᠢ ᠶᠤᠸᠠᠨ ᠺᠤᠮᠫᠠᠨᠢ ᠨᠢ ᠤᠯᠤᠰ ᠤᠨ ᠮᠠᠯ ᠤᠨ ᠮᠢᠬ᠎ᠠ ᠶᠢ ᠲᠠᠭᠠᠭᠠᠴᠢᠯᠠᠨ ᠬᠠᠳᠠᠭᠠᠯᠠᠬᠤ ᠬᠢᠷᠢ ᠬᠡᠮ ᠢ ᠤᠯᠤᠭᠰᠠᠨ ᠪᠠᠶᠢᠨ᠎ᠠ᠃ ᠶᠦᠩ ᠱᠧᠩ᠂ ᠦ᠋ ᠬᠦ᠋ ᠹᠧᠩ ᠵᠡᠷᠭᠡ ᠲᠤᠰᠬᠠᠢ ᠬᠤᠷᠰᠢᠶᠡᠵᠢᠯ ᠤᠨ ᠡᠵᠡᠩᠨᠡᠯᠳᠠ ᠶᠢᠨ ᠬᠡᠯᠪᠡᠷᠢ ᠨᠢ ᠡᠳᠤᠷ ᠢᠷᠡᠬᠦᠶ᠎ᠡ ᠪᠤᠯᠪᠠᠰᠤᠷᠠᠩᠭᠤᠢ ᠪᠤᠯᠵᠤ᠂ ᠰᠢᠨ᠎ᠠ ᠎ ᠪᠠᠷ ᠨᠡᠮᠡᠭᠳᠡᠭᠰᠡᠨ ᠬᠤᠳᠠ ᠶᠢᠨ ᠲᠡᠰ ᠠᠴᠠ ᠲᠡᠭᠡᠭᠰᠢ ᠠᠵᠤ ᠦᠢᠯᠡᠰᠴᠢᠯᠡᠭᠰᠡᠨ ᠲᠤᠯᠤᠭᠠᠶᠢᠯᠠᠭᠴᠢ ᠠᠵᠤ ᠠᠬᠤᠶᠢᠯᠠᠯ 15 ᠪᠠᠶᠢᠵᠤ᠂ ᠡᠯ᠎ᠡ ᠲᠦᠷᠦᠯ ᠤᠨ ᠠᠵᠤ ᠠᠬᠤᠢ ᠶᠢᠨ ᠬᠤᠷᠰᠢᠭᠰᠠᠨ ᠵᠤᠬᠢᠶᠡᠨ ᠪᠠᠶᠢᠭᠤᠯᠤᠯᠳᠠ ᠪᠠ ᠠᠵᠢᠯ ᠲᠦᠷᠦᠯ ᠎ ᠤᠨ ᠨᠡᠶᠢᠬᠡᠮᠯᠢᠭ 25 ᠪᠠᠶᠢᠵᠤ᠂ ᠠᠵᠤ ᠦᠢᠯᠡᠰᠴᠢᠯᠡᠯᠳᠠ ᠶᠢᠨ ᠬᠡᠯᠬᠢᠶ᠎ᠡ ᠲᠠᠰᠤᠷᠠᠯᠳᠠ ᠦᠭᠡᠢ ᠤᠷᠳᠤᠳᠠᠭᠰᠠᠨ ᠪᠠᠶᠢᠨ᠎ᠠ᠃       ᠵᠢᠭᠤᠯᠴᠢᠯᠠᠯ ᠤᠨ ᠦᠢᠯᠡᠴᠢᠯᠡᠬᠡᠨ ᠤ ᠦᠢᠯᠡᠰ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠤ᠂ ᠦᠷ᠎ᠡ ᠪᠦᠳᠦᠮᠵᠢ ᠶᠢ ᠨᠡᠮᠡᠭᠳᠡᠬᠦᠯᠵᠠᠢ᠃ ᠬᠡᠰᠢᠭᠳᠡᠨ ᠲᠡᠯᠡᠬᠡᠢ ᠶᠢᠨ ᠭᠠᠵᠠᠷ ᠰᠢᠨᠵᠢᠯᠡᠬᠡᠨ ᠤ ᠴᠡᠴᠡᠷᠯᠢᠭ ᠨᠢ ᠤᠯᠠᠨ ᠤᠯᠤᠰ ᠎ ᠤᠨ ᠬᠤᠯᠪᠤᠭᠠᠳᠤ ᠪᠠᠶᠢᠭᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠳᠠ ᠶᠢᠨ ᠬᠤᠶᠠᠳᠤᠭᠠᠷ ᠤᠳᠠᠭᠠᠨ ᠤ ᠬᠢᠨᠠᠨ ᠦᠨᠡᠯᠡᠬᠦ ᠪᠠᠶᠢᠴᠠᠭᠠᠯᠳᠠ ᠶᠢ ᠤᠷᠤᠭᠰᠢᠳᠠᠢ ᠦᠩᠭᠡᠷᠡᠬᠡᠵᠤ᠂ ᠮᠥᠽᠸᠢ ᠶᠢ ᠦᠷᠬᠡᠳᠬᠡᠨ ᠪᠠᠶᠢᠭᠤᠯᠬᠤ᠂ ᠤᠬᠠᠭᠤᠯᠭ᠎ᠠ ᠬᠦᠮᠦᠵᠢᠯ ᠤᠨ ᠲᠦᠪ᠂ ᠪᠠᠶ᠋ᠬᠠᠤᠪᠤᠭ᠎ᠠ ᠶᠢᠨ ᠦᠵᠡᠮᠵᠢ ᠶᠢᠨ ᠤᠷᠤᠨ ᠤ ᠶᠡᠭᠡ ᠬᠠᠭᠠᠯᠭ᠎ᠠ᠂ ᠲᠡᠯᠬᠡᠨ ᠦᠵᠡᠬᠦᠯᠦᠭᠡ ᠶᠢᠨ ᠤᠷᠳᠤᠨ᠂ ᠲᠠᠯᠠᠢ ᠨᠠᠭᠤᠷ ᠤᠨ ᠵᠤᠭᠠᠴᠠᠭᠰᠠᠳ ᠢ ᠬᠦᠯᠢᠶᠡᠨ ᠵᠤᠴᠢᠯᠠᠬᠤ ᠲᠦᠪ ᠤᠨ ᠪᠦᠳᠦᠬᠡᠨ ᠪᠠᠶᠢᠭᠤᠯᠤᠯᠳᠠ ᠨᠢ ᠲᠤᠭᠳᠠᠭᠰᠠᠨ ᠬᠤᠭᠤᠴᠠᠭᠠᠨ ᠳᠤ ᠪᠠᠨ ᠠᠵᠢᠯ ᠎ ᠢᠶᠠᠨ ᠲᠠᠭᠤᠰᠬᠠᠵᠤ᠂ ᠤᠯᠠᠭᠠᠨᠪᠤᠳᠤᠩ ᠤᠨ ᠠᠮᠢ ᠠᠬᠤᠢ ᠶᠢᠨ ᠰᠤᠶᠤᠯ ᠤᠨ ᠵᠢᠭᠤᠯᠴᠢᠯᠠᠯ ᠤᠨ ᠤᠷᠤᠨ᠂ ᠬᠤᠩᠭᠤ ᠎ ᠶᠢᠨ ᠲᠠᠪᠠᠭ᠎ᠠ ᠶᠢᠨ ᠵᠢᠭᠤᠯᠴᠢᠯᠠᠯ ᠤᠨ ᠪᠦᠬᠦ ᠲᠠᠯ᠎ᠠ ᠪᠠᠷ ᠨᠡᠬᠡᠬᠡᠨ ᠠᠰᠢᠭᠯᠠᠬᠤ ᠲᠦᠷᠦᠯ ᠵᠦᠢᠯ ᠨᠢ ᠡᠬᠢᠯᠡᠨ ᠶᠠᠪᠤᠭᠳᠠᠭᠰᠠᠨ ᠪᠠᠶᠢᠨ᠎ᠠ᠃ ᠪᠦᠬᠦ ᠬᠤᠰᠢᠭᠤᠨ ᠤ ᠵᠢᠭᠤᠯᠴᠢᠯᠠᠯ ᠤᠨ ᠲᠦᠷᠢ ᠲᠦᠷᠬᠦ ᠶᠢᠨ ᠤᠬᠠᠭᠤᠯᠭ᠎ᠠ ᠶᠢᠨ ᠪᠠᠶᠢᠷᠢ ᠲᠤᠭᠳᠠᠭᠠᠬᠤ ᠦᠭᠡ ᠶᠢ ᠢᠯᠡ ᠪᠠᠷ ᠡᠯᠰᠡᠵᠤ᠂ ᠲᠦᠪ ᠤᠨ ᠲᠧᠯᠸᠢᠰ ᠬᠤᠷᠢᠶ᠎ᠠ ᠵᠡᠷᠭᠡ ᠭᠤᠤᠯ ᠵᠠᠭᠤᠴᠢ ᠶᠢᠨ ᠲᠦᠪᠯᠡᠷᠡᠬᠦᠯᠦᠭᠰᠡᠨ ᠤᠬᠠᠭᠤᠯᠭ᠎ᠠ ᠲᠠᠨᠢᠯᠴᠠᠭᠤᠯᠭ᠎ᠠ ᠪᠠᠷ ᠲᠠᠮᠵᠢᠨ ᠢᠯᠡᠳᠳᠠ ᠦᠷ᠎ᠡ ᠠᠰᠢᠭ ᠢ ᠤᠯᠤᠭᠰᠠᠨ ᠪᠠᠶᠢᠨ᠎ᠠ᠃ 2013AOPA ᠨᠢᠰᠦᠭᠴᠢ ᠶᠢᠨ ᠴᠤᠭᠯᠠᠭᠠᠨ — ᠬᠡᠰᠢᠭᠳᠡᠨ ᠤ ᠲᠠᠯ᠎ᠠ ᠨᠤᠳᠤᠭ ᠤᠨ ᠠᠭᠠᠷ ᠳᠠᠬᠢ ᠨᠠᠭᠠᠳᠤᠮ᠂ ᠬᠤᠶᠠᠳᠤᠭᠠᠷ ᠬᠤᠭᠤᠴᠠᠭᠠᠨ ᠤ ᠲᠠᠯ᠎ᠠ ᠨᠤᠳᠤᠭ ᠤᠨ ᠰᠤᠶᠤᠯ ᠤᠨ ᠲᠠᠸᠠᠷ ᠤᠨ ᠴᠤᠭᠯᠠᠭᠠᠨ ᠪᠠ ᠲᠤᠯᠤᠳᠤᠭᠠᠷ ᠬᠤᠭᠤᠴᠠᠭᠠᠨ ᠤ ᠡᠪᠤᠯ ᠤᠨ ᠤᠯᠠᠷᠢᠯ ᠤᠨ ᠵᠢᠭᠤᠯᠴᠢᠯᠠᠯ ᠤᠨ ᠨᠠᠶᠢᠷ ᠢ ᠠᠮᠵᠢᠯᠳᠠ ᠲᠠᠢ ᠡᠷᠬᠢᠯᠡᠵᠤ᠂ ᠲᠤᠮᠳᠠᠳᠤ ᠤᠯᠤᠰ ᠤᠨ ᠨᠢᠰᠦᠭᠴᠢ ᠶᠢᠨ ᠴᠤᠭᠯᠠᠭᠠᠨ ᠤ ᠦᠨᠢᠳᠠ ᠶᠢᠨ ᠡᠷᠬᠢᠯᠡᠬᠦ ᠭᠠᠵᠠᠷ ᠪᠤᠯᠤᠭᠰᠠᠨ ᠪᠠᠶᠢᠨ᠎ᠠ᠃ ᠬᠡᠰᠢᠭᠳᠡᠨ  ᠵᠢᠭᠤᠯᠴᠢᠯᠠᠯ ᠤᠨ ᠨᠡᠷᠡᠳᠤ ᠲᠡᠮᠳᠡᠭ ᠤᠨ ᠨᠦᠯᠦᠭᠡ ᠤᠯᠠᠮ ᠲᠤᠪᠤᠶᠢᠮ᠎ᠠ ᠪᠤᠯᠵᠤ᠂ ᠠᠵᠢᠯ ᠲᠦᠷᠦᠯ ᠤᠨ ᠬᠠᠮᠢᠶᠠᠷᠤᠯᠳᠠ ᠡᠳᠤᠷ ᠢᠷᠡᠬᠦᠶ᠎ᠠ ᠲᠦᠷᠢᠮᠵᠢᠵᠤ᠂ ᠬᠦᠯᠢᠶᠡᠨ ᠵᠤᠴᠢᠯᠠᠬᠤ ᠦᠢᠯᠡᠴᠢᠯᠡᠭᠡ ᠶᠢᠨ ᠴᠢᠳᠠᠮᠵᠢ ᠲᠠᠰᠤᠷᠠᠯᠳᠠ ᠦᠭᠡᠢ ᠲᠡᠭᠡᠭᠰᠢᠯᠡᠵᠤ᠂ ᠪᠦᠬᠦ ᠤᠯᠤᠰ ᠲᠤ ᠬᠦᠯᠢᠶᠡᠨ ᠵᠤᠴᠢᠯᠠᠭᠰᠠᠨ ᠤᠯᠤᠰ ᠤᠨ ᠲᠤᠳᠤᠭᠠᠳᠤ ᠭᠠᠳᠠᠭᠠᠳᠤ ᠶᠢᠨ ᠵᠤᠭᠠᠴᠠᠭᠰᠠᠳ 320 ᠲᠦᠮᠡᠨ ᠬᠦᠮᠦᠨ ᠤᠳᠠᠭ᠎ᠠ ᠳᠤ ᠬᠦᠷᠴᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠤᠷᠤᠯᠭ᠎ᠠ ᠎ ᠶᠢ 20 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ ᠲᠤᠰᠪᠤᠷᠢ 14.3% ᠪᠠ 60%᠎ ᠪᠠᠷ ᠨᠡᠮᠡᠭᠳᠡᠭᠰᠡᠨ ᠪᠠᠶᠢᠨ᠎ᠠ᠃ ᠠᠷᠠᠯᠵᠢᠶ᠎ᠠ ᠬᠤᠳᠠᠯᠳᠤᠭ᠎ᠠ᠂ ᠢᠳᠡᠬᠡᠨ ᠤᠮᠳᠠᠭᠠᠨ᠂ ᠡᠳ᠋ ᠪᠠᠷᠠᠭ᠎ᠠ ᠶᠢᠨ ᠬᠦᠢᠯᠬᠡᠬᠡ᠂ ᠮᠦᠩᠬᠦᠨ ᠬᠦᠢᠯᠬᠡᠬᠡᠨ ᠵᠡᠷᠭᠡ ᠦᠢᠯᠡᠴᠢᠯᠡᠬᠡᠨ ᠤ ᠦᠢᠯᠡᠰ ᠦᠳᠳᠡᠷ ᠲᠦᠷᠬᠡᠨ ᠬᠦᠭᠵᠢᠵᠤ᠂ ᠰᠠᠶᠢᠬᠠᠨ ᠲᠠᠷᠢᠶᠠᠯᠠᠩ ᠤᠨ ᠲᠤᠰᠠᠯᠠᠬᠤ ᠦᠢᠯᠡᠳᠪᠤᠷᠢᠯᠡᠯ ᠤᠨ ᠪᠦᠳᠦᠭᠡᠭᠳᠡᠬᠦᠨ ᠤ ᠰᠤᠯᠢᠯᠴᠠᠭᠠᠨ ᠤ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠵᠤ᠂ 30 ᠡᠷᠦᠬᠡ ᠲᠠᠷᠢᠶᠠᠯᠠᠩ ᠎ ᠤᠨ ᠬᠡᠷᠡᠭᠯᠡᠬᠡᠨ ᠤ ᠬᠤᠳᠠᠯᠳᠤᠭ᠎ᠠ ᠶᠢ ᠦᠬᠡᠷᠡᠴᠢᠯᠡᠨ ᠰᠢᠨᠡᠳᠬᠡᠭᠰᠡᠨ ᠪᠠᠶᠢᠨ᠎ᠠ᠃       ︵ᠭᠤᠷᠪᠠ︶ ᠬᠤᠳᠠ ᠬᠦᠳᠡᠭᠡ ᠶᠢᠨ ᠲᠦᠷᠢ ᠲᠦᠷᠬᠦ ᠶᠡᠬᠡᠬᠡᠨ ᠬᠤᠪᠢᠷᠠᠯᠳᠠ ᠲᠠᠢ ᠪᠤᠯᠤᠭᠰᠠᠨ ᠪᠠᠶᠢᠨ᠎ᠠ᠃ ᠬᠡᠰᠢᠭᠳᠡᠨ ᠵᠢᠭᠤᠯᠴᠢᠯᠠᠯ ᠤᠨ ᠠᠷᠠᠯᠵᠢᠶ᠎ᠠ ᠬᠤᠳᠠᠯᠳᠤᠭᠠᠨ ᠤ ᠠᠭᠤᠳᠠᠮ ᠲᠠᠯᠠᠪᠠᠢ᠂ ᠰᠢᠷᠠᠮᠦ᠋ᠷᠡᠨ ᠬᠤᠳᠠᠯᠳᠤᠭᠠᠨ ᠤ ᠠᠭᠤᠳᠠᠮ ᠲᠠᠯᠠᠪᠠᠢ᠂ ᠸᠧᠢ ᠳ᠋ᠦᠸᠧ ᠯᠢ ᠬᠤᠳᠠᠯᠳᠤᠭᠠᠨ ᠤ ᠠᠭᠤᠳᠠᠮ ᠲᠠᠯᠠᠪᠠᠢ᠂ ᠰᠢᠳᠠᠮᠠᠬᠠᠢ ᠬᠡᠢ ᠶᠢᠨ ᠢᠨᠵᠧᠨᠧᠷᠢᠩ᠂ ᠪᠢᠷᠠᠭᠤ ᠪᠠᠯᠭᠠᠰᠤᠨ ᠤ ᠤᠰᠤ ᠬᠠᠩᠭᠠᠬᠤ ᠢᠨᠵᠧᠨᠧᠷᠢᠩ᠂ ᠪᠤᠵᠠᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠵᠤ᠂ ᠦᠬᠡᠷᠡᠴᠢᠯᠡᠨ ᠰᠢᠨᠡᠳᠬᠡᠬᠦ ᠵᠡᠷᠭᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠯᠠᠪᠳᠠᠭᠤᠨ ᠪᠠᠳᠤᠳᠠᠢ ᠤᠷᠤᠭᠰᠢᠯᠠᠵᠤ᠂ ᠢᠳᠡᠬᠡᠮᠵᠢ ᠶᠢᠨ ᠬᠤᠷᠰᠢᠶ᠎ᠠ᠂ ᠤᠯᠤᠰ ᠤᠨ ᠭᠠᠶᠢᠯᠢ᠂ ᠨᠡᠶᠢᠬᠡᠮ ᠤᠨ ᠪᠠᠳᠤᠯᠠᠭ᠎ᠠ ᠶᠢᠨ ᠲᠤᠬᠠᠶᠢᠯᠠᠭᠰᠠᠨ ᠠᠵᠢᠯ ᠤᠨ ᠬᠡᠷᠡᠭᠯᠡᠬᠡᠨ ᠤ ᠪᠠᠷᠢᠯᠭ᠎ᠠ ᠶᠢᠨ ᠭᠤᠤᠯ ᠴᠤᠭᠴᠠ ᠶᠢᠨ ᠠᠵᠢᠯ ᠲᠠᠭᠤᠰᠴᠤ᠂ ᠭᠤᠤᠯ ᠲᠠᠭᠠᠤ ᠵᠠᠮ ᠤᠨ ᠦᠵᠡᠮᠵᠢ ᠶᠢᠨ ᠪᠦᠰᠠ᠂ ᠪᠠᠯᠭᠠᠰᠤᠨ ᠲᠤᠭᠤᠷᠢᠭ ᠲᠤ ᠱᠦᠢᠨᠢ ᠵᠠᠮ ᠲᠡᠪᠢᠰᠬᠦ᠂ ᠶᠤᠸᠠᠨ ᠯᠢᠨ ᠵᠠᠮ ᠢ ᠰᠢᠨᠡᠳᠬᠡᠨ ᠵᠠᠰᠠᠬᠤ᠂ ᠬᠦᠩᠭᠡᠷ ᠵᠡᠬᠡᠯᠢ ᠪᠤᠯᠤᠨ ᠤᠯᠠᠭᠠᠨᠪᠤᠳᠦᠩ ᠵᠡᠬᠡᠯᠢ ᠶᠢ ᠨᠡᠪᠳᠡᠷᠡᠬᠦᠯᠬᠦ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠬᠦᠯᠦᠭᠰᠡᠨ ᠪᠠᠶᠢᠨ᠎ᠠ᠃ 30 ᠲᠦᠮᠡᠨ ᠺᠦᠸᠠᠳ᠋ ᠮᠧᠲᠷ ᠤᠨ ᠲᠠᠯᠠᠪᠠᠢ ᠪᠦᠬᠦᠢ ᠬᠡᠷ ᠪᠠᠶᠢᠰᠢᠩ ᠭᠠᠵᠠᠷ ᠬᠦᠷᠦᠩᠭᠡ ᠶᠢᠨ ᠪᠡᠯᠡᠨ ᠬᠡᠷ ᠲᠤᠰᠢᠶᠠᠨ ᠦᠭᠴᠤ᠂ 360 ᠡᠷᠦᠬᠡ ᠶᠢᠨ ᠪᠠᠶᠢᠰᠢᠩ ᠬᠡᠷ ᠤᠨ ᠲᠤᠭᠤᠷᠢᠭ ᠢ ᠦᠬᠡᠷᠴᠢᠯᠡᠨ ᠪᠠᠶᠢᠭᠤᠯᠬᠤ ᠶᠢ ᠪᠡᠶᠡᠯᠡᠬᠦᠯᠵᠤ᠂ ᠪᠠᠳᠤᠯᠠᠭ᠎ᠠ ᠶᠢᠨ ᠴᠢᠨᠡᠷᠳᠠᠢ ᠤᠷᠤᠨ ᠰᠠᠭᠤᠴᠠ ᠶᠢ 828 ᠢᠵᠢ᠂ 7.27 ᠲᠦᠮᠡᠨ ᠺᠦᠸᠠᠳ᠋ ᠮᠧᠲᠷ ᠪᠠᠶᠢᠭᠤᠯᠪᠠ᠃ ᠨᠤᠭᠤᠭᠠᠷᠠᠭᠤᠯᠤᠯᠳᠠ ᠭᠤᠶᠤᠵᠢᠭᠤᠯᠤᠯᠳᠠ ᠶᠢ 4.3 ᠲᠦᠮᠡᠨ ᠺᠦᠸᠠᠳ᠋ ᠮᠧᠲᠷ᠂ ᠤᠯᠠᠨ ᠨᠡᠶᠢᠳᠠ ᠶᠢᠨ ᠲᠡᠷᠬᠡ ᠵᠤᠭᠰᠤᠭᠠᠬᠤ ᠲᠠᠯᠠᠪᠠᠢ ᠶᠢ 1.4 ᠲᠦᠮᠡᠨ ᠺᠦᠸᠠᠳ᠋ ᠮᠧᠲᠷ ᠪᠠᠶᠢᠭᠤᠯᠤᠭᠰᠠᠨ ᠪᠠᠶᠢᠨ᠎ᠠ᠃ ᠮᠠᠯᠵᠢᠬᠤ ᠲᠠᠷᠢᠶᠠᠯᠠᠬᠤ ᠤᠷᠤᠨ ᠤ 4000 ᠡᠷᠦᠬᠡ ᠶᠢᠨ ᠨᠤᠷᠠᠬᠤ ᠠᠶᠤᠯᠳᠠᠢ ᠬᠡᠷ ᠢ ᠦᠬᠡᠷᠴᠢᠯᠡᠨ ᠪᠠᠶᠢᠭᠤᠯᠵᠤ᠂ ᠠᠮᠢ ᠠᠬᠤᠢ ᠪᠠᠭᠤᠷᠠᠢ ᠭᠠᠵᠠᠷ ᠤᠷᠤᠨ ᠤ 171 ᠡᠷᠦᠬᠡ ᠶᠢ ᠨᠡᠬᠦᠯᠬᠡᠵᠤ᠂ ᠬᠤᠳᠠ ᠪᠠᠯᠭᠠᠰᠤᠨ ᠤ ᠬᠠᠭᠤᠴᠢᠨ ᠲᠤᠭᠤᠷᠢᠭ ᠤᠨ ᠡᠨᠧᠷᠬᠢ ᠠᠷᠪᠢᠯᠬᠠᠤ ᠦᠬᠡᠷᠡᠴᠢᠯᠡᠯᠳᠠ ᠪᠠᠶᠢᠭᠤᠯᠤᠯᠳᠠ 25.2 ᠲᠦᠮᠡᠨ ᠺᠦᠸᠠᠳ᠋ ᠮᠧᠲᠷ ᠬᠦᠷᠦᠭᠰᠡᠨ ᠪᠠᠶᠢᠨ᠎ᠠ᠃ ᠭᠠᠯᠳᠠᠰᠤᠳᠠᠢ ᠶᠢᠨ ᠬᠠᠯᠠᠭᠤᠨ ᠷᠠᠰᠢᠶᠠᠨ ᠤ ᠵᠢᠭᠤᠯᠴᠢᠯᠠᠯ ᠤᠨ ᠤᠷᠤᠨ᠂ ᠲᠠᠪᠤᠨ ᠤᠳᠤᠨ ᠲᠡᠰ ᠤᠨ ᠬᠤᠳᠠᠯᠳᠤᠭᠠᠨ ᠎ ᠤ ᠶᠠᠪᠤᠳᠠᠯ ᠤᠨ ᠪᠠᠭᠤᠳᠠᠯ ᠤᠨ ᠪᠦᠳᠦᠬᠡᠨ ᠪᠠᠶᠢᠭᠤᠯᠤᠯᠳᠠ ᠶᠢᠨ ᠠᠬᠢᠴᠠ ᠤᠷᠤᠭᠰᠢᠳᠠᠢ ᠶᠠᠪᠤᠭᠳᠠᠵᠤ᠂ ᠬᠤᠳᠠᠯᠳᠤᠭᠠᠨ ᠤ ᠶᠠᠪᠠᠭᠠᠨ ᠵᠠᠮ ᠤᠨ ᠶᠡᠷᠦᠩᠬᠡᠶᠢᠯᠡᠭᠰᠡᠨ ᠠᠰᠠᠷ᠂ ᠺᠠᠩ ᠰᠢᠨ ᠪᠠᠭᠤᠳᠠᠯ᠂ ᠢᠦᠢ ᠵᠢᠩ ᠪᠠᠭᠤᠳᠠᠯ ᠪᠠ ᠭᠠᠵᠠᠷ ᠤᠨ ᠢᠯᠴᠢ ᠶᠢᠨ ᠲᠤᠯᠠᠭᠠᠯᠭ᠎ᠠ ᠬᠠᠩᠭᠠᠬᠤ᠂ ᠪᠤᠬᠢᠷ ᠤᠰᠤ ᠶᠢ ᠰᠢᠢᠳᠪᠤᠷᠢᠯᠡᠬᠦ᠂ ᠲᠦᠬᠡᠬᠡᠯ ᠤᠰᠤᠨ ᠤ ᠦᠢᠯᠡᠳᠪᠤᠷᠢ ᠵᠡᠷᠭᠡ ᠶᠢ ᠪᠦᠳᠦᠬᠡᠨ ᠪᠠᠶᠢᠭᠤᠯᠵᠤ ᠠᠰᠢᠭᠯᠠᠯᠳᠠ ᠳᠤ ᠤᠷᠤᠭᠤᠯᠤᠭᠰᠠᠨ ᠪᠠᠶᠢᠨ᠎ᠠ᠃ ᠮᠤᠵᠢ ᠶᠢᠨ ᠵᠠᠮ 304 ᠱᠣᠭᠤᠮ ᠤᠨ ᠲᠡᠩᠨᠡᠬᠦᠷ ᠤᠨ ᠭᠤᠤᠯ ᠠᠴᠠ ᠤᠯᠠᠭᠠᠨᠪᠤᠳᠤᠩ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠎ ᠤᠨ ᠪᠠᠷᠢᠯᠭ᠎ᠠ ᠲᠠᠭᠤᠰᠴᠤ᠂ 113.8 ᠺᠢᠯᠦᠮᠧᠲᠷ ᠤᠨ ᠲᠦᠷᠪᠡᠳᠦᠬᠡᠷ ᠲᠡᠰ ᠤᠨ ᠲᠤᠰᠬᠤᠨ ᠳᠤ ᠬᠦᠷᠬᠦ ᠴᠠᠷᠳᠠᠮᠠᠯ ᠵᠠᠮ ᠤᠨ ᠪᠠᠷᠢᠯᠭ᠎ᠠ ᠲᠠᠭᠤᠰᠤᠨ ᠲᠡᠷᠭᠡ ᠨᠡᠪᠳᠡᠷᠡᠵᠤ᠂ ᠳ᠋ᠠᠨᠳᠦ᠋ᠩ ᠠᠴᠠ ᠰᠢᠯᠢᠩᠬᠤᠳᠠ ᠬᠦᠷᠬᠦ ᠦᠨᠳᠤᠷ ᠬᠤᠷᠳᠤᠴᠠᠳᠤ ᠵᠠᠰᠠᠮᠠᠯ ᠵᠠᠮ ᠤᠨ ᠪᠢᠷᠠᠭᠤ ᠠᠴᠠ ᠰᠢᠯᠢᠩᠬᠤᠳᠠ ᠬᠦᠷᠬᠦ ᠬᠡᠰᠡᠭ ᠤᠨ ᠪᠦᠳᠦᠬᠡᠨ ᠪᠠᠶᠢᠭᠤᠯᠤᠯᠳᠠ ᠶᠢᠨ ᠠᠵᠢᠯ ᠡᠬᠢᠯᠡᠭᠰᠡᠨ ᠪᠠᠶᠢᠨ᠎ᠠ᠃ 3 ᠰᠠᠭᠤᠷᠢ ᠴᠡᠬᠢᠯᠭᠠᠨ ᠬᠤᠪᠢᠰᠬᠠᠬᠤ ᠦᠷᠳᠡᠭᠡ ᠶᠢ ᠰᠢᠨ᠎ᠡ ᠪᠠᠷ ᠪᠠᠶᠢᠭᠤᠯᠵᠤ᠂ ᠬᠦᠳᠡᠭᠡ ᠲᠤᠰᠬᠤᠨ ᠤ ᠴᠠᠬᠢᠯᠭᠠᠨ ᠤ ᠲᠤᠤᠷᠵᠢᠯ ᠤᠨ ᠱᠤᠭᠤᠮ ᠢ 491 ᠺᠢᠯᠦᠮᠧᠲᠷ ᠦᠬᠡᠷᠡᠴᠢᠯᠡᠨ ᠪᠠᠶᠢᠭᠤᠯᠪᠠ᠃ ᠨᠡᠬᠦᠳᠡᠯ ᠴᠢᠮᠡᠭᠡ ᠬᠤᠯᠪᠤᠭᠠᠨ ᠤ ᠰᠠᠭᠤᠷᠢ ᠦᠷᠳᠡᠭᠡ ᠶᠢ 29 ᠰᠠᠭᠤᠷᠢ ᠰᠢᠨ᠎ᠠ ᠪᠠᠷ ᠪᠠᠶᠢᠭᠤᠯᠵᠤ᠂ ᠬᠡᠷᠡᠯᠯᠢᠭ ᠤᠳᠠᠰᠤ ᠶᠢ 1160 ᠺᠢᠯᠤᠮᠧᠲᠷ ᠨᠡᠪᠳᠡᠷᠡᠬᠦᠯᠦᠭᠰᠡᠨ ᠪᠠᠶᠢᠨ᠎ᠠ᠃       ︵ᠲᠦᠷᠪᠡ︶ ᠦᠬᠡᠷᠡᠴᠢᠯᠡᠯᠳᠠ ᠬᠢᠵᠤ ᠴᠢᠯᠤᠬᠡᠳᠠᠢ ᠶᠠᠪᠤᠯᠴᠠᠬᠤ ᠬᠦᠨᠵᠡᠭᠡᠢ ᠲᠤᠤᠱᠯᠠᠭᠳᠠᠭᠰᠠᠨ ᠪᠠᠶᠢᠨ᠎ᠠ᠃ ︽ᠨᠢᠭᠡ ᠺᠠᠷᠲ ᠢᠶᠠᠷ ᠨᠡᠪᠳᠡᠷᠡᠬᠦ︾᠎ ᠶᠢ ᠠᠰᠢᠭᠯᠠᠨ ᠮᠠᠯᠴᠢᠨ ᠲᠠᠷᠢᠶᠠᠴᠢᠨ ᠳᠤ ᠠᠰᠢᠭ ᠬᠦᠷᠳᠡᠬᠡᠬᠦ ᠨᠦᠬᠦᠪᠦᠷᠢ ᠶᠢ 5.3 ᠳ᠋ᠦᠩᠰᠢᠭᠤᠷ ᠲᠦᠬᠦᠷᠢᠭ ᠲᠠᠷᠬᠠᠭᠠᠵᠤ᠂ ᠡᠳ᠋ ᠤᠨ ᠵᠠᠰᠠᠭ ᠤᠨ ︽ᠨᠢᠭᠡ ᠶᠠᠪᠤᠳᠠᠯ ᠢ ᠨᠢᠭᠡ ᠵᠦᠪᠯᠡᠬᠦ︾ ᠱᠠᠩᠨᠠᠨ ᠨᠦᠬᠦᠪᠦᠷᠢᠯᠡᠬᠦ ᠪᠡᠯᠡ ᠮᠦᠩᠬᠦ ᠶᠢ 4735 ᠲᠦᠮᠡᠨ ᠲᠦᠬᠦᠷᠢᠭ ᠨᠠᠶᠢᠳᠠᠪᠤᠷᠢᠵᠢᠭᠤᠯᠵᠤ᠂ ᠰᠤᠷᠭᠠᠨ ᠬᠦᠮᠦᠵᠢᠯ ᠤᠨ ︽ᠬᠤᠶᠠᠷ ᠢ ᠬᠡᠯᠳᠦᠷᠢᠬᠦᠯᠵᠤ ᠨᠢᠭᠡ ᠶᠢ ᠨᠦᠬᠦᠪᠦᠷᠢᠯᠡᠬᠦ︾ ᠪᠡᠯᠡ ᠮᠦᠩᠬᠦ ᠶᠢ 3845.5 ᠲᠦᠮᠡᠨ ᠲᠦᠬᠦᠷᠢᠭ ᠲᠠᠷᠬᠠᠭᠠᠪᠠ᠃ ᠤᠯᠤᠰ ᠤᠨ ᠦᠮᠴᠢᠯᠡᠯᠳᠤ ᠤᠢ ᠰᠢᠭᠤᠢ ᠶᠢᠨ ᠶᠡᠷᠦᠩᠬᠡᠶᠢᠯᠡᠭᠰᠡᠨ ᠢᠵᠢ ᠲᠤᠷᠰᠢᠯᠳᠠ ᠶᠢᠨ ᠴᠢᠭ᠋ ᠤᠨ ᠦᠬᠡᠷᠡᠴᠢᠯᠡᠯᠳᠠ ᠶᠢ ᠡᠬᠢᠯᠡᠬᠦᠯᠵᠤ ᠬᠡᠷᠡᠭᠵᠢᠬᠦᠯᠵᠠᠢ᠃ ᠲᠠᠷᠢᠶᠠᠯᠠᠩ ᠤᠨ ᠴᠠᠬᠢᠯᠭᠠᠨ ᠤ ᠲᠤᠪᠴᠢᠶ᠎ᠠ ᠶᠢᠨ ᠤᠯᠤᠰ ᠤᠨ ᠦᠮᠴᠢᠯᠡᠯᠳᠤ ᠬᠦᠷᠦᠩᠬᠡ ᠶᠢᠨ ᠪᠦᠬᠦᠨ ᠢ ᠲᠡᠭᠡᠭᠰᠢ ᠰᠢᠯᠵᠢᠬᠦᠯᠬᠦ ᠠᠵᠢᠯ ᠢ ᠦᠨᠳᠤᠰᠤᠨ ᠳᠤ ᠪᠠᠨ ᠪᠡᠶᠡᠯᠡᠬᠦᠯᠦᠭᠰᠡᠨ ᠪᠠᠶᠢᠨ᠎ᠠ᠃ ᠤᠯᠤᠰ ᠤᠨ ᠰᠠᠩ ᠠᠴᠠ ᠲᠦᠪᠯᠡᠷᠡᠬᠦᠯᠦᠨ ᠦᠭᠬᠦ ᠪᠠ ᠰᠠᠯᠠᠭ᠎ᠠ ᠮᠦᠴᠢᠷ ᠤᠨ ᠶᠡᠷᠦᠩᠬᠡᠶᠢᠯᠡᠭᠰᠡᠨ ᠲᠦᠰᠦᠪ ᠤᠨ ᠦᠬᠡᠷᠡᠴᠢᠯᠡᠯᠳᠠ ᠶᠢ ᠬᠦᠨᠵᠡᠬᠡᠢ ᠠᠬᠢᠭᠤᠯᠵᠤ᠂ ᠠᠯᠪᠠᠨ ᠶᠠᠪᠤᠳᠠᠯ ᠤᠨ ᠺᠠᠷᠲ ᠢᠶᠠᠷ ᠲᠤᠭᠠᠴᠠᠭ᠎ᠠ ᠬᠢᠬᠦ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠤ᠂ ᠵᠠᠰᠠᠭ ᠤᠨ ᠤᠷᠳᠤᠨ ᠤ ᠲᠦᠪᠯᠡᠷᠡᠬᠦᠯᠦᠨ ᠬᠤᠳᠠᠯᠳᠤᠨ ᠠᠪᠬᠤ ᠶᠢ 70 ᠤᠳᠠᠭ᠎ᠠ ᠬᠡᠷᠡᠭᠵᠢᠬᠦᠯᠵᠤ᠂ 1476 ᠲᠦᠮᠡᠨ ᠲᠦᠬᠦᠷᠢᠭ ᠪᠡᠯᠡ ᠮᠦᠩᠬᠦ ᠶᠢ ᠠᠷᠪᠢᠯᠠᠭᠰᠠᠨ ᠪᠠᠶᠢᠨ᠎ᠠ᠃ ᠤᠷᠤᠨ ᠬᠡᠪᠴᠢᠶᠡᠨ ᠤ ᠠᠵᠤ ᠠᠬᠤᠢ ᠶᠢᠨ ᠬᠠᠷᠢᠯᠴᠠᠭ᠎ᠠ ᠪᠠ ᠬᠠᠮᠵᠢᠯᠴᠠᠭ᠎ᠠ ᠶᠢ ᠦᠨᠡᠩᠬᠦ ᠴᠢᠩᠭᠠᠳᠬᠠᠵᠤ᠂ ᠵᠢᠭᠤᠯᠴᠢᠯᠠᠯ ᠤᠨ ᠬᠦᠭᠵᠢᠯᠳᠠ᠂ ᠢᠳᠡᠬᠡᠨ ᠤ ᠵᠦᠢᠯ ᠪᠤᠯᠪᠠᠰᠤᠷᠠᠭᠤᠯᠬᠤ᠂ ᠨᠡᠬᠦᠷᠡᠰᠤᠨ ᠤ ᠰᠢᠳᠠᠮᠠᠬᠠᠢ ᠬᠡᠢ ᠵᠡᠷᠭᠡ ᠬᠦᠷᠢᠶ᠎ᠡ ᠬᠡᠪᠴᠢᠶᠡᠨ ᠎ ᠳᠤ ᠲᠠᠨᠢᠯᠴᠠᠭᠤᠯᠤᠨ ᠤᠬᠠᠭᠤᠯᠬᠤ ᠬᠤᠷᠠᠯ ᠢ ᠠᠮᠵᠢᠯᠳᠠ ᠲᠠᠢ ᠬᠤᠷᠠᠯᠳᠤᠭᠤᠯᠵᠤ᠂ ᠪᠡᠬᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠨᠢ ᠬᠠᠷᠢᠯᠴᠠᠨ ᠲᠡᠮᠵᠢᠬᠦ ᠪᠡᠯᠡ ᠮᠦᠩᠬᠦ ᠶᠢ 600 ᠲᠦᠮᠡᠨ ᠲᠦᠬᠦᠷᠢᠭ ᠲᠡᠮᠡᠴᠡᠨ ᠤᠯᠵᠤ᠂ ᠤᠯᠤᠰ ᠤᠨ ᠲᠤᠳᠤᠭᠠᠳᠤ ᠤᠷᠤᠨ ᠤ ᠭᠠᠳᠠᠨᠠᠬᠢ ᠪᠡᠯᠡ ᠮᠦᠩᠬᠦ ᠶᠢ 68.2 ᠳ᠋ᠦᠩᠰᠢᠭᠤᠷ ᠲᠦᠬᠦᠷᠢᠭ ᠲᠠᠳᠠᠨ ᠤᠷᠤᠭᠤᠯᠤᠭᠰᠠᠨ ᠪᠠᠶᠢᠨ᠎ᠠ᠃       ︵ᠲᠠᠪᠤ︶ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠲᠤᠭᠳᠠᠭᠤᠨ ᠢᠶᠠᠷ ᠲᠡᠭᠡᠭᠰᠢᠯᠡᠵᠠᠢ᠃ ᠠᠷᠠᠳ ᠤᠨ ᠠᠮᠢᠳᠤᠷᠠᠯ ᠳᠠᠬᠢ ᠪᠡᠯᠡ ᠤᠷᠤᠭᠤᠯᠤᠯᠳᠠ 12.4 ᠳ᠋ᠦᠩᠰᠢᠭᠤᠷ ᠲᠦᠬᠦᠷᠢᠭ ᠪᠠᠶᠢᠵᠤ᠂ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 53.7%᠎ ᠶᠢ ᠡᠵᠡᠯᠡᠵᠤ ᠪᠠᠶᠢᠨ᠎ᠠ᠃ ᠰᠢᠨ᠎ᠠ ᠪᠠᠷ ᠨᠡᠮᠡᠭᠳᠡᠭᠰᠡᠨ ᠬᠤᠳᠠ ᠪᠠᠯᠭᠠᠰᠤᠨ ᠤ ᠠᠵᠢᠯ ᠤᠯᠤᠭᠰᠠᠳ 2414 ᠬᠦᠮᠦᠨ ᠪᠠᠶᠢᠵᠤ᠂ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠦᠷᠢ ᠬᠦᠴᠦᠨ ᠢ ᠰᠢᠯᠵᠢᠬᠦᠯᠵᠤ ᠠᠵᠢᠯ ᠤᠯᠭᠤᠭᠰᠠᠨ ᠨᠢ 29187 ᠬᠦᠮᠦᠨ ᠪᠠᠶᠢᠵᠤ᠂ ᠦᠢᠯᠡᠰ ᠪᠤᠰᠬᠠᠬᠤ ᠪᠠᠭ᠎ᠠ ᠬᠡᠮᠵᠢᠶᠡᠨ ᠤ ᠬᠦᠤ ᠮᠦᠩᠬᠦ ᠦᠭᠡᠢ ᠵᠢᠬᠡᠯᠡᠯᠭᠡ ᠶᠢ 3480 ᠲᠦᠮᠡᠨ ᠲᠦᠬᠦᠷᠢᠭ ᠲᠠᠷᠬᠠᠭᠠᠵᠤ᠂ ︽ᠠᠵᠢᠯ ᠦᠭᠡᠢ ᠬᠡᠷ ᠪᠦᠯᠢ︾ ᠎ ᠳᠤ ᠬᠦᠳᠡᠯᠦᠩᠬᠦᠢ ᠪᠠᠷ ᠠᠵᠢᠯ ᠤᠯᠭᠤᠵᠤ᠂ ᠪᠦᠬᠦ ᠬᠤᠳᠠ ᠳᠤ ᠠᠩᠬᠠᠳᠠᠭᠴᠢ ᠤᠨᠴᠠᠭᠠᠢ ᠠᠵᠢᠯ ᠲᠦᠷᠦᠯ ᠤᠨ ᠪᠤᠯᠪᠠᠰᠤᠷᠠᠯ ᠤᠨ ᠲᠦᠯᠦᠪᠯᠡᠭᠡ ᠶᠢ ᠬᠡᠷᠡᠭᠵᠢᠬᠦᠯᠦᠭᠰᠡᠨ ᠭᠠᠵᠠᠷ ᠤᠷᠤᠨ ᠪᠤᠯᠤᠭᠰᠠᠨ ᠪᠠᠶᠢᠨ᠎ᠠ᠃ ᠡᠯ᠎ᠡ ᠵᠦᠢᠯ ᠤᠨ ᠪᠠᠳᠤᠯᠠᠭ᠎ᠠ ᠪᠠ ᠠᠪᠤᠷᠠᠨ ᠲᠤᠰᠠᠯᠠᠬᠤ ᠪᠡᠯᠡ ᠮᠦᠩᠬᠦ ᠶᠢ ᠨᠡᠶᠢᠳᠠ 9821 ᠲᠦᠮᠡᠨ ᠲᠦᠬᠦᠷᠢᠭ ᠲᠠᠷᠬᠠᠭᠠᠵᠤ᠂ ᠬᠤᠳᠠ ᠬᠦᠳᠡᠭᠡ ᠶᠢᠨ ᠲᠤᠤᠷ᠎ᠠ ᠪᠠᠳᠤᠯᠠᠭ᠎ᠠ ᠶᠢᠨ ᠪᠦᠷᠬᠦᠴᠡ ᠶᠢᠨ ᠬᠡᠮᠵᠢᠶ᠎ᠡ ᠲᠤᠰᠪᠤᠷᠢ 6072 ᠬᠦᠮᠦᠨ ᠪᠠ 22868 ᠬᠦᠮᠦᠨ ᠬᠦᠷᠦᠭᠰᠡᠨ ᠪᠠᠶᠢᠨ᠎ᠠ᠃ ᠡᠯ᠎ᠡ ᠵᠦᠢᠯ ᠤᠨ ᠨᠡᠶᠢᠬᠡᠮ ᠤᠨ ᠲᠠᠭᠠᠳᠬᠠᠯ ᠳᠤ ᠤᠷᠤᠯᠴᠠᠭᠰᠠᠳ ᠨᠡᠶᠢᠳᠠ 11.5 ᠲᠦᠮᠡᠨ ᠬᠦᠮᠦᠨ ᠤᠳᠠᠭ᠎ᠠ ᠳᠤ ᠬᠦᠷᠴᠤ᠂ 2.6 ᠳ᠋ᠦᠩᠰᠢᠭᠤᠷ ᠲᠦᠬᠦᠷᠢᠭ ᠤᠨ ᠰᠠᠭᠤᠷᠢ ᠮᠦᠩᠬᠦ ᠎ ᠶᠢ ᠬᠤᠷᠢᠶᠠᠨ ᠠᠪᠤᠭᠰᠠᠨ ᠪᠠᠶᠢᠨ᠎ᠠ᠃ ᠰᠢᠨ᠎ᠠ ᠮᠠᠶ᠋ᠢᠭ ᠤᠨ ᠮᠠᠯᠵᠢᠬᠤ ᠲᠠᠷᠢᠶᠠᠯᠠᠬᠤ ᠤᠷᠤᠨ ᠪᠠ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠮᠦᠩᠬᠦ ᠶᠢ 1997 ᠲᠦᠮᠡᠨ ᠲᠦᠬᠦᠷᠢᠭ᠂ ᠪᠤᠰᠤᠳ ᠲᠠᠭᠠᠳᠬᠠᠯ ᠪᠠᠳᠤᠯᠠᠭ᠎ᠠ ᠶᠢᠨ ᠮᠦᠩᠬᠦ ᠶᠢ 2.4 ᠳ᠋ᠦᠩᠰᠢᠭᠤᠷ ᠲᠦᠬᠦᠷᠢᠭ ᠲᠠᠷᠬᠠᠭᠠᠭᠰᠠᠨ ᠪᠠᠶᠢᠨ᠎ᠠ᠃ ᠠᠵᠤ ᠠᠬᠤᠶᠢᠯᠠᠯ ᠤᠨ ᠠᠵᠢᠯ ᠠᠴᠠ ᠠᠮᠠᠷᠠᠭᠰᠠᠳ ᠤᠨ ᠰᠠᠷ᠎ᠠ ᠶᠢᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢ 164.97 ᠲᠦᠬᠦᠷᠢᠭ ᠨᠡᠮᠡᠭᠳᠡᠬᠦᠯᠵᠤ᠂ ᠤᠷᠴᠢᠨ ᠲᠤᠭᠤᠷᠢᠨ ᠤ ᠴᠡᠪᠡᠷᠯᠡᠭᠴᠢ ᠶᠢᠨ ᠰᠠᠷ᠎ᠠ ᠶᠢᠨ ᠴᠠᠯᠢᠩ ᠢ 250 ᠲᠦᠬᠦᠷᠢᠭ ᠨᠡᠮᠡᠭᠳᠡᠬᠦᠯᠦᠭᠰᠡᠨ ᠪᠠᠶᠢᠨ᠎ᠠ᠃ ᠶᠠᠳᠠᠭᠤ ᠶᠢ ᠲᠡᠳᠬᠦᠵᠤ ᠨᠡᠬᠡᠬᠡᠨ ᠬᠦᠭᠵᠢᠬᠦᠯᠬᠦ ᠳᠤ 3276.7 ᠲᠦᠮᠡᠨ ᠲᠦᠬᠦᠷᠢᠭ ᠪᠡᠯᠡ ᠮᠦᠩᠬᠦ ᠤᠷᠤᠭᠤᠯᠵᠤ᠂ 6507 ᠶᠠᠳᠠᠭᠤ ᠬᠦᠴᠢᠷᠳᠠᠢ ᠬᠦᠮᠤᠨ ᠢ ᠲᠡᠳᠬᠦᠨ ᠲᠡᠮᠵᠢᠭᠰᠡᠨ ᠪᠠᠶᠢᠨ᠎ᠠ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤᠶᠢᠴᠠ ᠤᠷᠤᠯᠭ᠎ᠠ ᠪᠠ ᠮᠠᠯᠴᠢᠨ ᠲᠠᠷᠢᠶᠠᠴᠢᠨ ᠤ ᠬᠦᠮᠦᠨ ᠲᠤᠮᠳᠠᠴᠢ ᠶᠢᠨ ᠴᠡᠪᠡᠷ ᠤᠷᠤᠯᠭ᠎ᠠ ᠨᠢ ᠲᠤᠰᠪᠤᠷᠢ ᠪᠠᠷᠤᠭ 18960 ᠲᠦᠬᠦᠷᠢᠭ ᠪᠠ 7860 ᠲᠦᠬᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 11% ᠪᠠ 13%᠎ ᠪᠠᠷ ᠨᠡᠮᠡᠭᠳᠡᠭᠰᠡᠨ ᠪᠠᠶᠢᠨ᠎ᠠ᠃       ︵ᠵᠢᠷᠭᠤᠭ᠎ᠠ︶ ᠨᠡᠶᠢᠬᠡᠮ ᠤᠨ ᠠᠵᠢᠯ ᠦᠢᠯᠡᠰ ᠪᠦᠬᠦ ᠲᠠᠯ᠎ᠠ ᠪᠠᠷ ᠠᠬᠢᠯᠳᠠ ᠲᠠᠢ ᠪᠤᠯᠤᠭᠰᠠᠨ ᠪᠠᠶᠢᠨ᠎ᠠ᠃ ᠤᠯᠤᠰ ᠤᠨ ᠦᠷᠬᠦᠯᠵᠢᠯᠡᠬᠦᠶᠢᠴᠡ ᠬᠦᠭᠵᠢᠯᠳᠠ ᠶᠢᠨ ᠲᠤᠷᠰᠢᠯᠳᠠ ᠶᠢᠨ ᠤᠷᠤᠨ ᠤ ᠡᠩᠨᠡᠭᠡ ᠳᠤ ᠤᠷᠤᠭᠰᠠᠨ ᠪᠠᠶᠢᠨ᠎ᠠ ᠃ ᠰᠤᠷᠭᠠᠭᠤᠯᠢ ᠶᠢᠨ ᠬᠦᠷᠢᠶᠠᠨ ᠤ ᠠᠶᠦᠯᠬᠦᠢ ᠶᠢᠨ ᠢᠨᠵᠧᠨᠧᠷᠢᠩ ᠢ ᠲᠡᠭᠦᠰ ᠠᠮᠵᠢᠯᠳᠠ ᠲᠠᠢ ᠪᠡᠶᠡᠯᠡᠬᠦᠯᠵᠤ᠂ ᠬᠤᠰᠢᠭᠤᠨ ᠤ ᠦᠨᠳᠤᠰᠤᠳᠠᠨ ᠤ ᠲᠤᠷᠰᠢᠯᠳᠠ ᠶᠢᠨ ᠴᠡᠴᠡᠷᠯᠢᠭ ᠪᠠᠷᠢᠯᠭ᠎ᠠ ᠲᠠᠭᠤᠰᠤᠨ ᠰᠢᠯᠭᠠᠨ ᠬᠤᠷᠢᠶᠠᠵᠤ᠂ ᠪᠠᠶᠠᠩᠭᠤᠤᠯ ᠪᠦᠷᠢᠨ ᠪᠠᠭ᠎ᠠ ᠰᠤᠷᠭᠠᠭᠤᠯᠢ ᠶᠢᠨ ᠬᠤᠭᠤᠯᠠᠨ ᠲᠢᠩᠬᠢᠮ ᠠᠰᠢᠭᠯᠠᠯᠳᠠ ᠳᠤ ᠤᠷᠤᠵᠤ᠂ ᠰᠢᠨᠡᠰᠦ᠋ᠮ᠎ᠡ ᠲᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠰᠤᠮᠤ ᠰᠢᠶᠠᠩ ᠪᠠᠯᠭᠠᠰᠤ ᠶᠢᠨ ᠴᠡᠴᠡᠷᠯᠢᠭ ᠤᠨ ᠰᠢᠨᠠᠴᠢᠯᠡᠨ ᠵᠠᠰᠠᠵᠤ ᠦᠷᠬᠡᠳᠬᠡᠨ ᠪᠠᠶᠢᠭᠤᠯᠬᠤ ᠲᠦᠷᠦᠯ ᠵᠦᠢᠯ ᠡᠮᠬᠢ ᠴᠡᠭᠴᠡᠳᠠᠢ ᠶᠠᠪᠤᠭᠳᠠᠵᠤ ᠪᠠᠶᠢᠨ᠎ᠠ᠃ ᠰᠤᠷᠭᠠᠭᠤᠯᠢ ᠶᠢᠨ ᠨᠠᠷᠢᠯᠢᠭ ᠬᠠᠮᠢᠶᠠᠷᠤᠯᠳᠠ ᠢᠳᠡᠪᠬᠢᠳᠠᠢ ᠶᠠᠪᠤᠭᠳᠠᠵᠤ᠂ ᠬᠤᠰᠢᠭᠤ ᠬᠡᠪᠴᠢᠶᠡᠨ ᠤ ᠤᠨᠴᠠᠯᠢᠭ ᠲᠠᠢ ᠰᠤᠷᠭᠠᠨ ᠬᠦᠮᠦᠵᠢᠯ ᠰᠢᠨᠵᠢᠯᠡᠭᠡ ᠰᠤᠳᠤᠯᠭᠠᠨ ᠤ ᠰᠢᠰᠲ᠋ᠧᠮ ᠠᠩᠬ᠎ᠠ ᠠᠯᠬᠤᠮ ᠪᠦᠷᠢᠯᠳᠦᠭᠰᠡᠨ ᠪᠠᠶᠢᠨ᠎ᠠ᠃ ᠬᠤᠰᠢᠭᠤᠨ ᠤ ᠡᠷᠡᠬᠦᠯ ᠬᠠᠮᠠᠭᠠᠯᠠᠯ ᠤᠨ ᠬᠢᠨᠠᠨ ᠪᠠᠶᠢᠴᠠᠭᠠᠬᠤ ᠰᠠᠯᠪᠤᠷᠢ᠂ ᠬᠤᠩ ᠱᠠᠨᠽᠢ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠠᠯᠪᠠᠯᠠᠬᠤ ᠠᠰᠠᠷ ᠤᠨ ᠭᠤᠤᠯ ᠴᠤᠭᠴᠠ ᠶᠢᠨ ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠵᠤ᠂ ᠰᠢᠨ᠎ᠠ ᠬᠡᠯᠪᠡᠷᠢ ᠶᠢᠨ ᠮᠠᠯᠵᠢᠬᠤ ᠲᠠᠷᠢᠶᠠᠯᠠᠬᠤ ᠤᠷᠤᠨ ᠤ ᠬᠤᠷᠰᠢᠭᠰᠡᠨ ᠡᠮᠨᠡᠯᠭᠡ ᠳᠤ ᠤᠷᠤᠯᠴᠠᠭᠰᠠᠨ ᠨᠤᠷᠮ᠎ᠠ 95.92%᠎ ᠲᠤ ᠬᠦᠷᠴᠤ᠂ ᠵᠢᠯ ᠤᠨ ᠬᠠᠮᠤᠭ ᠦᠨᠳᠤᠷ ᠪᠠᠷᠢᠮᠵᠢᠶ᠎ᠠ ᠶᠢ 25 ᠲᠦᠮᠡᠨ ᠲᠦᠬᠦᠷᠢᠭ ᠪᠤᠯᠭᠠᠨ ᠲᠡᠭᠡᠭᠰᠢᠯᠡᠬᠦᠯᠵᠤ᠂ 5611 ᠲᠦᠮᠡᠨ ᠲᠦᠬᠦᠷᠢᠭ ᠤᠨ ᠡᠮ ᠡᠮᠨᠡᠯᠭᠡ ᠶᠢᠨ ᠰᠦᠢᠳᠬᠡᠯ ᠢ ᠲᠠᠩᠰᠠ ᠠᠴᠠ ᠲᠠᠶᠢᠯᠵᠤ᠂ ᠤᠷᠤᠨ᠂ ᠬᠤᠳᠠ ᠶᠢᠨ ᠬᠦᠨᠳᠤ ᠤᠨᠴᠠ ᠶᠡᠭᠡ ᠡᠪᠡᠳᠴᠢᠨ ᠡᠮᠬᠡᠭ ᠢ ᠠᠪᠤᠷᠠᠨ ᠲᠤᠰᠠᠯᠠᠬᠤ ᠲᠤᠷᠰᠢᠯᠳᠠ ᠶᠢᠨ ᠴᠢᠭ᠋ ᠪᠤᠯᠤᠭᠰᠠᠨ ᠪᠠᠶᠢᠨ᠎ᠠ᠃ ᠡᠮ ᠤᠨ ᠵᠦᠢᠯ ᠢ ᠡᠯᠧᠺᠲᠷᠤᠨ ᠢᠶᠠᠷ ᠬᠢᠨᠡᠨ ᠬᠠᠮᠢᠶᠠᠷᠬᠤ ᠲᠦᠷᠦᠯ ᠵᠦᠢᠯ ᠤᠨ ᠨᠢᠭᠡᠳᠤᠬᠡᠷ ᠬᠤᠭᠤᠴᠠᠭᠠᠨ ᠤ ᠢᠨᠵᠧᠨᠧᠷᠢᠩ ᠢ ᠠᠮᠵᠢᠯᠳᠠ ᠲᠠᠢ ᠪᠡᠶᠡᠯᠡᠬᠦᠯᠦᠭᠰᠡᠨ ᠪᠠᠶᠢᠨ᠎ᠠ᠃ ᠬᠡᠰᠢᠭᠳᠡᠨ ᠬᠠᠨ᠎ᠠ ᠶᠢᠨ ᠵᠢᠷᠤᠭ ᠤᠨ ᠰᠦᠷᠦᠭᠵᠢᠯ ᠨᠢ ᠪᠦᠬᠦ ᠤᠯᠤᠰ ᠎ ᠤᠨ ᠭᠤᠤᠯᠳᠠᠯᠭ᠎ᠠ ᠲᠠᠢ ᠲᠡᠤᠬᠡ ᠶᠢᠨ ᠲᠤᠷᠠᠰᠬᠠᠯᠳᠤ ᠪᠤᠳᠠᠰ ᠢ ᠬᠠᠮᠠᠭᠠᠯᠠᠬᠤ ᠨᠢᠬᠡᠴᠠ ᠪᠤᠯᠤᠭᠰᠠᠨ ᠪᠠᠶᠢᠨ᠎ᠠ᠃ ᠲᠤᠤᠷ ᠪᠦᠮᠪᠦᠭᠡ ᠶᠢᠨ ᠰᠤᠶᠤᠯ ᠢ ᠰᠤᠷᠭᠠᠭᠤᠯᠢ ᠶᠢᠨ ᠬᠦᠷᠢᠶᠡᠨ ᠳᠤ ᠲᠡᠯᠬᠡᠷᠡᠬᠦᠯᠬᠦ ᠬᠦᠳᠡᠯᠬᠡᠬᠡᠨ ᠢ ᠡᠬᠢᠯᠡᠬᠦᠯᠵᠤ᠂ ᠬᠠᠭᠤᠷᠠᠢ ᠬᠦᠷᠢᠶ᠎ᠡ᠂ ᠲᠠᠯᠠᠶᠢᠨᠠᠭᠤᠷ᠂ ᠲᠤ ᠴᠧᠩᠽᠢ ᠶᠢᠨ ᠪᠡᠶ᠎ᠡ ᠴᠢᠬᠢᠷᠠᠭᠵᠢᠭᠤᠯᠬᠤ ᠲᠦᠪ ᠢ ᠪᠠᠶᠢᠭᠤᠯᠵᠤ ᠲᠠᠭᠤᠰᠤᠨ᠂ ᠠᠰᠢᠭᠯᠠᠯᠳᠠ ᠳᠤ ᠤᠷᠤᠭᠤᠯᠤᠭᠰᠠᠨ ᠪᠠᠶᠢᠨ᠎ᠠ᠃ ᠬᠦᠮᠦᠨ ᠠᠮᠠ ᠶᠢᠨ ᠲᠤᠤᠷ᠎ᠠ ᠦᠰᠦᠯᠳᠠ ᠶᠢᠨ ᠲᠦᠪᠰᠢᠨ ᠤ ᠲᠤᠭᠳᠠᠭᠤᠨ ᠪᠠᠶᠢᠬᠤ ᠶᠢ ᠦᠷᠬᠦᠯᠵᠢᠯᠡᠨ ᠪᠠᠳᠤᠯᠠᠵᠤ᠂ ᠨᠢᠯᠬ᠎ᠠ ᠬᠡᠤᠬᠡᠳ ᠤᠨ ᠬᠦᠢᠰᠤ ᠢᠯᠭᠠᠯ ᠤᠨ ᠬᠠᠷᠢᠴᠠᠯ 105.89 ᠪᠤᠯᠤᠭᠰᠠᠨ ᠪᠠᠶᠢᠨ᠎ᠠ᠃ ᠴᠢᠳᠠᠪᠤᠷᠢᠳᠠᠨ ᠤ ᠨᠦᠬᠡᠴᠠ ᠬᠦᠴᠤᠨ ᠢ ᠲᠠᠰᠤᠷᠠᠯᠳᠠ ᠦᠭᠡᠢ ᠨᠡᠮᠡᠭᠳᠡᠬᠦᠯᠵᠤ᠂ ᠡᠯ᠎ᠡ ᠲᠦᠷᠦᠯ ᠤᠨ ᠲᠤᠰᠬᠠᠢ ᠮᠡᠷᠬᠡᠵᠢᠯ ᠤᠨ ᠴᠢᠳᠠᠪᠤᠷᠢᠳᠠᠨ 315 ᠬᠦᠮᠦᠨ ᠢ ᠤᠷᠢᠨ ᠤᠷᠤᠭᠤᠯᠤᠭᠰᠠᠨ ᠪᠠ ᠰᠢᠯᠭᠠᠨ ᠡᠯᠰᠡᠭᠰᠡᠨ ᠪᠠᠶᠢᠨ᠎ᠠ᠃ ᠷᠠᠳᠢᠤ᠋ ᠲᠧᠯᠸᠢᠰ ᠤᠨ ︽ᠲᠤᠰᠬᠤᠨ ᠪᠤᠯᠭᠠᠨ ᠳᠤ ᠨᠡᠪᠳᠡᠷᠡᠬᠦ︾᠎ ᠶᠢ 4576 ᠢᠵᠢ᠂ ︽ᠡᠷᠦᠬᠡ ᠪᠤᠯᠭᠠᠨ ᠳᠤ ᠨᠡᠪᠳᠡᠷᠡᠬᠦ︾᠎ ᠶᠢ 26699 ᠢᠵᠢ ᠪᠡᠶᠡᠯᠡᠬᠦᠯᠦᠭᠰᠡᠨ ᠪᠠᠶᠢᠨ᠎ᠠ᠃ ︽6.5︾᠎ ᠶᠢᠨ ᠬᠠᠤᠯᠢ ᠲᠦᠬᠡᠮᠡᠯᠵᠢᠬᠦᠯᠦᠯᠳᠠ ᠶᠢ ᠡᠮᠬᠢ ᠴᠡᠭᠴᠡᠳᠠᠢ ᠶᠠᠪᠤᠭᠳᠠᠭᠤᠯᠤᠭᠰᠠᠨ ᠪᠠᠶᠢᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠎ ᠤᠨ ︽ᠲᠦᠷᠪᠡ ᠶᠢ ᠲᠤᠷᠤᠭᠰᠢᠯᠠᠭᠤᠯᠵᠤ᠂ ᠨᠢᠭᠡ ᠶᠢ ᠰᠠᠶᠢᠵᠢᠷᠠᠭᠤᠯᠬᠤ︾᠎ ᠶᠢ ᠪᠡᠶᠡᠯᠡᠬᠦᠯᠦᠭᠰᠡᠨ ᠪᠠᠶᠢᠨ᠎ᠠ᠃ ᠠᠶᠦᠯᠬᠦᠢ ᠦᠢᠯᠡᠳᠪᠤᠷᠢᠯᠡᠯ ᠤᠨ ᠪᠠᠶᠢᠳᠠᠯ ᠠᠮᠤᠷ ᠲᠤᠭᠳᠠᠭᠤᠨ ᠪᠠᠶᠢᠵᠤ᠂ ︽ᠠᠮᠤᠷ ᠲᠤᠭᠳᠠᠭᠤᠨ ᠬᠡᠰᠢᠭᠳᠡᠨ ᠬᠤᠰᠢᠭᠤ︾᠎ ᠶᠢᠨ ᠪᠠᠶᠢᠭᠤᠯᠤᠯᠳᠠ ᠬᠦᠨᠵᠡᠬᠡᠢ ᠦᠷᠨᠢᠭᠰᠡᠨ ᠪᠠᠶᠢᠨ᠎ᠠ᠃ ᠲᠤᠭ᠎ᠠ ᠪᠦᠷᠢᠳᠬᠡᠯ᠂ ᠲᠠᠩᠰᠠ ᠡᠪᠬᠡᠮᠡᠯ᠂ ᠦᠨᠳᠤᠰᠤᠳᠠᠨ ᠱᠠᠰᠢᠨ ᠰᠤᠷᠳᠠᠬᠤᠨ᠂ ᠵᠡᠮᠳᠡᠭᠴᠤᠳ ᠵᠡᠷᠭᠡ ᠡᠯ᠎ᠡ ᠲᠦᠷᠦᠯ ᠤᠨ ᠠᠵᠢᠯ ᠦᠢᠯᠡᠰ ᠰᠢᠨ᠎ᠠ ᠲᠠᠪᠰᠢᠯᠳᠠ ᠎ ᠲᠠᠢ ᠪᠤᠯᠤᠭᠰᠠᠨ ᠪᠠᠶᠢᠨ᠎ᠠ᠃       ︵ᠲᠤᠯᠤᠭ᠎ᠠ︶ ᠵᠠᠰᠠᠭ ᠤᠨ ᠤᠷᠳᠤᠨ ᠤ ᠪᠦᠳᠦᠮᠵᠢ ᠴᠢᠳᠠᠪᠤᠷᠢ ᠢᠯᠡᠷᠬᠡᠢ ᠲᠡᠭᠡᠭᠰᠢᠯᠡᠵᠠᠢ᠃ ᠰᠢᠨ᠎ᠠ ᠪᠠᠶᠢᠭᠤᠯᠤᠭᠰᠠᠨ ᠵᠠᠰᠠᠭ ᠵᠠᠬᠢᠷᠭᠠᠨ ᠤ ᠦᠢᠯᠡᠴᠢᠯᠡᠬᠡᠨ ᠤ ᠲᠦᠪ᠂ ᠰᠦᠯᠵᠢᠶᠡᠨ ᠲᠡᠭᠡᠷᠡᠭᠢ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠪᠤᠯᠤᠨ ᠡᠯᠧᠺᠲᠷᠤᠨ ᠬᠢᠨᠠᠨ ᠪᠠᠶᠢᠴᠠᠭᠠᠬᠤ ᠰᠢᠰᠲ᠋ᠧᠮ ᠨᠢ ᠠᠵᠢᠯᠯᠠᠵᠤ᠂ ᠰᠢᠯᠢᠨ ᠴᠤᠮᠬᠠᠳᠬᠠᠵᠤ ᠬᠢᠨᠠᠨ ᠵᠦᠪᠰᠢᠶᠠᠷᠡᠭᠰᠠᠨ ᠲᠦᠷᠦᠯ ᠵᠦᠢᠯ 21 ᠵᠦᠢᠯ᠂ ᠲᠦᠪᠯᠡᠷᠡᠬᠦᠯᠦᠨ ᠬᠢᠨᠠᠨ ᠵᠦᠪᠰᠢᠶᠠᠷᠡᠭᠰᠡᠨ ᠵᠦᠢᠯᠡᠰ 8.7 ᠲᠦᠮᠡᠨ ᠵᠦᠢᠯ ᠪᠤᠯᠤᠭᠰᠠᠨ ᠪᠠᠶᠢᠨ᠎ᠠ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ ᠪᠤᠯᠤᠨ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠭᠰᠠᠨ ᠬᠢᠨᠠᠨ ᠪᠠᠶᠢᠴᠠᠭᠠᠯᠳᠠ ᠶᠢ ᠤᠬᠠᠮᠰᠠᠷ ᠠᠴᠠ ᠎ ᠪᠠᠨ ᠬᠦᠯᠢᠶᠡᠵᠤ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢ ᠶᠢᠨ ᠰᠠᠨᠠᠭᠤᠯᠭ᠎ᠠ᠂ ᠰᠢᠬᠦᠮᠵᠢᠯᠡᠯ᠂ ᠰᠠᠨᠠᠯ ᠢ 41 ᠬᠤᠪᠢ᠂ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠤᠨ ᠲᠤᠷᠠᠳᠤᠯᠭ᠎ᠠ ᠶᠢ 67 ᠬᠤᠪᠢ ᠰᠢᠢᠳᠪᠤᠷᠢᠯᠡᠵᠤ᠂ ᠬᠦᠢᠴᠡᠳᠬᠡᠨ ᠪᠡᠶᠡᠯᠡᠬᠦᠯᠦᠭᠰᠡᠨ ᠨᠤᠷᠮ᠎ᠠ ᠨᠢ 100%᠎ ᠳᠤ ᠬᠦᠷᠴᠠᠢ᠃ ᠲᠦᠪ ᠤᠨ ᠨᠠᠢᠮᠠᠨ ᠵᠤᠷᠪᠤᠰ ᠲᠤᠭᠳᠠᠭᠠᠯ᠂ ᠦᠪᠡᠷᠳᠡᠬᠡᠨ ᠵᠠᠰᠠᠬᠤ ᠤᠷᠤᠨ ᠤ 28 ᠵᠤᠷᠪᠤᠰ ᠲᠤᠭᠳᠠᠭᠠᠯ ᠪᠤᠯᠤᠨ ᠬᠤᠳᠠ ᠶᠢᠨ ᠨᠠᠮ ᠤᠨ ᠬᠤᠷᠢᠶᠠᠨ ᠤ 44 ᠵᠤᠷᠪᠤᠰ ᠪᠤᠳᠠᠳᠠᠢ ᠲᠤᠭᠳᠠᠭᠠᠯ ᠢ ᠨᠠᠷᠢᠨ ᠬᠢᠨᠠᠮᠠᠭᠠᠢ ᠬᠡᠷᠡᠭᠵᠢᠬᠦᠯᠵᠤ᠂ ᠠᠯᠪᠠᠨ ᠤ ᠲᠡᠷᠬᠡ᠂ ᠠᠯᠪᠠᠯᠠᠬᠤ ᠬᠡᠷ ᠤᠨ ᠲᠤᠰᠬᠠᠢ ᠲᠦᠷᠦᠯ ᠵᠦᠢᠯ ᠤᠨ ᠴᠡᠪᠡᠷᠯᠡᠨ ᠴᠡᠭᠴᠡᠯᠡᠬᠦ ᠠᠵᠢᠯ ᠢ ᠯᠠᠪᠳᠠᠭᠤᠨ ᠪᠠᠳᠤᠳᠠᠢ ᠦᠷᠨᠢᠬᠦᠯᠵᠤ᠂ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ᠂ ᠦᠮᠴᠢᠯᠡᠯ ᠤᠨ ᠡᠷᠬᠡ ᠶᠢᠨ ᠰᠤᠯᠢᠯᠴᠠᠭ᠎ᠠ᠂ ᠵᠠᠰᠠᠭ ᠎ ᠤᠨ ᠤᠷᠳᠤᠨ ᠤ ᠬᠤᠳᠠᠯᠳᠤᠨ ᠠᠪᠬᠤ ᠪᠠ ᠠᠷᠠᠳ ᠤᠨ ᠠᠮᠢᠳᠤᠷᠠᠯ ᠤᠨ ᠲᠦᠷᠦᠯ ᠵᠦᠢᠯ ᠵᠡᠷᠭᠡ ᠬᠦᠷᠢᠶ᠎ᠡ ᠬᠡᠪᠴᠢᠶᠡᠨ ᠎ ᠳᠠᠬᠢ ᠬᠢᠨᠠᠨ ᠬᠠᠮᠢᠶᠠᠷᠤᠯᠳᠠ ᠶᠢ ᠲᠠᠰᠤᠷᠠᠯᠳᠠ ᠦᠭᠡᠢ ᠴᠢᠩᠭᠠᠳᠬᠠᠭᠰᠠᠨ ᠪᠠᠶᠢᠨ᠎ᠠ᠃ ᠵᠠᠰᠠᠭ ᠵᠠᠬᠢᠷᠭᠠᠨ ᠤ ᠦᠪᠡᠷ ᠎ ᠤᠨ ᠦᠷᠳᠡᠭ ᠢ ᠪᠦᠳᠦᠮᠵᠢᠳᠠᠢ ᠪᠠᠭᠠᠰᠬᠠᠨ᠂ ᠠᠯᠪᠠᠨ ᠵᠠᠷᠤᠳᠠᠯ ᠢ 33%᠎ ᠪᠠᠷ ᠪᠠᠭᠤᠷᠠᠭᠤᠯᠤᠭᠰᠠᠨ ᠪᠠᠶᠢᠨ᠎ᠠ᠃ ᠠᠯᠪᠠᠨ ᠲᠤᠰᠢᠶᠠᠯᠳᠠᠨ ᠤ ᠦᠢᠯᠡᠴᠢᠯᠡᠬᠡᠨ ᠤ ᠤᠬᠠᠮᠰᠠᠷ ᠬᠦᠨᠵᠡᠬᠡᠢ ᠬᠤᠪᠢᠷᠠᠯᠳᠠ ᠭᠠᠷᠴᠤ᠂ ᠵᠠᠰᠠᠭ ᠤᠨ ᠤᠷᠳᠤᠨ ᠤ ᠨᠡᠶᠢᠳᠠ ᠶᠢᠨ ᠢᠳᠡᠬᠡᠮᠵᠢ ᠢᠯᠡᠷᠬᠡᠢ ᠴᠢᠩᠭᠠᠷᠠᠭᠰᠠᠨ ᠪᠠᠶᠢᠨ᠎ᠠ᠃       ᠲᠦᠯᠦᠬᠡᠯᠡᠭᠴᠢᠳ ᠡ︕ ᠲᠡᠭᠡᠷ᠎ᠡ ᠲᠤᠷᠠᠳᠤᠭᠰᠠᠨ ᠠᠮᠵᠢᠯᠳᠠ ᠨᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠢᠬᠡᠳ ᠬᠤᠰᠢᠭᠤᠨ ᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠶᠢᠨ ᠦᠷ᠎ᠠ ᠳ᠋ᠦᠩ ᠮᠦᠨ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠲᠡᠮᠵᠢᠯᠭᠡ ᠶᠢᠨ ᠦᠷ᠎ᠡ ᠳ᠋ᠦᠩ ᠮᠦᠨ᠂ ᠪᠦᠬᠦ ᠬᠤᠰᠢᠭᠤᠨ ᠤ ᠠᠷᠠᠳ ᠲᠦᠮᠡᠨ ᠬᠠᠮᠳᠤᠪᠠᠷ ᠬᠦᠴᠢᠷ ᠪᠡᠷᠬᠡ ᠎ ᠶᠢ ᠢᠯᠡᠨ ᠲᠠᠪᠠᠭᠰᠠᠨ ᠤ ᠦᠷ᠎ᠡ ᠳ᠋ᠦᠩ ᠮᠥᠨ᠃ ᠠᠳᠠ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ᠂ ᠪᠦᠬᠦ ᠬᠤᠰᠢᠭᠤᠨ ᠤ ᠡᠯ᠎ᠡ ᠦᠨᠳᠤᠰᠤᠳᠠᠨ ᠤ ᠺᠠᠳ᠋ᠷ ᠤᠯᠠᠨ ᠲᠦᠮᠡᠨ ᠪᠤᠯᠤᠨ ᠬᠡᠰᠢᠭᠳᠡᠨ ᠬᠤᠰᠢᠭᠤᠨ ᠎ ᠤ ᠦᠬᠡᠷᠡᠴᠢᠯᠡᠯᠳᠠ ᠬᠦᠭᠵᠢᠯᠳᠠ᠂ ᠪᠦᠳᠦᠬᠡᠨ ᠪᠠᠶᠢᠭᠤᠯᠤᠯᠳᠠ ᠳᠤ ᠬᠦᠴᠤ ᠪᠠᠨ ᠡᠷᠬᠦᠵᠤ᠂ ᠤᠶᠤᠨ ᠢᠶᠠᠨ ᠨᠠᠮᠡᠷᠢᠯᠡᠭᠰᠡᠨ ᠨᠡᠶᠢᠬᠡᠮ ᠤᠨ ᠡᠯ᠎ᠡ ᠡᠳᠡᠬᠡᠳ ᠤᠨ ᠬᠦᠮᠤᠰ ᠲᠤ ᠡᠷᠬᠢᠮ ᠲᠡᠭᠡᠳᠤ ᠬᠦᠨᠳᠤᠳᠬᠡᠯ ᠪᠤᠯᠤᠨ ᠴᠢᠩ ᠰᠡᠳᠬᠢᠯ ᠎ ᠤᠨ ᠲᠠᠯᠠᠷᠬᠠᠯ ᠢᠶᠠᠨ ᠲᠡᠪᠰᠢᠬᠦᠯᠵᠤ ᠪᠠᠶᠢᠨ᠎ᠠ᠃       ᠦᠷ᠎ᠡ ᠪᠦᠳᠦᠮᠵᠢ ᠪᠠᠶᠠᠷᠯᠠᠭᠤᠰᠢᠳᠠᠢ ᠴᠦ ᠬᠦᠴᠢᠷ ᠪᠡᠷᠬᠡ ᠮᠦᠨᠴᠤ ᠤᠷᠤᠰᠢᠭᠰᠠᠭᠠᠷ᠃ ᠤᠳᠤᠬᠠᠨ ᠤ ᠠᠵᠢᠯ ᠎ ᠢᠶᠠᠨ ᠬᠢᠨᠠᠵᠤ ᠦᠵᠡᠪᠡᠯ᠂ ᠠᠵᠤ ᠠᠬᠤᠢ ᠨᠠᠶᠢᠬᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠬᠢᠵᠠᠭᠠᠷᠯᠠᠵᠤ ᠪᠠᠶᠢᠭ᠎ᠠ ᠰᠢᠢᠳᠪᠤᠷᠢᠯᠡᠬᠦ ᠴᠢᠬᠤᠯᠠᠳᠠᠢ ᠠᠰᠠᠭᠤᠳᠠᠯ ᠤᠷᠤᠰᠢᠵᠤ ᠪᠠᠶᠢᠬᠤ ᠶᠢ ᠰᠡᠷᠬᠡᠭ ᠢᠶᠠᠷ ᠲᠠᠨᠢᠵᠤ ᠤᠯᠬᠤ ᠬᠡᠷᠡᠭᠳᠠᠢ᠃ ᠨᠢᠭᠡ ᠳᠤ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠶᠢ ᠦᠷᠬᠦᠯᠵᠢᠯᠡᠨ ᠴᠢᠩᠭᠠᠳᠬᠠᠬᠤ ᠬᠡᠷᠡᠭᠳᠠᠢ᠃ ᠠᠮᠢ ᠠᠬᠤᠢ ᠨᠢ ᠨᠡᠶᠢᠳᠠᠮ ᠳᠤ ᠪᠠᠨ ᠰᠠᠶᠢᠨ ᠬᠠᠨᠳᠤᠰᠢ ᠲᠠᠢ ᠪᠠᠶᠢᠨ᠎ᠠ᠂ ᠬᠡᠪᠡᠴᠤ ᠬᠡᠰᠡᠭ ᠠᠵᠢᠯ ᠲᠦᠷᠦᠯ ᠤᠨ ᠡᠨᠧᠷᠬᠢ ᠶᠢᠨ ᠬᠤᠷᠤᠭᠳᠠᠯ᠂ ᠤᠰᠤᠨ ᠤ ᠬᠤᠷᠤᠭᠳᠠᠯ᠂ ᠪᠤᠬᠢᠷ ᠤᠰᠤ ᠭᠠᠳᠠᠭᠰᠢᠯᠠᠭᠤᠯᠬᠤ ᠨᠢ ᠶᠡᠭᠡ ᠪᠠᠶᠢᠵᠤ᠂ ᠤᠨᠴᠠ ᠵᠠᠷᠢᠮ ᠭᠠᠵᠠᠷ ᠤᠷᠤᠨ ᠨᠢ ᠲᠠᠭᠠᠭᠠᠴᠠ ᠠᠴᠠ ᠬᠡᠳᠤᠷᠡᠳᠡᠯ᠎ᠡ ᠮᠠᠯᠵᠢᠵᠤ᠂ ᠤᠷᠭᠤᠮᠠᠯ ᠤᠨ ᠪᠦᠷᠬᠦᠴᠠ ᠶᠢᠨ ᠡᠪᠳᠡᠭᠳᠡᠯ ᠬᠦᠨᠳᠤ ᠨᠤᠴᠢᠳᠠᠢ ᠪᠤᠯᠵᠤ᠂ ᠤᠰᠤᠨ ᠲᠦᠪᠰᠢᠨ ᠤ ᠲᠤᠷᠤᠭᠰᠢᠯᠠᠯᠳᠠ ᠢᠯᠡᠷᠬᠡᠢ ᠪᠠᠶᠢᠵᠤ᠂ ᠠᠮᠢ ᠠᠬᠤᠢ ᠎ ᠶᠢᠨ ᠤᠷᠴᠢᠨ ᠲᠤᠭᠤᠷᠢᠨ ᠢ ᠦᠨᠳᠤᠰᠤᠨ ᠠᠴᠠ ᠨᠢ ᠰᠠᠶᠢᠵᠢᠷᠠᠭᠤᠯᠬᠤ ᠶᠢ ᠪᠡᠶᠡᠯᠡᠬᠦᠯᠬᠦ ᠬᠡᠪᠡᠯ ᠨᠡᠩ ᠶᠡᠭᠡ ᠴᠢᠷᠮᠠᠶᠢᠯᠭ᠎ᠠ ᠤᠷᠤᠭᠤᠯᠬᠤ ᠬᠡᠷᠡᠭᠳᠠᠢ ᠪᠠᠶᠢᠨ᠎ᠠ᠃ ᠬᠤᠶᠠᠷ ᠲᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ ᠡᠬᠦᠷᠬᠡ ᠬᠠᠳᠠᠭᠤ ᠪᠡᠷᠬᠡ ᠪᠠᠶᠢᠨ᠎ᠠ᠃ᠬᠦᠭᠵᠢᠯᠳᠠ ᠶᠢᠨ ᠠᠷᠭ᠎ᠠ ᠮᠠᠶ᠋ᠢᠭ ᠪᠦᠳᠦᠬᠦᠯᠢᠭ᠂ ᠪᠦᠳᠦᠴᠠ ᠵᠤᠬᠢᠰ ᠦᠭᠡᠢ᠂ ᠠᠵᠤ ᠦᠢᠯᠡᠰ ᠤᠨ ᠲᠡᠰ ᠲᠠᠪᠬᠤᠷᠭ᠎ᠠ ᠲᠤᠤᠷ᠎ᠠ᠂ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠬᠦᠴᠦᠨ ᠬᠦᠷᠦᠯᠴᠡᠬᠦ ᠦᠭᠡᠢ᠂ ᠠᠵᠤ ᠠᠬᠤᠢ ᠶᠢᠨ ᠨᠡᠮᠡᠭᠳᠡᠯ ᠨᠢ ᠤᠯᠠᠮᠵᠢᠯᠠᠯᠳᠤ ᠠᠵᠤ ᠦᠢᠯᠡᠰ ᠪᠤᠯᠤᠨ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠲᠤ ᠬᠡᠳᠦᠷᠬᠡᠢ ᠲᠦᠰᠢᠭᠯᠡᠵᠤ᠂ ᠰᠢᠨ᠎ᠠ ᠮᠠᠨᠳᠤᠭᠰᠠᠨ ᠠᠵᠤ ᠦᠢᠯᠡᠰ᠂ ᠲᠡᠭᠡᠳᠤ ᠰᠢᠨ᠎ᠡ ᠮᠡᠷᠬᠡᠵᠢᠯ ᠤᠨ ᠠᠵᠤ ᠦᠢᠯᠡᠰ ᠪᠤᠯᠤᠨ ᠤᠳᠤᠬᠢᠴᠢᠯᠠᠭᠰᠠᠨ ᠦᠢᠯᠡᠴᠢᠯᠡᠬᠡᠨ ᠤ ᠦᠢᠯᠡᠰ ᠤᠨ ᠬᠡᠪᠴᠢᠶ᠎ᠡ ᠶᠢ ᠦᠷᠬᠡᠳᠬᠡᠬᠦ ᠴᠢᠬᠤᠯᠠᠲᠠᠢ ᠪᠠᠶᠢᠨ᠎ᠠ᠃ ᠭᠤᠷᠪᠠ ᠳᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠡᠳᠤᠷ ᠢᠷᠡᠬᠦᠶ᠎ᠡ ᠬᠤᠷᠴᠠᠳᠤᠭᠰᠠᠨ ᠪᠠᠶᠢᠨ᠎ᠠ᠃ ᠡᠳ᠋ ᠤᠨ ᠵᠠᠰᠠᠭ ᠪᠠ ᠭᠠᠶᠢᠯᠢ ᠶᠢᠨ ᠶᠠᠪᠤᠳᠠᠯ ᠤᠨ ᠪᠠᠶᠢᠭᠤᠯᠤᠮᠵᠢ᠂ ᠠᠵᠤ ᠠᠬᠤᠢ ᠶᠢᠨ ᠤᠷᠴᠢᠨ ᠲᠤᠭᠤᠷᠢᠨ᠂ ᠭᠠᠶᠢᠯᠢ ᠶᠢ ᠬᠠᠰᠤᠬᠤ ᠲᠦᠷᠦ ᠶᠢᠨ ᠪᠤᠳᠤᠯᠭ᠎ᠠ ᠵᠡᠷᠭᠡ ᠬᠦᠴᠦᠨ ᠵᠦᠢᠯ ᠤᠨ ᠨᠦᠯᠦᠬᠡᠯᠡᠯ ᠢᠶᠠᠷ ᠡᠳ᠋ ᠤᠨ ᠵᠠᠰᠠᠭ ᠤᠨ ᠤᠷᠤᠯᠭ᠎ᠠ ᠰᠦᠬᠡᠷᠬᠦ ᠨᠡᠮᠡᠭᠳᠡᠯ ᠤᠨ ᠬᠠᠨᠳᠤᠰᠢ ᠲᠠᠢ ᠪᠠᠶᠢᠵᠤ᠂ ᠵᠢᠬᠡᠯᠡᠯᠭᠡ ᠬᠠᠷᠢᠭᠤᠯᠬᠤ ᠶᠢᠨ ᠬᠦᠴᠢᠷᠳᠠᠢ ᠬᠤᠭᠤᠴᠠᠭ᠎ᠠ ᠬᠦᠷᠴᠤ ᠢᠷᠡᠭᠰᠡᠨ ᠪᠠ ᠠᠷᠠᠳ ᠤᠨ ᠠᠮᠢᠳᠤᠷᠠᠯ ᠤᠨ ᠪᠠᠳᠤᠯᠠᠭ᠎ᠠ᠂ ᠠᠵᠢᠯᠳᠠᠨ ᠠᠵᠢᠯᠴᠢᠨ ᠤ ᠴᠠᠯᠢᠩ ᠢ ᠨᠡᠮᠡᠭᠳᠡᠬᠦᠯᠬᠦ᠂ ᠲᠦᠷᠦᠯ ᠵᠦᠢᠯ ᠎ ᠢ ᠲᠦᠬᠦᠷᠵᠢᠬᠦᠯᠬᠦ ᠵᠡᠷᠭᠡ ᠡᠷᠬᠡᠪᠰᠢ ᠵᠠᠷᠤᠴᠠᠭᠤᠯᠬᠤ ᠵᠠᠷᠤᠯᠭ᠎ᠠ ᠶᠢᠨ ᠦᠷᠬᠦᠯᠵᠢᠯᠡᠨ ᠨᠡᠮᠡᠭᠳᠡᠬᠦ ᠠᠴᠠ ᠪᠤᠯᠵᠤ᠂ ᠡᠳ᠋ ᠎ ᠤᠨ ᠵᠠᠰᠠᠭ ᠤᠨ ᠡᠷᠬᠢᠯᠳᠠ ᠲᠤᠶᠢᠯ ᠤᠨ ᠬᠦᠴᠢᠷᠳᠠᠢ ᠪᠤᠯᠤᠭᠰᠠᠨ ᠪᠠᠶᠢᠨ᠎ᠠ᠃ ᠲᠦᠷᠪᠠ ᠳᠤ᠂ ᠵᠠᠰᠠᠭ ᠤᠨ ᠤᠷᠳᠤᠨ ᠤ ᠠᠵᠢᠯ ᠤᠨ ᠴᠢᠳᠡᠪᠬᠢ ᠶᠢᠨ ᠬᠤᠪᠢᠷᠠᠭᠤᠯᠤᠯᠳᠠ ᠨᠢ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠱᠠᠭᠠᠷᠳᠠᠯᠭ᠎ᠠ ᠎ ᠠᠴᠠ ᠬᠤᠴᠤᠷᠴᠤ ᠪᠠᠶᠢᠨ᠎ᠠ᠃ ᠬᠡᠰᠡᠭ ᠠᠯᠪᠠᠨ ᠲᠤᠰᠢᠶᠠᠯᠳᠠᠨ ᠠᠵᠤ ᠠᠬᠤᠢ ᠨᠡᠶᠢᠬᠡᠮ ᠤᠨ ᠬᠦᠭᠵᠢᠯᠳᠠ ᠪᠤᠯᠤᠨ ᠪᠦᠬᠦ ᠲᠠᠯ᠎ᠠ ᠶᠢᠨ ᠬᠦᠨᠵᠡᠬᠡᠢ ᠦᠬᠡᠷᠡᠴᠢᠯᠡᠯᠳᠠ ᠶᠢᠨ ᠰᠢᠨ᠎ᠠ ᠪᠠᠶᠢᠳᠠᠯ ᠢ ᠲᠠᠭᠠᠵᠤ ᠲᠡᠶᠢᠯᠬᠦ ᠦᠭᠡᠢ ᠪᠠᠶᠢᠵᠤ᠂ ᠬᠠᠷᠠᠯᠳᠠᠳᠤ ᠤᠬᠠᠮᠰᠠᠷ ᠲᠤᠤᠷ᠎ᠠ᠂ ᠦᠨᠳᠤᠰᠤᠨ ᠱᠠᠳᠤᠨ ᠳᠤ ᠬᠦᠨᠵᠡᠬᠡᠶᠢᠷᠡᠬᠦ ᠶᠢ ᠬᠡᠯᠪᠡᠷᠢ ᠶᠢᠨ ᠲᠡᠳᠤᠢ ᠦᠵᠡᠵᠤ᠂ ᠴᠢᠨᠠᠭᠰᠢᠯᠠᠪᠠᠯ ᠰᠢᠯᠳᠠᠭᠯᠠᠨ ᠲᠦᠯᠬᠢᠯᠴᠡᠬᠦ᠂ ᠢᠳᠡᠬᠦ᠂ ᠠᠪᠬᠤ᠂ ᠬᠠᠷᠰᠢᠯᠠᠬᠤ᠂ ᠬᠢᠬᠠᠬᠤ ᠵᠡᠷᠬᠡ ᠦᠵᠡᠭᠳᠡᠯ ᠤᠷᠤᠰᠢᠵᠤ ᠪᠤᠢ᠃ ᠪᠢᠳᠠ ᠡᠳᠡᠬᠡᠷ ᠠᠰᠠᠭᠤᠳᠠᠯ ᠢ ᠬᠦᠨᠵᠡᠬᠡᠢ ᠰᠤᠳᠤᠯᠤᠨ᠂ ᠪᠦᠳᠦᠮᠵᠢᠳᠠᠢ ᠠᠷᠭ᠎ᠠ ᠬᠡᠮᠵᠢᠶ᠎ᠡ ᠠᠪᠴᠤ ᠂ ᠠᠯᠬᠤᠮ ᠠᠯᠬᠤᠮ ᠢᠶᠠᠷ ᠴᠢᠷᠮᠠᠶᠢᠨ ᠰᠢᠢᠳᠪᠦᠷᠢᠯᠡᠬᠦ ᠴᠢᠬᠤᠯᠠᠳᠠᠢ ᠪᠠᠶᠢᠨ᠎ᠠ᠃
 
ᠢᠷᠡᠯᠲᠡ᠄ ᠬᠡᠰᠢᠭᠳᠡᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号