ᠬᠤᠶᠠᠷ᠂ 2014 ᠤᠨ ᠤ ᠠᠵᠢᠯ ᠤᠨ ᠲᠤᠬᠢᠷᠠᠭᠤᠯᠤᠯᠳᠠ | | | 2014 ᠤᠨ ᠤ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠠᠷᠳᠠᠯᠭᠠ ᠪᠤᠯ᠄ ᠨᠠᠮ ᠤᠨ ᠠᠷᠪᠠᠨ | ᠨᠠᠢᠮᠠᠳᠤᠭᠠᠷ ᠬᠤᠷᠠᠯ ᠤᠨ ᠭᠤᠷᠪᠠᠳᠤᠭᠠᠷ ᠪᠦᠬᠦᠳᠠ ᠬᠤᠷᠠᠯᠳᠤᠭᠠᠨ ᠤ ᠵᠤᠷᠢᠭ ᠰᠠᠨᠠᠭ᠎ᠠ ᠪᠤᠯᠤᠨ ᠦᠪᠡᠷᠳᠡᠬᠡᠨ ᠵᠠᠰᠠᠬᠤ | ᠤᠷᠤᠨ ᠤ ︽8337︾ ᠬᠦᠭᠵᠢᠯᠳᠠ ᠶᠢᠨ ᠰᠡᠳᠬᠢᠮᠵᠢ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠤᠭᠳᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠵᠠᠷᠴᠢᠮ ᠢ ᠪᠠᠷᠢᠮᠳᠠᠯᠠᠨ᠂ | ᠲᠦᠪ᠂ ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ᠂ ᠬᠤᠳᠠ ᠶᠢᠨ ᠨᠠᠮ ᠤᠨ | ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠦᠬᠦ ᠬᠡᠰᠢᠬᠦᠳ ᠤᠨ ᠬᠤᠷᠠᠯᠳᠤᠭᠠᠨ ᠤ ᠶᠡᠷᠦᠩᠬᠡᠢ | ᠪᠠᠶᠢᠷᠢᠰᠢᠭᠤᠯᠤᠯᠳᠠ ᠶᠤᠰᠤᠭᠠᠷ᠂ ᠦᠬᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠪᠠ ᠰᠢᠨ᠎ᠠ ᠶᠢ ᠡᠬᠦᠳᠬᠦ | ᠬᠦᠭᠵᠢᠯᠳᠠ ᠶᠢᠨ ᠵᠠᠮ ᠢ ᠭᠤᠶᠢᠪᠢᠰᠢ ᠦᠭᠡᠢ ᠪᠠᠷᠢᠮᠳᠠᠯᠵᠤ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ | ᠶᠢ ᠨᠡᠩ ᠴᠢᠬᠤᠯᠠᠴᠢᠯᠠᠵᠤ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ ᠶᠢ ᠨᠡᠩ | ᠴᠢᠬᠤᠯᠠᠴᠢᠯᠠᠵᠤ᠂ ᠬᠤᠳᠠ ᠬᠦᠳᠡᠭᠡ ᠶᠢ ᠨᠢᠬᠡᠳᠦᠯᠳᠠᠢ ᠲᠦᠯᠦᠪᠵᠢᠬᠦᠯᠦᠨ ᠵᠤᠬᠢᠴᠠᠩᠭᠤᠢ ᠬᠦᠭᠵᠢᠬᠦᠯᠬᠦ ᠶᠢ ᠨᠡᠩ | ᠴᠢᠬᠤᠯᠠᠴᠢᠯᠠᠵᠤ᠂ ᠠᠷᠠᠳ ᠤᠨ ᠠᠮᠢᠳᠤᠷᠠᠯ ᠢ ᠦᠷᠬᠦᠯᠵᠢᠯᠠᠨ ᠰᠠᠶᠢᠵᠢᠷᠠᠭᠤᠯᠬᠤ ᠶᠢ ᠨᠡᠩ ᠴᠢᠬᠤᠯᠠᠴᠢᠯᠠᠵᠤ᠂ ᠨᠡᠶᠢᠬᠡᠮ | ᠤᠨ ᠵᠠᠰᠠᠨ ᠴᠡᠭᠴᠡᠯᠡᠯᠳᠠ ᠳᠤ ᠰᠢᠨ᠎ᠠ ᠶᠢ ᠡᠬᠦᠳᠬᠦ ᠶᠢ ᠨᠡᠩ ᠴᠢᠬᠤᠯᠠᠴᠢᠯᠠᠵᠤ᠂ ᠬᠤᠰᠢᠭᠤ ᠬᠡᠪᠴᠢᠶᠠᠨ ᠤ ᠠᠵᠤ | ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠵᠢᠴᠢ ᠨᠡᠶᠢᠬᠡᠮ ᠤᠨ ᠡᠶ᠎ᠡ ᠨᠠᠶᠢᠷᠠᠮᠳᠠᠭᠤ ᠲᠤᠭᠳᠠᠭᠤᠨ ᠢ | ᠠᠬᠢᠭᠤᠯᠤᠨ᠎ᠠ᠃ | ᠭᠤᠤᠯ ᠪᠤᠯᠬᠤ ᠵᠢᠱᠢᠭᠰᠡᠨ ᠬᠠᠷᠠᠯᠳᠠ ᠪᠤᠯ᠄ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠬᠡᠢ | ᠦᠷᠳᠡᠭ ᠢ 10% ᠪᠠᠷ ᠨᠡᠮᠡᠭᠳᠡᠬᠦᠯᠵᠤ᠂ 145 ᠳ᠋ᠦᠩᠰᠢᠭᠤᠷ ᠲᠦᠬᠦᠷᠢᠭ ᠲᠤ ᠬᠦᠷᠬᠡᠨ᠎ᠡ᠃ ᠤᠯᠠᠨ ᠨᠡᠶᠢᠳᠠ ᠶᠢᠨ | ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 3% ᠪᠠᠷ ᠨᠡᠮᠡᠭᠳᠡᠬᠦᠯᠵᠤ᠂ 7.31 ᠳ᠋ᠦᠩᠰᠢᠭᠤᠷ ᠲᠦᠬᠦᠷᠢᠭ | ᠲᠤ ᠬᠦᠷᠬᠡᠨ᠎ᠡ᠃ ᠬᠡᠪᠴᠢᠶᠡᠵᠢᠯ ᠠᠴᠠ ᠲᠡᠭᠡᠭᠰᠢᠬᠢ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 100 | ᠳ᠋ᠦᠩᠰᠢᠭᠤᠷ ᠲᠦᠬᠦᠷᠢᠭ ᠪᠡᠶᠡᠯᠡᠬᠦᠯᠦᠨ᠎ᠡ᠃ ᠨᠡᠶᠢᠬᠡᠮ ᠤᠨ ᠬᠡᠷᠡᠭᠯᠡᠬᠡᠨ ᠤ ᠵᠦᠢᠯ ᠤᠨ ᠵᠢᠵᠢᠭᠯᠡᠨ ᠬᠤᠳᠠᠯᠳᠤᠬᠤ | ᠶᠡᠷᠦᠩᠬᠡᠢ ᠲᠤᠭ᠎ᠠ ᠶᠢ 13% ᠪᠠᠷ ᠨᠡᠮᠡᠭᠳᠡᠬᠦᠯᠵᠤ᠂ 28.2 ᠳ᠋ᠦᠩᠰᠢᠭᠤᠷ ᠲᠦᠬᠦᠷᠢᠭ ᠲᠤ ᠬᠦᠷᠬᠡᠨ᠎ᠡ᠃ ᠬᠤᠳᠠ | ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠪᠤᠯᠤᠨ ᠮᠠᠯᠴᠢᠨ | ᠲᠠᠷᠢᠶᠠᠴᠢᠨ ᠤ ᠬᠦᠮᠦᠨ ᠲᠤᠮᠳᠠᠴᠢ ᠶᠢᠨ ᠴᠡᠪᠠᠷ ᠤᠷᠤᠯᠭ᠎ᠠ ᠶᠢ ᠲᠤᠰᠪᠤᠷᠢ 12% ᠪᠠ 14% ᠪᠠᠷ ᠨᠡᠮᠡᠭᠳᠡᠬᠦᠯᠵᠤ᠂ | ᠲᠤᠰ ᠲᠤᠰ 21275 ᠲᠦᠬᠦᠷᠢᠭ ᠪᠠ 8960 ᠲᠦᠬᠦᠷᠢᠭ ᠲᠤ ᠬᠦᠷᠬᠡᠨ᠎ᠡ᠃ ᠵᠢᠯ ᠤᠨ ᠡᠨᠧᠷᠬᠢ ᠠᠷᠪᠢᠯᠠᠵᠤ | ᠪᠤᠬᠢᠷᠳᠤᠯ ᠢ ᠪᠠᠭᠠᠰᠬᠠᠬᠤ ᠡᠬᠦᠷᠬᠡ ᠶᠢ ᠪᠡᠶᠡᠯᠡᠬᠦᠯᠦᠨ᠎ᠡ᠃ | ᠲᠡᠭᠡᠷ᠎ᠡ ᠲᠤᠷᠠᠳᠤᠭᠰᠠᠨ ᠬᠠᠷᠠᠯᠳᠠ ᠶᠢ ᠪᠡᠶᠡᠯᠡᠬᠦᠯᠬᠦ ᠳᠤ ᠲᠤᠤᠷᠠᠬᠢ ᠬᠡᠳᠤᠨ ᠲᠠᠯ᠎ᠠ ᠶᠢᠨ ᠠᠵᠢᠯ ᠢ ᠰᠠᠶᠢᠳᠤᠷ | ᠬᠢᠬᠦ ᠬᠡᠷᠡᠭᠳᠠᠢ᠄ | ︵ᠨᠢᠭᠡ︶ ᠬᠦᠮᠦᠨ ᠪᠤᠯᠤᠨ ᠪᠠᠶᠢᠭᠠᠯᠢ ᠶᠢᠨ ᠡᠶ᠎ᠡ ᠵᠤᠬᠢᠴᠡᠯ ᠢ ᠴᠢᠬᠤᠯᠠᠴᠢᠯᠠᠵᠤ᠂ ᠠᠮᠢ ᠠᠬᠤᠢ ᠶᠢᠨ | ᠪᠦᠳᠦᠬᠡᠨ ᠪᠠᠶᠢᠭᠤᠯᠤᠯᠳᠠ ᠳᠤ ᠰᠢᠨ᠎ᠠ ᠰᠢᠪᠳᠤᠯᠤᠯᠳᠠ ᠭᠠᠷᠭᠠᠬᠤ ᠪᠠᠷ ᠴᠢᠷᠮᠠᠶᠢᠬᠤ ᠬᠡᠷᠡᠭᠳᠠᠢ᠃ ᠠᠮᠢ ᠠᠬᠤᠢ ᠶᠢᠨ | ᠪᠤᠯᠪᠠᠰᠤᠨ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠶᠢ ᠦᠷᠬᠦᠯᠵᠢᠯᠡᠨ ᠲᠤᠪᠤᠶᠢᠮ᠎ᠠ ᠪᠠᠶᠢᠷᠢᠨ ᠳᠤ | ᠲᠠᠯᠪᠢᠵᠤ᠂ ᠦᠢᠯᠡᠳᠪᠤᠷᠢᠯᠡᠯ ᠤᠨ ᠤᠷᠤᠨ ᠵᠠᠢ ᠡᠷᠴᠢᠮᠯᠢᠭ᠌ ᠪᠦᠳᠦᠮᠵᠢᠳᠠᠢ᠂ ᠠᠮᠢᠳᠤᠷᠠᠯ ᠤᠨ ᠤᠷᠤᠨ ᠵᠠᠢ ᠰᠠᠭᠤᠬᠤ | ᠳᠤ ᠲᠤᠬᠢᠯᠢᠭ᠂ ᠠᠮᠢ ᠠᠬᠤᠢ ᠶᠢᠨ ᠤᠷᠤᠨ ᠵᠠᠢ ᠶᠢᠨ ᠠᠭᠤᠯᠠ ᠰᠠᠶᠢᠬᠠᠨ ᠤᠰᠤ ᠲᠤᠩᠭᠠᠯᠠᠭ ᠪᠠᠶᠢᠬᠤ ᠶᠢ | ᠠᠬᠢᠭᠤᠯᠵᠤ᠂ ᠠᠵᠤ ᠠᠬᠤᠢ ᠨᠡᠶᠢᠬᠡᠮ ᠤᠨ ᠬᠦᠭᠵᠢᠯᠳᠠ ᠪᠠ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ | ᠳᠤ ᠨᠡᠶᠢᠳᠠᠪᠤᠷᠢᠳᠠᠢ ᠠᠮᠢ ᠠᠬᠤᠢ ᠶᠢᠨ ᠤᠷᠴᠢᠨ ᠲᠤᠭᠤᠷᠢᠨ ᠤ ᠪᠠᠳᠤᠯᠠᠭ᠎ᠠ ᠶᠢ ᠬᠠᠩᠭᠠᠬᠤ ᠬᠡᠷᠡᠭᠳᠠᠢ᠃ | ᠠᠮᠢ ᠠᠬᠤᠢ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠠᠢ᠃ ᠠᠷᠪᠢᠯᠠᠨ | ᠭᠠᠮᠨᠠᠬᠤ ᠶᠢ ᠲᠡᠷᠢᠬᠦᠨ ᠪᠠᠶᠢᠷᠢᠨ ᠳᠤ ᠲᠠᠯᠪᠢᠬᠤ᠂ ᠬᠠᠮᠠᠭᠠᠯᠠᠬᠤ ᠶᠢ ᠲᠡᠷᠢᠬᠦᠨ ᠪᠠᠶᠢᠷᠢᠨ ᠳᠤ ᠲᠠᠯᠪᠢᠬᠤ᠂ ᠠᠶᠠᠨᠳᠠᠭᠠᠨ | ᠰᠡᠷᠬᠦᠬᠦ ᠪᠠᠷ ᠭᠤᠤᠯ ᠪᠤᠯᠭᠠᠬᠤ ᠴᠢᠭᠯᠡᠯᠳᠠ ᠶᠢ ᠪᠠᠷᠢᠮᠳᠠᠯᠠᠵᠤ᠂ ᠬᠦᠭᠵᠢᠬᠦᠯᠬᠦ ᠠᠷᠭ᠎ᠠ ᠪᠠᠷ ᠠᠮᠢ ᠠᠬᠤᠢ ᠶᠢ | ᠬᠠᠮᠠᠭᠠᠯᠠᠬᠤ ᠬᠡᠷᠡᠭᠳᠠᠢ᠃ ᠠᠮᠢ ᠠᠬᠤᠢ ᠶᠢᠨ ᠬᠠᠮᠠᠭᠠᠯᠠᠯᠳᠠ ᠶᠢᠨ ᠴᠢᠩᠭ᠎ᠠ ᠪᠠᠷᠢᠮᠵᠢᠶ᠎ᠠ ᠶᠢ ᠢᠯᠭᠠᠨ ᠲᠤᠭᠳᠠᠭᠠᠵᠤ᠂ | ᠡᠬᠢ ᠡᠬᠦᠰᠦᠯ ᠢ ᠨᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ᠂ ᠲᠣᠰᠢᠶᠠᠯ ᠠᠴᠠ ᠰᠠᠯᠣᠭᠰᠠᠨ ᠴᠣ᠋ ᠠᠮᠢ ᠠᠬᠤᠢ | ᠶᠢᠨ ᠲᠣᠰᠢᠶᠠᠯ ᠤᠨ ᠬᠠᠷᠢᠭᠤᠴᠠᠯᠭ᠎ᠠ ᠶᠢ ᠬᠢᠨᠠᠨ ᠪᠣᠳᠣᠬᠤ ᠲᠦᠷᠢᠮ ᠪᠣᠯᠣᠨ ᠠᠮᠢ ᠠᠬᠤᠢ ᠶᠢᠨ ᠬᠠᠷᠢᠭᠤᠴᠠᠯᠭ᠎ᠠ | ᠨᠡᠬᠡᠮᠵᠢᠯᠡᠬᠦ ᠲᠦᠷᠢᠮ ᠢ ᠬᠡᠷᠡᠭᠵᠢᠬᠦᠯᠵᠤ᠂ ᠮᠠᠯ ᠪᠡᠯᠴᠢᠬᠡᠷ ᠢ ᠲᠡᠩᠴᠡᠬᠦᠷᠢᠰᠢᠬᠦᠯᠬᠦ ᠪᠠ ᠪᠡᠯᠴᠢᠬᠡᠷᠯᠡᠬᠦᠯᠬᠦ ᠶᠢ | ᠴᠠᠭᠠᠵᠠᠯᠠᠵᠤ ᠰᠡᠯᠬᠦᠨ ᠪᠡᠯᠴᠢᠬᠡᠷᠯᠡᠬᠦᠯᠬᠦ ᠲᠦᠷᠢᠮ ᠢ ᠭᠤᠶᠢᠪᠢᠰᠢ ᠦᠭᠡᠢ ᠬᠡᠷᠡᠭᠵᠢᠬᠦᠯᠵᠤ᠂ ᠠᠮᠢ ᠠᠬᠤᠢ ᠳᠤ | ᠬᠤᠯᠪᠤᠭᠳᠠᠭᠰᠠᠨ ᠵᠦᠢᠯ ᠳᠤ ᠲᠤᠰᠢᠶᠡᠯ ᠠᠴᠠ ᠪᠠᠨ ᠰᠠᠯᠤᠭᠰᠠᠨ ᠤ ᠲᠠᠷᠠᠭ᠎ᠠ ᠬᠢᠨᠠᠨ ᠪᠤᠳᠤᠬᠤ ᠲᠦᠷᠢᠮ ᠢ | ᠰᠦᠪᠡᠭᠴᠢᠯᠡᠨ ᠲᠤᠭᠳᠠᠭᠠᠬᠤ ᠬᠡᠷᠡᠭᠳᠡᠢ᠃ ᠮᠠᠯᠵᠢᠯ ᠤᠨ ᠶᠡᠭᠡ ᠡᠷᠦᠬᠡ ᠪᠡᠯᠴᠢᠬᠡᠷ ᠤᠨ ᠲᠠᠭᠠᠭᠠᠴᠡ ᠠᠴᠠ ᠬᠡᠳᠤᠷᠡᠳᠡᠯ᠎ᠡ | ᠮᠠᠯᠵᠢᠬᠤ᠂ ᠨᠢᠭᠤᠨ ᠮᠠᠯᠵᠢᠬᠤ᠂ ᠲᠤᠷ᠎ᠠ ᠪᠠᠷ ᠮᠠᠯᠵᠢᠬᠤ ᠪᠤᠯᠤᠨ ᠪᠡᠯᠴᠢᠬᠡᠷ ᠵᠢᠬᠡᠯᠡᠵᠤ ᠮᠠᠯᠵᠢᠬᠤ ᠵᠡᠷᠭᠡ ᠠᠰᠠᠭᠤᠳᠠᠯ ᠢ | ᠲᠦᠪᠯᠡᠷᠡᠬᠦᠯᠦᠨ ᠴᠡᠪᠡᠷᠯᠡᠵᠤ᠂ ᠬᠡᠬᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ ᠬᠦᠴᠦᠯᠡᠴᠠ | ᠪᠠᠨ ᠨᠡᠮᠡᠭᠳᠡᠬᠦᠯᠵᠤ᠂ ᠬᠤᠯᠠᠭᠠᠢ ᠪᠠᠷ ᠠᠩᠨᠠᠬᠤ᠂ ᠲᠤᠷ᠎ᠠ ᠪᠠᠷ ᠤᠭᠳᠤᠯᠵᠤ᠂ ᠲᠤᠷ᠎ᠠ ᠪᠠᠷ ᠮᠠᠯᠳᠠᠬᠤ ᠵᠡᠷᠭᠡ ᠦᠢᠯᠡ | ᠠᠵᠢᠯᠯᠠᠭ᠎ᠠ ᠳᠤ ᠬᠦᠨᠳᠤ ᠴᠤᠬᠢᠯᠳᠠ ᠦᠭᠴᠤ᠂ ᠬᠡᠭᠡᠷ᠎ᠡ ᠶᠢᠨ ᠠᠮᠢᠳᠠᠨ ᠤᠷᠭᠤᠮᠠᠯ ᠤᠨ ᠤᠯᠠᠨ ᠶᠠᠩᠵᠤᠳᠤ ᠴᠢᠨᠠᠷ ᠢ | ᠬᠠᠮᠠᠭᠠᠯᠠᠬᠤ ᠬᠡᠷᠡᠭᠳᠠᠢ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ | ᠬᠤᠭᠤᠴᠠᠭᠠᠨ ᠤ ᠢᠨᠵᠧᠨᠧᠷᠢᠩ ᠲᠤ ᠲᠦᠰᠢᠭᠯᠡᠨ᠂ ᠠᠮᠢ ᠠᠬᠤᠢ ᠶᠢ ᠰᠢᠨᠵᠢᠯᠡᠬᠦ ᠤᠬᠠᠭᠠᠨᠴᠢ ᠪᠠᠷ ᠵᠠᠰᠠᠨ ᠴᠡᠭᠴᠡᠯᠡᠬᠦ | ᠪᠤᠯᠤᠨ ᠪᠠᠶᠢᠭᠤᠯᠤᠮᠵᠢ ᠶᠢᠨ ᠵᠤᠬᠢᠮᠵᠢ ᠶᠢᠨ ᠰᠢᠨ᠎ᠡ ᠶᠢ ᠡᠬᠦᠳᠬᠦ ᠶᠢ ᠴᠢᠩᠭᠠᠳᠬᠠᠵᠤ᠂ ᠬᠤᠳᠠ ᠪᠠᠯᠭᠠᠰᠤ᠂ ᠠᠶᠢᠯ | ᠲᠤᠰᠬᠤᠨ᠂ ᠴᠡᠴᠡᠷᠯᠢᠭ ᠲᠤᠭᠤᠷᠢᠭ᠂ ᠰᠠᠭᠠᠳ ᠦᠭᠡᠢ ᠵᠠᠮ ᠵᠢᠴᠢ ᠵᠠᠮ ᠲᠠᠭᠠᠤ ᠠᠭᠯᠠᠭ ᠠᠭᠤᠯᠠ ᠶᠢᠨ | ᠨᠤᠭᠤᠭᠠᠷᠠᠭᠤᠯᠤᠯᠳᠠ ᠶᠢᠨ ᠬᠦᠴᠦᠯᠡᠴᠡ ᠪᠠᠨ ᠨᠡᠮᠡᠭᠳᠡᠬᠦᠯᠵᠤ᠂ ᠰᠢᠷᠠᠮᠦ᠋ᠷᠡᠨ ᠤ ᠰᠠᠪᠠ ᠭᠠᠵᠠᠷ᠂ ᠲᠠᠯᠠᠢ ᠨᠠᠭᠤᠷ ᠤᠨ | ᠡᠷᠬᠢᠨ ᠲᠤᠭᠤᠷᠢᠨ᠂ ᠬᠤᠯᠠᠨ ᠰᠢᠷᠭ᠎ᠠ ᠳᠠᠭ᠎ᠠ ᠶᠢᠨ ᠡᠯᠡᠰᠤ᠂ ᠬᠤᠷᠴᠢᠨ ᠤ ᠡᠯᠡᠰᠤ᠂ ᠪᠠᠶᠢᠭᠠᠯᠢ ᠶᠢᠨ ᠬᠠᠮᠠᠭᠠᠯᠠᠯᠳᠠ | ᠶᠢᠨ ᠤᠷᠤᠨ᠂ ᠵᠢᠭᠤᠯᠴᠢᠯᠠᠯ ᠤᠨ ᠵᠠᠮ ᠤᠨ ᠱᠤᠭᠤᠮ ᠲᠠᠭᠠᠤ ᠵᠡᠷᠭᠡ ᠤᠷᠤᠨ ᠬᠡᠪᠴᠢᠶᠡᠨ ᠤ ᠠᠮᠢ ᠠᠬᠤᠢ ᠶᠢᠨ | ᠬᠠᠮᠠᠭᠠᠯᠠᠯᠳᠠ ᠪᠤᠯᠤᠨ ᠪᠦᠳᠦᠬᠡᠨ ᠪᠠᠶᠢᠭᠤᠯᠤᠯᠳᠠ ᠶᠢᠨ ᠠᠵᠢᠯ ᠢ ᠭᠤᠤᠯᠳᠠᠯᠭ᠎ᠠ ᠲᠠᠢ ᠠᠳᠬᠤᠵᠤ᠂ ᠵᠢᠯ ᠳᠤ ᠬᠦᠮᠦᠨ | ᠤ ᠬᠦᠴᠦ ᠪᠠᠷ ᠤᠶᠢᠵᠢᠭᠤᠯᠬᠤ ᠶᠢ 3.9 ᠲᠦᠮᠡᠨ ᠮᠤ᠋᠂ ᠢᠨᠵᠧᠨᠧᠷᠢᠩ ᠢᠶᠠᠷ ᠡᠯᠡᠰᠤ ᠶᠢ ᠲᠤᠭᠳᠠᠪᠤᠷᠢᠵᠢᠭᠤᠯᠬᠤ ᠶᠢ | 0.5 ᠲᠦᠮᠡᠨ ᠮᠤ᠋᠂ ᠨᠤᠭᠤ ᠭᠠᠵᠠᠷ ᠤᠨ ᠬᠠᠮᠠᠭᠠᠯᠠᠯᠳᠠ ᠶᠢ 220 ᠲᠦᠮᠡᠨ ᠮᠤ᠋᠂ ᠨᠡᠶᠢᠳᠠ ᠶᠢᠨ ᠠᠰᠠᠷᠠᠮᠵᠢ ᠶᠢᠨ | ᠤᠢ ᠶᠢᠨ ᠬᠠᠮᠠᠭᠠᠯᠠᠯᠳᠠ ᠶᠢ 687.3 ᠲᠦᠮᠡᠨ ᠮᠤ᠋ ᠪᠡᠶᠡᠯᠡᠬᠦᠯᠵᠤ᠂ ᠤᠰᠤ ᠬᠦᠷᠦᠰᠤ ᠶᠢ ᠬᠠᠮᠠᠭᠠᠯᠠᠨ ᠵᠠᠰᠠᠬᠤ ᠶᠢ 3. | 3 ᠲᠦᠮᠡᠨ ᠮᠤ᠋ ᠪᠡᠶᠡᠯᠡᠬᠦᠯᠵᠤ᠂ ᠤᠢ ᠰᠢᠭᠤᠢ ᠶᠢᠨ ᠪᠦᠷᠬᠦᠴᠠ ᠶᠢ 34.18% ᠪᠤᠯᠳᠠᠯ᠎ᠠ ᠲᠡᠭᠡᠭᠰᠢᠯᠡᠬᠦᠯᠬᠦ ᠬᠡᠷᠡᠭᠳᠠᠢ | ᠃ ᠤᠯᠤᠰ ᠤᠨ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠨ ᠨᠦᠬᠦᠪᠦᠷᠢᠯᠡᠬᠦ ᠲᠦᠷᠦ ᠶᠢᠨ ᠪᠤᠳᠤᠯᠭ᠎ᠠ ᠶᠢ | ᠴᠢᠩᠭ᠎ᠠ ᠬᠡᠷᠡᠭᠵᠢᠬᠦᠯᠵᠤ᠂ ᠨᠤᠳᠤᠭ ᠪᠡᠯᠴᠢᠭᠡᠷ ᠢ 70 ᠲᠦᠮᠡᠨ ᠮᠤ᠋ ᠪᠦᠳᠦᠬᠡᠨ ᠪᠠᠶᠢᠭᠤᠯᠵᠤ᠂ ᠡᠪᠡᠰᠤ ᠪᠡᠯᠴᠢᠬᠡᠷ ᠤᠨ | ᠤᠷᠭᠤᠮᠠᠯ ᠤᠨ ᠪᠦᠷᠬᠦᠴᠠ ᠶᠢᠨ ᠬᠡᠮᠵᠢᠶ᠎ᠠ ᠶᠢ 49% ᠪᠤᠯᠳᠠᠯ᠎ᠠ ᠲᠡᠭᠡᠭᠰᠢᠯᠡᠬᠦᠯᠬᠦ ᠬᠡᠷᠡᠭᠳᠠᠢ᠃ | ᠡᠬᠢ ᠪᠠᠶᠠᠯᠢᠭ ᠢ ᠡᠷᠴᠢᠮᠯᠢᠭ ᠭᠠᠮᠳᠠᠢ ᠠᠰᠢᠭᠯᠠᠬᠤ ᠬᠡᠷᠡᠭᠳᠠᠢ᠃ ᠪᠠᠶᠢᠭᠠᠯᠢ ᠶᠢᠨ ᠡᠬᠢ ᠪᠠᠶᠠᠯᠢᠭ ᠤᠨ | ᠬᠦᠷᠦᠩᠬᠡ ᠶᠢᠨ ᠥᠮᠴᠢᠯᠡᠯ ᠤᠨ ᠡᠷᠬᠡ ᠪᠤᠯᠤᠨ ᠬᠡᠷᠡᠭᠴᠡᠭᠡ ᠶᠢᠨ ᠵᠠᠬᠢᠷᠤᠨ ᠬᠠᠮᠢᠶᠠᠷᠬᠤ ᠲᠦᠷᠢᠮ ᠢ | ᠲᠡᠬᠦᠯᠳᠡᠷᠵᠢᠬᠦᠯᠵᠤ᠂ ᠡᠬᠢ ᠪᠠᠶᠠᠯᠢᠭ ᠢ ᠲᠦᠯᠦᠪᠦᠷᠢ ᠲᠠᠢ ᠬᠡᠷᠡᠭᠯᠡᠬᠦ ᠲᠦᠷᠢᠮ ᠢ ᠬᠡᠷᠡᠭᠵᠢᠬᠦᠯᠦᠨ᠎ᠡ᠃ ᠤᠯᠤᠰ ᠤᠨ | ᠨᠤᠳᠤᠭ ᠲᠡᠪᠢᠰᠬᠡᠷ ᠤᠨ ᠤᠷᠤᠨ ᠵᠠᠢ ᠶᠢ ᠨᠡᠬᠡᠬᠡᠨ ᠬᠦᠭᠵᠢᠬᠦᠯᠬᠦ ᠬᠦᠴᠦᠯᠡᠴᠠ ᠶᠢᠨ ᠬᠠᠮᠢᠶᠠᠷᠤᠯᠳᠠ ᠡᠵᠡᠮᠳᠡᠯ ᠢ | ᠴᠢᠩᠭᠠᠷᠠᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠯᠠᠭᠠᠨ ᠱᠤᠭᠤᠮ ᠢ ᠪᠠᠳᠤ ᠰᠠᠬᠢᠵᠤ᠂ ᠭᠠᠵᠠᠷ | ᠰᠢᠷᠦᠢ ᠶᠢ ᠴᠡᠭᠴᠡᠯᠡᠵᠤ ᠵᠠᠰᠠᠬᠤ ᠶᠢ 3.83 ᠲᠦᠮᠡᠨ ᠮᠤ᠋᠂ ᠰᠠᠭᠤᠭᠠᠯᠢ ᠠᠷᠠᠳ ᠤᠨ ᠬᠠᠭᠤᠴᠢᠨ ᠰᠠᠭᠤᠷᠢᠨ ᠪᠠ | ᠦᠢᠯᠡᠳᠪᠤᠷᠢ ᠠᠭᠤᠷᠬᠠᠢ ᠶᠢᠨ ᠬᠠᠶᠠᠭᠳᠠᠮᠠᠯ ᠤᠷᠤᠨ ᠢ ᠲᠡᠬᠢᠨ ᠬᠠᠭᠠᠯᠪᠤᠷᠢᠯᠠᠬᠤ ᠶᠢ 623.6 ᠮᠤ᠋ ᠪᠡᠶᠡᠯᠡᠬᠦᠯᠵᠤ᠂ | ᠲᠠᠷᠢᠶᠠᠨ ᠭᠠᠵᠠᠷ ᠢ 750 ᠮᠤ᠋ ᠰᠢᠨ᠎ᠠ ᠪᠠᠷ ᠨᠡᠮᠡᠭᠳᠡᠬᠦᠯᠬᠦ ᠬᠡᠷᠡᠭᠳᠠᠢ᠃ ᠭᠠᠵᠠᠷ ᠲᠤᠤᠷᠠᠬᠢ ᠤᠰᠤᠨ ᠤ ᠡᠬᠢ ᠪᠠᠶᠠᠯᠢᠭ | ᠢ ᠨᠡᠩ ᠢᠯᠡᠬᠦᠦ ᠬᠠᠶᠢᠷᠠᠯᠠᠨ ᠨᠠᠨᠳᠢᠩᠨᠠᠵᠤ᠂ ᠤᠰᠤᠨ ᠤ ᠰᠤᠷᠪᠤᠯᠵᠢ ᠶᠢᠨ ᠤᠷᠤᠨ ᠢ ᠦᠨᠡᠭᠬᠦ ᠬᠠᠮᠠᠭᠠᠯᠠᠵᠤ᠂ ᠤᠰᠤ | ᠠᠷᠪᠢᠯᠠᠬᠤ ᠮᠠᠯ ᠠᠵᠤ ᠠᠬᠤᠢ ᠲᠠᠷᠢᠶᠠᠯᠠᠩ ᠤᠨ ᠦᠢᠯᠡᠰ ᠢ ᠶᠡᠭᠡ ᠬᠦᠴᠦᠨ ᠢᠶᠠᠷ ᠬᠦᠭᠵᠢᠬᠦᠯᠵᠤ᠂ ᠲᠠᠷᠢᠶ᠎ᠠ ᠶᠢ | ᠦᠶᠡᠷᠯᠡᠬᠦᠯᠦᠨ ᠤᠰᠤᠯᠠᠬᠤ ᠪᠠ ᠡᠮᠬᠢ ᠵᠠᠮᠪᠠᠷᠠᠭ᠎ᠠ ᠦᠭᠡᠢ ᠪᠠᠷ ᠤᠰᠤ ᠬᠡᠷᠡᠭᠯᠡᠬᠦ ᠠᠴᠠ ᠵᠠᠶᠢᠯᠠᠰᠬᠢᠬᠦ ᠬᠡᠷᠡᠭᠳᠠᠢ︔ | ᠤᠰᠤᠨ ᠳᠤ ᠬᠤᠯᠪᠤᠭᠳᠠᠭᠰᠠᠨ ᠲᠦᠷᠦᠯ ᠵᠦᠢᠯ ᠤᠨ ᠵᠦᠪᠰᠢᠶᠡᠷᠡᠯ ᠤᠨ ᠲᠦᠷᠢᠮ ᠢ ᠴᠢᠩᠭ᠎ᠠ ᠬᠡᠷᠡᠭᠵᠢᠬᠦᠯᠵᠤ᠂ ᠠᠵᠤ | ᠦᠢᠯᠡᠳᠪᠤᠷᠢ ᠶᠢᠨ ᠡᠷᠬᠢᠯᠳᠦᠬᠦᠯᠦᠨ ᠬᠡᠷᠡᠭᠯᠡᠬᠦ ᠤᠰᠤᠨ ᠤ ᠠᠰᠢᠭᠯᠠᠯᠳᠠ ᠶᠢᠨ ᠨᠤᠷᠮ᠎ᠠ ᠶᠢ ᠲᠡᠭᠡᠭᠰᠢᠯᠡᠬᠦᠯᠬᠦ ᠬᠡᠷᠡᠭᠳᠠᠢ︔ | ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠤᠰᠤᠨ ᠤ ᠦᠨ᠎ᠡ ᠶᠢᠨ ᠬᠠᠮᠢᠶᠠᠷᠤᠯᠳᠠ ᠶᠢᠨ ᠱᠠᠳᠤᠯᠢᠭ ᠬᠡᠯᠪᠡᠷᠢ | ᠶᠢ ᠰᠦᠪᠡᠭᠴᠢᠯᠡᠨ ᠬᠡᠷᠡᠭᠵᠢᠬᠦᠯᠵᠤ᠂ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ᠂ ᠵᠦᠢ ᠵᠤᠬᠢᠰᠳᠠᠢ ᠪᠠᠷ | ᠠᠰᠢᠭᠯᠠᠬᠤ ᠶᠢ ᠪᠠᠳᠤᠯᠠᠬᠤ ᠬᠡᠷᠡᠭᠳᠠᠢ᠃ ᠪᠤᠬᠢᠷᠳᠤᠯ ᠦᠭᠡᠢ ᠠᠭᠤᠷᠬᠠᠢ ᠶᠢᠨ ᠪᠦᠳᠦᠬᠡᠨ ᠪᠠᠶᠢᠭᠤᠯᠤᠯᠳᠠ ᠶᠢ ᠱᠠᠳᠤ | ᠬᠤᠪᠢᠶᠠᠨ ᠶᠠᠪᠤᠭᠳᠠᠭᠤᠯᠵᠤ᠂ ᠬᠦᠨ ᠠᠭᠤᠷᠬᠠᠢ ᠮᠠᠯᠳᠠᠬᠤ ᠪᠠ ᠦᠯᠡᠳᠡᠬᠡᠯ ᠦᠭᠡᠢ ᠮᠠᠯᠳᠠᠵᠤ ᠲᠠᠭᠤᠰᠬᠠᠬᠤ ᠲᠡᠭᠡᠷ᠎ᠠ | ᠬᠦᠴᠦᠨ ᠢᠶᠠᠨ ᠲᠠᠯᠪᠢᠵᠤ᠂ ᠡᠬᠢ ᠪᠠᠶᠠᠯᠢᠭ ᠢ ᠲᠤᠬᠢᠷᠠᠭᠤᠯᠬᠤ ᠪᠤᠯᠤᠨ ᠲᠤᠤᠷᠠᠳᠤ ᠤᠷᠤᠰᠬᠠᠯ ᠤᠨ ᠠᠵᠤ ᠦᠢᠯᠡᠰ | ᠤᠨ ᠬᠦᠭᠵᠢᠯᠳᠠ ᠶᠢ ᠲᠦᠯᠬᠢᠨ ᠤᠷᠤᠭᠰᠢᠯᠠᠭᠤᠯᠵᠤ᠂ ᠪᠦᠬᠦ ᠠᠵᠤ ᠦᠢᠯᠡᠰ ᠤᠨ ᠬᠡᠯᠬᠢᠶᠡᠳᠤ ᠠᠵᠤ ᠠᠬᠤᠶᠢᠯᠠᠯ ᠢ | ᠲᠡᠳᠬᠦᠨ᠂ ᠦᠷᠬᠡᠳᠬᠡᠵᠤ ᠬᠦᠴᠦᠷᠬᠡᠭᠵᠢᠬᠦᠯᠬᠦ ᠬᠡᠷᠡᠭᠳᠠᠢ᠃ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠪᠤᠯᠤᠨ | ᠵᠠᠩᠬᠢᠯᠠᠭ᠎ᠠ ᠶᠢᠨ ᠭᠤᠭᠴᠤᠭ᠎ᠠ ᠶᠢᠨ ᠡᠨᠧᠷᠬᠢ ᠠᠷᠪᠢᠯᠠᠬᠤ ᠮᠡᠷᠭᠡᠵᠢᠯ ᠤᠨ ᠰᠢᠨᠡᠴᠢᠯᠡᠯᠳᠠ ᠶᠢ ᠲᠦᠷᠬᠡᠳᠬᠡᠬᠦ ᠬᠡᠷᠡᠭᠳᠠᠢ᠃ | ᠪᠦᠬᠦ ᠠᠷᠠᠳ ᠤᠨ ᠠᠷᠪᠢᠯᠠᠨ ᠭᠠᠮᠨᠠᠬᠤ ᠤᠬᠠᠮᠰᠠᠷ ᠢ ᠴᠢᠩᠭᠠᠳᠬᠠᠵᠤ᠂ ᠬᠡᠷᠡᠭᠯᠡᠬᠡᠨ ᠤ ᠦᠵᠡᠯᠳᠠ ᠶᠢ ᠦᠨᠡᠩᠬᠦ | ᠬᠤᠪᠢᠷᠠᠭᠤᠯᠵᠤ᠂ ᠠᠷᠪᠢᠯᠠᠨ ᠭᠠᠮᠨᠠᠬᠤ ᠬᠡᠯᠪᠡᠷᠢ ᠶᠢᠨ ᠨᠡᠶᠢᠬᠡᠮ ᠢ ᠴᠢᠷᠮᠠᠶᠢᠨ ᠪᠦᠳᠦᠬᠡᠨ ᠪᠠᠶᠢᠭᠤᠯᠬᠤ ᠬᠡᠷᠡᠭᠳᠠᠢ᠃ | ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠬᠤ ᠬᠡᠷᠡᠭᠳᠠᠢ᠃ ᠠᠮᠢ ᠠᠬᠤᠢ ᠶᠢᠨ | ᠤᠷᠴᠢᠨ ᠲᠤᠭᠤᠷᠢᠨ ᠤ ᠡᠪᠳᠡᠯᠭᠡ ᠶᠢᠨ ᠲᠦᠯᠦᠪᠦᠷᠢ ᠶᠢᠨ ᠲᠦᠷᠢᠮ ᠢ ᠲᠤᠭᠳᠠᠭᠠᠵᠤ᠂ ᠬᠠᠤᠯᠢ ᠪᠤᠰᠤ ᠪᠠᠷ | ᠬᠠᠶᠠᠭᠳᠠᠮᠠᠯ ᠢ ᠭᠠᠳᠠᠭᠰᠢᠯᠠᠭᠤᠯᠤᠭᠰᠠᠨ ᠡᠯ᠎ᠡ ᠵᠦᠢᠯ ᠤᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠬᠦ | ᠬᠡᠷᠡᠭᠳᠠᠢ᠃ ᠪᠤᠬᠢᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶ᠎ᠡ ᠶᠢ ᠲᠡᠭᠡᠭᠰᠢᠯᠡᠬᠦᠯᠬᠦ ᠦᠬᠡᠷᠡᠴᠢᠯᠡᠨ | ᠪᠠᠶᠢᠭᠤᠯᠬᠤ ᠢᠨᠵᠧᠨᠧᠷᠢᠩ ᠢ ᠪᠡᠶᠡᠯᠡᠬᠦᠯᠵᠤ᠂ ᠪᠤᠬᠢᠷᠳᠤᠯ ᠢ ᠵᠠᠰᠠᠵᠤ᠂ ᠬᠠᠶᠠᠭᠳᠠᠮᠠᠯ ᠢ ᠪᠠᠭᠠᠰᠬᠠᠬᠤ ᠲᠦᠬᠦᠬᠡᠷᠦᠮᠵᠢ | ᠶᠢᠨ ᠡᠷᠬᠢᠯᠳᠠ ᠳᠠᠬᠢ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ᠪᠤᠬᠢᠷᠳᠠᠭᠤᠯᠤᠯ ᠪᠤᠳᠠᠰ ᠢ ᠲᠦᠪᠯᠡᠷᠡᠬᠦᠯᠦᠨ᠂ | ᠪᠠᠷᠢᠮᠵᠢᠶ᠎ᠠ ᠳᠤ ᠬᠦᠷᠬᠡᠨ ᠭᠠᠳᠠᠭᠰᠢᠯᠠᠭᠤᠯᠬᠤ ᠶᠢ ᠲᠦᠯᠬᠢᠨ ᠠᠬᠢᠭᠤᠯᠬᠤ ᠬᠡᠷᠡᠭᠳᠠᠢ᠃ ᠤᠰᠤ᠂ ᠬᠦᠷᠦᠰᠤ᠂ ᠠᠭᠠᠷ᠂ | ᠬᠦᠨᠳᠤ ᠲᠡᠮᠦᠷᠯᠢᠭ ᠵᠡᠷᠭᠡ ᠶᠢᠨ ᠪᠤᠬᠢᠷᠳᠤᠯ ᠢ ᠬᠠᠮᠠᠭᠠᠯᠠᠨ ᠵᠠᠰᠠᠬᠤ ᠬᠦᠴᠦᠯᠡᠴᠠ ᠪᠠᠨ ᠨᠡᠮᠡᠭᠳᠡᠬᠦᠯᠵᠤ᠂ ᠲᠠᠷᠬᠠᠮᠠᠯ | ᠪᠤᠬᠢᠷᠳᠤᠯ ᠢ ᠪᠦᠳᠦᠮᠵᠢᠳᠠᠢ ᠡᠵᠡᠮᠳᠡᠬᠦ ᠬᠡᠷᠡᠭᠳᠠᠢ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ ᠤᠷᠤᠭᠤᠯᠬᠤ ᠶᠢ | ᠵᠦᠪᠰᠢᠶᠡᠷᠡᠬᠦ ᠪᠠ ᠤᠷᠴᠢᠨ ᠲᠤᠭᠤᠷᠢᠨ ᠤ ᠨᠦᠯᠦᠭᠡ ᠶᠢ ᠦᠨᠡᠯᠡᠬᠦ ᠲᠦᠷᠢᠮ ᠢ ᠴᠢᠩᠭᠠᠷᠠᠭᠤᠯᠵᠤ᠂ ᠡᠨᠧᠷᠬᠢ ᠶᠢᠨ | ᠬᠤᠷᠤᠭᠳᠠᠯ ᠦᠨᠳᠤᠷ᠂ ᠪᠤᠬᠢᠷᠳᠤᠯ ᠶᠡᠭᠡ᠂ ᠨᠡᠮᠡᠯᠳᠠ ᠦᠷᠳᠡᠭ ᠲᠤᠤᠷ᠎ᠠ ᠪᠤᠯᠤᠨ ᠭᠠᠵᠠᠷ ᠤᠨ ᠬᠦᠷᠦᠰᠤ ᠶᠢ ᠡᠪᠳᠡᠯᠬᠦ | ᠵᠡᠷᠭᠡ ᠲᠦᠷᠦᠯ ᠵᠦᠢᠯ ᠢ ᠡᠷᠡᠰ ᠴᠠᠭᠠᠵᠠᠯᠠᠬᠤ ᠬᠡᠷᠡᠭᠳᠠᠢ᠃ ᠬᠤᠳᠠ ᠬᠦᠳᠡᠭᠡ ᠶᠢᠨ ᠬᠠᠶᠠᠭᠳᠠᠮᠠᠯ᠂ ᠪᠤᠬᠢᠷ ᠤᠰᠤ᠂ | ᠪᠤᠵᠠᠷ ᠰᠢᠪᠠᠷ ᠢ ᠰᠢᠢᠳᠪᠤᠷᠢᠯᠡᠬᠦ ᠵᠡᠷᠭᠡ ᠤᠷᠴᠢᠨ ᠲᠤᠭᠤᠷᠢᠨ ᠢ ᠬᠠᠮᠠᠭᠠᠯᠠᠬᠤ ᠲᠦᠬᠦᠬᠡᠷᠦᠮᠵᠢ ᠶᠢ ᠲᠡᠬᠦᠯᠳᠡᠷᠵᠢᠬᠦᠯᠵᠤ | ᠂ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠶᠡᠷᠦᠩᠬᠡᠶᠢᠯᠡᠭᠰᠠᠨ ᠵᠠᠰᠠᠯᠳᠠ ᠶᠢ ᠬᠡᠷᠡᠭᠵᠢᠬᠦᠯᠵᠤ᠂ ᠵᠢᠯ | ᠤᠨ ᠲᠤᠳᠤᠷ᠎ᠠ᠂ 3 ᠤᠯᠤᠰ ᠤᠨ ᠲᠡᠰ ᠤᠨ ᠠᠮᠢ ᠠᠬᠤᠢ ᠶᠢᠨ ᠰᠤᠮᠤ ᠪᠠᠯᠭᠠᠰᠤ᠂ 10 ᠬᠤᠳᠠ ᠶᠢᠨ ᠲᠡᠰ ᠤᠨ | ᠠᠮᠢ ᠠᠬᠤᠢ ᠶᠢᠨ ᠲᠤᠰᠬᠤᠨ ᠢ ᠲᠡᠰ ᠲᠡᠪᠰᠢᠬᠦᠯᠬᠦ ᠶᠢ ᠲᠡᠮᠡᠴᠡᠨ ᠤᠯᠵᠤ᠂ ᠤᠯᠤᠰ ᠤᠨ ᠠᠮᠢ ᠠᠬᠤᠢ ᠶᠢᠨ | ᠬᠤᠰᠢᠭᠤ ᠶᠢᠨ ᠮᠡᠷᠬᠡᠵᠢᠯ ᠤᠨ ᠬᠢᠨᠡᠨ ᠦᠨᠡᠯᠡᠵᠤ ᠰᠢᠯᠭᠠᠨ ᠬᠤᠷᠢᠶᠠᠬᠤ ᠶᠢ ᠦᠩᠭᠡᠷᠡᠬᠦ ᠬᠡᠷᠡᠭᠳᠠᠢ᠃ | ︵ᠬᠤᠶᠠᠷ︶ ᠠᠵᠤ ᠦᠢᠯᠡᠳᠪᠣᠷᠢ ᠶᠢᠨ ᠠᠵᠤ ᠠᠬᠤᠢ ᠶᠢᠨ ᠶᠠᠰᠤ ᠴᠢᠨᠠᠷ ᠢ ᠲᠡᠭᠡᠭᠰᠢᠯᠡᠬᠦᠯᠵᠤ᠂ ᠠᠵᠤ | ᠦᠢᠯᠡᠳᠪᠤᠷᠢ ᠶᠢᠨ ᠬᠡᠯᠪᠡᠷᠢ ᠶᠢ ᠬᠤᠪᠢᠷᠭᠠᠵᠤ ᠲᠡᠰ ᠢ ᠲᠡᠪᠰᠢᠬᠦᠯᠬᠦ ᠲᠡᠭᠡᠷ᠎ᠡ ᠰᠢᠨ᠎ᠠ ᠰᠢᠪᠳᠦᠯᠦᠯᠳᠠ ᠭᠠᠷᠭᠠᠬᠤ ᠪᠠᠷ | ᠴᠢᠷᠮᠠᠶᠢᠬᠤ ᠬᠡᠷᠡᠭᠳᠠᠢ᠃ ᠠᠵᠤ ᠦᠢᠯᠡᠳᠪᠤᠷᠢ ᠶᠢ ᠬᠤᠰᠢᠭᠤᠨ ᠤ ᠬᠡᠪᠴᠢᠶᠡᠨ ᠤ ᠠᠵᠤ ᠠᠬᠤᠢ ᠶᠢᠨ ᠬᠦᠭᠵᠢᠯᠳᠠ | ᠶᠢᠨ ᠭᠤᠤᠯ ᠴᠦᠮ᠎ᠡ ᠪᠤᠯᠭᠠᠬᠤ ᠶᠢ ᠪᠠᠷᠢᠮᠳᠠᠯᠠᠵᠤ᠂ ᠲᠦᠷᠦᠯ ᠵᠦᠢᠯ ᠢᠶᠠᠷ ᠠᠴᠢᠶᠡᠯᠠᠭᠴᠢ ᠪᠤᠯᠭᠠᠵᠤ᠂ ᠬᠦᠷᠢᠶᠡᠯᠡᠩ | ᠲᠤᠭᠤᠷᠢᠭ ᠢᠶᠠᠷ ᠲᠠᠪᠴᠠᠩ ᠪᠤᠯᠭᠠᠵᠤ᠂ ᠰᠢᠨ᠎ᠠ ᠬᠡᠯᠪᠡᠷᠢ ᠶᠢᠨ ᠬᠢᠮᠢ ᠶᠢᠨ ᠠᠵᠤ ᠦᠢᠯᠡᠳᠪᠤᠷᠢ᠂ ᠲᠡᠮᠦᠷᠯᠢᠭ | ᠪᠤᠯᠪᠠᠰᠤᠷᠠᠭᠤᠯᠬᠤ ᠪᠤᠯᠤᠨ ᠴᠡᠪᠡᠷ ᠡᠨᠧᠷᠬᠢ ᠶᠢᠨ ᠭᠠᠷᠭᠠᠯᠳᠠ ᠶᠢᠨ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ | ᠶᠢ ᠲᠦᠷᠬᠡᠳᠬᠡᠵᠤ᠂ ᠠᠵᠤ ᠦᠢᠯᠡᠳᠪᠤᠷᠢ ᠶᠢᠨ ᠠᠵᠤ ᠠᠬᠤᠢ ᠶᠢᠨ ᠬᠤᠪᠢᠷᠠᠯᠳᠠ ᠶᠢᠨ ᠶᠠᠪᠤᠴᠠ ᠳᠤ ᠶᠡᠷᠦᠩᠬᠡᠢ | ᠬᠡᠮᠵᠢᠶ᠎ᠡ ᠪᠠᠨ ᠦᠷᠬᠡᠳᠬᠡᠵᠤ᠂ ᠪᠦᠳᠦᠴᠠ ᠶᠢ ᠰᠢᠯᠢᠳᠡᠭᠵᠢᠬᠦᠯᠵᠤ᠂ ᠶᠠᠰᠤ ᠴᠢᠨᠠᠷ ᠢ ᠰᠠᠶᠢᠵᠢᠷᠠᠭᠤᠯᠵᠤ᠂ ᠪᠦᠳᠦᠮᠵᠢ | ᠶᠢ ᠲᠡᠭᠡᠭᠰᠢᠯᠡᠬᠦᠯᠬᠦ ᠶᠢ ᠠᠬᠢᠭᠤᠯᠬᠤ ᠬᠡᠷᠡᠭᠳᠠᠢ᠃ | ᠲᠤᠯᠭᠠᠭᠤᠷᠢᠯᠠᠭᠴᠢ ᠠᠵᠤ ᠦᠢᠯᠡᠰ ᠤᠨ ᠬᠡᠪᠴᠢᠶ᠎ᠡ ᠶᠢ ᠦᠷᠬᠡᠳᠬᠡᠬᠦ ᠬᠡᠷᠡᠭᠳᠠᠢ᠃ ᠠᠵᠤ ᠠᠬᠤᠶᠢᠯᠠᠯ ᠤᠨ | ᠲᠦᠬᠦᠬᠡᠢ ᠮᠠᠲ᠋ᠧᠷᠢᠶᠡᠯ ᠤᠨ ᠬᠠᠩᠭᠠᠯᠭ᠎ᠠ᠂ ᠢᠳᠡᠬᠡᠮᠵᠢᠳᠤ ᠵᠢᠬᠡᠯᠡᠯᠭᠡ ᠶᠢᠨ ᠲᠡᠮᠵᠢᠯᠭᠡ᠂ ᠴᠠᠬᠢᠯᠭᠠᠨ ᠬᠦᠴᠦᠨ ᠤ | ᠪᠠᠳᠤᠯᠠᠭ᠎ᠠ᠂ ᠦᠢᠯᠡᠳᠬᠦᠨ ᠤ ᠪᠤᠷᠤᠯᠠᠭᠤᠯᠭ᠎ᠠ ᠵᠡᠷᠭᠡ ᠪᠤᠳᠠᠳᠤ ᠠᠰᠠᠭᠤᠳᠠᠯ ᠢ ᠢᠳᠡᠪᠬᠢᠳᠠᠢ ᠪᠠᠷ ᠬᠠᠮᠵᠢᠨ ᠲᠤᠰᠠᠯᠠᠵᠤ | ᠂ ᠦᠢᠯᠡᠳᠪᠤᠷᠢᠯᠡᠯ ᠵᠤᠭᠰᠤᠭᠰᠠᠨ᠂ ᠦᠢᠯᠡᠳᠪᠤᠷᠢᠯᠡᠯ ᠬᠠᠭᠠᠰ ᠵᠤᠭᠰᠤᠭᠰᠠᠨ ᠠᠵᠤ ᠠᠬᠤᠶᠢᠯᠡᠯ ᠢ 2 ᠰᠠᠷ᠎ᠠ ᠶᠢᠨ | ᠰᠡᠬᠦᠯᠴᠢ ᠠᠴᠠ ᠡᠮᠤᠨ᠎ᠠ ᠦᠢᠯᠡᠳᠪᠤᠷᠢᠯᠡᠯ ᠢ ᠪᠦᠬᠦ ᠲᠠᠯ᠎ᠠ ᠪᠠᠷ ᠰᠡᠷᠬᠦᠬᠡᠵᠤ᠂ ᠦᠢᠯᠡᠳᠪᠦᠷᠢᠯᠡᠵᠤ ᠪᠦᠬᠦᠢ ᠠᠵᠤ | ᠠᠬᠤᠶᠢᠯᠠᠯ ᠤᠨ ᠪᠦᠷᠢᠨ ᠲᠠᠭᠠᠭᠠᠴᠠ ᠪᠠᠷ ᠠᠵᠢᠯᠯᠠᠬᠤ ᠶᠢ ᠵᠤᠷᠢᠭᠵᠢᠭᠤᠯᠬᠤ ᠬᠡᠷᠡᠭᠳᠠᠢ᠃ ᠳ᠋ᠠ ᠲᠠᠩ ᠤᠯᠠᠨ ᠤᠯᠤᠰ | ᠤᠨ ᠨᠡᠬᠦᠷᠡᠰᠤ ᠶᠢ ᠬᠡᠶᠢᠵᠢᠬᠦᠯᠬᠦ Ⅱ ᠰᠢᠷᠢᠰ ᠢ ᠠᠰᠢᠭᠯᠠᠯᠳᠠ ᠳᠤ ᠤᠷᠤᠭᠤᠯᠵᠤ᠂ ᠦᠷ᠎ᠠ ᠠᠰᠢᠭ ᠬᠦᠷᠳᠡᠬᠦ ᠳᠤ | ᠬᠦᠷᠬᠡᠬᠦ ᠪᠠᠷ ᠬᠦᠴᠦᠯᠡᠨ ᠴᠢᠷᠮᠠᠶᠢᠵᠤ᠂ ᠬᠤᠶᠠᠳᠤᠭᠠᠷ ᠬᠤᠭᠤᠴᠠᠭᠠᠨ ᠤ 40 ᠳ᠋ᠦᠩᠰᠢᠭᠤᠷ ᠺᠦᠪ ᠮᠧᠲᠷ/ᠵᠢᠯ ᠤᠨ | ᠲᠦᠷᠦᠯ ᠵᠦᠢᠯ ᠤᠨ ᠡᠮᠤᠨᠡᠬᠢ ᠬᠤᠭᠤᠴᠠᠭᠠᠨ ᠤ ᠠᠵᠢᠯ ᠤᠨ ᠠᠬᠢᠴᠠ ᠶᠢ ᠲᠦᠷᠬᠡᠳᠬᠡᠵᠤ᠂ ᠬᠡᠤᠳᠠᠰᠤᠨ ᠳᠤ | ᠤᠰᠤᠳᠦ᠋ᠷᠦᠭᠴᠢ ᠨᠡᠮᠡᠬᠦ᠂ ᠪᠦᠳᠦᠬᠦᠯᠢᠭ ᠹᠧᠨᠤᠯ ᠢ ᠨᠠᠷᠢᠯᠢᠭ ᠪᠤᠯᠪᠠᠰᠤᠷᠠᠭᠤᠯᠬᠤ᠂ ᠹᠧᠨᠤᠯ ᠠᠯᠳᠢᠭᠢᠳ᠋ ᠤᠨ ᠲᠠᠪᠠᠷᠬᠠᠢ | ᠶᠢᠨ ᠲᠦᠷᠦᠯ ᠵᠦᠢᠯ ᠤᠨ ᠠᠰᠢᠭᠯᠠᠯᠳᠠ ᠡᠵᠡᠩᠨᠡᠯᠳᠠ ᠳᠤ ᠤᠷᠤᠬᠤ ᠶᠢ ᠪᠠᠳᠤᠯᠠᠬᠤ ᠬᠡᠷᠡᠭᠳᠠᠢ᠃ ᠮᠧᠲ᠋ᠢᠯ ᠠᠯᠺᠤᠤᠯ ᠢ | ᠲᠤᠬᠢᠷᠠᠭᠤᠯᠬᠤ᠂ LNG ᠵᠡᠷᠭᠡ ᠬᠡᠯᠬᠢᠶᠡᠰᠤ ᠶᠢ ᠤᠷᠳᠤᠳᠬᠠᠵᠤ ᠨᠦᠬᠦᠪᠦᠷᠢᠯᠡᠬᠦ ᠲᠦᠷᠦᠯ ᠵᠦᠢᠯ ᠢ ᠢᠳᠡᠪᠬᠢᠳᠠᠢ | ᠲᠦᠯᠬᠢᠨ ᠠᠬᠢᠭᠤᠯᠵᠤ᠂ ᠨᠡᠬᠦᠷᠡᠰᠤ ᠬᠢᠮᠢ ᠶᠢᠨ ᠠᠵᠤ ᠦᠢᠯᠡᠳᠪᠤᠷᠢ ᠶᠢᠨ ᠠᠵᠤ ᠠᠬᠤᠶᠢᠯᠠᠯ ᠢ ᠴᠢᠭ᠋ ᠬᠡᠯᠪᠡᠷᠢ ᠶᠢᠨ | ᠪᠠᠶᠢᠷᠢᠯᠠᠯ ᠠᠴᠠ ᠬᠡᠯᠬᠢᠶᠡᠵᠢᠭᠰᠡᠨ ᠬᠡᠯᠪᠠᠷᠢ ᠶᠢᠨ ᠪᠠᠶᠢᠷᠢᠯᠠᠯ ᠲᠡᠰᠢ ᠬᠤᠪᠢᠷᠠᠬᠤ ᠶᠢ ᠲᠦᠯᠬᠢᠨ ᠠᠬᠢᠭᠤᠯᠵᠤ᠂ | ᠪᠦᠯᠦᠭᠯᠡᠯ ᠬᠡᠯᠪᠡᠷᠢ ᠶᠢᠨ ᠬᠦᠭᠵᠢᠯᠳᠠ ᠶᠢ ᠪᠡᠶᠡᠯᠡᠬᠦᠯᠬᠦ ᠬᠡᠷᠡᠭᠳᠠᠢ᠃ ᠬᠦᠨ ᠬᠡᠰᠡᠭ ᠤᠨ ᠠᠭᠤᠷᠬᠠᠢ ᠶᠢ ᠬᠠᠶᠢᠬᠤ | ᠪᠤᠯᠤᠨ ᠭᠠᠳᠠᠷ ᠬᠦᠷᠢᠶ᠎ᠡ ᠶᠢᠨ ᠲᠠᠯᠳᠠ ᠬᠦᠴᠦᠨ ᠢ ᠠᠭᠤᠳᠠᠯᠬᠤ ᠬᠦᠴᠦᠯᠡᠴᠠ ᠪᠠᠨ ᠨᠡᠮᠡᠭᠳᠡᠬᠦᠯᠵᠤ᠂ ᠠᠭᠤᠷᠬᠠᠢ ᠶᠢᠨ | ᠭᠠᠷᠤᠯᠳᠠ ᠶᠢᠨ ᠡᠬᠢ ᠪᠠᠶᠠᠯᠢᠭ ᠤᠨ ᠨᠦᠬᠡᠴᠠ ᠬᠦᠴᠦᠨ ᠢ ᠲᠡᠭᠡᠭᠰᠢᠯᠡᠬᠦᠯᠬᠦ ᠬᠡᠷᠡᠭᠳᠠᠢ᠃ ᠠᠭᠤᠷᠬᠠᠢ ᠶᠢᠨ ᠡᠷᠬᠡ ᠶᠢᠨ | ᠤᠬᠤᠷᠢᠨ ᠭᠠᠷᠬᠤ ᠲᠤᠭᠳᠠᠯᠴᠠᠭ᠎ᠠ ᠶᠢ ᠪᠠᠶᠢᠭᠤᠯᠵᠤ᠂ ᠲᠠᠪᠠᠭᠤᠯᠢᠭ ᠬᠦᠴᠤᠨ ᠪᠦᠬᠦᠢ ᠠᠭᠤᠷᠬᠠᠢ ᠶᠢᠨ ᠭᠠᠷᠤᠯᠳᠠ | ᠶᠢᠨ ᠡᠬᠢ ᠪᠠᠶᠠᠯᠢᠭ ᠤᠨ ᠬᠤᠩᠭᠤ ᠶᠢᠨ ᠠᠭᠤᠷᠬᠠᠢ᠂ ᠦᠪᠦᠷ ᠮᠤᠩᠭᠤᠯ ᠤᠨ ᠭᠠᠵᠠᠷ ᠰᠢᠨᠵᠢᠯᠡᠭᠡ ᠠᠭᠤᠷᠬᠠᠢ ᠶᠢᠨ | ᠦᠢᠯᠡᠰ ᠤᠨ ᠪᠦᠯᠦᠭᠯᠡᠯ ᠵᠡᠷᠭᠡ ᠪᠤᠳᠠᠳᠤ ᠬᠦᠴᠦᠨ ᠪᠦᠬᠦᠢ ᠲᠤᠮᠤ ᠠᠵᠤ ᠠᠬᠤᠶᠢᠯᠠᠯ᠂ ᠲᠤᠮᠤ ᠪᠦᠯᠦᠭᠯᠡᠯ ᠲᠡᠰᠢ | ᠴᠤᠭᠯᠠᠷᠠᠬᠤ ᠶᠢ ᠲᠦᠯᠬᠢᠨ ᠠᠬᠢᠭᠤᠯᠵᠤ᠂ ᠬᠠᠮᠤᠭ ᠶᠡᠭᠡ ᠬᠡᠮᠵᠢᠶ᠎ᠡ ᠪᠠᠷ ᠬᠢᠵᠠᠭᠠᠷ ᠲᠠᠢ ᠡᠬᠢ ᠪᠠᠶᠠᠯᠢᠭ ᠢ ᠰᠠᠶᠢᠳᠤᠷ | ᠠᠰᠢᠭᠯᠠᠬᠤ ᠬᠡᠷᠡᠭᠳᠠᠢ᠃ ᠷᠥᠩ ᠪᠠᠩ᠂ ᠢᠦᠢ ᠪᠤᠤ᠂ ᠳ᠋ᠠ ᠳ᠋ᠢ ᠠᠭᠤᠷᠬᠠᠢ ᠶᠢᠨ ᠦᠢᠯᠡᠰ ᠤᠨ ᠰᠤᠩᠭᠤᠬᠤ ᠲᠦᠷᠦᠯ | ᠵᠦᠢᠯ ᠢ ᠡᠬᠢᠯᠡᠬᠦᠯᠵᠤ᠂ ᠬᠤᠩᠭᠤ ᠶᠢᠨ Ⅲ ᠲᠤᠭᠤᠷᠢᠭ ᠤᠨ ᠲᠤᠤᠷ᠎ᠠ ᠠᠭᠤᠯᠤᠭᠳᠠᠴᠠ ᠲᠠᠢ ᠠᠭᠤᠷᠬᠠᠢ ᠶᠢᠨ | ᠶᠡᠷᠦᠩᠬᠡᠶᠢᠯᠡᠭᠰᠡᠨ ᠠᠰᠢᠭᠯᠠᠯᠳᠠ ᠶᠢᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠵᠢᠯ ᠢ ᠡᠬᠢᠯᠡᠬᠦᠯᠵᠤ᠂ | ᠲᠦᠩ ᠳ᠋ᠠ ᠶᠢᠨ ᠡᠯ ᠪᠠ ᠳ᠋ᠢ᠂ ᠶᠢᠨ ᠳ᠋ᠦ᠋ ᠶᠢᠨ ᠱᠢ ᠳ᠋ᠢ᠂ ᠶᠥᠩ ᠰᠢᠩ᠂ ᠭᠤᠸᠠᠩ ᠳ᠋ᠠ᠂ ᠠᠯᠳᠠᠨ ᠤᠳᠤ᠂ | ᠪᠠᠷᠠᠭᠤᠨ ᠬᠤᠶᠢᠳᠤ ᠶᠢᠨ ᠠᠭᠤᠷᠬᠠᠢ ᠶᠢᠨ ᠬᠦᠳᠡᠷ ᠰᠤᠩᠭᠤᠬᠤ ᠪᠠ ᠢᠩᠳᠤ᠂ ᠬᠢᠩᠭᠠᠨ ᠤ ᠮᠡᠷᠬᠡᠵᠢᠯ ᠤᠨ | ᠦᠬᠡᠷᠡᠴᠢᠯᠡᠯᠳᠠ ᠶᠢᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠵᠤ᠂ ᠡᠳᠤᠷ ᠪᠦᠷᠢ ᠶᠢᠨ | ᠬᠦᠳᠡᠷ ᠰᠤᠩᠭᠤᠬᠤ ᠴᠢᠳᠠᠯ ᠢ 5000 ᠲᠤᠨ᠂ ᠵᠢᠯ ᠪᠦᠷᠢ ᠶᠢᠨ ᠴᠠᠬᠢᠯᠭᠠᠨ ᠢᠶᠠᠷ ᠬᠠᠷ᠎ᠠ ᠲᠤᠭᠤᠯᠭ᠎ᠠ | ᠪᠤᠯᠪᠠᠰᠤᠷᠠᠭᠤᠯᠬᠤ ᠴᠢᠳᠠᠯ ᠢ 2 ᠲᠦᠮᠡᠨ ᠲᠤᠨ ᠰᠢᠨ᠎ᠠ ᠪᠠᠷ ᠨᠡᠮᠡᠭᠳᠡᠬᠦᠯᠬᠦ ᠬᠡᠷᠡᠭᠳᠠᠢ᠃ ᠬᠤᠸᠠ ᠨᠧᠩ ᠪᠦᠯᠦᠭᠯᠡᠯ | ᠤᠨ ᠱᠤ᠋ ᠱᠧᠩ ᠳᠤ᠂ ᠬᠤᠸᠠ ᠳ᠋ᠢᠶᠠᠨ ᠪᠦᠯᠦᠭᠯᠡᠯ ᠤᠨ ᠤᠤᠳᠤᠬᠤᠢ ᠳᠤ ᠲᠤᠰᠪᠤᠷᠢ 30 ᠲᠦᠮᠡᠨ ᠺᠢᠯᠦᠸᠠᠲ | ᠰᠠᠯᠬᠢᠨ ᠬᠦᠴᠦᠨ ᠤ ᠴᠠᠬᠢᠯᠭᠠᠨ ᠢ ᠨᠡᠬᠡᠬᠡᠨ ᠬᠦᠭᠵᠢᠬᠦᠯᠬᠦ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ | ᠠᠵᠢᠯ ᠢ ᠡᠬᠢᠯᠡᠬᠦᠯᠵᠤ᠂ ᠭᠦᠸᠧ ᠬᠤᠩ ᠤᠨ ᠲᠡᠮᠡᠭᠡᠳᠤ ᠲᠠᠶᠢᠰᠠ ᠶᠢᠨ 30 ᠲᠦᠮᠡᠨ ᠺᠢᠯᠦᠸᠠᠲ ᠤᠨ ᠰᠠᠯᠬᠢᠨ | ᠴᠠᠬᠢᠯᠭᠠᠨ ᠢ ᠨᠡᠬᠡᠬᠡᠨ ᠬᠦᠭᠵᠢᠬᠦᠯᠬᠦ ᠲᠦᠷᠦᠯ ᠵᠦᠢᠯ ᠤᠨ ᠲᠤᠤᠷᠵᠢᠯ ᠨᠡᠶᠢᠯᠡᠬᠦᠯᠵᠤ ᠴᠡᠬᠢᠯᠭᠠᠨ ᠡᠬᠦᠰᠬᠡᠬᠦ ᠶᠢ | ᠪᠠᠳᠤᠯᠠᠬᠤ ᠬᠡᠷᠡᠭᠳᠠᠢ᠃ ᠤᠯᠤᠰ ᠤᠨ ᠡᠨᠧᠷᠬᠢ ᠶᠢᠨ ᠰᠤᠷᠪᠤᠯᠵᠢ ᠶᠢᠨ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ | ᠶᠢᠨ ᠬᠤᠪᠢᠷᠠᠯᠳᠠ ᠶᠢ ᠢᠳᠡᠪᠬᠢᠳᠠᠢ ᠲᠠᠭᠠᠵᠤ᠂ ᠯᠠᠩ ᠴᠧᠩ ᠿᠦᠢ ᠹᠧᠩ ᠤᠨ Ⅱ᠂ Ⅲ ᠬᠤᠭᠤᠴᠠᠭ᠎ᠠ ᠶᠢᠨ 10 | ᠲᠦᠮᠡᠨ ᠺᠢᠯᠤᠸᠠᠲ ᠰᠠᠯᠬᠢᠨ ᠴᠠᠬᠢᠯᠭᠠᠨ᠂ ᠳ᠋ᠠ ᠲᠠᠩ ᠤᠨ 2 × 66 ᠲᠦᠮᠡᠨ ᠺᠢᠯᠦᠸᠠᠲ ᠭᠠᠯ ᠴᠠᠬᠢᠯᠭᠠᠨ᠂ | ᠤᠯᠤᠰ ᠤᠨ ᠲᠤᠤᠷᠵᠢᠯ ᠤᠨ 4 × 30 ᠲᠦᠮᠡᠨ ᠺᠢᠯᠤᠸᠠᠲ ᠤᠨ ᠤᠰᠤ ᠲᠠᠳᠠᠨ ᠡᠨᠧᠷᠬᠢ ᠬᠠᠳᠠᠭᠠᠯᠠᠬᠤ ᠴᠠᠬᠢᠯᠭᠠᠨ | ᠦᠷᠳᠡᠭᠡ᠂ ᠲᠤᠮᠳᠠᠳᠤ ᠤᠯᠤᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠪᠦᠯᠦᠭᠯᠡᠯ ᠺᠤᠮᠫᠠᠨᠢ ᠶᠢᠨ | 20 ᠲᠦᠮᠡᠨ ᠺᠢᠯᠦᠸᠠᠲ ᠤᠨ ᠭᠡᠷᠡᠯ ᠴᠠᠬᠢᠯᠭᠠᠨ ᠡᠬᠦᠰᠬᠡᠬᠦ ᠵᠡᠷᠭᠡ ᠲᠦᠷᠤᠯ ᠵᠦᠢᠯ ᠤᠨ ᠡᠮᠤᠨᠡᠬᠢ ᠬᠤᠭᠤᠴᠠᠭᠠᠨ ᠤ | ᠠᠵᠢᠯ ᠤᠨ ᠡᠮᠬᠢ ᠴᠡᠭᠴᠠ ᠲᠠᠢ ᠪᠠᠶᠢᠬᠤ ᠶᠢ ᠲᠦᠯᠬᠢᠨ ᠠᠬᠢᠭᠤᠯᠵᠤ᠂ ᠰᠠᠯᠬᠢ᠂ ᠬᠡᠷᠡᠯ᠂ ᠤᠰᠤ᠂ ᠨᠡᠬᠦᠷᠡᠰᠤ ᠶᠢᠨ | ᠪᠦᠬᠦ ᠲᠠᠯ᠎ᠠ ᠶᠢᠨ ᠬᠦᠭᠵᠢᠯᠳᠠ ᠶᠢ ᠪᠡᠶᠡᠯᠡᠬᠦᠯᠬᠦ ᠬᠡᠷᠡᠭᠳᠠᠢ᠃ | ᠬᠦᠷᠢᠶᠡᠯᠡᠩ ᠲᠤᠭᠤᠷᠢᠭ ᠤᠨ ᠲᠦᠪᠯᠡᠷᠡᠬᠦᠯᠬᠦ ᠬᠦᠴᠦᠨ ᠢ ᠲᠡᠭᠡᠭᠰᠢᠯᠡᠬᠦᠯᠬᠦ ᠬᠡᠷᠡᠭᠳᠠᠢ᠃ ᠪᠠᠭ᠎ᠠ ᠬᠤᠳᠠ | ᠪᠠᠯᠭᠠᠰᠤ ᠶᠢᠨ ᠪᠠᠷᠢᠮᠵᠢᠶ᠎ᠠ ᠪᠠᠷ ᠬᠦᠷᠢᠶᠡᠯᠡᠩ ᠲᠤᠭᠤᠷᠢᠭ ᠤᠨ ᠬᠠᠮᠢᠶᠠᠷᠤᠯᠳᠠ ᠦᠢᠯᠡᠴᠢᠯᠡᠬᠡᠨ ᠤ ᠲᠤᠭᠤᠷᠢᠭ ᠤᠨ | ᠪᠦᠳᠦᠬᠡᠨ ᠪᠠᠶᠢᠭᠤᠯᠤᠯᠳᠠ ᠶᠢ ᠪᠠᠶᠢᠷᠢᠯᠠᠭᠤᠯᠵᠤ᠂ ᠨᠡᠶᠢᠬᠡᠮ ᠨᠡᠶᠢᠳᠠ ᠶᠢᠨ ᠤᠶᠢᠯᠡᠴᠢᠯᠡᠭᠡ ᠪᠠ ᠬᠤᠳᠠᠯᠳᠤᠭᠠᠨ ᠤ | ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢ 10 ᠲᠦᠮᠡᠨ ᠺᠦᠸᠠᠳ᠋ ᠮᠧᠲᠷ ᠪᠡᠶᠡᠯᠡᠬᠦᠯᠵᠤ᠂ ᠬᠦᠷᠢᠶᠡᠯᠡᠩ | ᠲᠤᠭᠤᠷᠢᠭ ᠤᠨ ᠬᠦᠭᠵᠢᠯᠳᠠ ᠶᠢᠨ ᠲᠡᠰ ᠪᠠ ᠬᠢᠷᠢ ᠲᠦᠪᠰᠢᠨ ᠢ ᠲᠡᠭᠡᠭᠰᠢᠯᠡᠬᠦᠯᠬᠦ ᠬᠡᠷᠡᠭᠳᠠᠢ᠃ ᠰᠢᠨ᠎ᠡ ᠮᠠᠶ᠋ᠢᠭ ᠤᠨ | ᠹᠧᠯᠤᠷ ᠢᠶᠠᠷ ᠬᠦᠯᠳᠡᠬᠡᠬᠦ ᠡᠳ᠋ ᠬᠢᠬᠦ᠂ ᠪᠡᠬᠡᠵᠢᠩ ᠬᠤᠳᠠ ᠶᠢᠨ ᠰᠢᠨ᠎ᠠ ᠡᠨᠧᠷᠬᠢ ᠰᠠᠯᠬᠢᠨ ᠬᠦᠴᠦᠨ ᠤ | ᠴᠤᠭᠴᠠᠯᠪᠤᠷᠢ ᠶᠢ ᠦᠢᠯᠡᠳᠬᠦ ᠲᠦᠷᠦᠯ ᠵᠦᠢᠯ ᠤᠨ ᠪᠠᠷᠢᠯᠭ᠎ᠠ ᠲᠠᠭᠤᠰᠴᠤ ᠡᠵᠡᠩᠨᠡᠯᠳᠠ ᠳᠤ ᠤᠷᠤᠬᠤ ᠶᠢ ᠪᠠᠳᠤᠯᠠᠵᠤ᠂ | ᠵᠦᠩ ᠬᠠᠢ ᠶᠢᠤ LNG᠂ ᠳ᠋ᠠ ᠰᠢᠩ ᠪᠤᠭᠤᠳᠠᠯ ᠵᠡᠷᠭᠡ ᠲᠦᠷᠦᠯ ᠵᠦᠢᠯ ᠤᠨ ᠡᠮᠤᠨ᠎ᠡ ᠬᠤᠭᠤᠴᠠᠭᠠᠨ ᠤ ᠠᠵᠢᠯ ᠢ | ᠢᠳᠡᠪᠬᠢᠳᠠᠢ ᠪᠠᠷ ᠲᠦᠯᠬᠢᠨ ᠠᠬᠢᠭᠤᠯᠬᠤ ᠬᠡᠷᠡᠭᠳᠠᠢ᠃ ᠵᠢᠯ ᠳᠤ᠂ ᠬᠦᠷᠢᠶᠡᠯᠡᠩ ᠲᠤᠭᠤᠷᠢᠭ ᠤᠨ ᠪᠤᠷᠤᠯᠠᠭᠤᠯᠭ᠎ᠠ ᠶᠢᠨ | ᠤᠷᠤᠯᠭ᠎ᠠ ᠶᠢ 54 ᠳ᠋ᠦᠩᠰᠢᠭᠤᠷ ᠲᠦᠬᠦᠷᠢᠭ ᠪᠡᠶᠡᠯᠡᠬᠦᠯᠬᠦ ᠬᠡᠷᠡᠭᠳᠠᠢ᠃ ᠠᠵᠤ ᠦᠢᠯᠡᠰ ᠤᠨ ᠬᠠᠷᠢᠯᠴᠠᠨ | ᠨᠦᠬᠦᠪᠦᠷᠢᠯᠡᠬᠦ ᠴᠢᠨᠠᠷ ᠢᠶᠠᠷ ᠴᠢᠩᠭ᠎ᠠ ᠬᠦᠷᠢᠶᠡᠯᠠᠩ ᠲᠤᠭᠤᠷᠢᠭ ᠤᠨ ᠬᠤᠭᠤᠷᠤᠨᠳᠤᠬᠢ ᠶᠠᠪᠤᠯᠴᠠᠭ᠎ᠠ ᠪᠤᠯᠤᠨ | ᠬᠠᠮᠵᠢᠯᠴᠠᠭ᠎ᠠ ᠶᠢ ᠦᠨᠡᠩᠬᠦ ᠦᠷᠬᠡᠳᠬᠡᠵᠤ᠂ ᠲᠡᠭᠡᠳᠤ ᠰᠢᠨ᠎ᠠ ᠮᠡᠷᠬᠡᠵᠢᠯ ᠤᠨ ᠬᠡᠯᠪᠡᠷᠢ ᠶᠢᠨ ᠠᠵᠤ ᠦᠢᠯᠡᠰ ᠪᠤᠯᠤᠨ | ᠬᠦᠳᠡᠯᠮᠦᠷᠢ ᠨᠢᠭᠳᠠ ᠬᠡᠯᠪᠡᠷᠢ ᠶᠢᠨ ᠠᠵᠤ ᠦᠢᠯᠡᠰ ᠢ ᠲᠠᠭᠠᠭᠤᠯᠤᠨ ᠤᠷᠤᠭᠤᠯᠬᠤ ᠶᠢ ᠲᠦᠷᠬᠡᠳᠬᠡᠵᠤ᠂ ᠬᠦᠷᠢᠶᠡᠯᠡᠩ | ᠲᠤᠭᠤᠷᠢᠭ ᠤᠨ ᠠᠵᠤ ᠦᠢᠯᠡᠰ ᠤᠨ ᠲᠦᠬᠦᠷᠵᠢᠯ᠂ ᠠᠵᠤ ᠦᠢᠯᠡᠰ ᠤᠨ ᠤᠷᠳᠤᠳᠬᠠᠯ᠂ ᠠᠵᠤ ᠦᠢᠯᠡᠰ ᠤᠨ | ᠲᠦᠪᠯᠡᠷᠡᠯ ᠢ ᠴᠢᠷᠮᠠᠶᠢᠨ ᠪᠡᠶᠡᠯᠡᠬᠦᠯᠵᠤ᠂ ᠦᠪᠡᠷᠳᠡᠬᠡᠨ ᠵᠠᠰᠠᠬᠤ ᠤᠷᠤᠨ ᠤ ᠲᠡᠰ ᠤᠨ ᠠᠵᠤ ᠦᠢᠯᠡᠳᠪᠤᠷᠢ ᠶᠢᠨ | ᠲᠤᠭᠤᠷᠢᠭ ᠪᠤᠯᠭᠠᠨ ᠲᠡᠪᠰᠢᠬᠦᠯᠬᠦ ᠶᠢ ᠴᠢᠷᠮᠠᠶᠢᠨ ᠲᠡᠮᠡᠴᠡᠵᠤ᠂ ᠦᠪᠡᠷᠳᠡᠬᠡᠨ ᠵᠠᠰᠠᠬᠤ ᠤᠷᠤᠨ ᠤ ᠲᠡᠰ ᠤᠨ ᠰᠢᠨ᠎ᠠ | ᠬᠡᠯᠪᠡᠷᠢ ᠶᠢᠨ ᠠᠵᠤ ᠦᠢᠯᠡᠳᠪᠤᠷᠢᠵᠢᠭ᠍ᠰᠡᠨ ᠰᠠᠭᠤᠷᠢᠨ ᠭᠠᠵᠠᠷ ᠤᠨ ᠡᠩᠨᠡᠬᠡᠨ ᠳᠤ ᠲᠡᠪᠰᠢᠨ ᠤᠷᠤᠭᠤᠯᠬᠤ ᠬᠡᠷᠡᠭᠳᠠᠢ᠃ | ᠲᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠦᠭᠵᠢᠯᠳᠠ ᠶᠢ ᠲᠦᠷᠭᠡᠳᠭᠡᠬᠦ ᠬᠡᠷᠡᠭᠳᠠᠢ᠃ ︽ᠵᠠᠭᠤᠨ | ᠪᠠᠭ᠎ᠠ ᠵᠢᠵᠢᠭ ᠠᠵᠤ ᠠᠬᠤᠶᠢᠯᠠᠯ ᠢ ᠬᠦᠭᠵᠢᠬᠦᠯᠬᠦ ᠢᠨᠵᠧᠨᠧᠷᠢᠩ︾ ᠢ ᠦᠷᠬᠦᠯᠵᠢᠯᠡᠨ ᠬᠡᠷᠡᠭᠵᠢᠬᠦᠯᠬᠦ ᠬᠡᠷᠡᠭᠳᠠᠢ᠃ | ᠲᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠲᠦᠪ ᠢ ᠪᠠᠶᠢᠭᠤᠯᠤᠨ᠂ ᠡᠨᠧᠷᠬᠢ ᠠᠷᠪᠢᠯᠠᠨ | ᠤᠷᠴᠢᠨ ᠲᠤᠭᠤᠷᠢᠨ ᠢ ᠬᠠᠮᠠᠭᠠᠯᠠᠬᠤ᠂ ᠲᠧᠭᠨᠢᠭ ᠮᠡᠷᠭᠡᠵᠢᠯ ᠳᠤ ᠰᠢᠨ᠎ᠠ ᠶᠢ ᠡᠬᠦᠳᠬᠦ᠂ ᠨᠡᠷᠡᠳᠤ ᠲᠡᠮᠳᠡᠭ ᠡᠬᠦᠳᠬᠦ᠂ | ᠵᠠᠬ᠎ᠠ ᠲᠡᠯᠭᠡᠬᠦᠷ ᠢ ᠦᠷᠭᠡᠳᠭᠡᠬᠦ ᠵᠡᠷᠭᠡ ᠲᠦᠷᠦᠯ ᠤᠨ ᠲᠤᠮᠳᠠ ᠪᠠᠭ᠎ᠠ ᠵᠢᠵᠢᠭ ᠠᠵᠤ ᠠᠬᠤᠶᠢᠯᠠᠯ ᠢ ᠲᠡᠳᠬᠦᠬᠦ ᠲᠦᠷᠦ | ᠶᠢᠨ ᠪᠤᠳᠤᠯᠭ᠎ᠠ ᠶᠢᠨ ᠬᠦᠴᠦᠯᠡᠴᠨ ᠪᠠᠨ ᠴᠢᠩᠭᠠᠳᠬᠠᠬᠤ ᠬᠡᠷᠡᠭᠳᠠᠢ︔ ᠲᠤᠮᠳᠠ ᠪᠠᠭ᠎ᠠ ᠵᠢᠵᠢᠭ ᠠᠵᠤ ᠠᠬᠤᠶᠢᠯᠠᠯᠳᠠᠨ | ᠤ ᠨᠡᠶᠢᠭᠡᠮᠯᠢᠭ ᠢ ᠪᠠᠶᠢᠭᠤᠯᠤᠨ᠂ ᠠᠵᠤ ᠠᠬᠤᠶᠢᠯᠠᠯ ᠤᠨ ᠢᠳᠡᠭᠡᠮᠵᠢ ᠶᠢᠨ ᠲᠤᠭᠳᠠᠯᠴᠠᠭᠠᠨ ᠤ ᠪᠠᠶᠢᠭᠤᠯᠤᠯᠳᠠ ᠶᠢ | ᠲᠦᠷᠭᠡᠳᠭᠡᠵᠤ᠂ ᠦᠨᠡᠨᠴᠢ ᠢᠳᠡᠭᠡᠮᠵᠢᠳᠠᠢ ᠡᠵᠡᠩᠨᠡᠯᠳᠠ ᠶᠢᠨ ᠤᠷᠴᠢᠨ ᠢ ᠪᠦᠷᠢᠯᠳᠦᠬᠦᠯᠬᠦ ᠬᠡᠷᠡᠭᠳᠠᠢ︔ ᠲᠤᠮᠳᠠ | ᠪᠠᠭ᠎ᠠ ᠵᠢᠵᠢᠭ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠲᠤᠭᠤᠷᠢᠭ ᠢ ᠪᠡᠯᠡᠳᠭᠡᠨ ᠪᠠᠶᠢᠭᠤᠯᠵᠤ᠂ ᠠᠵᠤ ᠠᠬᠤᠶᠢᠯᠠᠯ | ᠢ ᠬᠦᠷᠢᠶᠡᠯᠡᠩ ᠲᠤᠭᠤᠷᠢᠭ ᠲᠤ ᠤᠳᠤᠷᠢᠳᠤᠨ ᠤᠷᠤᠭᠤᠯᠵᠤ ᠡᠷᠴᠢᠮᠵᠢᠬᠦᠯᠦᠨ ᠬᠦᠭᠵᠢᠬᠦᠯᠬᠦ ᠬᠡᠷᠡᠭᠳᠠᠢ︔ ᠰᠲ᠋ᠤᠺ ᠤᠨ | ᠡᠷᠭᠡ ᠶᠢ ᠲᠡᠨᠵᠢᠯᠡᠬᠤ᠂ ᠤᠢ ᠰᠢᠭᠤᠢ ᠶᠢᠨ ᠡᠷᠭᠡ ᠶᠢ ᠪᠠᠷᠢᠴᠠᠭᠠᠯᠠᠬᠤ᠂ ᠺᠤᠮᠫᠠᠨᠢ ᠠᠴᠠ ᠪᠠᠳᠤᠯᠠᠬᠤ᠂ ᠠᠵᠤ | ᠠᠬᠤᠶᠢᠯᠠᠯ ᠬᠤᠯᠪᠤᠭᠠᠯᠠᠨ ᠪᠠᠳᠤᠯᠠᠬᠤ᠂ ᠨᠠᠰᠤᠵᠢᠯ ᠤᠨ ᠲᠠᠭᠠᠳᠬᠠᠯ ᠤᠨ ᠵᠢᠬᠡᠯᠡᠯᠭᠡ ᠶᠢ ᠪᠠᠳᠤᠯᠠᠨ ᠲᠠᠭᠠᠭᠠᠴᠢᠯᠠᠬᠤ | ᠵᠡᠷᠭᠡ ᠮᠦᠩᠬᠦᠨ ᠬᠦᠢᠯᠭᠡᠭᠡᠨ ᠤ ᠪᠦᠳᠦᠭᠡᠭᠳᠡᠬᠦᠨ ᠢ ᠬᠦᠭᠵᠢᠬᠦᠯᠦᠨ᠂ ᠠᠵᠤ ᠠᠬᠤᠶᠢᠯᠠᠯ ᠤᠨ ᠪᠡᠯᠨ ᠬᠤᠷᠠᠮᠳᠤᠭᠤᠯᠵᠤ | ᠪᠡᠯᠨ ᠤᠷᠤᠭᠤᠯᠬᠤ ᠠᠷᠭ᠎ᠠ ᠵᠠᠮ ᠢ ᠦᠷᠭᠡᠳᠭᠡᠬᠦ ᠬᠡᠷᠡᠭᠳᠠᠢ᠃ ᠤᠳᠤ ᠪᠠᠶᠢᠭ᠎ᠠ ᠲᠤᠮᠳᠠ ᠪᠠᠭ᠎ᠠ ᠵᠢᠵᠢᠭ ᠠᠵᠤ | ᠠᠬᠤᠶᠢᠯᠠᠯ ᠢ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠤᠷᠢ᠂ ᠵᠢᠭᠤᠯᠴᠢᠯᠠᠯ᠂ ᠮᠠᠯ ᠲᠠᠷᠢᠶᠠᠯᠠᠩ ᠤᠨ | ᠪᠦᠳᠦᠭᠡᠭᠳᠡᠬᠦᠨ ᠢ ᠪᠤᠯᠪᠠᠰᠤᠷᠠᠭᠤᠯᠬᠤ ᠵᠡᠷᠭᠡ ᠲᠠᠪᠠᠭᠤᠯᠢᠭ ᠤᠨᠴᠠᠯᠢᠭᠳᠤ ᠠᠵᠤ ᠦᠢᠯᠡᠰ ᠤᠨ ᠲᠤᠭᠤᠷᠢᠨ ᠳᠤ | ᠲᠦᠬᠦᠷᠵᠢᠬᠦᠯᠦᠨ ᠬᠠᠮᠵᠢᠯᠴᠠᠬᠤ ᠪᠠ ᠮᠦᠷᠳᠡᠨ ᠦᠢᠯᠡᠴᠢᠯᠡᠭᠡ ᠶᠢ ᠰᠠᠶᠢᠳᠤᠷ ᠬᠢᠬᠦ ᠶᠢ ᠵᠤᠷᠢᠭᠵᠢᠭᠤᠯᠤᠨ᠂ | ᠲᠤᠰᠬᠠᠶᠢᠵᠢᠭᠰᠠᠨ᠂ ᠨᠠᠷᠢᠯᠢᠭᠵᠢᠭᠰᠠᠨ᠂ ᠤᠨᠴᠠᠯᠢᠭᠵᠢᠭᠰᠠᠨ᠂ ᠰᠢᠨ᠎ᠠ ᠬᠡᠯᠪᠡᠷᠢᠵᠢᠭᠰᠡᠨ ᠬᠦᠭᠵᠢᠯᠳᠠ ᠶᠢᠨ ᠵᠠᠮ ᠢᠶᠠᠷ | ᠵᠠᠮᠨᠠᠭᠤᠯᠬᠤ ᠬᠡᠷᠡᠭᠳᠠᠢ᠃ | ︵ᠭᠤᠷᠪᠠ︶ ᠮᠠᠯ ᠠᠵᠤ ᠠᠬᠤᠢ ᠲᠠᠷᠢᠶᠠᠯᠠᠩ ᠤᠨ ᠰᠠᠭᠤᠷᠢ ᠪᠤᠯᠬᠤ ᠪᠠᠶᠢᠷᠢ ᠰᠠᠭᠤᠷᠢ ᠶᠢ ᠴᠢᠩᠭᠠᠳᠬᠠᠨ᠂ | ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠠ ᠶᠢᠨ ᠲᠠᠯ᠎ᠠ ᠪᠠᠷ ᠰᠢᠨ᠎ᠠ ᠰᠢᠪᠳᠤᠯᠤᠯᠳᠠ | ᠭᠠᠷᠭᠠᠬᠤ ᠪᠠᠷ ᠬᠦᠴᠦᠯᠡᠨ ᠴᠢᠷᠮᠠᠶᠢᠬᠤ ᠬᠡᠷᠡᠭᠳᠠᠢ᠃ ᠡᠷᠴᠢᠮᠵᠢᠭᠰᠡᠨ᠂ ᠰᠢᠯᠢᠳᠡᠭ ᠡᠬᠦᠯᠳᠡᠷᠵᠢᠭᠰᠡᠨ᠂ | ᠪᠠᠷᠢᠮᠵᠢᠶᠠᠵᠢᠭᠰᠠᠨ᠂ ᠠᠵᠤ ᠦᠢᠯᠡᠰᠵᠢᠭᠰᠡᠨ ᠬᠦᠭᠵᠢᠯᠳᠠ ᠶᠢᠨ ᠴᠢᠭᠯᠡᠯ ᠢ ᠪᠠᠳᠤ ᠡᠵᠡᠮᠳᠡᠵᠤ᠂ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠨᠡᠷᠡᠳᠣ ᠲᠡᠮᠳᠡᠭ ᠤᠨ ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠵᠣ᠂ ᠪᠤᠬᠢᠷᠳᠤᠯ ᠦᠭᠡᠢ ᠨᠡᠷᠡᠳᠤ | ᠤᠷᠭᠠᠨᠢᠭ ᠢᠳᠡᠭᠡᠨ ᠢ ᠦᠢᠯᠡᠳᠪᠤᠷᠢᠯᠡᠨ ᠪᠤᠯᠪᠠᠰᠤᠷᠠᠭᠤᠯᠬᠤ ᠰᠠᠭᠤᠷᠢᠨ ᠭᠠᠵᠠᠷ ᠢ ᠴᠤᠭᠴᠠᠯᠠᠨ᠂ ᠮᠠᠯ ᠠᠵᠤ ᠠᠬᠤᠢ | ᠲᠠᠷᠢᠶᠠᠯᠠᠩ ᠤᠨ ᠶᠡᠷᠦᠩᠭᠡᠢ ᠦᠢᠯᠡᠳᠪᠤᠷᠢᠯᠡᠯ ᠤᠨ ᠴᠢᠳᠠᠪᠬᠢ ᠶᠢ ᠲᠠᠰᠤᠷᠠᠯᠳᠠ ᠦᠭᠡᠢ ᠲᠡᠭᠡᠭᠰᠢᠯᠡᠬᠦᠯᠬᠦ ᠬᠡᠷᠡᠭᠳᠠᠢ᠃ | ᠮᠠᠯ ᠠᠵᠤ ᠠᠬᠤᠢ ᠲᠠᠷᠢᠶᠠᠯᠠᠩ ᠤᠨ ᠪᠦᠳᠦᠴᠨ ᠶᠢᠨ ᠲᠤᠬᠢᠷᠠᠭᠤᠯᠤᠯᠳᠠ ᠶᠢ ᠲᠦᠯᠬᠢᠨ ᠠᠬᠢᠭᠤᠯᠬᠤ ᠬᠡᠷᠡᠭᠳᠠᠢ | ᠃ ᠲᠠᠯᠠᠪᠠᠢ ᠶᠢ ᠲᠤᠭᠳᠠᠭᠤᠨ ᠪᠠᠶᠢᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠨ᠂ ᠤᠨᠠᠯᠳᠠ ᠶᠢ | ᠨᠡᠮᠡᠭᠳᠡᠬᠦᠯᠬᠦ ᠵᠠᠷᠴᠢᠮ ᠶᠤᠰᠤᠭᠠᠷ ᠠᠮᠤ ᠪᠤᠳᠠᠭᠠᠨ ᠤ ᠭᠠᠷᠤᠯᠳᠠ ᠶᠢ ᠲᠤᠭᠳᠠᠭᠤᠨ ᠨᠡᠮᠡᠭᠳᠡᠬᠦᠯᠬᠦ ᠠᠵᠢᠯᠯᠠᠭ᠎ᠠ ᠶᠢ | ᠯᠠᠪᠳᠠᠭᠤᠨ ᠪᠠᠳᠤᠳᠠᠢ ᠦᠷᠨᠢᠬᠦᠯᠵᠤ᠂ ᠲᠠᠷᠢᠮᠠᠯ ᠤᠨ ᠵᠦᠢᠯᠡᠰ ᠤᠨ ᠲᠠᠷᠢᠶᠠᠯᠠᠬᠤ ᠲᠠᠯᠠᠪᠠᠢ ᠶᠢ 133 ᠲᠦᠮᠡᠨ ᠮᠤ᠋ | ᠤᠷᠴᠢᠮ᠂ ᠠᠮᠤ ᠪᠤᠳᠠᠭ᠎ᠠ ᠪᠤᠷᠴᠠᠭ ᠤᠨ ᠶᠡᠷᠦᠩᠭᠡᠢ ᠤᠨᠠᠯᠳᠠ ᠶᠢ 6 ᠳ᠋ᠦᠩᠰᠢᠭᠤᠷ ᠵᠢᠩ ᠤᠷᠴᠢᠮ ᠳᠤ | ᠲᠤᠭᠳᠠᠪᠤᠷᠢᠵᠢᠭᠤᠯᠬᠤ ᠶᠢ ᠪᠡᠶᠡᠯᠡᠬᠦᠯᠵᠤ᠂ ᠠᠮᠤ ᠪᠤᠳᠠᠭᠠᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠪᠠᠳᠤᠯᠠᠬᠤ | ᠬᠡᠷᠡᠭᠳᠠᠢ᠃ ᠲᠦᠮᠦᠰᠤᠨ ᠤ ᠰᠢᠯᠢᠳᠡᠭ ᠡᠬᠦᠯᠳᠡᠷ ᠢ ᠪᠤᠶᠢᠵᠢᠭᠤᠯᠬᠤ ᠪᠠ ᠬᠤ᠋ ᠯᠤᠤᠪᠠᠩ ᠢ ᠡᠮᠦᠨᠡᠰᠢ ᠨᠡᠬᠦᠯᠭᠡᠨ | ᠲᠠᠷᠢᠬᠤ ᠢᠨᠵᠧᠨᠧᠷᠢᠩ ᠢ ᠬᠦᠨᠵᠡᠭᠡᠢ ᠬᠡᠷᠡᠭᠵᠢᠬᠦᠯᠦᠨ᠂ ᠲᠠᠷᠢᠶᠠᠯᠠᠬᠤ ᠲᠠᠯᠠᠪᠠᠢ ᠶᠢ ᠲᠤᠰᠪᠤᠷᠢ 35 ᠲᠦᠮᠡᠨ ᠮᠤ᠋ ᠪᠠ | 12 ᠲᠦᠮᠡᠨ ᠮᠤ᠋ ᠳᠤ ᠬᠦᠷᠭᠡᠬᠦ ᠬᠡᠷᠡᠭᠳᠠᠢ᠃ ᠮᠠᠯᠵᠢᠬᠤ ᠤᠷᠤᠨ ᠳᠤ ᠦᠷᠡᠵᠢᠬᠦᠯᠵᠤ ᠲᠠᠷᠢᠶᠠᠯᠠᠬᠤ ᠤᠷᠤᠨ ᠳᠤ | ᠦᠰᠬᠡᠬᠦ ᠪᠠ ᠦᠷᠡᠵᠢᠬᠦᠯᠵᠤ ᠦᠰᠬᠡᠬᠦ ᠶᠢ ᠤᠶᠠᠯᠳᠤᠭᠤᠯᠬᠤ ᠶᠢ ᠪᠠᠷᠢᠮᠳᠠᠯᠠᠵᠤ᠂ ᠮᠠᠯ ᠠᠵᠤ ᠠᠬᠤᠢ ᠶᠢᠨ | ᠦᠢᠯᠡᠳᠪᠤᠷᠢᠯᠡᠯ ᠤᠨ ᠬᠡᠯᠪᠡᠷᠢ ᠶᠢ ᠦᠨᠡᠩᠬᠦ ᠬᠤᠪᠢᠷᠠᠭᠤᠯᠤᠨ᠂ ᠬᠡᠷ ᠪᠦᠯᠢ ᠶᠢᠨ ᠮᠠᠯᠵᠢᠯ ᠤᠨ ᠲᠠᠯᠠᠪᠠᠢ᠂ ᠡᠷᠦᠭᠡ | ᠬᠤᠯᠪᠤᠭᠠᠯᠠᠭᠰᠠᠨ ᠮᠠᠯᠵᠢᠯ ᠤᠨ ᠲᠠᠯᠠᠪᠠᠢ᠂ ᠤᠨᠴᠠᠯᠢᠭᠳᠤ ᠲᠡᠵᠢᠭᠡᠨ ᠦᠷᠡᠵᠢᠬᠦᠯᠬᠦ ᠦᠢᠯᠡᠰ ᠪᠠ ᠬᠡᠪᠴᠢᠶᠡᠵᠢᠭᠰᠡᠨ | ᠲᠡᠵᠢᠭᠡᠨ ᠦᠷᠡᠵᠢᠬᠦᠯᠬᠦ ᠦᠢᠯᠡᠰ ᠢ ᠲᠡᠯᠭᠡᠷᠡᠬᠦᠯᠵᠤ᠂ ᠵᠤᠤ ᠤᠳᠠ ᠶᠢᠨ ᠠᠯᠠᠰᠢᠨ ᠬᠤᠨᠢ ᠪᠠ ᠠᠯᠠᠰᠢᠨ ᠭᠠᠯᠠᠭᠤ ᠶᠢ | ᠲᠡᠵᠢᠭᠡᠨ ᠦᠷᠡᠵᠢᠬᠦᠯᠬᠦ ᠬᠡᠪᠴᠢᠶ᠎ᠠ ᠶᠢ ᠲᠤᠰᠪᠤᠷᠢ 60 ᠲᠦᠮᠡ ᠪᠠ 50 ᠲᠦᠮᠨ ᠳᠤ ᠬᠦᠷᠬᠡᠵᠣ᠂ ᠰᠠᠭᠠᠯᠢ ᠶᠢᠨ | ᠢᠮᠠᠭ᠎ᠠ ᠲᠡᠵᠢᠬᠡᠨ ᠦᠷᠡᠵᠢᠬᠦᠯᠬᠦ ᠮᠡᠷᠬᠡᠵᠢᠯ ᠢ ᠲᠠᠳᠠᠨ ᠣᠷᠣᠭᠤᠯᠵᠣ ᠲᠡᠯᠬᠡᠷᠡᠬᠦᠯᠬᠦ ᠬᠡᠷᠡᠭᠳᠠᠢ᠃ ᠪᠦᠳᠦᠭᠡᠨ | ᠪᠠᠶᠢᠭᠤᠯᠬᠤ ᠬᠡᠯᠪᠡᠷᠢ ᠶᠢᠨ ᠮᠠᠯ ᠠᠵᠤ ᠠᠬᠤᠢ ᠶᠢ ᠶᠡᠭᠡᠪᠡᠷ ᠬᠦᠭᠵᠢᠬᠦᠯᠦᠨ᠂ ᠠᠯᠠᠰᠢᠨ ᠦᠭᠡᠷ᠂ ᠠᠯᠠᠰᠢᠨ ᠬᠤᠨᠢ | ᠲᠡᠵᠢᠭᠡᠨ ᠦᠷᠡᠵᠢᠬᠦᠯᠬᠦ 4 ᠲᠤᠭᠤᠷᠢᠭ᠂ 6 ᠪᠠᠷᠢᠮᠵᠢᠶᠠᠵᠢᠭᠰᠠᠨ ᠬᠡᠪᠴᠢᠶᠡᠳᠤ ᠲᠡᠵᠢᠭᠡᠨ ᠦᠷᠡᠵᠢᠬᠦᠯᠬᠦ ᠲᠠᠯᠠᠪᠠᠢ᠂ 4 | ᠲᠦᠮᠡᠨ ᠲᠡᠭᠰᠢ ᠲᠦᠷᠪᠡᠯᠵᠢᠨ ᠮᠧᠲᠷ ᠬᠠᠰᠢᠶ᠎ᠠ ᠰᠠᠷᠠᠪᠴᠢ ᠶᠢ ᠰᠢᠨ᠎ᠠ ᠪᠠᠷ ᠪᠠᠶᠢᠭᠤᠯᠤᠨ᠂ 14 ᠲᠦᠮᠡᠨ ᠲᠤᠯᠤᠭᠠᠢ | ᠠᠯᠠᠰᠢᠨ ᠦᠭᠡᠷ᠂ 110 ᠲᠦᠮᠡᠨ ᠲᠦᠮᠡᠨ ᠲᠤᠯᠤᠭᠠᠢ ᠠᠯᠠᠰᠢᠨ ᠬᠤᠨᠢ ᠶᠢ ᠬᠤᠳᠠᠯᠳᠤᠨ᠂ ᠬᠦᠮᠦᠨ ᠤ ᠬᠦᠴᠤ ᠪᠠᠷ | ᠡᠪᠡᠰᠤ ᠲᠠᠷᠢᠬᠤ ᠶᠢ 55 ᠲᠦᠮᠡᠨ ᠮᠤ᠋ ᠬᠡᠷᠡᠭᠵᠢᠬᠦᠯᠬᠦ ᠬᠡᠷᠡᠭᠳᠠᠢ᠃ | ᠮᠠᠯ ᠠᠵᠤ ᠠᠬᠤᠢ ᠶᠢᠨ ᠰᠠᠭᠤᠷᠢ ᠨᠦᠬᠦᠴᠡᠯ ᠢ ᠰᠠᠶᠢᠵᠢᠷᠠᠭᠤᠯᠬᠤ ᠬᠡᠷᠡᠭᠳᠠᠢ᠃ ᠦᠨᠳᠦᠷ ᠦᠷ᠎ᠠ ᠠᠰᠢᠭᠳᠤ | ᠤᠰᠤ ᠠᠷᠪᠢᠯᠠᠬᠤ ᠲᠠᠷᠢᠶᠠᠯᠠᠩ ᠢ ᠶᠡᠬᠡᠪᠡᠷ ᠬᠦᠭᠵᠢᠬᠦᠯᠦᠨ᠂ ᠲᠠᠪᠦ ᠨᠢᠭᠡ ᠶᠢᠨ ᠲᠤᠮᠳᠠ ᠬᠡᠯᠪᠡᠷᠢ ᠶᠢᠨ ᠤᠰᠤᠯᠠᠯᠳᠠ | ᠶᠢᠨ ᠲᠤᠭᠤᠷᠢᠭ ᠤᠨ ᠤᠰᠤ ᠠᠷᠪᠢᠯᠠᠬᠤ ᠲᠦᠬᠦᠷᠵᠢᠬᠦᠯᠦᠭᠰᠡᠨ ᠦᠭᠡᠷᠡᠴᠢᠯᠡᠯᠳᠠ ᠶᠢᠨⅠ ᠬᠤᠭᠤᠴᠠᠭᠠᠨ ᠤ | ᠢᠨᠵᠧᠨᠧᠷᠢᠩ ᠢ ᠲᠠᠭᠤᠰᠬᠠᠵᠤ᠂ ᠪᠦᠷᠬᠦᠬᠦᠯ ᠪᠦᠷᠬᠦᠬᠦ᠂ ᠲᠤᠰᠤᠯᠠᠭᠤᠯᠤᠨ ᠤᠰᠤᠯᠠᠬᠤ᠂ ᠬᠤᠭᠤᠯᠠᠢ ᠪᠠᠷ ᠤᠰᠤᠯᠠᠬᠤ | ᠪᠠ ᠰᠦᠷᠴᠢᠨ ᠤᠰᠤᠯᠠᠬᠤ ᠮᠡᠷᠭᠡᠵᠢᠯ ᠢ ᠢᠳᠡᠪᠬᠢᠳᠠᠢ ᠲᠦᠭᠡᠮᠡᠯᠵᠢᠬᠦᠯᠦᠨ᠂ ᠤᠰᠤ ᠠᠷᠪᠢᠯᠠᠨ ᠤᠨᠠᠯᠳᠠ ᠨᠡᠮᠡᠭᠳᠡᠬᠦᠯᠬᠦ | ᠶᠢ 4.15 ᠲᠦᠮᠡᠨ ᠮᠤ᠋ ᠬᠡᠷᠡᠭᠵᠢᠬᠦᠯᠵᠤ᠂ 1 ᠲᠦᠮᠡᠨ ᠮᠤ᠋ ᠲᠤᠮᠳᠠ ᠲᠤᠤᠷ᠎ᠠ ᠤᠨᠠᠯᠳᠠᠳᠤ ᠲᠠᠷᠢᠶ᠎ᠠ ᠶᠢ ᠦᠭᠡᠷᠡᠴᠢᠯᠡᠬᠦ | ᠬᠡᠷᠡᠭᠳᠠᠢ᠃ 2000 ᠮᠤ᠋ ᠲᠦᠬᠦᠭᠡᠷᠦᠮᠵᠢᠳᠤ ᠲᠠᠷᠢᠶᠠᠯᠠᠩ᠂ 1 ᠲᠦᠮᠡᠨ ᠮᠤ᠋ ᠬᠠᠮᠠᠭᠠᠯᠠᠯᠳᠠ ᠶᠢᠨ ᠴᠢᠨᠠᠷ ᠲᠠᠢ | ᠲᠠᠷᠢᠶᠠᠯᠠᠩ ᠢ ᠰᠢᠨ᠎ᠠ ᠪᠠᠷ ᠨᠡᠮᠡᠭᠳᠡᠬᠦᠯᠦᠨ᠂ ᠬᠦᠷᠦᠰᠤ ᠶᠢ ᠨᠢ ᠬᠡᠮᠵᠢᠨ ᠪᠤᠷᠳᠤᠭᠤᠷ ᠲᠤᠬᠢᠷᠠᠭᠤᠯᠬᠤ ᠶᠢ 40 ᠲᠦᠮᠡᠨ | ᠮᠤ᠋ ᠲᠦᠭᠡᠮᠡᠯᠵᠢᠬᠦᠯᠬᠦ ᠬᠡᠷᠡᠭᠳᠠᠢ᠃ ᠬᠦᠮᠦᠨ ᠮᠠᠯ ᠤᠨ ᠤᠤᠭᠤᠬᠤ ᠤᠰᠤᠨ ᠤ ᠢᠨᠵᠧᠨᠧᠷᠢᠩ ᠢ 89 ᠴᠢᠭ᠋ ᠲᠤ ᠰᠢᠨ᠎ᠠ | ᠪᠠᠷ ᠪᠠᠶᠢᠭᠤᠯᠬᠤ ᠬᠡᠷᠡᠭᠳᠠᠢ᠃ ᠤᠯᠤᠰ ᠤᠨ ᠮᠠᠯ ᠲᠠᠷᠢᠶᠠᠯᠠᠩ ᠤᠨ ᠪᠦᠳᠦᠭᠡᠭᠳᠡᠬᠦᠨ ᠤ ᠴᠢᠨᠠᠷ ᠤᠨ ᠠᠶᠤᠯᠬᠦᠢ ᠶᠢᠨ | ᠬᠢᠨᠠᠨ ᠬᠠᠮᠢᠶᠠᠷᠤᠯᠳᠠ ᠶᠢᠨ ᠵᠢᠱᠢᠶ᠎ᠠ ᠦᠵᠡᠬᠦᠯᠬᠦ ᠬᠤᠰᠢᠭᠤ ᠶᠢ ᠪᠠᠶᠢᠭᠤᠯᠬᠤ ᠠᠵᠢᠯ ᠢ ᠡᠬᠢᠯᠡᠬᠦᠯᠦᠨ᠂ ᠦᠨᠳᠦᠰᠦᠨ | ᠲᠠᠷᠢᠶᠠᠨ ᠭᠠᠵᠠᠷ ᠲᠤ ᠪᠤᠷᠳᠤᠭᠤᠷ ᠤᠷᠤᠭᠤᠯᠵᠤ ᠡᠮ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠪᠠᠨ ᠦᠨᠡᠩᠬᠦ | ᠴᠢᠩᠭᠠᠳᠬᠠᠨ᠂ ᠲᠠᠷᠢᠮᠠᠯ ᠤᠨ ᠵᠦᠢᠯᠡᠰ ᠤᠨ ᠡᠪᠡᠳᠴᠢᠨ ᠬᠤᠷᠤᠬᠠᠢ ᠶᠢᠨ ᠭᠠᠮᠰᠢᠭ ᠢ ᠨᠢᠭᠡᠳᠦᠯᠳᠠᠢ ᠰᠡᠷᠭᠡᠶᠢᠯᠡᠨ | ᠨᠢᠭᠡᠳᠦᠯᠳᠠᠢ ᠵᠠᠰᠠᠬᠤ ᠶᠢ ᠲᠦᠯᠬᠢᠨ ᠠᠬᠢᠭᠤᠯᠵᠤ᠂ ᠠᠮᠢᠳᠠᠨ ᠤ ᠬᠢᠵᠢᠭ ᠬᠡᠮ ᠢ ᠰᠡᠷᠭᠡᠶᠢᠯᠡᠨ ᠬᠤᠷᠢᠭᠯᠠᠬᠤ ᠠᠵᠢᠯ | ᠤᠨ ᠬᠦᠴᠦᠯᠡᠴᠨ ᠶᠢ ᠴᠢᠩᠭᠠᠳᠬᠠᠨ᠂ ᠮᠠᠯ ᠲᠠᠷᠢᠶᠠᠯᠠᠩ ᠤᠨ ᠪᠦᠳᠦᠭᠡᠭᠳᠡᠬᠦᠨ ᠤ ᠡᠬᠢ ᠡᠬᠦᠰᠤᠯ ᠢ ᠡᠷᠢᠬᠦ ᠲᠦᠷᠢᠮ ᠢ | ᠰᠦᠪᠡᠭᠴᠢᠯᠡᠨ ᠪᠠᠶᠢᠭᠤᠯᠵᠤ᠂ ᠭᠠᠷᠤᠯᠳᠠ ᠶᠢᠨ ᠤᠷᠤᠨ ᠤ ᠤᠷᠴᠢᠨ ᠲᠤᠭᠤᠷᠢᠨ ᠢ ᠴᠡᠪᠡᠷᠰᠢᠬᠦᠯᠦᠨ᠂ ᠢᠳᠡᠭᠡᠨ | ᠤᠮᠳᠠᠭᠠᠨ ᠤ ᠵᠦᠢᠯᠡᠰ ᠤᠨ ᠠᠶᠤᠯᠬᠦᠢ ᠶᠢ ᠪᠠᠳᠤᠯᠠᠬᠤ ᠬᠡᠷᠡᠭᠳᠠᠢ᠃ ᠰᠠᠶᠢᠨ ᠰᠠᠶᠢᠬᠠᠨ ᠮᠠᠯᠵᠢᠵᠤ ᠲᠠᠷᠢᠶᠠᠯᠠᠬᠤ | ᠤᠷᠴᠢᠨ ᠢ ᠴᠤᠭᠴᠠᠯᠠᠨ᠂ ᠲᠤᠰᠬᠠᠢ ᠮᠡᠷᠭᠡᠵᠢᠯ ᠤᠨ ᠮᠠᠯᠴᠢᠨ ᠲᠠᠷᠢᠶᠠᠴᠢᠨ ᠤ ᠡᠩᠨᠡᠭᠡᠨ ᠤ ᠪᠠᠶᠢᠭᠤᠯᠤᠯᠳᠠ ᠶᠢ | ᠲᠦᠯᠬᠢᠨ ᠠᠬᠢᠭᠤᠯᠵᠤ᠂ ᠰᠢᠨ᠎ᠠ ᠮᠠᠶ᠋ᠢᠭ ᠤᠨ ᠮᠠᠯᠴᠢᠨ ᠲᠠᠷᠢᠶᠠᠴᠢᠨ ᠢ ᠬᠦᠮᠦᠵᠢᠬᠦᠯᠬᠦ ᠬᠡᠷᠡᠭᠳᠠᠢ᠃ ᠡᠪᠡᠰᠤ | ᠠᠷᠪᠢᠯᠠᠬᠤ ᠲᠡᠵᠢᠭᠡᠯ ᠤᠨ ᠤᠩᠭᠤᠴᠨ᠂ ᠬᠢᠵᠢᠭ ᠢ ᠰᠡᠷᠭᠡᠶᠢᠯᠡᠬᠦ ᠬᠡᠷᠡᠰᠭᠡ ᠵᠡᠷᠭᠡ ᠮᠠᠯ ᠲᠠᠷᠢᠶᠠᠯᠠᠩ ᠤᠨ ᠪᠤᠳᠠᠳᠤ | ᠬᠡᠷᠡᠭᠯᠡᠭᠡᠨ ᠤ ᠮᠠᠰᠢᠨ ᠪᠠᠭᠠᠵᠢ ᠶᠢ ᠰᠠᠶᠢᠵᠢᠷᠠᠭᠤᠯᠤᠨ ᠲᠦᠭᠡᠮᠡᠯᠵᠢᠬᠦᠯᠵᠤ᠂ ᠭᠤᠤᠯᠳᠠᠯᠭᠠᠳᠤ ᠠᠵᠤ ᠦᠢᠯᠡᠰ ᠪᠠ | ᠵᠠᠩᠬᠢᠯᠠᠭ᠎ᠠ ᠶᠢᠨ ᠭᠤᠭᠴᠤᠭᠠᠨ ᠤ ᠠᠵᠢᠯᠯᠠᠭ᠎ᠠ ᠶᠢᠨ ᠮᠠᠰᠢᠨᠴᠢᠯᠠᠭᠰᠠᠨ ᠬᠢᠷᠢ ᠲᠦᠪᠰᠢᠨ ᠢ 85% ᠠᠴᠠ ᠲᠡᠭᠡᠭᠰᠢ | ᠪᠠᠶᠢᠯᠭᠠᠬᠤ ᠬᠡᠷᠡᠭᠳᠠᠢ᠃ | ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠭᠰᠡᠨ ᠡᠵᠡᠩᠨᠡᠯᠳᠠ ᠶᠢ ᠬᠡᠷᠡᠭᠵᠢᠬᠦᠯᠬᠦ ᠬᠡᠷᠡᠭᠳᠠᠢ᠃ | ᠢᠦᠢ ᠿᠦᠨ ᠢᠳᠡᠭᠡᠨ ᠪᠤᠯᠪᠠᠰᠤᠷᠠᠭᠤᠯᠬᠤ ᠲᠦᠷᠦᠯ ᠵᠦᠢᠯ ᠢ ᠪᠠᠶᠢᠭᠤᠯᠬᠤ ᠶᠢ ᠪᠡᠶᠡᠯᠡᠬᠦᠯᠤᠨ ᠡᠵᠡᠩᠨᠡᠬᠦ ᠶᠢ | ᠪᠠᠳᠤᠯᠠᠵᠤ᠂ ᠦᠷ᠎ᠠ ᠶᠢᠨ ᠭᠠᠯᠠᠭᠤ ᠶᠢ ᠨᠡᠪᠴᠢᠬᠦᠯᠬᠦ ᠰᠠᠭᠤᠷᠢᠨ ᠭᠠᠵᠠᠷ ᠪᠠ ᠪᠤᠷᠳᠤᠭ᠎ᠠ ᠪᠤᠯᠪᠠᠰᠤᠷᠠᠭᠤᠯᠬᠤ | ᠦᠢᠯᠡᠳᠪᠤᠷᠢ ᠶᠢᠨ ᠭᠤᠤᠯ ᠴᠤᠭᠴᠨ ᠶᠢᠨ ᠪᠠᠷᠢᠯᠭ᠎ᠠ ᠶᠢ ᠪᠠᠶᠢᠭᠤᠯᠵᠤ ᠲᠠᠭᠤᠰᠬᠠᠨ᠎ᠠ︔ ᠶᠢᠨ ᠹᠧᠩ᠂ ᠳ᠋ᠧ ᠮᠸᠢ᠂ | ᠾᠧ ᠰᠢᠶᠠᠩ ᠵᠡᠷᠭᠡ ᠤᠷᠤᠨ ᠨᠤᠳᠤᠭ ᠤᠨ ᠠᠵᠤ ᠠᠬᠤᠶᠢᠯᠠᠯ ᠢ ᠲᠡᠮᠵᠢᠨ ᠬᠦᠴᠦᠷᠭᠡᠭᠵᠢᠬᠦᠯᠵᠤ᠂ ᠮᠢᠨ ᠶᠤᠸᠠᠢ | ᠵᠢᠶᠦ᠋ᠨ ᠹᠧᠩ᠂ ᠰᠢᠤᠸᠠᠢ ᠴᠤᠸᠠᠨ᠂ ᠯᠢᠩ ᡁᠢ ᠵᠡᠷᠭᠡ ᠲᠠᠪᠠᠭᠤᠯᠢᠭ ᠠᠵᠤ ᠠᠬᠤᠶᠢᠯᠠᠯ ᠲᠠᠢ ᠬᠠᠮᠵᠢᠯᠴᠠᠬᠤ ᠪᠠᠨ | ᠴᠢᠩᠭᠠᠳᠬᠠᠨ᠂ ᠵᠤᠤ ᠤᠳᠠ ᠶᠢᠨ ᠠᠯᠠᠰᠢᠨ ᠬᠤᠨᠢ᠂ ᠲᠠᠯᠠᠶᠢᠨᠠᠭᠤᠷ ᠤᠨ ᠵᠢᠭᠠᠰᠤ᠂ ᠵᠢᠶᠦ᠋ᠨ ᠿᠠᠨ ᠬᠡᠭᠡᠷ᠎ᠠ ᠶᠢᠨ | ᠨᠤᠭᠤᠭ᠎ᠠ᠂ ᠡᠾᠧ ᠹᠧᠩ ᠡᠯᠳᠡᠪ ᠠᠮᠤ ᠵᠡᠷᠭᠡ ᠭᠠᠵᠠᠷ ᠤᠷᠤᠨ ᠤ ᠨᠡᠷᠡᠳᠤ ᠲᠡᠮᠳᠡᠭ ᠤᠨ ᠨᠡᠷ᠎ᠠ ᠨᠦᠯᠦᠭᠡ ᠶᠢ | ᠦᠷᠭᠡᠳᠭᠡᠵᠤ᠂ ᠮᠠᠯ ᠲᠠᠷᠢᠶᠠᠯᠠᠩ ᠤᠨ ᠪᠦᠳᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠪᠠ ᠪᠠᠷᠢᠮᠵᠢᠶᠠᠵᠢᠭᠤᠯᠤᠨ | ᠦᠢᠯᠡᠳᠪᠣᠷᠢᠯᠡᠬᠦ ᠶᠢ ᠬᠡᠷᠡᠭᠵᠢᠬᠦᠯᠦᠨ᠂ ᠮᠠᠯ ᠲᠠᠷᠢᠶᠠᠯᠠᠩ ᠤᠨ ᠪᠦᠳᠦᠭᠡᠭᠳᠡᠬᠦᠨ ᠢ ᠪᠤᠯᠪᠠᠰᠤᠷᠠᠭᠤᠯᠬᠤ ᠦᠢᠯᠡᠰ ᠢ | ᠢᠳᠡᠭᠡᠨ ᠤᠮᠳᠠᠭᠠᠨ ᠤ ᠵᠦᠢᠯᠡᠰ ᠲᠡᠰᠢ ᠬᠦᠭᠵᠢᠬᠦ ᠶᠢ ᠲᠦᠯᠬᠢᠨ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ | ᠠᠵᠤ ᠦᠢᠯᠡᠰᠵᠢᠭᠰᠡᠨ᠂ ᠵᠠᠬ᠎ᠠ ᠲᠡᠯᠭᠡᠬᠦᠷᠵᠢᠭᠰᠡᠨ ᠬᠢᠷᠢ ᠲᠦᠪᠰᠢᠨ ᠢ ᠲᠡᠭᠡᠭᠰᠢᠯᠡᠬᠦᠯᠬᠦ ᠬᠡᠷᠡᠭᠳᠠᠢ᠃ ᠶᠦᠩ ᠱᠧᠩ᠂ | ᠡᠤ ᠭᠦ᠋ ᠹᠧᠩ ᠵᠡᠷᠭᠡ ᠲᠤᠰᠬᠠᠢ ᠬᠤᠷᠰᠢᠶᠠᠵᠢᠯ ᠤᠨ ᠡᠷᠴᠢᠮᠵᠢᠬᠦᠯᠦᠭᠰᠡᠨ ᠡᠵᠡᠩᠨᠡᠯᠳᠠ ᠶᠢᠨ ᠬᠡᠯᠪᠡᠷᠢ ᠶᠢ | ᠲᠡᠯᠭᠡᠷᠡᠬᠦᠯᠦᠨ᠂ ᠬᠡᠷ ᠪᠦᠯᠢ ᠶᠢᠨ ᠡᠵᠡᠩᠨᠡᠯᠳᠠ ᠪᠠᠷ ᠰᠠᠭᠤᠷᠢ ᠪᠤᠯᠭᠠᠨ᠂ ᠬᠠᠮᠵᠢᠯᠴᠠᠨ ᠬᠤᠯᠪᠤᠭᠠᠯᠠᠬᠤ ᠪᠠᠷ | ᠬᠤᠯᠪᠤᠭᠠᠰᠤ ᠪᠤᠯᠭᠠᠵᠤ᠂ ᠨᠡᠶᠢᠭᠡᠮᠴᠢᠯᠡᠭᠰᠡᠨ ᠦᠢᠯᠡᠴᠢᠯᠡᠭᠡ ᠪᠠᠷ ᠲᠤᠯᠭᠠᠭᠤᠷᠢ ᠪᠤᠯᠭᠠᠭᠰᠠᠨ ᠪᠡᠶᠡᠳᠤ ᠨᠡᠶᠢᠯᠡᠮᠡᠯ | ᠬᠡᠯᠪᠡᠷᠢ ᠶᠢᠨ ᠤᠳᠤᠬᠢᠴᠢᠯᠠᠭᠰᠠᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠳᠠ ᠶᠢᠨ ᠲᠤᠭᠳᠠᠯᠴᠠᠭ᠎ᠠ ᠶᠢ | ᠲᠦᠷᠭᠡᠳᠭᠡᠨ ᠴᠤᠭᠴᠠᠯᠠᠵᠤ᠂ ᠭᠡᠷ ᠪᠦᠯᠢ ᠶᠢᠨ ᠡᠵᠡᠩᠨᠡᠯᠳᠠ ᠶᠢ ᠡᠷᠴᠢᠮᠵᠢᠬᠦᠯᠦᠭᠰᠡᠨ ᠬᠢᠷᠢ ᠲᠦᠪᠰᠢᠨ ᠢ | ᠲᠡᠭᠡᠭᠰᠢᠯᠡᠬᠦᠯᠬᠦ ᠲᠡᠰᠢ᠂ ᠨᠢᠭᠡᠳᠦᠯᠳᠠᠢ ᠡᠵᠡᠩᠨᠡᠯᠳᠠ ᠶᠢ ᠵᠤᠬᠢᠶᠠᠨ ᠪᠠᠶᠢᠭᠤᠯᠤᠯᠳᠠᠵᠢᠭᠰᠠᠨ ᠬᠢᠷᠢ ᠲᠦᠪᠰᠢᠨ ᠢ | ᠲᠡᠭᠡᠭᠰᠢᠯᠡᠬᠦᠯᠬᠦ ᠲᠡᠰᠢ ᠬᠤᠪᠢᠷᠠᠭᠤᠯᠬᠤ ᠶᠢ ᠪᠡᠶᠡᠯᠡᠬᠦᠯᠬᠦ ᠬᠡᠷᠡᠭᠳᠠᠢ᠃ ᠵᠢᠯ ᠤᠨ ᠬᠤᠭᠤᠴᠠᠭᠠᠨ ᠳᠤ ᠬᠤᠳᠠ ᠶᠢᠨ ᠲᠡᠰ | ᠠᠴᠠ ᠲᠡᠭᠡᠭᠰᠢᠬᠢ ᠠᠵᠤ ᠦᠢᠯᠡᠰᠵᠢᠭᠰᠡᠨ ᠲᠤᠯᠤᠭᠠᠶᠢᠯᠠᠬᠤ ᠠᠵᠤ ᠠᠬᠤᠶᠢᠯᠠᠯ ᠢ 15᠂ ᠡᠯ᠎ᠠ ᠲᠦᠷᠦᠯ ᠤᠨ ᠠᠵᠤ | ᠠᠬᠤᠢ ᠶᠢᠨ ᠬᠠᠮᠵᠢᠯᠴᠠᠬᠤ ᠵᠤᠬᠢᠶᠠᠨ ᠪᠠᠶᠢᠭᠤᠯᠤᠯᠳᠠ ᠪᠠ ᠲᠤᠰᠬᠠᠢ ᠨᠡᠶᠢᠭᠡᠮᠯᠢᠭ 20 ᠶᠢ ᠰᠢᠨ᠎ᠠ ᠪᠠᠷ ᠨᠡᠮᠡᠭᠳᠡᠬᠦᠯᠬᠦ | ᠬᠡᠷᠡᠭᠳᠠᠢ᠃ | ︵ᠲᠦᠷᠪᠡ︶ ᠠᠯᠤᠰ ᠬᠡᠳᠤ ᠶᠢᠨ ᠦᠷᠢᠰᠦᠯᠳᠦᠭᠡᠨ ᠤ ᠲᠠᠪᠠᠭᠤᠯᠢᠭ ᠢ ᠪᠣᠢ ᠪᠣᠯᠭᠠᠨ᠂ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠬᠦᠭᠵᠢᠯᠳᠠ ᠶᠢᠨ ᠲᠠᠯ᠎ᠠ ᠪᠠᠷ ᠰᠢᠨ᠎ᠠ ᠰᠢᠪᠳᠤᠯᠤᠯᠳᠠ ᠭᠠᠷᠭᠠᠬᠤ ᠪᠠᠷ ᠬᠦᠴᠦᠯᠡᠬᠦ | ᠬᠡᠷᠡᠭᠳᠠᠢ᠃ ᠲᠠᠯ᠎ᠠ ᠨᠤᠳᠤᠭ ᠤᠨ ᠭᠠᠵᠠᠷ ᠰᠢᠨᠵᠢᠯᠡᠭᠡᠨ ᠤ ᠰᠤᠶᠤᠯ ᠤᠨ ᠵᠢᠭᠤᠯᠴᠢᠯᠠᠯ ᠪᠠ ᠰᠤᠯᠠ ᠰᠡᠯᠡᠬᠦᠴᠡᠯ ᠪᠡᠶ᠎ᠠ | ᠰᠤᠪᠢᠯᠠᠬᠤ ᠰᠠᠭᠤᠷᠢᠨ ᠭᠠᠵᠠᠷ ᠢ ᠪᠠᠶᠢᠭᠤᠯᠬᠤ ᠪᠠᠷ ᠬᠠᠷᠠᠯᠳᠠ ᠪᠤᠯᠭᠠᠨ᠂ ᠰᠢᠨ᠎ᠠ ᠬᠡᠯᠪᠡᠷᠢ ᠶᠢᠨ ᠠᠵᠤ | ᠦᠢᠯᠡᠳᠪᠤᠷᠢᠵᠢᠯᠳᠠ ᠪᠠ ᠬᠤᠳᠠ ᠪᠠᠯᠭᠠᠰᠤᠵᠢᠯᠳᠠ ᠶᠢᠨ ᠠᠬᠢᠴᠨ ᠲᠠᠢ ᠵᠤᠬᠢᠴᠠᠭᠰᠠᠨ ᠤᠳᠤᠬᠢᠴᠢᠯᠠᠭᠰᠠᠨ | ᠦᠢᠯᠡᠴᠢᠯᠡᠭᠡᠨ ᠤ ᠲᠤᠭᠳᠠᠯᠴᠠᠭ᠎ᠠ ᠶᠢ ᠲᠦᠷᠭᠡᠨ ᠪᠠᠶᠢᠭᠤᠯᠬᠤ ᠬᠡᠷᠡᠭᠳᠠᠢ᠃ | ᠵᠢᠭᠤᠯᠴᠢᠯᠠᠯ ᠤᠨ ᠦᠢᠯᠡᠰ ᠢ ᠲᠡᠭᠡᠳᠤ ᠲᠡᠰ ᠲᠡᠰᠢ ᠬᠦᠭᠵᠢᠬᠦ ᠶᠢ ᠲᠦᠯᠬᠢᠨ ᠠᠬᠢᠭᠤᠯᠬᠤ ᠬᠡᠷᠡᠭᠳᠠᠢ᠃ | ᠪᠠᠶᠢᠭᠠᠯᠢ ᠶᠢᠨ ᠦᠵᠡᠮᠵᠢ ᠶᠢᠨ ᠤᠷᠤᠨ ᠤ ᠰᠤᠨᠢᠷᠬᠠᠬᠤ ᠴᠢᠨᠠᠷ᠂ ᠬᠠᠷᠢᠯᠴᠠᠨ ᠨᠦᠬᠦᠪᠤᠷᠢᠯᠡᠬᠦ ᠴᠢᠨᠠᠷ ᠪᠠ ᠴᠢᠬᠤᠯᠨ | ᠵᠢᠭᠤᠯᠴᠢᠯᠠᠯ ᠤᠨ ᠭᠤᠭᠴᠤᠭᠠᠨ ᠤ ᠬᠦᠯᠢᠶᠡᠨ ᠠᠪᠴᠤ ᠵᠤᠴᠢᠯᠠᠬᠤ ᠴᠢᠳᠠᠪᠤᠷᠢ ᠬᠢᠭᠡᠳ ᠦᠢᠯᠡᠴᠢᠯᠡᠭᠡᠨ ᠤ ᠲᠦᠪᠰᠢᠨ | ᠢ ᠲᠡᠭᠡᠭᠰᠢᠯᠡᠬᠦᠯᠬᠦ ᠪᠠᠷ ᠬᠠᠷᠠᠯᠳᠠ ᠪᠤᠯᠭᠠᠨ᠂ ᠦᠪᠡᠷᠮᠢᠴᠨ ᠤᠨᠴᠠᠯᠢᠭᠳᠤ ᠵᠢᠭᠤᠯᠴᠢᠯᠠᠯ ᠤᠨ ᠬᠢᠯᠠᠰ ᠴᠡᠭ ᠢ ᠪᠣᠢ | ᠪᠣᠯᠭᠠᠨ᠂ ᠦᠵᠡᠮᠵᠢ ᠶᠢᠨ ᠤᠷᠤᠨ ᠤ ᠢᠵᠢᠯ ᠰᠢᠨᠵᠢ ᠲᠡᠰᠢ ᠬᠦᠭᠵᠢᠬᠦ ᠠᠴᠠ ᠴᠢᠳᠠᠬᠤ ᠶᠢᠨ ᠬᠢᠷᠢ ᠪᠠᠷ ᠵᠠᠶᠢᠯᠠᠰᠬᠢᠬᠤ | ᠬᠡᠷᠡᠭᠳᠠᠢ᠃ ᠬᠤᠩᠭᠤ ᠶᠢᠨ ᠲᠠᠪᠠᠭᠠᠨ ᠤ ᠵᠢᠭᠤᠯᠴᠢᠯᠠᠯ ᠤᠨ ᠨᠡᠭᠡᠭᠡᠨ ᠠᠰᠢᠭᠯᠠᠯᠳᠠ᠂ ᠤᠯᠠᠭᠠᠨᠪᠤᠳᠤᠩ ᠤᠨ ᠠᠮᠢ | ᠠᠬᠤᠢ ᠶᠢᠨ ᠰᠤᠶᠤᠯ ᠤᠨ ᠵᠢᠭᠤᠯᠴᠢᠯᠠᠯ ᠤᠨ ᠲᠤᠭᠤᠷᠢᠭ᠂ ᠰᠢᠷᠠᠮᠦ᠋ᠷᠡᠨ — — ᠬᠤᠯᠠᠨ ᠰᠢᠷᠭ᠎ᠠ ᠲᠠᠭ᠎ᠠ ᠶᠢᠨ | ᠡᠯᠡᠰᠦᠨ ᠳᠠᠬᠢ ᠵᠢᠭᠤᠯᠴᠢᠯᠠᠯ ᠵᠡᠷᠭᠡ ᠭᠤᠤᠯᠳᠠᠯᠭᠠᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ | ᠲᠦᠪᠯᠡᠷᠡᠬᠦᠯᠦᠨ ᠲᠦᠯᠬᠢᠨ ᠠᠬᠢᠭᠤᠯᠵᠤ᠂ ᠤᠢ ᠰᠢᠭᠤᠢ ᠶᠢᠨ ᠭᠠᠯᠳᠤ ᠲᠡᠷᠭᠡ᠂ ᠴᠠᠰᠤᠨ ᠳᠤ ᠭᠤᠯᠭᠤᠬᠤ ᠲᠠᠯᠠᠪᠠᠢ᠂ | ᠰᠸᠢᠰ ᠲᠤᠰᠬᠤᠨ᠂ ᠬᠤᠰᠤᠳᠤ ᠬᠦᠷᠢᠶ᠎ᠠ ᠶᠢᠨ ᠰᠢᠨ᠎ᠠ ᠲᠠᠯᠠᠪᠠᠢ ᠶᠢᠨ ᠪᠠᠯᠭᠠᠰᠤᠨ ᠤ ᠪᠠᠶᠢᠭᠤᠯᠤᠯᠳᠠ ᠰᠢᠪᠳᠤᠯᠤᠯᠳᠠ | ᠶᠢᠨ ᠴᠢᠨᠠᠷ ᠲᠠᠢ ᠠᠬᠢᠯᠳᠠ ᠳᠤ ᠬᠦᠷᠬᠦ ᠶᠢ ᠪᠠᠳᠤᠯᠠᠬᠤ ᠬᠡᠷᠡᠭᠳᠠᠢ︔ ᠠᠪᠳᠠᠷᠠᠳᠤ᠂ ᠪᠠᠶ᠋ᠬᠠᠤᠪᠤᠭ᠎ᠠ᠂ ᠲᠠᠯᠠᠶᠢᠨᠠᠭᠤᠷ ᠤᠨ | ᠡᠮᠦᠨ᠎ᠠ ᠡᠷᠬᠢ ᠵᠡᠷᠭᠡ ᠦᠵᠡᠮᠵᠢ ᠶᠢᠨ ᠤᠷᠤᠨ ᠤ ᠰᠠᠭᠤᠷᠢ ᠲᠦᠬᠦᠭᠡᠷᠦᠮᠵᠢ ᠶᠢ ᠦᠷᠬᠦᠯᠵᠢᠯᠡᠨ ᠲᠡᠬᠦᠯᠳᠡᠷᠵᠢᠬᠦᠯᠵᠤ᠂ | ᠵᠢᠭᠤᠯᠴᠢᠯᠠᠯ ᠤᠨ ᠲᠤᠭᠠᠴᠢᠯᠠᠭᠰᠠᠨ ᠬᠠᠮᠢᠶᠠᠷᠤᠯᠳᠠ ᠶᠢᠨ ᠲᠦᠪ ᠤᠨ ᠪᠠᠶᠢᠭᠤᠯᠤᠯᠳᠠ ᠪᠠ ᠠᠰᠬᠠᠳᠤ ᠶᠢᠨ ᠦᠵᠡᠮᠵᠢ | ᠶᠢᠨ ᠤᠷᠤᠨ ᠤ ᠠᠮᠢᠳᠤᠷᠠᠯ ᠤᠨ ᠦᠢᠯᠡᠴᠢᠯᠡᠭᠡᠨ ᠤ ᠲᠤᠭᠤᠷᠢᠭ ᠢ ᠨᠡᠬᠦᠯᠭᠡᠨ ᠪᠠᠶᠢᠭᠤᠯᠬᠤ ᠢᠨᠵᠧᠨᠧᠷᠢᠩ ᠢ ᠪᠦᠬᠦ | ᠲᠠᠯ᠎ᠠ ᠪᠠᠷ ᠪᠡᠶᠡᠯᠡᠬᠦᠯᠵᠤ᠂ ᠠᠰᠠᠬᠳᠤ ᠶᠢᠨ ᠴᠢᠯᠠᠭᠤᠨ ᠤᠢ ᠶᠢᠨ ᠦᠵᠡᠮᠵᠢ ᠶᠢᠨ ᠤᠷᠤᠨ ᠢ ᠤᠯᠤᠰ ᠤᠨ 5A ᠲᠡᠰ | ᠤᠨ ᠦᠵᠡᠮᠵᠢ ᠶᠢᠨ ᠤᠷᠤᠨ ᠪᠤᠯᠭᠠᠬᠤ ᠪᠠᠷ ᠴᠢᠷᠮᠠᠶᠢᠬᠤ ᠬᠡᠷᠡᠭᠳᠠᠢ᠃ ᠰᠤᠶᠤᠯ ᠬᠢᠭᠡᠳ ᠵᠢᠭᠤᠯᠴᠢᠯᠠᠯ ᠤᠨ ᠬᠦᠨ | ᠠᠭᠤᠰᠤᠯᠴᠠᠯ ᠢ ᠲᠦᠷᠭᠡᠳᠭᠡᠨ᠂ ᠭᠠᠵᠠᠷ ᠰᠢᠨᠵᠢᠯᠡᠭᠡᠨ ᠤ ᠦᠯᠡᠳᠡᠭᠳᠡᠯ᠂ ᠤᠢ ᠰᠢᠭᠤᠢ ᠲᠠᠯ᠎ᠠ ᠨᠤᠳᠤᠭ᠂ ᠬᠠᠯᠠᠭᠤᠨ | ᠷᠠᠰᠢᠶᠠᠨ ᠡᠯᠡᠰᠤ ᠮᠠᠩᠬ᠎ᠠ ᠵᠡᠷᠭᠡ ᠦᠪᠡᠷᠮᠢᠴᠨ ᠤᠨᠴᠠᠯᠢᠭᠳᠤ ᠵᠢᠭᠤᠯᠴᠢᠯᠠᠯ ᠤᠨ ᠡᠬᠢ ᠪᠠᠶᠠᠯᠢᠭ ᠢ ᠬᠦᠨ ᠠᠭᠤᠳᠠᠯᠤᠨ | ᠠᠰᠢᠭᠯᠠᠵᠤ᠂ ᠰᠤᠶᠤᠯ᠂ ᠵᠤᠭᠠᠴᠠᠯ᠂ ᠠᠮᠢ ᠠᠬᠤᠢ ᠪᠠ ᠰᠡᠯᠡᠬᠦᠴᠡᠯ ᠵᠡᠷᠭᠡ ᠤᠯᠠᠨ ᠲᠦᠷᠦᠯ ᠤᠨ ᠵᠢᠭᠤᠯᠴᠢᠯᠠᠯ ᠤᠨ | ᠦᠢᠯᠡᠰ ᠤᠨ ᠬᠡᠯᠪᠡᠷᠢ ᠶᠢ ᠬᠦᠭᠵᠢᠬᠦᠯᠦᠨ᠂ ᠨᠠᠮᠤᠷ ᠡᠪᠤᠯ ᠤᠨ ᠤᠯᠠᠷᠢᠯ ᠤᠨ ᠵᠢᠭᠤᠯᠴᠢᠯᠠᠯ ᠤᠨ ᠬᠡᠪᠴᠢᠶ᠎ᠠ ᠶᠢ | ᠦᠷᠭᠡᠳᠭᠡᠵᠤ᠂ ᠵᠢᠭᠤᠯᠴᠢᠯᠠᠯ ᠤᠨ ᠪᠦᠳᠦᠭᠡᠭᠳᠡᠬᠦᠨ ᠢ ᠪᠠᠶᠠᠯᠢᠭᠵᠢᠭᠤᠯᠤᠨ᠂ ᠰᠢᠯᠢᠳᠡᠭ ᠵᠢᠭᠤᠯᠴᠢᠯᠠᠯ ᠤᠨ ᠵᠠᠮ | ᠱᠤᠭᠤᠮ ᠢ ᠲᠦᠯᠦᠪᠯᠡᠨ᠂ ᠵᠢᠭᠤᠯᠴᠢᠯᠠᠯ ᠤᠨ ᠬᠦᠯᠢᠶᠡᠨ ᠵᠤᠴᠢᠯᠠᠬᠤ ᠬᠢᠷᠢ ᠲᠦᠪᠰᠢᠨ ᠢ ᠲᠡᠭᠡᠭᠰᠢᠯᠡᠬᠦᠯᠵᠤ᠂ | ᠵᠢᠭᠤᠯᠴᠢᠯᠠᠯ ᠤᠨ ᠠᠶᠠᠯᠠᠯ ᠤᠨ ᠤᠷᠤᠭᠰᠢᠳᠠᠢ ᠪᠠᠶᠢᠬᠤ ᠪᠠ ᠲᠠᠭᠠᠯᠠᠮᠵᠢᠳᠠᠢ ᠪᠠᠶᠢᠬᠤ ᠶᠢ ᠲᠡᠭᠡᠭᠰᠢᠯᠡᠬᠦᠯᠦᠨ᠂ | ᠬᠡᠰᠢᠭᠳᠡᠨ ᠢ ᠨᠡᠩ ᠤᠯᠠᠨ ᠵᠢᠭᠤᠯᠴᠢᠯᠠᠭᠰᠠᠳ ᠤᠨ ᠵᠢᠭᠤᠯᠴᠢᠯᠠᠯ ᠤᠨ ᠬᠠᠷᠠᠯᠳᠠ ᠶᠢᠨ ᠤᠷᠤᠨ ᠪᠤᠯᠭᠠᠬᠤ ᠬᠡᠷᠡᠭᠳᠠᠢ᠃ | ᠪᠠᠷᠢᠮᠵᠢᠶᠠᠵᠢᠭᠰᠠᠨ ᠮᠠᠯᠴᠢᠨ ᠠᠶᠢᠯ ᠤᠨ ᠵᠢᠭᠤᠯᠴᠢᠯᠠᠯ ᠤᠨ ᠴᠢᠭ᠋ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ | ᠦᠪᠡᠷᠮᠢᠴᠨ ᠤᠨᠴᠠᠯᠢᠭᠳᠤ ᠵᠢᠭᠤᠯᠴᠢᠯᠠᠯ ᠤᠨ ᠭᠠᠴᠠᠭ᠎ᠠ ᠪᠠᠯᠭᠠᠰᠤ ᠶᠢ ᠬᠦᠭᠵᠢᠬᠦᠯᠵᠤ᠂ ᠵᠢᠭᠤᠯᠴᠢᠯᠠᠯ ᠢᠶᠠᠷ ᠠᠷᠠᠳ ᠢ | ᠪᠠᠶᠠᠵᠢᠭᠤᠯᠬᠤ ᠶᠢ ᠴᠢᠷᠮᠠᠶᠢᠨ ᠠᠬᠢᠭᠤᠯᠬᠤ ᠬᠡᠷᠡᠭᠳᠠᠢ᠃ ᠲᠦᠷᠢ ᠲᠦᠷᠬᠦ ᠶᠢ ᠬᠦᠮᠤᠵᠢᠬᠦᠯᠬᠦ ᠬᠢᠭᠡᠳ ᠪᠦᠳᠦᠭᠡᠭᠳᠡᠬᠦᠨ | ᠢ ᠦᠷᠭᠡᠳᠭᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠨ᠂ ᠤᠬᠠᠭᠤᠯᠤᠨ ᠪᠤᠷᠤᠯᠠᠭᠤᠯᠬᠤ ᠪᠡᠯᠨ ᠮᠦᠩᠬᠦ ᠶᠢ | ᠨᠡᠶᠢᠯᠡᠬᠦᠯᠵᠤ᠂ ᠬᠠᠨᠳᠤᠯᠭᠠᠳᠤ ᠴᠢᠨᠠᠷ ᠪᠠ ᠬᠤᠭᠤᠴᠠᠭᠠᠳᠤ ᠴᠢᠨᠠᠷ ᠢ ᠴᠢᠬᠤᠯᠠᠴᠢᠯᠠᠨ ᠬᠡᠰᠢᠭᠳᠡᠨ ᠵᠢᠭᠤᠯᠴᠢᠯᠠᠯ ᠤᠨ | ᠨᠡᠷᠡᠳᠤ ᠲᠡᠮᠳᠡᠭ ᠢ ᠲᠦᠪᠯᠡᠷᠡᠬᠦᠯᠦᠨ ᠴᠤᠭᠴᠠᠯᠠᠬᠤ ᠬᠡᠷᠡᠭᠳᠠᠢ᠃ ᠵᠢᠭᠤᠯᠴᠢᠯᠠᠯ ᠤᠨ ᠵᠠᠬ᠎ᠠ ᠲᠡᠯᠭᠡᠬᠦᠷ ᠤᠨ ᠡᠮᠬᠢ | ᠲᠢᠭᠯᠢᠮ ᠢ ᠴᠡᠭᠴᠡᠯᠡᠬᠦ ᠪᠠᠨ ᠦᠷᠬᠦᠯᠵᠢᠯᠡᠨ ᠴᠢᠩᠭᠠᠷᠠᠭᠤᠯᠵᠤ᠂ ᠦᠵᠡᠮᠵᠢ ᠶᠢᠨ ᠤᠷᠤᠨ᠂ ᠵᠢᠭᠤᠯᠴᠢᠯᠠᠯ ᠤᠨ ᠬᠤᠷᠢᠶ᠎ᠠ | ᠶᠢ ᠲᠦᠷᠢᠮᠵᠢᠬᠦᠯᠦᠨ ᠬᠠᠮᠢᠶᠠᠷᠬᠤ ᠪᠠ ᠦᠨᠡᠨᠴᠢ ᠢᠳᠡᠭᠡᠮᠵᠢᠳᠠᠢ ᠡᠵᠡᠩᠨᠡᠬᠦ ᠠᠵᠢᠯᠯᠠᠭ᠎ᠠ ᠶᠢ ᠴᠢᠩᠭᠠᠳᠬᠠᠨ᠂ | ᠲᠠᠭᠠᠭᠠᠮᠠᠯ᠂ ᠵᠠᠮ ᠲᠠᠭᠠᠭᠤᠯᠤᠭᠴᠢ᠂ ᠲᠠᠶᠢᠯᠪᠤᠷᠢᠯᠠᠭᠴᠢ᠂ ᠦᠢᠯᠡᠴᠢᠯᠡᠭᠴᠢ ᠵᠡᠷᠭᠡ ᠵᠢᠭᠤᠯᠴᠢᠯᠠᠯ ᠤᠨ ᠦᠢᠯᠡᠰ ᠲᠤ | ᠠᠵᠢᠯᠯᠠᠭᠰᠠᠳ ᠢ ᠪᠤᠯᠪᠠᠰᠤᠷᠠᠭᠤᠯᠬᠤ ᠬᠦᠴᠦᠯᠡᠴᠨ ᠪᠠᠨ ᠨᠡᠮᠡᠭᠳᠡᠬᠦᠯᠵᠤ᠂ ᠵᠢᠭᠤᠯᠴᠢᠯᠠᠯ ᠤᠨ ᠦᠢᠯᠡᠰ ᠤᠨ | ᠲᠦᠷᠢᠮᠵᠢᠭᠰᠡᠨ᠂ ᠪᠠᠷᠢᠮᠵᠢᠶᠠᠵᠢᠭᠰᠠᠨ᠂ ᠨᠠᠷᠢᠯᠢᠭᠵᠢᠭᠰᠠᠨ ᠬᠢᠷᠢ ᠲᠦᠪᠰᠢᠨ ᠢ ᠲᠡᠭᠡᠭᠰᠢᠯᠡᠬᠦᠯᠬᠦ ᠬᠡᠷᠡᠭᠳᠠᠢ᠃ | ᠵᠢᠭᠤᠯᠴᠢᠯᠠᠯ ᠤᠨ ᠢᠯᠡᠴᠢᠯᠡᠨ ᠵᠠᠭᠠᠯᠳᠤᠬᠤ ᠶᠢ ᠵᠤᠬᠢᠰᠳᠠᠢ ᠰᠢᠢᠳᠪᠤᠷᠢᠯᠡᠨ᠂ ᠠᠮᠤᠷ ᠲᠠᠶᠢᠪᠤᠩ ᠡᠶ᠎ᠡ ᠨᠠᠶᠢᠷᠳᠠᠢ | ᠦᠵᠡᠮᠵᠢ ᠶᠢᠨ ᠤᠷᠤᠨ ᠢ ᠴᠤᠭᠴᠠᠯᠠᠬᠤ ᠬᠡᠷᠡᠭᠳᠠᠢ᠃ ᠠᠭᠠᠷ ᠳᠠᠬᠢ ᠨᠠᠭᠠᠳᠤᠮ᠂ ᠲᠠᠯ᠎ᠠ ᠨᠤᠳᠤᠭ ᠤᠨ ᠰᠤᠶᠤᠯ ᠤᠨ | ᠲᠠᠸᠠᠷ ᠤᠨ ᠴᠤᠭᠯᠠᠭᠠᠨ᠂ ᠡᠪᠤᠯ ᠤᠨ ᠤᠯᠠᠷᠢᠯ ᠤᠨ ᠵᠢᠭᠤᠯᠴᠢᠯᠠᠯ ᠤᠨ ᠨᠠᠶᠢᠷ ᠵᠡᠷᠭᠡ ᠵᠢᠭᠤᠯᠴᠢᠯᠠᠯ ᠤᠨ ᠪᠠᠶᠠᠷ ᠨᠠᠶᠢᠷ | ᠤᠨ ᠠᠵᠢᠯᠯᠠᠭ᠎ᠠ ᠶᠢ ᠦᠷᠬᠦᠯᠵᠢᠯᠡᠨ ᠡᠷᠬᠢᠯᠡᠵᠤ᠂ ᠵᠢᠭᠤᠯᠴᠢᠯᠠᠯ ᠤᠨ ᠬᠡᠷᠡᠭᠯᠡᠭᠡᠨ ᠤ ᠴᠢᠳᠠᠪᠤᠷᠢ ᠶᠢ ᠲᠡᠭᠡᠭᠰᠢᠯᠡᠬᠦᠯᠦᠨ᠂ | ᠵᠢᠯ ᠤᠨ ᠬᠤᠭᠤᠴᠠᠭᠠᠨ ᠳᠤ ᠤᠯᠤᠰ ᠤᠨ ᠲᠤᠳᠤᠭᠠᠳᠤ ᠭᠠᠳᠠᠭᠠᠳᠤ ᠶᠢᠨ ᠵᠢᠭᠤᠯᠴᠢᠯᠠᠭᠰᠠᠳ ᠢ 380 ᠲᠦᠮᠡᠨ | ᠬᠦᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠭᠡᠢ ᠤᠷᠤᠯᠭ᠎ᠠ ᠶᠢ 24 ᠳ᠋ᠦᠩᠰᠢᠭᠤᠷ ᠲᠦᠬᠦᠷᠢᠭ | ᠪᠡᠶᠡᠯᠡᠬᠦᠯᠬᠦ ᠪᠠᠷ ᠴᠢᠷᠮᠠᠶᠢᠬᠤ ᠬᠡᠷᠡᠭᠳᠠᠢ᠃ | ᠦᠢᠯᠡᠴᠢᠯᠡᠭᠡᠨ ᠤ ᠦᠢᠯᠡᠰ ᠢ ᠲᠠᠭᠠᠭᠤᠯᠤᠨ ᠵᠢᠯᠤᠭᠤᠳᠴᠤ ᠪᠦᠬᠦ ᠲᠠᠯ᠎ᠠ ᠪᠠᠷ ᠬᠦᠭᠵᠢᠬᠦᠯᠬᠦ ᠬᠡᠷᠡᠭᠳᠠᠢ᠃ | ᠰᠢᠨ᠎ᠠ ᠰᠦᠯᠵᠢᠶᠡᠨ ᠤ ᠢᠨᠵᠧᠨᠧᠷᠢᠩ ᠬᠢᠬᠡᠳ ᠲᠠᠷᠢᠶᠠᠴᠢᠨ ᠡᠷᠦᠬᠡ ᠪᠠ ᠴᠢᠯᠦᠬᠡᠳᠤ ᠲᠡᠯᠬᠡᠬᠦᠷ ᠢ ᠤᠶᠠᠯᠳᠤᠭᠤᠯᠬᠤ ᠶᠢ | ᠯᠠᠪᠳᠠᠭᠤᠨ ᠬᠡᠷᠡᠭᠵᠢᠬᠦᠯᠵᠤ᠂ 3 ᠦᠨᠳᠦᠰᠦᠨ ᠱᠠᠳᠤᠨ ᠤ ᠬᠠᠩᠭᠠᠯᠭ᠎ᠠ ᠶᠢᠨ ᠬᠤᠷᠰᠢᠶ᠎ᠠ ᠶᠢ ᠦᠭᠡᠷᠡᠴᠢᠯᠡᠨ᠂ 28 | ᠭᠠᠴᠠᠭᠠᠨ ᠲᠡᠰ ᠤᠨ ᠶᠡᠷᠦᠩᠭᠡᠢ ᠦᠢᠯᠡᠴᠢᠯᠡᠭᠡᠨ ᠤ ᠬᠤᠷᠢᠶ᠎ᠠ᠂ 15 ᠨᠡᠶᠢᠭᠡᠮ ᠲᠤᠭᠤᠷᠢᠭ ᠤᠨ ᠠᠷᠠᠳ ᠲᠤ ᠲᠦᠬᠦᠮ | ᠦᠵᠡᠬᠦᠯᠬᠦ ᠢᠳᠡᠰᠢᠨ ᠨᠤᠭᠤᠭᠠᠨ ᠲᠡᠯᠭᠡᠬᠦᠷ ᠢ ᠰᠢᠨ᠎ᠠ ᠪᠠᠷ ᠪᠠᠶᠢᠭᠤᠯᠬᠤ ᠬᠡᠷᠡᠭᠳᠠᠢ᠃ ᠪᠢᠷᠠᠭᠤ ᠪᠠᠯᠭᠠᠰᠤ ᠶᠢᠨ | ᠠᠷᠤᠳᠠᠬᠢ ᠲᠠᠷᠢᠶᠠᠯᠠᠩ ᠤᠨ ᠪᠦᠳᠦᠭᠡᠭᠳᠡᠬᠦᠨ ᠤ ᠰᠤᠯᠢᠯᠴᠠᠭᠠᠨ ᠤ ᠲᠦᠪ᠂ ᠲᠠᠬᠢᠨ ᠡᠬᠦᠰᠬᠦᠶᠢᠴᠠ ᠡᠬᠢ ᠪᠠᠶᠠᠯᠢᠭ ᠢ | ᠬᠤᠷᠢᠶᠠᠨ ᠠᠰᠢᠭᠯᠠᠬᠤ ᠵᠠᠬ᠎ᠠ ᠲᠡᠯᠭᠡᠬᠦᠷ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠠᠶᠢᠭᠤᠯᠤᠯᠳᠠ | ᠶᠢ ᠯᠠᠪᠳᠠᠭᠤᠨ ᠠᠬᠢᠭᠤᠯᠵᠤ᠂ ᠰᠠᠶᠢᠬᠠᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠳᠦᠭᠡᠭᠳᠡᠬᠦᠨ ᠤ | ᠰᠤᠯᠢᠯᠴᠠᠭᠠᠨ ᠤ ᠵᠠᠬ᠎ᠠ ᠲᠡᠯᠭᠡᠬᠦᠷ ᠢ ᠪᠠᠶᠢᠭᠤᠯᠤᠨ ᠲᠠᠭᠤᠰᠬᠠᠵᠤ ᠡᠵᠡᠩᠨᠡᠬᠦ ᠶᠢ ᠪᠠᠳᠤᠯᠠᠨ᠂ ᠮᠠᠯ ᠲᠠᠷᠢᠶᠠᠯᠠᠩ ᠤᠨ | ᠪᠦᠳᠦᠭᠡᠭᠳᠡᠬᠦᠨ ᠤ ᠬᠦᠢᠯᠭᠡᠭᠡᠨ ᠤ ᠦᠷᠳᠡᠭ ᠢ ᠪᠦᠳᠦᠮᠵᠢᠳᠠᠢ ᠲᠤᠷᠤᠭᠰᠢᠯᠠᠭᠤᠯᠬᠤ ᠬᠡᠷᠡᠭᠳᠠᠢ᠃ ᠮᠦᠩᠬᠦᠨ | ᠬᠦᠢᠯᠭᠡᠭᠡᠨ ᠤ ᠦᠢᠯᠡᠴᠢᠯᠡᠭᠡᠨ ᠤ ︽ᠭᠤᠷᠪᠠᠨ ᠮᠠᠯᠵᠢᠯ ᠭᠤᠷᠪᠠᠨ ᠲᠠᠷᠢᠶᠠᠯᠠᠩ︾᠂ ᠲᠤᠮᠳᠠ ᠪᠠᠭ᠎ᠠ ᠵᠢᠵᠢᠭ ᠠᠵᠤ | ᠠᠬᠤᠶᠢᠯᠠᠯ ᠤᠨ ᠬᠦᠭᠵᠢᠯᠳᠠ ᠶᠢᠨ ᠰᠢᠨ᠎ᠠ ᠵᠡᠮ ᠢ ᠰᠦᠪᠡᠭᠴᠢᠯᠡᠨ᠂ ᠮᠦᠩᠬᠦᠨ ᠬᠦᠢᠯᠭᠡᠭᠡᠨ ᠤ ᠪᠦᠳᠦᠭᠡᠭᠳᠡᠬᠦᠨ ᠢ | ᠪᠠᠶᠠᠯᠢᠭᠵᠢᠭᠤᠯᠵᠤ᠂ ᠠᠳᠠᠯᠢ ᠪᠤᠰᠤ ᠪᠦᠯᠬᠦᠮ ᠨᠢᠬᠡᠴᠠ ᠶᠢᠨ ᠤᠯᠠᠨ ᠡᠰᠢᠴᠢᠯᠡᠭᠰᠡᠨ᠂ ᠦᠪᠡᠷᠮᠢᠴᠠ ᠮᠦᠩᠬᠦᠨ | ᠬᠦᠢᠯᠭᠡᠭᠡᠨ ᠤ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠬᠡᠷᠡᠭᠳᠠᠢ᠃ ︽ᠡᠵᠡᠩᠨᠡᠬᠦ᠂ ᠦᠭᠡᠷᠡᠴᠢᠯᠡᠬᠦ᠂ | ᠨᠡᠮᠡᠭᠳᠡᠬᠦᠯᠬᠦ︾ ᠲᠦᠷᠤ ᠶᠢᠨ ᠪᠤᠳᠤᠯᠭ᠎ᠠ ᠶᠢᠨ ᠲᠤᠬᠢᠶᠠᠯ ᠢ ᠴᠢᠩᠭ᠎ᠠ ᠡᠵᠡᠮᠳᠡᠨ᠂ ᠬᠡᠷᠡᠭᠯᠡᠭᠡᠨ ᠤ ᠪᠦᠳᠦᠴᠨ ᠶᠢᠨ | ᠬᠤᠪᠢᠷᠠᠯᠳᠠ ᠶᠢ ᠢᠳᠡᠪᠬᠢᠳᠠᠢ ᠠᠷᠭᠠᠴᠠᠭᠠᠵᠤ᠂ ᠠᠷᠠᠯᠵᠢᠶ᠎ᠠ ᠬᠤᠳᠠᠯᠳᠤᠭᠠᠨ ᠤ ᠬᠦᠢᠯᠭᠡᠭᠡ᠂ ᠵᠤᠴᠢᠳ ᠤᠨ ᠪᠠᠭᠤᠳᠠᠯ | ᠢᠳᠡᠭᠡᠨ ᠤᠮᠳᠠᠭᠠᠨ᠂ ᠵᠠᠮ ᠬᠠᠷᠢᠯᠴᠠᠭ᠎ᠠ ᠲᠡᠭᠡᠭᠡᠪᠤᠷᠢ ᠵᠡᠷᠭᠡ ᠤᠯᠠᠮᠵᠢᠯᠠᠯᠳᠤ ᠦᠢᠯᠡᠴᠢᠯᠡᠭᠡᠨ ᠤ ᠦᠢᠯᠡᠰ ᠤᠨ ᠬᠡᠯᠪᠡᠷᠢ | ᠬᠤᠪᠢᠷᠠᠵᠤ ᠲᠡᠰ ᠲᠡᠪᠰᠢᠬᠦ ᠶᠢ ᠲᠦᠷᠭᠡᠳᠭᠡᠨ ᠠᠬᠢᠭᠤᠯᠵᠤ᠂ ᠮᠦᠩᠬᠦᠨ ᠬᠦᠢᠯᠭᠡᠭᠡᠨ ᠲᠠᠭᠠᠳᠬᠠᠯ᠂ ᠰᠤᠷᠠᠭ ᠵᠠᠩᠬᠢ | ᠡᠳ᠋ ᠪᠠᠷᠠᠭ᠎ᠠ ᠶᠢᠨ ᠬᠦᠢᠯᠭᠡᠭᠡ᠂ ᠰᠤᠶᠤᠯ ᠵᠤᠭ᠎ᠠ ᠴᠡᠩᠭᠡᠯ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ | ᠶᠡᠭᠡᠪᠡᠷ ᠬᠦᠭᠵᠢᠬᠦᠯᠦᠨ᠂ ᠦᠢᠯᠡᠴᠢᠯᠡᠭᠡᠨ ᠤ ᠦᠢᠯᠡᠰ ᠤᠨ ᠬᠠᠷᠢᠴᠠᠯ ᠢ ᠨᠡᠮᠡᠭᠳᠡᠬᠦᠯᠬᠦ᠂ ᠪᠦᠳᠦᠴᠨ ᠶᠢ | ᠰᠢᠯᠢᠳᠡᠭᠵᠢᠬᠦᠯᠬᠦ᠂ ᠦᠷᠢᠰᠦᠯᠳᠦᠬᠦ ᠬᠦᠴᠦᠨ ᠢ ᠲᠡᠭᠡᠭᠰᠢᠯᠡᠬᠦᠯᠬᠦ ᠶᠢ ᠲᠦᠯᠬᠢᠨ ᠠᠬᠢᠭᠤᠯᠬᠤ ᠬᠡᠷᠡᠭᠳᠠᠢ᠃ | ︵ᠲᠠᠪᠤ︶ ᠴᠢᠬᠤᠯᠨ ᠡᠯᠧᠮᠧᠨ᠋ᠲ ᠶᠢ ᠪᠠᠳᠤᠯᠠᠬᠤ ᠴᠢᠳᠠᠪᠤᠷᠢ ᠪᠠᠨ ᠲᠡᠭᠡᠭᠰᠢᠯᠡᠬᠦᠯᠦᠨ᠂ ᠰᠢᠨ᠎ᠠ ᠬᠡᠯᠪᠡᠷᠢ ᠶᠢᠨ | ᠬᠤᠳᠠ ᠪᠠᠯᠭᠠᠰᠤᠵᠢᠯᠳᠠ ᠶᠢᠨ ᠠᠬᠢᠴᠨ ᠶᠢ ᠲᠦᠷᠭᠡᠳᠭᠡᠬᠦ ᠲᠠᠯ᠎ᠠ ᠪᠠᠷ ᠰᠢᠨ᠎ᠠ ᠰᠢᠪᠳᠤᠯᠤᠯᠳᠠ ᠭᠠᠷᠭᠠᠬᠤ ᠪᠠᠷ | ᠴᠢᠷᠮᠠᠶᠢᠬᠤ ᠬᠡᠷᠡᠭᠳᠠᠢ᠃ ᠠᠮᠢ ᠠᠬᠤᠢ ᠶᠢ ᠬᠠᠮᠠᠭᠠᠯᠠᠨ᠂ ᠤᠷᠤᠰᠢᠨ ᠰᠠᠭᠤᠬᠤ ᠳᠤ ᠲᠠᠭᠠᠯᠠᠮᠵᠢᠳᠠᠢ᠂ ᠵᠢᠭᠤᠯᠴᠢᠯᠠᠬᠤ | ᠳᠤ ᠲᠤᠬᠢᠷᠠᠮᠵᠢᠳᠠᠢ ᠪᠠᠶᠢᠬᠤ ᠬᠦᠭᠵᠢᠯᠳᠠ ᠶᠢᠨ ᠤᠨᠴᠠᠯᠢᠭ ᠢ ᠪᠠᠷᠢᠮᠳᠠᠯᠠᠨ᠂ ᠬᠤᠳᠠ ᠪᠠᠯᠭᠠᠰᠤᠵᠢᠯᠳᠠ ᠶᠢᠨ ᠴᠢᠨᠠᠷ ᠢ | ᠲᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠨ᠂ ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢ | ᠲᠡᠬᠦᠯᠳᠡᠷᠵᠢᠬᠦᠯᠵᠤ᠂ ᠭᠤᠶᠤ ᠰᠠᠶᠢᠬᠠᠨ ᠬᠤᠳᠠ ᠪᠠᠯᠭᠠᠰᠤ ᠶᠢ ᠴᠤᠭᠴᠠᠯᠠᠨ ᠪᠠᠶᠢᠭᠤᠯᠬᠤ ᠬᠡᠷᠡᠭᠳᠠᠢ᠃ | ᠬᠤᠳᠠ ᠪᠠᠯᠭᠠᠰᠤ ᠶᠢ ᠪᠦᠳᠦᠭᠡᠨ ᠪᠠᠶᠢᠭᠤᠯᠬᠤ ᠪᠠ ᠬᠠᠮᠢᠶᠠᠷᠬᠤ ᠬᠢᠷᠢ ᠲᠦᠪᠰᠢᠨ ᠢᠶᠠᠨ ᠲᠡᠭᠡᠭᠰᠢᠯᠡᠬᠦᠯᠬᠦ | ᠬᠡᠷᠡᠭᠳᠠᠢ᠃ ᠪᠢᠷᠠᠭᠤ ᠪᠠᠯᠭᠠᠰᠤ ᠶᠢᠨ ᠬᠤᠳᠠ ᠶᠢᠨ ᠶᠡᠷᠦᠩᠭᠡᠢ ᠲᠦᠯᠦᠪᠵᠢᠬᠦᠯᠭᠡ ᠶᠢ ᠵᠠᠰᠠᠵᠤ ᠨᠠᠶᠢᠷᠠᠭᠤᠯᠬᠤ᠂ ᠭᠠᠵᠠᠷ | ᠲᠤᠤᠷᠠᠬᠢ ᠬᠤᠭᠤᠯᠠᠢ ᠶᠢᠨ ᠲᠤᠤᠷᠵᠢᠯ ᠤᠨ ᠲᠦᠯᠦᠪᠵᠢᠬᠦᠯᠭᠡ ᠵᠢᠴᠢ ᠭᠤᠤᠯ ᠤᠨ ᠪᠠᠷᠠᠭᠤᠨᠳᠠᠬᠢ ᠲᠤᠭᠤᠷᠢᠭ ᠵᠡᠷᠭᠡ | ᠭᠤᠤᠯᠳᠠᠯᠭᠠᠳᠤ ᠤᠷᠤᠨ ᠲᠤᠭᠤᠷᠢᠭ ᠤᠨ ᠡᠵᠡᠮᠳᠡᠯ ᠤᠨ ᠴᠢᠨᠠᠷᠳᠠᠢ ᠨᠠᠷᠢᠯᠢᠭ ᠲᠦᠯᠦᠪᠵᠢᠬᠦᠯᠭᠡ ᠶᠢᠨ ᠨᠠᠶᠢᠷᠠᠭᠤᠯᠤᠨ | ᠵᠤᠬᠢᠶᠠᠬᠤ ᠠᠵᠢᠯ ᠢ ᠲᠠᠭᠤᠰᠬᠠᠵᠤ᠂ ᠲᠦᠯᠦᠪᠵᠢᠬᠦᠯᠭᠡ ᠶᠢᠨ ᠬᠢᠵᠠᠭᠠᠷᠯᠠᠬᠤ ᠬᠦᠴᠦᠨ ᠢ ᠲᠡᠭᠡᠭᠰᠢᠯᠡᠬᠦᠯᠦᠨ᠂ | ᠲᠦᠯᠦᠪᠵᠢᠭᠦᠯᠭᠡ ᠶᠢᠨ ᠦᠷᠬᠦᠯᠵᠢᠯᠡᠭᠰᠡᠨ ᠴᠢᠨᠠᠷ ᠢ ᠪᠠᠳᠤᠯᠠᠬᠤ ᠬᠡᠷᠡᠭᠳᠠᠢ᠃ ᠪᠦᠬᠦ ᠬᠤᠰᠢᠭᠤᠨ ᠤ ᠭᠠᠵᠠᠷ ᠰᠢᠷᠤᠢ | ᠶᠢᠨ ᠠᠰᠢᠭᠯᠠᠯᠳᠠ ᠶᠢᠨ ᠶᠡᠷᠦᠩᠭᠡᠢ ᠲᠦᠯᠦᠪᠵᠢᠬᠦᠯᠭᠡ ᠶᠢ ᠪᠦᠬᠦᠯᠢ ᠴᠤᠭᠴᠠ ᠪᠠᠷ ᠨᠢ ᠵᠠᠰᠠᠪᠤᠷᠢ ᠤᠷᠤᠭᠤᠯᠤᠨ | ᠨᠠᠶᠢᠷᠠᠭᠤᠯᠵᠤ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ ᠶᠢ ᠡᠷᠴᠢᠮᠵᠢᠭᠰᠡᠨ | ᠲᠦᠪᠰᠢᠨ ᠢ ᠲᠡᠭᠡᠭᠰᠢᠯᠡᠬᠦᠯᠦᠨ᠂ ᠲᠦᠷᠦᠯ ᠵᠦᠢᠯ ᠤᠨ ᠭᠠᠵᠠᠷ ᠰᠢᠷᠤᠢ ᠬᠡᠷᠡᠭᠰᠡᠬᠦ ᠱᠠᠭᠠᠷᠳᠠᠯᠭ᠎ᠠ ᠶᠢ ᠪᠠᠳᠤᠯᠠᠬᠤ | ᠬᠡᠷᠡᠭᠳᠠᠢ᠃ ᠠᠵᠤ ᠦᠢᠯᠡᠰ ᠤᠨ ᠬᠦᠭᠵᠢᠯᠳᠠ᠂ ᠤᠯᠠᠨ ᠨᠡᠶᠢᠳᠠ ᠶᠢᠨ ᠦᠢᠯᠡᠴᠢᠯᠡᠭᠡ᠂ ᠠᠵᠢᠯ ᠤᠯᠭᠤᠯᠳᠠ ᠶᠢ | ᠨᠡᠮᠡᠭᠳᠡᠬᠦᠯᠬᠦ᠂ ᠬᠦᠮᠦᠨ ᠠᠮᠠ ᠶᠢ ᠲᠦᠪᠯᠡᠷᠡᠬᠦᠯᠬᠦ ᠴᠢᠳᠠᠪᠬᠢ ᠶᠢᠨ ᠱᠠᠭᠠᠷᠳᠠᠯᠭ᠎ᠠ ᠳᠤ ᠬᠠᠨᠳᠤᠭᠤᠯᠤᠨ᠂ ᠤᠷᠤᠨ | ᠨᠤᠳᠤᠭ ᠤᠨ ᠦᠨᠳᠦᠰᠦᠳᠡᠨ ᠤ ᠤᠯᠠᠮᠵᠢᠯᠠᠯᠳᠤ ᠰᠤᠶᠤᠯ ᠤᠨ ᠡᠯᠧᠮᠧᠨ᠋ᠲ ᠢ ᠤᠳᠤ ᠦᠶ᠎ᠡ ᠶᠢᠨ ᠪᠠᠷᠢᠯᠭ᠎ᠠ ᠳᠤ | ᠠᠭᠤᠰᠠᠬᠵᠤ᠂ ᠦᠷᠭᠡᠨ ᠤᠯᠠᠨ ᠰᠠᠭᠤᠷᠢᠰᠢᠯ ᠠᠷᠠᠳ ᠲᠤ ᠴᠡᠯᠮᠡᠭ ᠲᠡᠭᠷᠢ ᠴᠠᠭᠠᠨ ᠡᠬᠦᠯᠨ᠂ ᠨᠤᠭᠤᠭᠠᠨ ᠲᠠᠯ᠎ᠠ | ᠲᠤᠩᠭᠠᠯᠠᠭ ᠤᠷᠤᠰᠬᠠᠯ ᠢ ᠬᠠᠷᠠᠭᠤᠯᠤᠭᠰᠠᠨ ᠪᠠᠶᠢᠬᠤ ᠬᠡᠷᠡᠭᠳᠠᠢ᠃ ᠬᠡᠰᠢᠭᠳᠡᠨ ᠵᠢᠭᠤᠯᠴᠢᠯᠠᠯ ᠤᠨ ᠠᠷᠠᠯᠵᠢᠶ᠎ᠠ | ᠬᠤᠳᠠᠯᠳᠤᠭᠠᠨ ᠤ ᠠᠭᠤᠳᠠᠮ ᠲᠠᠯᠠᠪᠠᠢ ᠶᠢᠨⅠᠬᠤᠭᠤᠴᠠᠭ᠎ᠠ᠂ ᠰᠢᠷᠠᠮᠦ᠋ᠷᠡᠨ ᠬᠤᠳᠠᠯᠳᠤᠭᠠᠨ ᠤ ᠠᠭᠤᠳᠠᠮ ᠲᠠᠯᠠᠪᠠᠢ | ᠶᠢᠨⅠ ᠬᠤᠭᠤᠴᠠᠭ᠎ᠠ᠂ ᠸᠧᠢ ᠳ᠋ᠦᠸᠧ ᠯᠢ ᠬᠤᠳᠠᠯᠳᠤᠭᠠᠨ ᠤ ᠲᠠᠯᠠᠪᠠᠢ ᠶᠢᠨ ᠭᠤᠤᠯ ᠴᠤᠭᠴᠨ ᠶᠢᠨ ᠪᠠᠷᠢᠯᠭ᠎ᠠ᠂ | ᠴᠢᠯᠦᠭᠡᠯᠡᠯᠳᠠ ᠵᠠᠮ ᠢ ᠤᠮᠠᠷᠠᠰᠢ ᠤᠷᠳᠤᠳᠬᠠᠬᠤ᠂ ᠪᠢᠷᠠᠭᠤ ᠠᠷᠪᠠᠨ ᠨᠢᠭᠡᠳᠦᠭᠡᠷ ᠵᠡᠭᠡᠯᠢ ᠶᠢᠨ ᠶᠠᠪᠠᠭᠠᠨ ᠬᠦᠮᠦᠨ ᠤ | ᠵᠠᠮ ᠢ ᠦᠭᠡᠷᠡᠴᠢᠯᠡᠬᠦ᠂ ᠵᠢᠵᠢᠭ ᠭᠤᠳᠤᠮᠵᠢ ᠶᠢ ᠵᠠᠰᠠᠨ ᠴᠡᠭᠴᠡᠯᠡᠬᠦ ᠵᠢᠴᠢ ᠰᠢᠳᠠᠮᠠᠬᠠᠢ ᠬᠡᠢ ᠶᠢᠨ ᠢᠨᠵᠧᠨᠧᠷᠢᠩ ᠤᠨ | ᠪᠦᠳᠦᠭᠡᠨ ᠪᠠᠶᠢᠭᠤᠯᠤᠯᠳᠠ ᠶᠢ ᠲᠠᠭᠤᠰᠬᠠᠬᠤ ᠬᠡᠷᠡᠭᠳᠠᠢ︔ ᠪᠢᠷᠠᠭᠤ ᠪᠠᠯᠭᠠᠰᠤ ᠶᠢᠨ ᠤᠰᠤ ᠬᠠᠩᠭᠠᠬᠤ᠂ | ᠲᠦᠪᠯᠡᠷᠡᠬᠦᠯᠦᠨ ᠲᠤᠯᠠᠭᠠᠯᠭ᠎ᠠ ᠬᠠᠩᠭᠠᠬᠤ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ | ᠨᠠᠮᠤᠭ ᠭᠠᠵᠠᠷ ᠤᠨ ᠴᠡᠴᠡᠷᠯᠢᠭ ᠤᠨ ᠬᠠᠮᠠᠭᠠᠯᠠᠯᠳᠠ ᠶᠢᠨ ᠢᠨᠵᠧᠨᠧᠷᠢᠩ ᠢ ᠡᠬᠢᠯᠡᠨ ᠬᠡᠷᠡᠭᠵᠢᠬᠦᠯᠬᠦ ᠬᠡᠷᠡᠭᠳᠠᠢ᠃ | ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠨ ᠶᠢ 380 ᠲᠦᠬᠦᠷ᠂ 2.68 ᠲᠦᠮᠡᠨ ᠺᠦᠸᠠᠳ᠋ ᠮᠧᠲᠷ ᠪᠠᠶᠢᠭᠤᠯᠵᠤ | ᠂ 30 ᠺᠦᠸᠠᠳ᠋ ᠮᠧᠲᠷ ᠡᠩ ᠤᠨ ᠲᠠᠸᠠᠷ ᠤᠨ ᠤᠷᠤᠨ ᠰᠠᠭᠤᠴᠨ ᠶᠢ ᠪᠠᠷᠢᠵᠤ ᠲᠠᠭᠤᠰᠬᠠᠬᠤ ᠬᠡᠷᠡᠭᠳᠠᠢ᠃ ᠬᠤᠳᠠ | ᠪᠠᠯᠭᠠᠰᠤ ᠶᠢᠨ ᠨᠢᠭᠡᠨᠳᠠ ᠪᠠᠶᠢᠭᠤᠯᠤᠭᠰᠠᠨ ᠤᠷᠤᠨ ᠰᠠᠭᠤᠴᠨ ᠶᠢᠨ ᠡᠨᠧᠷᠬᠢ ᠠᠷᠪᠢᠯᠠᠬᠤ ᠦᠭᠡᠷᠡᠴᠢᠯᠡᠯᠳᠠ ᠶᠢᠨ | ᠲᠦᠷᠦᠯ ᠵᠦᠢᠯ ᠢ ᠦᠷᠬᠦᠯᠵᠢᠯᠡᠨ ᠬᠡᠷᠡᠭᠵᠢᠬᠦᠯᠬᠦ ᠬᠡᠷᠡᠭᠳᠠᠢ᠃ ᠭᠠᠯᠳᠠᠰᠤᠳᠠᠢ ᠷᠠᠰᠢᠶᠠᠨ ᠤ ᠬᠤᠳᠠ ᠪᠠᠯᠭᠠᠰᠤ ᠶᠢᠨ | ᠬᠡᠪᠴᠢᠶ᠎ᠡ ᠶᠢ ᠦᠷᠭᠡᠳᠭᠡᠨ᠂ 1 ᠰᠠᠭᠤᠷᠢ ᠲᠠᠭᠠᠭᠠᠴᠠᠳᠤ ᠬᠦᠬᠦᠷᠭᠡ᠂ 2 ᠰᠠᠭᠤᠷᠢ ᠦᠵᠡᠮᠵᠢ ᠶᠢᠨ ᠬᠦᠬᠦᠷᠭᠡ᠂ 1 | ᠬᠠᠯᠠᠭᠤᠨ ᠷᠠᠰᠢᠶᠠᠨ ᠤ ᠬᠤᠳᠳᠤᠭ ᠢ ᠰᠢᠨ᠎ᠠ ᠪᠠᠷ ᠪᠠᠶᠢᠭᠤᠯᠵᠤ᠂ ᠭᠠᠯᠳᠠᠰᠤᠳᠠᠢ ᠬᠠᠯᠠᠭᠤᠨ ᠷᠠᠰᠢᠶᠠᠨ ᠤ | ᠵᠢᠭᠤᠯᠴᠢᠯᠠᠨ ᠠᠮᠠᠷᠠᠬᠤ ᠲᠤᠭᠤᠷᠢᠭ᠂ ᠢᠤᠢ ᠯᠦᠩ ᠸᠠᠨ ᠤᠯᠠᠨ ᠤᠯᠤᠰ ᠤᠨ ᠬᠠᠯᠠᠭᠤᠨ ᠷᠠᠰᠢᠶᠠᠨ ᠤ ᠵᠢᠭᠤᠯᠴᠢᠯᠠᠨ | ᠠᠮᠠᠷᠠᠬᠤ ᠲᠤᠭᠤᠷᠢᠭ᠂ ᠲᠠᠪᠤᠨ ᠤᠳᠤᠨ ᠲᠡᠰ ᠤᠨ ᠬᠠᠯᠠᠭᠤᠨ ᠷᠠᠰᠢᠶᠠᠨ ᠤ ᠬᠤᠳᠠᠯᠳᠤᠭᠠᠨ ᠤ ᠶᠠᠪᠤᠳᠠᠯ ᠤᠨ ᠲᠦᠪ᠂ | ᠰᠢᠨ ᠬᠠᠢ ᠪᠠᠭᠤᠳᠠᠯ᠂ ᠯᠦᠩ ᠮᠤ᠋ ᠸᠠᠨ ᠬᠠᠯᠠᠭᠤᠨ ᠷᠠᠰᠢᠶᠠᠨ ᠤ ᠪᠠᠭᠤᠳᠠᠯ᠂ ᠢᠦᠢ ᠱᠦᠢ ᠶᠤᠸᠠᠨ ᠠᠮᠠᠷᠠᠯᠳᠠ ᠶᠢᠨ | ᠭᠠᠵᠠᠷ᠂ ᠤᠰᠤ ᠬᠠᠩᠭᠠᠬᠤ᠂ ᠲᠤᠯᠠᠭᠠᠯᠭ᠎ᠠ ᠬᠠᠩᠭᠠᠬᠤ ᠵᠢᠴᠢ ᠬᠤᠭᠤᠯᠠᠢ ᠶᠢᠨ ᠲᠤᠤᠷᠵᠢᠯ ᠢ ᠦᠭᠡᠷᠡᠴᠢᠯᠡᠬᠦ᠂ ᠭᠤᠤᠯ | ᠤᠨ ᠵᠠᠮ ᠢ ᠵᠠᠰᠠᠨ ᠴᠡᠭᠴᠡᠯᠡᠬᠦ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠭᠤᠤᠯᠳᠠᠯᠭ᠎ᠠ ᠪᠤᠯᠭᠠᠨ | ᠰᠠᠶᠢᠳᠤᠷ ᠠᠳᠬᠤᠬᠤ ᠬᠡᠷᠡᠭᠳᠠᠢ᠃ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠳᠠᠢ ᠭᠡᠷ ᠪᠠᠶᠢᠰᠢᠩ ᠢ | ᠦᠭᠡᠷᠡᠴᠢᠯᠡᠨ ᠰᠠᠶᠢᠵᠢᠷᠠᠭᠤᠯᠬᠤ ᠬᠦᠴᠦᠯᠡᠴᠨ ᠪᠠᠨ ᠦᠨᠡᠩᠬᠦ ᠨᠡᠮᠡᠭᠳᠡᠬᠦᠯᠦᠨ᠂ ᠤᠯᠠᠭᠠᠪᠤᠳᠤᠩ᠂ ᠪᠠᠶᠠᠨᠴᠠᠭᠠᠨ᠂ | ᠬᠠᠭᠤᠷᠠᠢ ᠬᠦᠷᠢᠶ᠎ᠠ᠂ ᠲᠦᠩ ᠰᠢᠩ ᠵᠡᠷᠭᠡ ᠦᠪᠡᠷᠮᠢᠴᠨ ᠤᠨᠴᠠᠯᠢᠭᠳᠤ ᠰᠤᠮᠤ᠂ ᠲᠤᠰᠬᠠᠢ ᠰᠤᠮᠤ ᠶᠢ ᠪᠦᠳᠦᠭᠡᠨ | ᠪᠠᠶᠢᠭᠤᠯᠬᠤ ᠪᠠᠨ ᠲᠦᠷᠭᠡᠳᠭᠡᠬᠦ ᠬᠡᠷᠡᠭᠳᠠᠢ᠃ ᠬᠤᠳᠠ ᠪᠠᠯᠭᠠᠰᠤ ᠬᠢᠭᠡᠳ ᠠᠵᠤ ᠦᠢᠯᠡᠰ ᠢ ᠠᠭᠤᠰᠤᠯᠴᠠᠭᠤᠯᠵᠤ᠂ | ᠬᠤᠳᠠ ᠪᠠᠯᠭᠠᠰᠤ ᠬᠢᠬᠡᠳ ᠠᠵᠤ ᠦᠢᠯᠡᠰ ᠢ ᠬᠠᠮᠳᠤᠪᠠᠷ ᠪᠦᠳᠦᠬᠡᠨ ᠪᠠᠶᠢᠭᠤᠯᠬᠤ ᠶᠢ ᠠᠬᠢᠭᠤᠯᠬᠤ ᠬᠡᠷᠡᠭᠳᠠᠢ᠃ | ᠡᠷᠦᠭᠡ ᠠᠮᠠ ᠶᠢᠨ ᠲᠦᠷᠢᠮ ᠤᠨ ᠦᠭᠡᠷᠡᠴᠢᠯᠡᠯᠳᠠ ᠶᠢ ᠯᠠᠪᠳᠠᠭᠤᠨ ᠠᠬᠢᠭᠤᠯᠵᠤ᠂ ᠬᠤᠳᠠ ᠪᠠᠯᠭᠠᠰᠤ ᠶᠢᠨ ᠪᠠᠶᠢᠩᠭᠤ | ᠶᠢᠨ ᠬᠦᠮᠦᠨ ᠠᠮᠠ ᠶᠢᠨ ᠬᠤᠳᠠᠴᠢᠯᠠᠯᠳᠠ ᠶᠢᠨ ᠠᠬᠢᠴᠨ ᠶᠢ ᠲᠦᠷᠭᠡᠳᠭᠡᠨ᠂ ᠬᠤᠳᠠ ᠪᠠᠯᠭᠠᠰᠤ ᠶᠢᠨ ᠰᠠᠭᠤᠭᠠᠯᠢ | ᠠᠷᠠᠳ ᠤᠨ ᠬᠡᠪ ᠴᠢᠨᠠᠷ ᠪᠠ ᠠᠮᠢᠳᠤᠷᠠᠯ ᠤᠨ ᠴᠢᠨᠰᠠᠭ᠎ᠠ ᠶᠢ ᠴᠢᠷᠮᠠᠶᠢᠨ ᠲᠡᠭᠡᠭᠰᠢᠯᠡᠬᠦᠯᠵᠤ᠂ ᠨᠡᠩ ᠤᠯᠠᠨ ᠬᠤᠳᠠ | ᠤᠷᠤᠭᠰᠠᠨ ᠮᠠᠯᠴᠢᠨ ᠲᠠᠷᠢᠶᠠᠴᠢᠨ ᠳᠤ ᠤᠳᠤᠬᠢᠴᠢᠯᠠᠭᠰᠠᠨ ᠬᠤᠳᠠ ᠶᠢᠨ ᠪᠤᠯᠪᠠᠰᠤᠨ ᠢ ᠬᠦᠷᠳᠡᠭᠡᠨ᠂ ᠪᠦᠬᠦ | ᠬᠤᠰᠢᠭᠤᠨ ᠤ ᠬᠤᠳᠠ ᠪᠠᠯᠭᠠᠰᠤᠵᠢᠯᠳᠠ ᠶᠢᠨ ᠨᠤᠷᠮ᠎ᠠ ᠶᠢ 46% ᠳᠤ ᠬᠦᠷᠭᠡᠬᠦ ᠬᠡᠷᠡᠭᠳᠠᠢ᠃ ᠬᠤᠳᠠ ᠪᠠᠯᠭᠠᠰᠤᠨ ᠤ | ᠬᠠᠮᠢᠶᠠᠷᠤᠯᠳᠠ ᠶᠢ ᠦᠨᠡᠩᠬᠦ ᠴᠢᠩᠭᠠᠳᠬᠠᠨ᠂ ᠬᠤᠳᠠ ᠪᠠᠯᠭᠠᠰᠤᠨ ᠳᠤ ᠤᠷᠤᠵᠤ ᠭᠠᠷᠬᠤ ᠵᠠᠮ ᠤᠨ ᠲᠤᠭᠤᠷᠢᠨ ᠢ | ᠨᠤᠭᠤᠭᠠᠷᠠᠭᠤᠯᠬᠤ ᠵᠢᠴᠢ ᠪᠠᠯᠭᠠᠰᠤ ᠬᠡᠪᠴᠢᠶᠡᠨ ᠤ ᠵᠠᠮ᠂ ᠵᠡᠭᠡᠯᠢ ᠭᠤᠳᠤᠮᠵᠢ ᠵᠡᠷᠭᠡ ᠭᠤᠤᠯᠳᠠᠯᠭ᠎ᠠ ᠲᠠᠢ ᠬᠡᠰᠡᠭ ᠤᠨ | ᠤᠷᠴᠢᠨ ᠲᠤᠭᠤᠷᠢᠨ ᠤ ᠶᠡᠷᠦᠩᠭᠡᠢ ᠴᠡᠭᠴᠡᠯᠡᠯᠳᠠ ᠶᠢ ᠰᠠᠶᠢᠳᠤᠷ ᠠᠳᠬᠤᠨ᠂ ᠲᠤᠷ᠎ᠠ ᠲᠠᠪᠠ ᠪᠠᠷ ᠢᠶᠠᠨ ᠪᠠᠷᠢᠯᠭ᠎ᠠ | ᠪᠤᠰᠬᠠᠬᠤ᠂ ᠲᠡᠷᠭᠡ ᠤᠨᠤᠭ᠎ᠠ ᠬᠦᠨᠳᠡᠯᠡᠨ ᠭᠤᠯᠳᠤ ᠦᠭᠡᠢ ᠵᠤᠭᠰᠤᠭᠠᠬᠤ᠂ ᠵᠠᠮ ᠢ ᠡᠵᠡᠯᠡᠨ ᠡᠵᠡᠩᠨᠡᠬᠦ ᠵᠡᠷᠭᠡ | ᠠᠰᠠᠭᠤᠳᠠᠯ ᠢ ᠲᠦᠪᠯᠡᠷᠡᠬᠦᠯᠦᠨ ᠰᠢᠢᠳᠪᠤᠷᠢᠯᠡᠵᠤ᠂ ᠴᠡᠪᠡᠷ ᠭᠤᠶᠤᠮᠰᠤᠭ᠂ ᠡᠮᠬᠢ ᠲᠢᠭᠯᠢᠮ ᠲᠠᠢ ᠬᠤᠳᠠ ᠪᠠᠯᠭᠠᠰᠤ | ᠶᠢᠨ ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠳᠠᠢ᠃ | ᠵᠠᠮ ᠬᠠᠷᠢᠯᠴᠠᠭ᠎ᠠ᠂ ᠴᠠᠬᠢᠯᠭᠠᠨ ᠬᠦᠴᠦ᠂ ᠴᠢᠮᠡᠭᠡ ᠬᠤᠯᠪᠤᠭᠠᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ | ᠪᠠᠶᠢᠭᠤᠯᠤᠯᠳᠠ ᠶᠢ ᠲᠦᠷᠭᠡᠳᠭᠡᠬᠦ ᠬᠡᠷᠡᠭᠳᠠᠢ᠃ ᠳ᠋ᠠᠨᠳᠦ᠋ᠩ ᠠᠴᠠ ᠰᠢᠯᠢᠩᠬᠤᠳᠠ ᠬᠦᠷᠬᠦ ᠦᠨᠳᠦᠷ ᠬᠤᠷᠳᠤᠴᠠᠳᠤ | ᠵᠠᠰᠠᠮᠠᠯ ᠵᠠᠮ ᠤᠨ ᠪᠢᠷᠠᠭᠤ ᠠᠴᠠ ᠰᠢᠯᠢᠩᠬᠤᠳᠠ ᠬᠦᠷᠬᠦ ᠬᠡᠰᠡᠭ ᠤᠨ ᠪᠦᠳᠦᠭᠡᠨ ᠪᠠᠶᠢᠭᠤᠯᠤᠯᠳᠠ ᠶᠢ ᠯᠠᠪᠳᠠᠭᠤᠨ | ᠪᠠᠳᠤᠳᠠᠢ ᠲᠦᠯᠬᠢᠨ ᠠᠬᠢᠭᠤᠯᠵᠤ᠂ ᠳ᠋ᠠᠨᠳᠦ᠋ᠩ ᠠᠴᠠ ᠰᠢᠯᠢᠩᠬᠤᠳᠠ ᠬᠦᠷᠬᠦ ᠦᠨᠳᠦᠷ ᠬᠤᠷᠳᠤᠴᠠᠳᠤ ᠵᠠᠰᠠᠮᠠᠯ ᠵᠠᠮ | ᠤᠨ ᠳ᠋ᠠᠪᠠᠨ ᠠᠴᠠ ᠪᠢᠷᠠᠭᠤ ᠬᠦᠷᠬᠦ ᠬᠡᠰᠡᠭ ᠪᠠ ᠤᠯᠤᠰ ᠤᠨ ᠵᠠᠮ 233 ᠱᠤᠭᠤᠮ ᠤᠨ ᠪᠢᠷᠠᠭᠤ ᠠᠴᠠ | ᠤᠯᠠᠭᠠᠨᠪᠤᠳᠤᠩ ᠬᠦᠷᠬᠦ ᠬᠡᠰᠡᠭ ᠤᠨ ᠡᠬᠢᠨ ᠤ ᠬᠤᠭᠤᠴᠠᠭᠠᠨ ᠤ ᠠᠵᠢᠯ ᠢ ᠨᠢᠭᠡᠳᠦᠯᠳᠠᠢ ᠲᠦᠯᠦᠪᠯᠡᠨ ᠰᠠᠶᠢᠳᠤᠷ | ᠪᠡᠶᠡᠯᠡᠬᠦᠯᠵᠤ᠂ ᠮᠤᠵᠢ ᠶᠢᠨ ᠵᠠᠮ 304 ᠱᠤᠭᠤᠮ ᠤᠨ ᠤᠯᠠᠭᠠᠨᠪᠤᠳᠤᠩ ᠠᠴᠠ ᠲᠡᠩᠨᠡᠬᠦᠷ ᠤᠨ ᠭᠤᠤᠯ ᠬᠦᠷᠬᠦ 97. | 3 ᠺᠢᠯᠤᠮᠧᠲᠷ ᠤᠨ ᠬᠤᠶᠠᠳᠤᠭᠠᠷ ᠲᠡᠰ ᠤᠨ ᠵᠠᠰᠠᠮᠠᠯ ᠵᠠᠮ ᠪᠠ 80.35 ᠺᠢᠯᠤᠮᠧᠲᠷ ᠤᠨ ᠭᠠᠴᠠᠭᠠᠨ ᠳᠤ ᠨᠡᠪᠳᠡᠷᠡᠬᠦ | ᠲᠤᠰᠤᠨ ᠵᠠᠮ ᠤᠨ ᠪᠠᠶᠢᠭᠤᠯᠤᠯᠳᠠ ᠶᠢᠨ ᠡᠬᠦᠷᠭᠡ ᠶᠢ ᠪᠦᠬᠦ ᠲᠠᠯ᠎ᠠ ᠪᠠᠷ ᠪᠡᠶᠡᠯᠡᠬᠦᠯᠬᠦ ᠬᠡᠷᠡᠭᠳᠠᠢ᠃ 3 ᠰᠠᠭᠤᠷᠢ | ᠬᠦᠴᠦᠳᠡᠯ ᠬᠤᠪᠢᠷᠠᠭᠠᠬᠤ ᠦᠷᠳᠡᠭᠡ ᠶᠢ ᠰᠢᠨ᠎ᠠ ᠪᠠᠷ ᠪᠠᠶᠢᠭᠤᠯᠵᠤ᠂ 370 ᠺᠢᠯᠤᠮᠧᠲᠷ ᠲᠠᠷᠢᠶᠠᠯᠠᠩ ᠤᠨ ᠴᠠᠬᠢᠯᠭᠠᠨ | ᠤ ᠱᠤᠭᠤᠮ ᠢ ᠦᠭᠡᠷᠡᠴᠢᠯᠡᠨ ᠰᠠᠶᠢᠵᠢᠷᠠᠭᠤᠯᠬᠤ ᠬᠡᠷᠡᠭᠳᠠᠢ᠃ ᠵᠢᠯ ᠤᠨ ᠬᠤᠭᠤᠴᠠᠭᠠᠨ ᠳᠤ 4G ᠰᠦᠯᠵᠢᠶ᠎ᠠ ᠶᠢ | ᠨᠡᠪᠳᠡᠷᠡᠬᠦᠯᠦᠨ᠂ 68 ᠨᠡᠬᠦᠳᠡᠯ ᠴᠢᠮᠡᠭᠡ ᠬᠤᠯᠪᠤᠭᠠᠨ ᠤ ᠰᠠᠭᠤᠷᠢ ᠦᠷᠳᠡᠭᠡ ᠶᠢ ᠰᠢᠨ᠎ᠠ ᠪᠠᠷ ᠪᠠᠶᠢᠭᠤᠯᠵᠤ᠂ | ᠬᠡᠷᠡᠯᠯᠢᠭ ᠤᠳᠠᠰᠤ ᠶᠢ 590 ᠺᠢᠯᠤᠮᠧᠲᠷ ᠲᠡᠪᠢᠰᠬᠦ ᠬᠡᠷᠡᠭᠳᠠᠢ᠃ | ︵ᠵᠢᠷᠭᠤᠭ᠎ᠠ︶ ᠠᠮᠢᠵᠢᠷᠠᠯ ᠤᠨ ᠬᠦᠴᠦᠨ ᠢ ᠨᠡᠮᠡᠭᠳᠡᠬᠦᠯᠦᠨ᠂ ᠬᠦᠳᠡᠯᠭᠡᠭᠡᠬᠦ ᠬᠦᠴᠦᠨ ᠢ ᠴᠢᠩᠭᠠᠳᠭᠠᠬᠤ | ᠶᠢᠨ ᠲᠤᠭᠤᠷᠢᠨ ᠳᠤ᠂ ᠦᠭᠡᠷᠡᠴᠢᠯᠡᠯᠳᠠ ᠬᠢᠵᠤ ᠴᠢᠯᠦᠬᠡᠳᠠᠢ ᠶᠠᠪᠤᠯᠴᠠᠬᠤ ᠶᠢ ᠬᠦᠨᠵᠡᠭᠡᠶᠢᠷᠡᠬᠦᠯᠬᠦ ᠲᠠᠯ᠎ᠠ ᠪᠠᠷ ᠰᠢᠨ᠎ᠠ | ᠰᠢᠪᠳᠤᠯᠤᠯᠳᠠ ᠭᠠᠷᠭᠠᠬᠤ ᠪᠠᠷ ᠬᠦᠴᠦᠯᠡᠨ ᠴᠢᠷᠮᠠᠶᠢᠬᠤ ᠬᠡᠷᠡᠭᠳᠠᠢ᠃ ᠦᠭᠡᠷᠡᠴᠢᠯᠡᠯᠳᠠ ᠪᠠᠷ ᠬᠦᠭᠵᠢᠯᠳᠠ ᠶᠢᠨ ᠬᠦᠴᠢᠷ | ᠲᠠᠢ ᠠᠰᠠᠭᠤᠳᠠᠯ ᠢ ᠲᠠᠶᠢᠯᠬᠤ᠂ ᠰᠢᠨ᠎ᠠ ᠶᠢ ᠡᠬᠦᠳᠬᠦ ᠪᠠᠷ ᠬᠦᠭᠵᠢᠯᠳᠠ ᠶᠢᠨ ᠤᠷᠤᠨ ᠵᠠᠢ ᠶᠢ ᠦᠷᠭᠡᠳᠭᠡᠬᠦ᠂ | ᠴᠢᠯᠦᠬᠡᠳᠠᠢ ᠶᠠᠪᠤᠯᠴᠠᠬᠤ ᠪᠠᠷ ᠬᠠᠮᠵᠢᠯᠴᠠᠬᠤ ᠲᠤᠬᠢᠶᠠᠯ ᠢ ᠲᠡᠮᠡᠴᠡᠨ ᠤᠯᠬᠤ ᠶᠢ ᠪᠠᠷᠢᠮᠳᠠᠯᠠᠨ᠂ ᠠᠵᠤ ᠠᠬᠤᠢ ᠶᠢᠨ | ᠬᠦᠭᠵᠢᠯᠳᠠ ᠶᠢ ᠠᠬᠢᠭᠤᠯᠬᠤ ᠪᠤᠢ ᠪᠦᠬᠦᠢ ᠠᠮᠢᠵᠢᠷᠠᠯ ᠤᠨ ᠬᠦᠴᠦᠨ ᠢ ᠬᠠᠷᠢᠯᠴᠠᠨ ᠦᠷᠢᠰᠦᠯᠳᠦᠬᠦᠯᠦᠨ ᠬᠦᠭᠵᠢᠬᠦᠯᠬᠦ | ᠬᠡᠷᠡᠭᠳᠠᠢ᠃ | ᠦᠭᠡᠷᠡᠴᠢᠯᠡᠯᠳᠠ ᠬᠢᠵᠤ ᠰᠢᠨ᠎ᠠ ᠶᠢ ᠡᠬᠦᠳᠬᠦ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠬᠡᠷᠡᠭᠳᠠᠢ᠃ ︽12. | 5︾ ᠶᠢᠨ ᠲᠦᠯᠦᠪᠵᠢᠬᠦᠯᠬᠡ ᠶᠢᠨ ᠲᠤᠮᠳᠠ ᠬᠤᠭᠤᠴᠠᠭᠠᠨ ᠤ ᠦᠨᠡᠯᠡᠯᠳᠠ ᠪᠠ ︽13.5︾ ᠶᠢᠨ | ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠠᠵᠢᠯ ᠢ ᠰᠢᠨᠵᠢᠯᠡᠬᠦ ᠤᠬᠠᠭᠠᠨᠴᠢ ᠵᠤᠬᠢᠰᠳᠠᠢ ᠰᠠᠶᠢᠳᠤᠷ ᠬᠢᠬᠦ | ᠬᠡᠷᠡᠭᠳᠠᠢ᠃ ᠪᠡᠯᠨ ᠤᠷᠤᠭᠤᠯᠬᠤ ᠪᠠᠶᠢᠭᠤᠯᠤᠯ ᠤᠨ ᠦᠭᠡᠷᠡᠴᠢᠯᠡᠯᠳᠠ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ | ᠠᠴᠠ ᠪᠡᠯᠨ ᠤᠷᠤᠭᠤᠯᠤᠭᠰᠠᠨ ᠲᠦᠷᠦᠯ ᠵᠦᠢᠯ ᠯᠨ ᠶᠤᠮ ᠪᠤᠯ᠂ ᠤᠯᠤᠰ ᠤᠨ ᠲᠤᠳᠤᠷᠬᠠᠢ ᠲᠤᠭᠳᠠᠭᠠᠭᠰᠠᠨ ᠠᠴᠠ | ᠭᠠᠳᠠᠨ᠎ᠠ᠂ ᠪᠦᠬᠦᠨ ᠢ ᠠᠵᠤ ᠠᠬᠤᠶᠢᠯᠠᠯ ᠠᠴᠠ ᠬᠠᠤᠯᠢ ᠲᠤᠭᠳᠠᠭᠠᠯ ᠶᠤᠰᠤᠭᠠᠷ ᠦᠪᠡᠷᠳᠡᠭᠡᠨ ᠡᠵᠡᠨ ᠮᠡᠳᠡᠵᠤ | ᠰᠢᠢᠳᠪᠤᠷᠢ ᠲᠤᠭᠳᠠᠭᠠᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠴᠤᠮᠬᠠᠳᠬᠠᠵᠤ᠂ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠦᠷ᠎ᠠ ᠪᠦᠳᠦᠮᠵᠢ ᠶᠢ ᠲᠡᠭᠡᠭᠰᠢᠯᠡᠬᠦᠯᠬᠦ ᠬᠡᠷᠡᠭᠳᠠᠢ᠃ ᠵᠠᠰᠠᠭ ᠤᠨ ᠤᠷᠳᠤᠨ ᠤ | ᠠᠵᠢᠯ ᠤᠨ ᠴᠢᠳᠠᠪᠬᠢ ᠶᠢ ᠦᠨᠡᠩᠬᠦ ᠬᠤᠪᠢᠷᠠᠭᠤᠯᠤᠨ᠂ ᠦᠢᠯᠡᠴᠢᠯᠡᠬᠦ ᠤᠬᠠᠮᠰᠠᠷ ᠢ ᠴᠢᠩᠭᠠᠳᠬᠠᠵᠤ᠂ ᠵᠠᠰᠠᠭ ᠤᠨ | ᠤᠷᠳᠤᠨ ᠵᠢᠴᠢ ᠠᠵᠢᠯ ᠤᠨ ᠰᠠᠯᠠᠭ᠎ᠠ ᠮᠦᠴᠢᠷ ᠤᠨ ᠡᠷᠭᠡ ᠮᠡᠳᠡᠯ ᠤᠨ ᠨᠠᠷᠢᠨ ᠲᠠᠩᠰᠠ ᠶᠢᠨ ᠲᠦᠷᠢᠮ ᠢ | ᠬᠡᠷᠡᠭᠵᠢᠬᠦᠯᠦᠨ᠂ ᠰᠢᠢᠳᠪᠤᠷᠢᠳᠤ ᠪᠤᠳᠤᠯᠭ᠎ᠠ ᠶᠢ ᠢᠯᠨ ᠪᠤᠯᠭᠠᠬᠤ᠂ ᠬᠠᠮᠢᠶᠠᠷᠤᠯᠳᠠ ᠶᠢ ᠢᠯᠨ ᠪᠤᠯᠭᠠᠬᠤ᠂ | ᠦᠢᠯᠡᠴᠢᠯᠡᠭᠡ ᠶᠢ ᠢᠯᠨ ᠪᠤᠯᠭᠠᠬᠤ᠂ ᠦᠷ᠎ᠠ ᠳ᠋ᠦᠩ ᠢ ᠢᠯᠨ ᠪᠤᠯᠭᠠᠬᠤ ᠶᠢ ᠬᠠᠤᠯᠢ ᠶᠤᠰᠤᠭᠠᠷ ᠲᠦᠯᠬᠢᠨ | ᠠᠬᠢᠭᠤᠯᠵᠤ᠂ ᠡᠷᠭᠡ ᠶᠢ ᠢᠯᠨ ᠪᠤᠳᠠᠳᠠᠢ ᠪᠠᠷ ᠬᠡᠷᠡᠭᠵᠢᠬᠦᠯᠬᠦ ᠬᠡᠷᠡᠭᠳᠠᠢ᠃ ᠵᠠᠰᠠᠭ ᠤᠨ ᠤᠷᠳᠤᠨ ᠤ ᠪᠠᠶᠢᠭᠤᠯᠤᠮᠵᠢ | ᠶᠢᠨ ᠦᠭᠡᠷᠡᠴᠢᠯᠡᠯᠳᠠ ᠶᠢ ᠲᠦᠷᠭᠡᠳᠭᠡᠨ᠂ ᠺᠠᠳ᠋ᠷ ᠤᠨ ᠠᠵᠢᠯᠳᠠᠨ ᠤ ᠲᠦᠷᠢᠮ ᠤᠨ ᠦᠭᠡᠷᠡᠴᠢᠯᠡᠯᠳᠠ᠂ ᠠᠵᠢᠯ | ᠦᠢᠯᠡᠰ ᠤᠨ ᠨᠢᠭᠡᠴᠨ ᠶᠢᠨ ᠲᠦᠷᠦᠯ ᠬᠤᠪᠢᠶᠠᠬᠤ ᠦᠭᠡᠷᠡᠴᠢᠯᠡᠯᠳᠠ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ | ᠤᠨ ᠦᠭᠡᠷᠡᠴᠢᠯᠡᠯᠳᠠ ᠶᠢ ᠬᠦᠨᠵᠡᠭᠡᠢ ᠬᠡᠷᠡᠭᠵᠢᠬᠦᠯᠵᠤ ᠢᠳᠡᠭᠡᠨ ᠤᠮᠳᠠᠭᠠᠨ ᠡᠮ ᠤᠨ ᠵᠦᠢᠯᠡᠰ᠂ ᠠᠵᠢᠯ ᠲᠦᠷᠦᠯ ᠤᠨ | ᠠᠷᠢᠭᠤᠨ ᠴᠡᠪᠡᠷ᠂ ᠦᠢᠯᠡᠳᠪᠤᠷᠢ ᠬᠤᠳᠠᠯᠳᠤᠭ᠎ᠠ᠂ ᠴᠢᠨᠠᠷ ᠴᠢᠨᠰᠠᠭ᠎ᠠ ᠶᠢ ᠬᠢᠨᠠᠨ ᠬᠠᠮᠢᠶᠠᠷᠬᠤ ᠵᠡᠷᠭᠡ ᠬᠦᠷᠢᠶ᠎ᠠ | ᠬᠡᠪᠴᠢᠶᠡᠨ ᠤ ᠬᠠᠮᠢᠶᠠᠷᠤᠯᠳᠠ ᠶᠢᠨ ᠪᠠᠶᠢᠭᠤᠯᠤᠯ ᠢ ᠲᠤᠬᠢᠷᠠᠭᠤᠯᠬᠤ ᠠᠵᠢᠯ ᠢ ᠪᠠᠳᠤ ᠰᠠᠶᠢᠨ ᠪᠡᠶᠡᠯᠡᠬᠦᠯᠬᠦ ᠬᠡᠷᠡᠭᠳᠠᠢ᠃ | ᠤᠯᠤᠰ ᠤᠨ ᠦᠮᠴᠢᠯᠡᠯᠳᠤ ᠤᠢ ᠶᠢᠨ ᠲᠠᠯᠠᠪᠠᠢ ᠶᠢ ᠶᠡᠷᠦᠩᠭᠡᠶᠢᠯᠡᠨ ᠲᠦᠬᠦᠷᠵᠢᠬᠦᠯᠬᠦ ᠦᠭᠡᠷᠡᠴᠢᠯᠡᠯᠳᠠ ᠶᠢᠨ ᠴᠢᠭ᠋ ᠤᠨ | ᠠᠵᠢᠯ ᠢ ᠪᠡᠶᠡᠯᠡᠬᠦᠯᠵᠤ᠂ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢᠶ᠎ᠠ ᠶᠢ ᠬᠤᠳᠠᠯᠳᠤᠭᠠᠨ ᠤ ᠪᠠᠩᠬᠢ ᠲᠡᠰᠢ | ᠬᠡᠯᠪᠡᠷᠢ ᠬᠤᠪᠢᠷᠠᠬᠤ ᠶᠢ ᠲᠦᠯᠬᠢᠨ ᠠᠬᠢᠭᠤᠯᠬᠤ ᠬᠡᠷᠡᠭᠳᠠᠢ᠃ ᠵᠠᠰᠠᠭ ᠤᠨ ᠤᠷᠳᠤᠨ ᠤ ᠨᠡᠶᠢᠭᠡᠮ ᠤᠨ ᠬᠦᠴᠦᠨ ᠠᠴᠠ | ᠤᠯᠠᠨ ᠨᠡᠶᠢᠳᠠ ᠶᠢᠨ ᠦᠢᠯᠡᠴᠢᠯᠡᠭᠡ ᠶᠢ ᠬᠤᠳᠠᠯᠳᠤᠨ ᠠᠪᠬᠤ ᠬᠦᠴᠦᠯᠡᠴᠨ ᠶᠢ ᠨᠡᠮᠡᠭᠳᠡᠬᠦᠯᠬᠦ ᠬᠡᠷᠡᠭᠳᠠᠢ᠃ ᠨᠡᠶᠢᠭᠡᠮ | ᠤᠨ ᠡᠳ᠋ ᠬᠦᠷᠦᠩᠭᠡ ᠶᠢ ᠤᠨᠴᠠᠭᠠᠢ ᠵᠦᠪᠰᠢᠶᠡᠷᠡᠯ ᠲᠠᠢ ᠡᠵᠡᠩᠨᠡᠯᠳᠠ ᠶᠢᠨ ᠬᠡᠯᠪᠡᠷᠢ ᠪᠠᠷ ᠬᠤᠳᠠ ᠪᠠᠯᠭᠠᠰᠤ᠂ | ᠬᠦᠷᠢᠶᠡᠯᠡᠩ ᠲᠤᠭᠤᠷᠢᠭ ᠤᠨ ᠬᠤᠳᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠳᠤ ᠪᠡᠯᠨ ᠤᠷᠤᠭᠤᠯᠬᠤ ᠪᠠ | ᠡᠵᠡᠩᠨᠡᠯᠳᠠ ᠬᠢᠬᠦ ᠶᠢ ᠵᠦᠪᠰᠢᠶᠡᠷᠡᠵᠤ᠂ ᠪᠡᠯᠨ ᠤᠷᠤᠭᠤᠯᠤᠯᠳᠠ ᠶᠢᠨ ᠪᠤᠭᠤᠮᠢ ᠬᠢᠵᠠᠭᠠᠷᠯᠠᠯ ᠢ ᠪᠦᠳᠦᠮᠵᠢᠳᠠᠢ | ᠰᠢᠢᠳᠪᠤᠷᠢᠯᠡᠬᠦ ᠬᠡᠷᠡᠭᠳᠠᠢ᠃ ᠰᠤᠶᠤᠯ᠂ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠨᠡᠶᠢᠭᠡᠮ ᠤᠨ ᠲᠠᠭᠠᠳᠬᠠᠯ | ᠵᠡᠷᠭᠡ ᠨᠡᠶᠢᠭᠡᠮ ᠤᠨ ᠬᠦᠷᠢᠶ᠎ᠠ ᠬᠡᠪᠴᠢᠶᠡᠨ ᠳᠠᠬᠢ ᠦᠭᠡᠷᠡᠴᠢᠯᠡᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠰᠢᠨ᠎ᠠ ᠪᠠᠶᠢᠳᠠᠯ ᠢ ᠴᠢᠷᠮᠠᠶᠢᠨ ᠡᠬᠦᠳᠬᠦ ᠬᠡᠷᠡᠭᠳᠠᠢ᠃ | ᠤᠲᠦ ᠦᠶ᠎ᠡ ᠶᠢᠨ ᠵᠠᠬ᠎ᠠ ᠳᠡᠯᠭᠡᠭᠦᠷ ᠤᠨ ᠲᠤᠭᠳᠠᠯᠴᠠᠭ᠎ᠠ ᠶᠢ ᠳᠡᠭᠦᠯᠳᠡᠷᠵᠢᠭᠦᠯᠭᠦ ᠭᠡᠷᠡᠭᠲᠠᠢ᠃ ᠵᠠᠰᠠᠭ ᠤᠨ | ᠤᠷᠲᠦᠨ ᠤ ᠬᠤᠷᠸ᠎ᠠ ᠲᠤᠭᠢᠷᠠᠭᠤᠯᠤᠯᠳᠠ ᠪᠠ ᠵᠠᠬ᠎ᠠ ᠳᠡᠯᠭᠡᠭᠦᠷ ᠤᠨ ᠲᠤᠭᠢᠷᠠᠭᠤᠯᠤᠯᠳᠠ ᠶᠢᠨ ᠵᠤᠭᠢᠴᠠᠯᠲᠦᠨ | ᠬᠠᠮᠲᠤᠷᠠᠯᠴᠠᠬᠤ ᠤᠶᠢᠯᠡᠲᠦᠯ ᠢ ᠪᠠᠳᠠᠷᠠᠭᠤᠯᠵᠦ᠂ ᠵᠠᠰᠠᠭ ᠤᠨ ᠤᠷᠲᠦᠨ ᠤ ᠵᠢᠵᠢᠭ ᠭᠡᠷᠡᠭ ᠤᠴᠢᠷ ᠲᠠᠬᠢ | ᠬᠠᠮᠢᠶᠠᠷᠦᠯᠳᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠦ᠂ ᠵᠠᠰᠠᠭ ᠤᠨ ᠤᠷᠲᠦᠨ ᠤ ᠴᠢᠳᠠᠪᠬᠢ ᠶᠢ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠦᠯᠳᠠ ᠪᠠ ᠤᠯᠠᠨ ᠨᠡᠶᠢᠳᠡ ᠶᠢᠨ ᠤᠶᠢᠯᠡᠴᠢᠯᠡᠭᠡ ᠶᠢ ᠴᠢᠩᠭᠠᠳᠬᠠᠬᠤ ᠳᠡᠭᠡᠷ᠎ᠡ ᠦᠨᠡᠩᠭᠦ | ᠰᠢᠯᠵᠢᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠤᠭᠴᠠ ᠳᠤ ᠪᠦᠭᠦ ᠳᠠᠯ᠎ᠠ ᠶᠢᠨ᠂ ᠨᠠᠷᠢᠯᠢᠭ | ᠤᠨᠤᠪᠴᠢᠲᠠᠢ᠂ ᠳᠠᠭᠠᠯᠠᠮᠵᠢᠲᠠᠢ ᠪᠦᠭᠦ ᠲᠠᠯ᠎ᠠ ᠶᠢᠨ ᠤᠶᠢᠯᠡᠴᠢᠯᠡᠭᠡ ᠶᠢ ᠬᠠᠩᠭᠠᠬᠤ ᠭᠡᠷᠡᠭᠲᠠᠢ᠃ ᠡᠷᠭᠡ ᠠᠰᠢᠭ ᠡᠷᠭᠡ | ᠳᠡᠭᠰᠢ᠂ ᠠᠵᠠ ᠲᠤᠭᠢᠶᠠᠯ ᠡᠷᠭᠡ ᠳᠡᠭᠰᠢ᠂ ᠲᠦᠷᠢᠮ ᠲᠤᠭᠳᠠᠭᠠᠯ ᠡᠷᠭᠡ ᠳᠡᠭᠰᠢ ᠪᠠᠶᠢᠬᠤ ᠶᠢ ᠪᠠᠷᠢᠮᠳᠠᠯᠠᠵᠦ᠂ | ᠭᠦᠷᠦᠩᠭᠡ ᠶᠢᠨ ᠦᠮᠴᠢ ᠶᠢᠨ ᠪᠦᠲᠦᠴᠡ᠂ ᠵᠤᠭᠢᠶᠠᠨ ᠪᠠᠶᠢᠭᠤᠯᠤᠯᠳᠠ ᠶᠢᠨ ᠡᠵᠡᠩᠨᠡᠯᠳᠡ ᠶᠢᠨ ᠪᠦᠲᠦᠴᠡ᠂ | ᠤᠶᠢᠯᠡᠳᠪᠦᠷᠢᠯᠡᠯ ᠤᠨ ᠪᠦᠲᠦᠴᠡ ᠶᠢᠨ ᠲᠤᠭᠢᠷᠠᠭᠤᠯᠤᠯᠳᠠ ᠶᠢ ᠲᠦᠷᠭᠡᠳᠬᠡᠵᠦ᠂ ᠨᠢᠭᠡᠲᠦᠭᠰᠡᠨ ᠦᠮᠴᠢᠯᠡᠯᠲᠦ ᠠᠵᠦ | ᠠᠬᠤᠶᠢᠯᠠᠯ ᠢ ᠢᠳᠡᠪᠭᠢᠲᠠᠢ ᠭᠦᠭᠵᠢᠭᠦᠯᠭᠦ ᠭᠡᠷᠡᠭᠲᠠᠢ᠃ ᠬᠤᠩᠭᠤ ᠶᠢᠨ ᠳᠠᠪᠠᠭ᠎ᠠ ᠶᠢᠨ ᠠᠭᠤᠷᠬᠠᠢ ᠶᠢᠨ ᠤᠶᠢᠯᠡᠰ ᠤᠨ | ᠺᠤᠮᠫᠠᠨᠢ ᠶᠢᠨ ᠰᠲ᠋ᠤᠺ ᠵᠠᠬ᠎ᠠ ᠳᠤ ᠭᠠᠷᠬᠤ ᠶᠢ ᠯᠠᠪᠳᠠᠭᠤᠨ ᠢᠶᠠᠷ ᠠᠭᠢᠭᠤᠯᠬᠤ ᠭᠡᠷᠡᠭᠲᠠᠢ᠃ ᠠᠷᠠᠳ ᠤᠨ ᠪᠡᠯᠡ ᠮᠦᠩᠭᠦ | ᠶᠢ ᠨᠡᠩ ᠤᠯᠠᠨ ᠪᠤᠳᠠᠲᠦ ᠴᠤᠭᠴᠠ ᠶᠢᠨ ᠠᠵᠦ ᠠᠬᠤᠢ ᠶᠢᠨ ᠭᠦᠷᠢᠶ᠎ᠡ ᠭᠡᠪᠴᠢᠶᠡᠨ ᠳᠤ ᠤᠷᠤᠭᠤᠯᠬᠤ ᠶᠢ | ᠤᠲᠤᠷᠢᠲᠤᠨ ᠵᠢᠯᠤᠭᠤᠳᠴᠦ᠂ ᠵᠠᠬ᠎ᠠ ᠳᠡᠯᠭᠡᠭᠦᠷ ᠤᠨ ᠬᠠᠷᠰᠢ ᠰᠠᠭᠠᠳ ᠢ ᠴᠢᠷᠮᠡᠶᠢᠨ ᠠᠷᠢᠯᠭᠠᠵᠦ᠂ ᠨᠡᠶᠢᠳᠡ ᠶᠢᠨ | ᠦᠮᠴᠢᠯᠡᠯ ᠤᠨ ᠪᠤᠰᠦ ᠠᠵᠦ ᠠᠬᠤᠢ ᠶᠢᠨ ᠭᠦᠭᠵᠢᠯᠳᠡ ᠶᠢ ᠵᠤᠷᠢᠭᠵᠢᠭᠤᠯᠤᠨ ᠳᠡᠮᠵᠢᠭᠦ ᠭᠡᠷᠡᠭᠲᠠᠢ᠃ ᠨᠢᠭᠡᠲᠦᠯᠲᠠᠢ | ᠨᠡᠭᠡᠭᠡᠨ ᠭᠦᠭᠵᠢᠭᠦᠯᠭᠦ᠂ ᠡᠮᠬᠢ ᠵᠢᠷᠤᠮ ᠲᠠᠢ ᠦᠷᠢᠰᠦᠯᠲᠦᠭᠦ ᠵᠠᠬ᠎ᠠ ᠳᠡᠯᠭᠡᠭᠦᠷ ᠤᠨ ᠲᠤᠭᠳᠠᠯᠴᠠᠭ᠎ᠠ ᠶᠢ ᠪᠦᠲᠦᠭᠡᠨ | ᠪᠠᠶᠢᠭᠤᠯᠵᠦ᠂ ᠡᠯ᠎ᠡ ᠲᠦᠷᠦᠯ ᠤᠨ ᠦᠮᠴᠢᠯᠡᠯᠲᠦ ᠠᠵᠦ ᠠᠬᠤᠢ ᠶᠢᠨ ᠤᠶᠢᠯᠡᠳᠪᠦᠷᠢᠯᠡᠯ ᠤᠨ ᠡᠯᠧᠮᠧᠨ᠋ᠲ ᠢ ᠬᠠᠤᠯᠢ | ᠶᠤᠰᠤᠭᠠᠷ ᠡᠷᠭᠡ ᠳᠡᠭᠰᠢ ᠭᠡᠷᠡᠭᠯᠡᠭᠦ᠂ ᠵᠠᠬ᠎ᠠ ᠳᠡᠯᠭᠡᠭᠦᠷ ᠤᠨ ᠦᠷᠢᠰᠦᠯᠲᠦᠭᠡᠨ ᠳᠤ ᠡᠷᠭᠡ ᠳᠡᠭᠰᠢ ᠤᠷᠤᠯᠴᠠᠬᠤ᠂ | ᠬᠠᠤᠯᠢ ᠴᠠᠭᠠᠵᠠ ᠶᠢᠨ ᠬᠠᠮᠠᠭᠠᠯᠠᠯᠳᠠ ᠶᠢ ᠡᠷᠭᠡ ᠳᠡᠭᠰᠢ ᠡᠳ᠋ᠯᠡᠭᠦ ᠶᠢ ᠦᠨᠡᠩᠭᠦ ᠪᠠᠲᠤᠯᠠᠵᠦ᠂ ᠵᠠᠬ᠎ᠠ ᠳᠡᠯᠭᠡᠭᠦᠷ ᠢ ᠡᠭᠢ | ᠪᠠᠶᠠᠯᠢᠭ ᠤᠨ ᠲᠤᠭᠢᠷᠠᠭᠤᠯᠤᠯᠳᠠ ᠳᠤ ᠦᠨᠡᠩᠭᠦ ᠰᠢᠢᠳᠪᠦᠷᠢᠯᠡᠭᠴᠢ ᠴᠢᠨᠠᠷᠲᠠᠢ ᠤᠶᠢᠯᠡᠲᠦᠯ ᠦᠵᠡᠭᠦᠯᠭᠡᠭᠦ ᠭᠡᠷᠡᠭᠲᠠᠢ᠃ | ᠬᠤᠳᠠ ᠭᠦᠳᠡᠭᠡ ᠶᠢᠨ ᠭᠠᠵᠠᠷ ᠰᠢᠷᠤᠢ ᠵᠡᠷᠭᠡ ᠵᠠᠬ᠎ᠠ ᠳᠡᠯᠭᠡᠭᠦᠷ ᠤᠨ ᠡᠯᠧᠮᠧᠨ᠋ᠲ ᠢ ᠡᠷᠭᠡ ᠳᠡᠭᠰᠢ ᠪᠠᠷ ᠰᠤᠯᠢᠯᠴᠠᠬᠤ | ᠪᠠ ᠤᠯᠠᠨ ᠨᠡᠶᠢᠳᠡ ᠶᠢᠨ ᠡᠭᠢ ᠪᠠᠶᠠᠯᠢᠭ ᠢ ᠳᠡᠩᠴᠡᠭᠦᠷᠢᠲᠠᠢ ᠲᠤᠭᠢᠷᠠᠭᠤᠯᠬᠤ ᠶᠢ ᠰᠤᠲᠤᠯᠤᠨ ᠠᠭᠢᠭᠤᠯᠵᠦ᠂ ᠬᠤᠳᠠ | ᠭᠦᠳᠡᠭᠡ ᠶᠢᠨ ᠵᠠᠬ᠎ᠠ ᠳᠡᠯᠭᠡᠭᠦᠷ ᠤᠨ ᠨᠢᠭᠡ ᠴᠤᠭᠴᠠᠵᠢᠯᠠᠭᠰᠠᠨ ᠭᠦᠭᠵᠢᠯᠳᠡ ᠶᠢ ᠲᠦᠷᠭᠡᠳᠭᠡᠭᠦ ᠭᠡᠷᠡᠭᠲᠠᠢ᠃ | ᠴᠢᠯᠦᠭᠡᠲᠠᠢ ᠪᠠᠷ ᠬᠤᠷᠰᠢᠬᠤ ᠭᠢᠷᠢ ᠲᠦᠪᠰᠢᠨ ᠢᠶᠠᠨ ᠳᠡᠭᠡᠭᠰᠢᠯᠡᠭᠦᠯᠭᠦ ᠭᠡᠷᠡᠭᠲᠠᠢ᠃ ᠨᠡᠩ ᠢᠳᠡᠪᠭᠢᠲᠠᠢ | ᠰᠠᠨᠠᠭᠠᠴᠢᠯᠠᠭ᠎ᠠ ᠲᠠᠢ ᠴᠢᠯᠦᠭᠡᠲᠠᠢ ᠶᠠᠪᠤᠯᠴᠠᠬᠤ ᠪᠠᠶᠢᠯᠲᠤᠬᠤ ᠪᠤᠲᠤᠯᠭ᠎ᠠ ᠶᠢ ᠭᠡᠷᠡᠭᠵᠢᠭᠦᠯᠭᠦ ᠭᠡᠷᠡᠭᠲᠠᠢ᠃ ᠭᠠᠵᠠᠷ | ᠤᠷᠤᠨ ᠤ ᠠᠵᠦ ᠠᠬᠤᠢ ᠶᠢᠨ ᠬᠠᠮᠲᠤᠷᠠᠯᠴᠠᠭ᠎ᠠ ᠪᠠᠷ ᠭᠤᠤᠯ ᠴᠢᠭᠯᠡᠯ ᠪᠤᠯᠭᠠᠵᠦ᠂ ᠤᠯᠠᠭᠠᠨᠬᠠᠳᠠ ᠰᠢᠯᠢᠩᠬᠤᠳᠠ ᠶᠢᠨ | ᠠᠵᠦ ᠠᠬᠤᠢ ᠶᠢᠨ ᠪᠦᠰᠡ᠂ ᠵᠡᠭᠦᠨ ᠬᠤᠶᠢᠲᠦ ᠶᠢᠨ ᠠᠵᠦ ᠠᠬᠤᠢ ᠶᠢᠨ ᠤᠷᠤᠨ᠂ ᠪᠦᠸᠧᠬᠠᠢ ᠳᠠᠩᠭᠢᠰ ᠢ | ᠲᠤᠭᠤᠷᠢᠭᠰᠠᠨ ᠠᠵᠦ ᠠᠬᠤᠢ ᠶᠢᠨ ᠲᠤᠭᠤᠷᠢᠭ ᠲᠤ ᠤᠷᠤᠬᠤ ᠶᠢ ᠲᠦᠷᠭᠡᠳᠭᠡᠵᠦ᠂ ᠭᠦᠬᠡᠮᠦ᠋ᠷᠡᠨ ᠤ ᠭᠤᠷᠪᠠᠯᠵᠢᠨ | ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠭᠡ ᠭᠦᠭᠵᠢᠭᠰᠡᠨ ᠭᠠᠵᠠᠷ ᠤᠷᠤᠨ ᠤ ᠠᠵᠦ ᠤᠶᠢᠯᠡᠰ | ᠤᠨ ᠰᠢᠯᠵᠢᠯᠳᠡ ᠶᠢ ᠰᠠᠨᠠᠭᠠᠴᠢᠯᠠᠭ᠎ᠠ ᠠᠴᠠ ᠵᠤᠯᠭᠠᠭᠤᠯᠵᠤ᠂ ᠪᠡᠭᠡᠵᠢᠩ ᠤᠨ ᠴᠠᠩ ᠫᠢᠩ᠂ ᠳ᠋ᠠᠯᠢᠶᠠᠨ ᠤ ᠪᠠᠶᠢᠭᠠᠯᠢ | ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ᠂ ᠤᠯᠠᠭᠠᠨᠬᠠᠳᠠ ᠳᠡᠭᠡᠲᠦ ᠰᠤᠷᠭᠠᠭᠤᠯᠢ ᠵᠡᠷᠭᠡ ᠭᠠᠵᠠᠷ ᠤᠷᠤᠨ ᠪᠠ | ᠶᠡᠭᠡ ᠳᠡᠭᠡᠲᠦ ᠰᠤᠷᠭᠠᠭᠤᠯᠢ ᠲᠠᠢ ᠨᠢᠭᠳᠠ ᠬᠠᠮᠵᠢᠯᠴᠠᠬᠤ ᠶᠢ ᠠᠬᠢᠭᠤᠯᠬᠤ ᠭᠡᠷᠡᠭᠲᠠᠢ᠃ ᠭᠤᠤᠯᠯᠠᠭᠴᠢ ᠠᠵᠦ ᠤᠶᠢᠯᠡᠰ | ᠪᠤᠯᠤᠨ ᠭᠡᠯᠭᠢᠶᠡᠰᠦ ᠤᠷᠲᠤᠳᠬᠠᠬᠤ ᠭᠡᠯᠭᠢᠶᠡᠰᠦ ᠵᠠᠯᠭᠠᠬᠤ ᠠᠵᠦ ᠤᠶᠢᠯᠡᠰ ᠢ ᠵᠡᠷᠭᠡᠪᠡᠷ ᠴᠢᠬᠤᠯᠠᠴᠢᠯᠠᠬᠤ᠂ | ᠭᠦᠳᠡᠯᠮᠦᠷᠢ ᠭᠦᠴᠦᠨ ᠲᠦᠪᠯᠡᠷᠡᠭᠰᠡᠨ ᠭᠡᠯᠪᠡᠷᠢ ᠪᠤᠯᠤᠨ ᠮᠡᠷᠭᠡᠵᠢᠯ ᠲᠦᠪᠯᠡᠷᠡᠭᠰᠡᠨ ᠭᠡᠯᠪᠡᠷᠢ ᠶᠢᠨ ᠠᠵᠦ ᠤᠶᠢᠯᠡᠰ ᠢ | ᠵᠡᠷᠭᠡᠪᠡᠷ ᠴᠢᠬᠤᠯᠠᠴᠢᠯᠠᠬᠤ᠂ ᠲᠤᠯᠤᠭᠠᠶᠢᠯᠠᠭᠴᠢ ᠠᠵᠦ ᠠᠬᠤᠶᠢᠯᠠᠯ ᠢ ᠳᠠᠳᠠᠨ ᠤᠷᠤᠭᠤᠯᠬᠤ ᠪᠠ ᠲᠦᠭᠦᠷᠵᠢᠭᠰᠡᠨ | ᠳᠤᠮᠳᠠ ᠵᠢᠵᠢᠭ ᠠᠵᠦ ᠠᠬᠤᠶᠢᠯᠠᠯ ᠢ ᠳᠠᠳᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠦ᠂ ᠭᠠᠶᠢᠯᠢ ᠶᠢᠨ | ᠢᠷᠡᠯᠳᠡ ᠶᠢ ᠰᠠᠶᠢᠳᠤᠷ ᠠᠩᠬᠠᠷᠤᠨ᠂ ᠡᠭᠢ ᠪᠠᠶᠠᠯᠢᠭ ᠢ ᠰᠠᠶᠢᠲᠦᠷ ᠠᠰᠢᠭᠯᠠᠵᠦ᠂ ᠬᠠᠷᠢᠯᠴᠠᠨ ᠲᠤᠭᠢᠷᠠᠯᠴᠠᠬᠤ ᠶᠢ | ᠡᠷᠭᠢᠮᠯᠡᠵᠦ᠂ ᠵᠦᠪ ᠤᠨᠤᠪᠴᠢᠲᠠᠢ ᠪᠠᠷ ᠬᠤᠳᠠᠯᠳᠤᠭᠠᠴᠢᠨ ᠤᠷᠢᠬᠤ ᠭᠡᠷᠡᠭᠲᠠᠢ᠃ ᠲᠦᠷᠦ ᠶᠢᠨ ᠪᠤᠲᠤᠯᠭ᠎ᠠ ᠶᠢᠨ | ᠠᠰᠠᠭᠤᠨ ᠯᠠᠪᠯᠠᠯᠳᠠ᠂ ᠡᠭᠢ ᠪᠠᠶᠠᠯᠢᠭ ᠤᠨ ᠪᠠᠶᠢᠳᠠᠯ ᠢ ᠤᠶᠢᠯᠠᠭᠠᠵᠦ ᠡᠵᠡᠮᠰᠢᠭᠦ᠂ ᠠᠵᠢᠯ ᠲᠦᠷᠦᠯ ᠤᠨ ᠵᠠᠳᠠᠯᠤᠯᠳᠠ᠂ | ᠵᠠᠬ᠎ᠠ ᠳᠡᠯᠭᠡᠭᠦᠷ ᠤᠨ ᠪᠠᠶᠢᠴᠠᠭᠠᠯᠳᠠ ᠵᠡᠷᠭᠡ ᠰᠠᠭᠤᠷᠢ ᠴᠢᠨᠠᠷᠲᠠᠢ ᠠᠵᠢᠯ ᠢ ᠯᠠᠪᠳᠠᠭᠤᠨ ᠰᠠᠶᠢᠲᠦᠷ ᠬᠢᠵᠦ᠂ ᠭᠠᠳᠠᠨᠠᠭᠢ | ᠲᠠᠢ ᠬᠠᠮᠲᠤᠷᠠᠯᠴᠠᠬᠤ ᠲᠦᠷᠦᠯ ᠵᠤᠶᠢᠯ ᠢ ᠨᠠᠷᠢᠨ ᠨᠢᠭᠳᠠ ᠲᠦᠯᠦᠪᠯᠡᠨ᠂ ᠵᠤᠷᠢᠭ ᠲᠠᠢ ᠪᠠᠷ ᠴᠢᠮᠡᠭᠯᠡᠵᠦ᠂ | ᠬᠤᠳᠠᠯᠳᠤᠭᠠᠴᠢᠨ ᠤᠷᠢᠵᠦ ᠪᠡᠯᠡ ᠳᠠᠳᠠᠬᠤ ᠪᠦᠲᠦᠮᠵᠢ ᠶᠢᠨ ᠨᠤᠷᠮ᠎ᠠ ᠶᠢ ᠳᠡᠭᠡᠭᠰᠢᠯᠡᠭᠦᠯᠭᠦ ᠭᠡᠷᠡᠭᠲᠠᠢ᠃ | ᠬᠤᠳᠠᠯᠳᠤᠭᠠᠴᠢᠨ ᠤᠷᠢᠬᠤ ᠲᠦᠷᠦᠯ ᠵᠤᠶᠢᠯ ᠤᠨ ᠭᠡᠷ᠎ᠡ ᠶᠢᠨ ᠬᠠᠮᠢᠶᠠᠷᠦᠯᠳᠠ ᠶᠢ ᠴᠢᠩᠭ᠎ᠠ ᠭᠡᠷᠡᠭᠵᠢᠭᠦᠯᠵᠦ᠂ ᠶᠠᠪᠤᠴᠠ | ᠶᠢᠨ ᠬᠢᠨᠠᠨ ᠡᠵᠡᠮᠰᠢᠯ ᠢ ᠴᠢᠩᠭᠠᠳᠬᠠᠵᠦ᠂ ᠭᠡᠷ᠎ᠡ ᠶᠢ ᠵᠦᠷᠢᠴᠡᠭᠦ ᠦᠪᠡᠷ ᠤᠨ ᠦᠷᠳᠡᠭ ᠢ ᠳᠡᠭᠡᠭᠰᠢᠯᠡᠭᠦᠯᠭᠦ ᠭᠡᠷᠡᠭᠲᠠᠢ᠃ | ᠤᠶᠢᠯᠡᠴᠢᠯᠡᠭᠡ ᠶᠢᠨ ᠪᠠᠲᠤᠯᠠᠭ᠎ᠠ ᠶᠢᠨ ᠠᠵᠢᠯ ᠢ ᠢᠳᠡᠪᠭᠢᠲᠠᠢ ᠰᠠᠶᠢᠲᠦᠷ ᠬᠢᠵᠦ᠂ ᠲᠦᠷᠦ ᠪᠤᠲᠤᠯᠭ᠎ᠠ ᠶᠢ ᠳᠡᠷᠡ | ᠶᠤᠰᠤᠭᠠᠷ ᠨᠢ ᠨᠠᠶᠢᠳᠠᠪᠤᠷᠢᠵᠢᠭᠤᠯᠬᠤ᠂ ᠰᠢᠯᠢᠳᠡᠭ ᠤᠶᠢᠯᠡᠴᠢᠯᠡᠭᠡ ᠶᠢ ᠦᠨᠡᠩᠭᠦ ᠬᠠᠩᠭᠠᠬᠤ᠂ ᠢᠨᠵᠧᠨᠧᠷᠢᠩ ᠤᠨ | ᠪᠦᠲᠦᠭᠡᠨ ᠪᠠᠶᠢᠭᠤᠯᠤᠯᠳᠠ ᠶᠢ ᠤᠭᠲᠦ ᠬᠠᠷᠰᠢᠯᠠᠬᠤ ᠦᠬᠡᠢ ᠪᠠᠶᠢᠬᠤ ᠶᠢ ᠡᠷᠡᠰ ᠪᠠᠷᠢᠮᠳᠠᠯᠠᠵᠦ᠂ ᠲᠦᠷᠦᠯ ᠵᠤᠶᠢᠯ ᠢ | ᠳᠠᠳᠠᠨ ᠤᠷᠤᠭᠤᠯᠬᠤ᠂ ᠰᠠᠭᠤᠷᠢᠰᠢᠭᠤᠯᠬᠤ᠂ ᠲᠦᠷᠭᠡᠨ ᠪᠠᠶᠢᠭᠤᠯᠬᠤ ᠶᠢ ᠪᠠᠲᠤᠯᠠᠬᠤ ᠭᠡᠷᠡᠭᠲᠠᠢ᠃ ᠵᠢᠯ ᠤᠨ ᠲᠤᠲᠤᠷ᠎ᠠ | ᠤᠯᠤᠰ ᠤᠨ ᠲᠤᠲᠤᠭᠠᠲᠦ ᠤᠷᠤᠨ ᠤ ᠭᠠᠳᠠᠨᠠᠭᠢ ᠪᠡᠯᠡ ᠮᠦᠩᠭᠦ ᠶᠢ 70 ᠳ᠋ᠦᠩᠰᠢᠭᠤᠷ ᠲᠦᠭᠦᠷᠢᠭ ᠤᠷᠤᠭᠤᠯᠬᠤ ᠪᠠᠷ | ᠴᠢᠷᠮᠡᠶᠢᠬᠤ ᠭᠡᠷᠡᠭᠲᠠᠢ᠃ | ︵ᠲᠤᠯᠤᠭ᠎ᠠ︶ ᠦᠨᠳᠤᠰᠤᠨ ᠪᠠᠶᠢᠳᠠᠯ ᠢ ᠪᠠᠳᠤᠯᠠᠵᠤ ᠰᠠᠭᠤᠷᠢ ᠶᠢ ᠪᠠᠬᠢᠵᠢᠬᠦᠯᠬᠦ ᠶᠢ ᠪᠠᠷᠢᠮᠳᠠᠯᠠᠵᠦ᠂ ᠠᠷᠠᠳ | ᠤᠨ ᠠᠮᠢᠲᠦᠷᠠᠯ ᠢ ᠪᠠᠲᠤᠯᠠᠬᠤ ᠪᠠ ᠰᠠᠶᠢᠵᠢᠷᠠᠭᠤᠯᠬᠤ ᠳᠡᠭᠡᠷ᠎ᠡ ᠰᠢᠨ᠎ᠡ ᠰᠢᠪᠲᠤᠯᠤᠯᠳᠠ ᠭᠠᠷᠭᠠᠬᠤ ᠭᠡᠷᠡᠭᠲᠠᠢ᠃ ᠠᠯᠢᠪᠠ | ᠠᠵᠢᠯ ᠤᠨ ᠡᠭᠦᠰᠦᠴᠡ ᠪᠠ ᠵᠤᠭᠰᠤᠴᠠ ᠶᠢ ᠠᠷᠠᠳ ᠤᠨ ᠠᠮᠢᠲᠦᠷᠠᠯ ᠢ ᠰᠠᠶᠢᠵᠢᠷᠠᠭᠤᠯᠬᠤ ᠪᠠ ᠳᠡᠭᠡᠭᠰᠢᠯᠡᠭᠦᠯᠭᠦ | ᠳᠡᠭᠡᠷ᠎ᠡ ᠳᠠᠯᠪᠢᠵᠦ᠂ ᠠᠵᠦ ᠠᠬᠤᠢ ᠶᠢᠨ ᠭᠦᠭᠵᠢᠯᠳᠡ ᠬᠢᠭᠡᠳᠠᠷᠠᠳ ᠤᠨ ᠠᠮᠢᠲᠦᠷᠠᠯ ᠢ ᠰᠠᠶᠢᠵᠢᠷᠠᠭᠤᠯᠬᠤ ᠶᠢ | ᠵᠡᠷᠭᠡᠪᠡᠷ ᠶᠠᠪᠤᠭᠳᠠᠭᠤᠯᠵᠦ᠂ ᠦᠭᠡᠷᠡᠴᠢᠯᠡᠯᠳᠡ ᠭᠦᠭᠵᠢᠯᠳᠡ ᠶᠢᠨ ᠦᠷ᠎ᠡ ᠪᠦᠲᠦᠭᠡᠯ ᠢ ᠨᠡᠩ ᠶᠡᠭᠡ ᠪᠠᠷ ᠨᠡᠩ ᠡᠷᠭᠡ | ᠳᠡᠭᠰᠢ ᠪᠠᠷ ᠪᠦᠭᠦ ᠬᠤᠰᠢᠭᠤᠨ ᠤ ᠠᠷᠠᠳ ᠲᠦᠮᠡᠨ ᠳᠤ ᠭᠦᠷᠳᠡᠭᠡᠭᠦ ᠭᠡᠷᠡᠭᠲᠠᠢ᠃ | ᠨᠡᠶᠢᠭᠡᠮ ᠤᠨ ᠪᠠᠲᠤᠯᠠᠭ᠎ᠠ ᠶᠢᠨ ᠭᠢᠷᠢ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠭᠦ ᠭᠡᠷᠡᠭᠲᠠᠢ᠃ ᠠᠵᠦ | ᠠᠬᠤᠢ ᠶᠢᠨ ᠭᠦᠭᠵᠢᠯᠳᠡ ᠪᠤᠯᠤᠨ ᠠᠵᠢᠯ ᠤᠯᠭᠤᠬᠤ ᠶᠢ ᠦᠷᠭᠡᠳᠭᠡᠭᠦ ᠬᠠᠮᠳᠤᠷᠠᠭᠰᠠᠨ ᠵᠤᠭᠢᠮᠵᠢ ᠶᠢ ᠪᠠᠶᠢᠭᠤᠯᠵᠦ᠂ | ᠰᠢᠨ᠎ᠡ ᠪᠠᠷ ᠡᠷᠭᠢᠯᠡᠭᠰᠡᠨ ᠠᠵᠦ ᠠᠬᠤᠶᠢᠯᠠᠯ ᠤᠨ ᠤᠷᠤᠨ ᠨᠤᠲᠤᠭ ᠤᠨ ᠠᠵᠢᠯᠴᠢᠨ ᠢ ᠭᠡᠷᠡᠭᠯᠡᠭᠦ ᠬᠠᠷᠢᠴᠠᠯ ᠢ | ᠳᠠᠰᠦᠷᠠᠯᠳᠠ ᠦᠬᠡᠢ ᠳᠡᠭᠡᠭᠰᠢᠯᠡᠭᠦᠯᠭᠦ ᠭᠡᠷᠡᠭᠲᠠᠢ︔ ᠤᠨᠴᠠᠭᠠᠢ ᠠᠵᠢᠯ ᠮᠡᠷᠭᠡᠵᠢᠯ ᠤᠨ ᠪᠤᠯᠪᠠᠰᠦᠷᠠᠯ ᠤᠨ ᠲᠦᠯᠦᠪᠯᠡᠭᠡ | ᠶᠢ ᠲᠦᠷᠭᠡᠨ ᠭᠡᠷᠡᠭᠵᠢᠭᠦᠯᠵᠦ᠂ ᠠᠵᠢᠯ ᠤᠯᠬᠤ ᠤᠶᠢᠯᠡᠰ ᠪᠤᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠡᠩ | ᠦᠨᠲᠦᠷ ᠴᠢᠨᠠᠷ ᠴᠢᠨᠰᠠᠭ᠎ᠠ ᠲᠠᠢ ᠠᠵᠢᠯ ᠤᠯᠭᠤᠯᠳᠠ ᠶᠢ ᠪᠡᠶᠡᠯᠡᠭᠦᠯᠭᠦ ᠭᠡᠷᠡᠭᠲᠠᠢ︔ ᠤᠶᠢᠯᠡᠰ ᠪᠤᠰᠬᠠᠵᠤ ᠠᠵᠢᠯ | ᠤᠯᠬᠤ ᠢᠨᠵᠧᠨᠧᠷᠢᠩ ᠢ ᠭᠡᠷᠡᠭᠵᠢᠭᠦᠯᠦᠨ᠂ ᠤᠶᠢᠯᠡᠰ ᠡᠷᠭᠢᠯᠡᠭᠦ ᠭᠡᠯᠪᠡᠷᠢ ᠶᠢᠨ ᠬᠤᠳᠠ ᠪᠠᠯᠭᠠᠰᠦ ᠶᠢ ᠢᠳᠡᠪᠭᠢᠲᠠᠢ | ᠪᠠᠶᠢᠭᠤᠯᠵᠦ᠂ ᠪᠡᠶ᠎ᠡ ᠪᠠᠨ ᠳᠠᠭᠠᠭᠠᠵᠦ ᠤᠶᠢᠯᠡᠰ ᠪᠤᠰᠬᠠᠬᠤ ᠶᠢ ᠵᠤᠷᠢᠭᠵᠢᠭᠤᠯᠤᠨ ᠳᠡᠮᠵᠢᠵᠦ᠂ ᠤᠶᠢᠯᠡᠰ ᠪᠤᠰᠬᠠᠬᠤ | ᠭᠦᠷᠢᠶᠡᠯᠡᠩ ᠲᠤᠭᠤᠷᠢᠭ ᠢ ᠲᠦᠯᠦᠪᠵᠢᠭᠦᠯᠦᠨ ᠪᠠᠶᠢᠭᠤᠯᠤᠨ᠂ ᠤᠶᠢᠯᠡᠰ ᠪᠤᠰᠬᠠᠬᠤ ᠪᠠᠷ ᠠᠵᠢᠯ ᠤᠯᠭᠤᠯᠳᠠ ᠶᠢ | ᠳᠠᠶᠢᠴᠢᠯᠠᠵᠦ᠂ ᠪᠠᠭ᠎ᠠ ᠲᠤᠭᠠᠨ ᠤ ᠪᠠᠲᠤᠯᠠᠭᠠᠲᠦ ᠵᠢᠭᠡᠯᠡᠯᠭᠡ ᠶᠢ 2000 ᠲᠦᠮᠡᠨ ᠲᠦᠭᠦᠷᠢᠭ ᠳᠠᠷᠬᠠᠭᠠᠬᠤ ᠭᠡᠷᠡᠭᠲᠠᠢ︔ | ᠶᠡᠭᠡ ᠳᠡᠭᠡᠲᠦ ᠰᠤᠷᠭᠠᠭᠤᠯᠢ ᠠᠴᠠ ᠳᠡᠭᠦᠰᠦᠭᠰᠡᠨ ᠤᠶᠤᠳᠠᠨ᠂ ᠮᠠᠯᠵᠢᠬᠤ ᠳᠠᠷᠢᠶᠠᠯᠠᠬᠤ ᠤᠷᠤᠨ ᠠᠴᠠ ᠨᠡᠭᠦᠵᠦ | ᠢᠷᠡᠭᠰᠡᠨ ᠭᠦᠳᠡᠯᠮᠦᠷᠢ ᠭᠦᠴᠦᠨ᠂ ᠬᠤᠳᠠ ᠪᠠᠯᠭᠠᠰᠦ ᠶᠢᠨ ᠠᠵᠢᠯ ᠤᠯᠬᠤ ᠳᠤ ᠭᠦᠴᠢᠷᠲᠠᠢ ᠭᠦᠮᠦᠰ᠂ | ᠬᠠᠯᠠᠭᠳᠠᠭᠰᠠᠨ ᠴᠡᠷᠢᠭ ᠲᠤ ᠠᠵᠢᠯ ᠤᠯᠭᠤᠬᠤ ᠳᠠᠭᠢᠨ ᠠᠵᠢᠯ ᠤᠯᠭᠤᠬᠤ ᠠᠵᠢᠯ ᠢ ᠭᠤᠤᠯᠳᠠᠯᠭ᠎ᠠ ᠲᠠᠢ ᠠᠳᠬᠤᠬᠤ | ᠭᠡᠷᠡᠭᠲᠠᠢ︔ ᠦᠪᠡᠷᠳᠡᠭᠡᠨ ᠵᠠᠰᠠᠬᠤ ᠤᠷᠤᠨ ᠤ ᠭᠦᠢᠴᠡᠳ ᠠᠵᠢᠯ ᠤᠯᠭᠤᠯᠳᠠ ᠶᠢᠨ ᠭᠠᠵᠠᠷ ᠤᠷᠤᠨ ᠢ ᠪᠠᠶᠢᠭᠤᠯᠵᠦ᠂ | ᠬᠤᠳᠠ ᠪᠠᠯᠭᠠᠰᠦᠨ ᠤ 2000 ᠭᠦᠮᠦᠨ ᠤ ᠠᠵᠢᠯ ᠤᠯᠭᠤᠯᠳᠠ ᠶᠢ ᠰᠢᠨ᠎ᠡ ᠪᠠᠷ ᠨᠡᠮᠡᠭᠳᠡᠭᠦᠯᠵᠦ᠂ ᠬᠤᠳᠠ ᠪᠠᠯᠭᠠᠰᠦ | ᠶᠢᠨ ᠳᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 2% ᠲᠤᠲᠤᠷ᠎ᠠ ᠬᠢᠵᠠᠭᠠᠷᠯᠠᠬᠤ ᠭᠡᠷᠡᠭᠲᠠᠢ︔ ᠠᠵᠢᠯ | ᠤᠯᠭᠤᠯᠳᠠ ᠶᠢᠨ ᠬᠠᠪᠰᠤᠷᠤᠨ ᠳᠤᠰᠠᠯᠠᠬᠤ ᠭᠦᠴᠦᠯᠡᠴᠡ ᠶᠢ ᠨᠡᠮᠡᠭᠳᠡᠭᠦᠯᠵᠦ᠂ ᠨᠡᠶᠢᠳᠡ ᠶᠢᠨ ᠠᠰᠠᠷᠠᠮᠵᠢ ᠶᠢᠨ | ᠴᠢᠨᠠᠷᠲᠠᠢ ᠠᠵᠢᠯ ᠤᠨ ᠪᠠᠶᠢᠷᠢ ᠶᠢ 200 ᠨᠡᠭᠡᠭᠡᠨ ᠭᠦᠭᠵᠢᠭᠦᠯᠵᠦ᠂ ︽ᠠᠵᠢᠯ ᠦᠬᠡᠢ ᠭᠡᠷ ᠪᠦᠯᠢ︾ ᠶᠢ | ᠦᠬᠡᠶᠢᠰᠬᠡᠬᠦ ᠭᠡᠷᠡᠭᠲᠠᠢ᠃ ᠭᠦᠳᠡᠯᠮᠦᠷᠢ ᠭᠦᠴᠦᠨ ᠤ ᠵᠠᠬ᠎ᠠ ᠳᠡᠯᠭᠡᠭᠦᠷ ᠤᠨ ᠡᠮᠭᠢ ᠲᠢᠭᠯᠢᠮ ᠢ ᠲᠦᠷᠢᠮᠵᠢᠭᠦᠯᠦᠨ᠂ | ᠭᠦᠳᠡᠯᠮᠦᠷᠢ ᠶᠢᠨ ᠵᠢᠭᠤᠷᠠᠭᠠᠨ ᠢ ᠵᠤᠭᠢᠰᠲᠠᠢ ᠰᠢᠢᠳᠪᠦᠷᠢᠯᠡᠵᠦ᠂ ᠡᠶ᠎ᠡ ᠵᠤᠭᠢᠴᠠᠯᠲᠠᠢ ᠭᠦᠳᠡᠯᠮᠦᠷᠢ ᠶᠢᠨ ᠬᠠᠷᠢᠴᠠᠭ᠎ᠠ ᠶᠢ | ᠪᠠᠶᠢᠭᠤᠯᠬᠤ ᠭᠡᠷᠡᠭᠲᠠᠢ᠃ ᠨᠡᠶᠢᠭᠡᠮ ᠤᠨ ᠪᠠᠲᠤᠯᠠᠭ᠎ᠠ ᠶᠢᠨ ᠪᠦᠷᠭᠦᠴᠡ ᠶᠢ ᠯᠠᠪᠳᠠᠭᠤᠨ ᠢᠶᠠᠷ ᠦᠷᠭᠡᠳᠭᠡᠵᠦ᠂ ᠬᠤᠳᠠ | ᠭᠦᠳᠡᠭᠡ ᠶᠢᠨ ᠨᠠᠰᠦᠳᠠᠨ ᠢ ᠠᠰᠠᠷᠠᠬᠤ ᠳᠠᠭᠠᠳᠬᠠᠯ ᠢ ᠰᠢᠯᠵᠢᠭᠦᠯᠵᠦ ᠦᠷᠭᠦᠯᠵᠢᠯᠡᠭᠦᠯᠭᠦ ᠠᠵᠢᠯ ᠢ ᠨᠢᠭᠡᠲᠦᠯᠲᠠᠢ | ᠠᠭᠢᠭᠤᠯᠵᠦ᠂ ᠠᠵᠦ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠳᠠᠳ ᠤᠨ ᠨᠠᠰᠦᠳᠠᠨ ᠢ ᠠᠰᠠᠷᠠᠬᠤ | ᠮᠦᠩᠭᠦ ᠶᠢᠨ ᠪᠠᠷᠢᠮᠵᠢᠶ᠎ᠠ ᠪᠤᠯᠤᠨ ᠬᠤᠳᠠ ᠭᠦᠳᠡᠭᠡ ᠶᠢᠨ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠳᠠᠶᠢᠯᠬᠤ | ᠭᠢᠷᠢ ᠲᠦᠪᠰᠢᠨ ᠢ ᠳᠡᠭᠡᠭᠰᠢᠯᠡᠭᠦᠯᠵᠦ᠂ ᠰᠢᠨ᠎ᠡ ᠮᠠᠶ᠋ᠢᠭ ᠤᠨ ᠬᠤᠳᠠ ᠭᠦᠳᠡᠭᠡ ᠶᠢᠨ ᠰᠠᠭᠤᠭᠠᠯᠢ ᠠᠷᠠᠳ ᠤᠨ | ᠨᠠᠰᠦᠳᠠᠨ ᠢ ᠠᠰᠠᠷᠠᠬᠤ ᠰᠠᠭᠤᠷᠢ ᠮᠦᠩᠭᠦ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠳᠠᠷᠬᠠᠭᠠᠬᠤ ᠭᠡᠷᠡᠭᠲᠠᠢ᠃ | ᠮᠦᠩᠭᠦᠨ ᠭᠦᠢᠯᠭᠡᠭᠡᠨ ᠤ ᠶᠠᠳᠠᠭᠤ ᠶᠢ ᠳᠡᠮᠵᠢᠭᠦ ᠪᠠ ᠠᠮᠢ ᠠᠬᠤᠢ ᠮᠠᠭᠤᠳᠠᠭᠰᠠᠨ ᠭᠠᠵᠠᠷ ᠤᠷᠤᠨ ᠤ ᠨᠡᠭᠦᠳᠡᠯ ᠠᠷᠠᠳ | ᠤᠨ ᠢᠨᠵᠧᠨᠧᠷᠢᠩ ᠢ ᠡᠮᠭᠢ ᠵᠢᠷᠤᠮ ᠲᠠᠢ ᠭᠡᠷᠡᠭᠵᠢᠭᠦᠯᠵᠦ᠂ ᠶᠠᠳᠠᠭᠤ ᠭᠦᠴᠢᠷᠲᠠᠢ ᠭᠠᠵᠠᠷ ᠤᠷᠤᠨ ᠤ ᠰᠠᠭᠤᠷᠢ | ᠲᠦᠭᠦᠭᠡᠷᠦᠮᠵᠢ ᠶᠢᠨ ᠨᠦᠭᠦᠴᠡᠯ ᠢ ᠲᠦᠪᠯᠡᠷᠡᠭᠦᠯᠦᠨ ᠰᠠᠶᠢᠵᠢᠷᠠᠭᠤᠯᠬᠤ ᠭᠡᠷᠡᠭᠲᠠᠢ︔ ᠯᠠᠪᠳᠠᠭᠤᠨ ᠢᠶᠠᠷ ᠶᠠᠳᠠᠭᠤ ᠠᠴᠠ | ᠠᠩᠭᠢᠵᠢᠷᠠᠭᠤᠯᠵᠦ ᠳᠡᠶᠢᠯᠭᠦ ᠤᠨᠴᠠᠯᠢᠭᠲᠦ ᠠᠵᠦ ᠤᠶᠢᠯᠡᠰ ᠢ ᠴᠢᠷᠮᠡᠶᠢᠨ ᠪᠤᠶᠢᠵᠢᠭᠤᠯᠵᠦ᠂ ᠤᠶᠢᠯᠡᠰ ᠪᠦᠲᠦᠭᠡᠭᠦ | ᠭᠡᠯᠪᠡᠷᠢ ᠶᠢᠨ ᠶᠠᠳᠠᠭᠤ ᠶᠢ ᠳᠡᠳᠬᠦᠬᠦ ᠠᠭᠢᠴᠠ ᠶᠢ ᠲᠦᠷᠭᠡᠳᠭᠡᠭᠦ ᠭᠡᠷᠡᠭᠲᠠᠢ︔ ᠶᠠᠳᠠᠭᠤ ᠶᠢ ᠲᠡᠳᠬᠦᠵᠤ ᠨᠡᠭᠡᠭᠡᠨ | ᠭᠦᠭᠵᠢᠭᠦᠯᠭᠦ ᠪᠡᠯᠡ ᠮᠦᠩᠭᠦ ᠶᠢ 3200 ᠲᠦᠮᠡᠨ ᠲᠦᠭᠦᠷᠢᠭ ᠳᠠᠷᠬᠠᠭᠠᠵᠦ᠂ 6500 ᠶᠠᠳᠠᠭᠤ ᠭᠦᠴᠢᠷᠲᠠᠢ | ᠭᠦᠮᠦᠨ ᠢ ᠳᠡᠳᠭᠦᠨ ᠳᠡᠮᠵᠢᠭᠦ ᠭᠡᠷᠡᠭᠲᠠᠢ᠃ ᠬᠤᠳᠠ ᠭᠦᠳᠡᠭᠡ ᠶᠢᠨ ᠠᠮᠢᠲᠦᠷᠠᠯ ᠤᠨ ᠨᠠᠭᠠᠲᠦ ᠵᠠᠬ᠎ᠠ ᠶᠢᠨ ᠪᠠᠲᠤᠯᠠᠭ᠎ᠠ | ᠳᠤ ᠤᠷᠤᠵᠦ ᠭᠠᠷᠬᠤ ᠵᠤᠭᠢᠮᠵᠢ ᠶᠢ ᠳᠡᠭᠦᠯᠳᠡᠷᠵᠢᠭᠦᠯᠦᠨ᠂ ᠠᠮᠢᠲᠦᠷᠠᠯ ᠤᠨ ᠨᠠᠭᠠᠲᠦ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠬᠤᠳᠠ ᠭᠦᠳᠡᠭᠡ ᠶᠢᠨ ᠠᠪᠤᠷᠠᠨ ᠳᠤᠰᠠᠯᠠᠬᠤ ᠲᠤᠭᠳᠠᠯᠴᠠᠭ᠎ᠠ ᠶᠢ | ᠳᠠᠰᠤᠷᠠᠯᠳᠠ ᠦᠬᠡᠢ ᠳᠡᠭᠦᠯᠳᠡᠷᠵᠢᠭᠦᠯᠵᠦ᠂ ᠶᠠᠳᠠᠭᠤ ᠭᠦᠴᠢᠷᠳᠡᠯᠲᠠᠢ ᠭᠡᠷ ᠪᠦᠯᠢ᠂ ᠪᠠᠭᠤᠷᠠᠶᠢᠴᠤᠳ ᠤᠨ ᠠᠮᠢᠲᠦᠷᠠᠯ | ᠤᠨ ᠪᠤᠳᠠᠳᠠᠢ ᠭᠦᠴᠢᠷᠳᠡᠯ ᠢ ᠴᠢᠷᠮᠡᠶᠢᠨ ᠰᠢᠢᠳᠪᠦᠷᠢᠯᠡᠭᠦ ᠭᠡᠷᠡᠭᠲᠠᠢ᠃ | ᠠᠷᠠᠳ ᠢ ᠬᠠᠷᠠᠭᠠᠯᠵᠠᠬᠤ ᠪᠤᠳᠠᠲᠦ ᠶᠠᠪᠤᠳᠠᠯ ᠢ ᠪᠦᠭᠦ ᠭᠦᠴᠦᠨ ᠢᠶᠠᠷ ᠰᠠᠶᠢᠲᠦᠷ ᠬᠢᠬᠦ ᠬᠡᠷᠡᠭᠲᠠᠢ᠃ ᠠᠷᠠᠳ | ᠤᠨ ᠠᠮᠢᠲᠦᠷᠠᠯ ᠤᠨ ᠪᠡᠯᠡ ᠤᠷᠤᠭᠤᠯᠤᠯᠳᠠ ᠶᠢ ᠦᠷᠭᠦᠯᠵᠢᠯᠡᠨ ᠨᠡᠮᠡᠭᠳᠡᠭᠦᠯᠵᠦ᠂ ᠠᠷᠠᠳ ᠢ ᠬᠠᠷᠠᠭᠠᠯᠵᠠᠬᠤ ᠪᠤᠳᠠᠲᠦ | ᠤᠴᠢᠷ ᠢ ᠭᠦᠴᠦᠨ ᠢᠶᠠᠨ ᠲᠦᠪᠯᠡᠷᠡᠭᠦᠯᠦᠨ ᠰᠠᠶᠢᠲᠦᠷ ᠬᠢᠬᠦ ᠬᠡᠷᠡᠭᠲᠠᠢ᠃ ᠤᠯᠤᠰ ᠤᠨ ︽ᠬᠤᠶᠠᠷ ᠢ ᠭᠡᠯᠲᠦᠷᠢᠭᠦᠯᠵᠦ | ᠨᠢᠭᠡ ᠶᠢ ᠨᠦᠭᠦᠪᠦᠷᠢᠯᠡᠭᠦ︾ ᠲᠦᠷᠦ ᠶᠢᠨ ᠪᠤᠲᠤᠯᠭ᠎ᠠ ᠶᠢᠨ ᠪᠡᠯᠡ ᠮᠦᠩᠭᠦ ᠶᠢ 3653.46 ᠲᠦᠮᠡᠨ ᠲᠦᠭᠦᠷᠢᠭ | ᠨᠠᠶᠢᠳᠠᠪᠤᠷᠢᠵᠢᠭᠤᠯᠵᠦ᠂ ᠳᠤᠮᠳᠠᠲᠦ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠪᠠᠶᠢᠷᠢ ᠶᠢᠨ ᠰᠦᠢᠳᠭᠡᠯ᠂ | ᠰᠤᠷᠤᠯᠭ᠎ᠠ ᠶᠢᠨ ᠰᠤᠯᠠ ᠵᠠᠷᠤᠳᠠᠯ᠂ ᠭᠢᠴᠢᠶᠡᠯ ᠤᠨ ᠪᠢᠴᠢᠭ ᠤᠨ ᠵᠠᠷᠤᠳᠠᠯ᠂ ᠳᠡᠭᠡᠲᠦ ᠳᠤᠮᠳᠠᠲᠦ ᠶᠢᠨ ᠰᠤᠷᠤᠭᠴᠢ | ᠪᠤᠯᠤᠨ ᠳᠤᠰ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠭᠦᠮᠦᠵᠢᠯ ᠤᠨ ᠰᠤᠷᠤᠭᠴᠢ ᠶᠢᠨ ᠰᠤᠷᠤᠯᠭ᠎ᠠ ᠶᠢᠨ | ᠰᠤᠯᠠ ᠵᠠᠷᠤᠳᠠᠯ᠂ ᠭᠢᠴᠢᠶᠡᠯ ᠤᠨ ᠪᠢᠴᠢᠭ ᠤᠨ ᠵᠠᠷᠤᠳᠠᠯ᠂ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠲᠦᠨ | ᠳᠤ ᠨᠦᠭᠦᠪᠦᠷᠢᠯᠡᠭᠦ ᠪᠠᠶᠢᠷᠢ ᠶᠢᠨ ᠰᠤᠷᠤᠭᠴᠢ ᠶᠢᠨ ᠠᠮᠢᠲᠦᠷᠠᠯ ᠤᠨ ᠰᠦᠢᠳᠭᠡᠯ ᠢ ᠦᠷᠭᠦᠯᠵᠢᠯᠡᠨ ᠭᠡᠯᠲᠦᠷᠢᠭᠦᠯᠭᠦ | ᠭᠡᠷᠡᠭᠲᠠᠢ︔ 123 ᠲᠦᠮᠡᠨ ᠲᠦᠭᠦᠷᠢᠭ ᠤᠨ ᠪᠡᠯᠡ ᠤᠷᠤᠭᠤᠯᠵᠦ᠂ ᠪᠢᠷᠠᠭᠤ ᠳᠠᠬᠢ ᠮᠤᠩᠭᠤᠯ ᠦᠨᠲᠦᠰᠦᠲᠡᠨ ᠤ | ᠪᠠᠭ᠎ᠠ ᠰᠤᠷᠭᠠᠭᠤᠯᠢ ᠳᠤ ᠪᠠᠷᠢᠮᠵᠢᠶᠠᠵᠢᠭᠰᠠᠨ ᠳᠠᠮᠢᠷ ᠤᠨ ᠳᠠᠯᠠᠪᠤᠷ ᠢ ᠪᠠᠶᠢᠭᠤᠯᠬᠤ ᠭᠡᠷᠡᠭᠲᠠᠢ︔ 500 ᠲᠦᠮᠡᠨ | ᠲᠦᠭᠦᠷᠢᠭ ᠤᠨ ᠪᠡᠯᠡ ᠤᠷᠤᠭᠤᠯᠵᠦ᠂ ᠪᠢᠷᠠᠭᠤ ᠪᠠᠯᠭᠠᠰᠦ ᠲᠤᠭᠤᠷᠢᠭ ᠤᠨ ᠪᠠᠶᠢᠰᠢᠩ ᠭᠡᠷ ᠤᠨ ᠰᠠᠭᠤᠭᠠᠯᠢ | ᠲᠤᠭᠤᠷᠢᠭ ᠤᠨ ᠵᠠᠮ ᠢ ᠵᠠᠰᠠᠬᠤ ᠭᠡᠷᠡᠭᠲᠠᠢ︔ 300 ᠲᠦᠮᠡᠨ ᠲᠦᠭᠦᠷᠢᠭ ᠤᠨ ᠪᠡᠯᠡ ᠤᠷᠤᠭᠤᠯᠵᠦ᠂ ᠪᠢᠷᠠᠭᠤ | ᠪᠠᠯᠭᠠᠰᠦᠨ ᠤ ᠰᠠᠭᠤᠭᠠᠯᠢ ᠲᠤᠭᠤᠷᠢᠭ ᠲᠤ ᠬᠢᠨᠠᠨ ᠡᠵᠡᠮᠰᠢᠯ ᠤᠨ ᠲᠦᠭᠦᠭᠡᠷᠦᠮᠵᠢ ᠤᠭᠰᠠᠷᠠᠬᠤ ᠭᠡᠷᠡᠭᠲᠠᠢ︔ ᠡᠳ᠋ ᠤᠨ | ᠵᠠᠰᠠᠭ ᠤᠨ ᠭᠦᠦ ᠮᠦᠩᠭᠦ ᠶᠢ 183 ᠲᠦᠮᠡᠨ ᠲᠦᠭᠦᠷᠢᠭ ᠤᠷᠤᠯᠠᠨ ᠦᠭᠴᠦ᠂ ᠪᠠᠭ᠎ᠠ ᠲᠤᠭᠠᠨ ᠤ ᠪᠠᠲᠤᠯᠠᠭᠠᠲᠦ | ᠵᠢᠭᠡᠯᠡᠯᠭᠡ ᠶᠢ 2000 ᠲᠦᠮᠡᠨ ᠲᠦᠭᠦᠷᠢᠭ ᠳᠠᠷᠬᠠᠭᠠᠬᠤ ᠭᠡᠷᠡᠭᠲᠠᠢ︔ ᠰᠢᠨ᠎ᠡ ᠮᠠᠶ᠋ᠢᠭ ᠤᠨ ᠭᠦᠳᠡᠭᠡ ᠲᠤᠰᠬᠤᠨ ᠤ | ᠬᠤᠷᠰᠢᠭᠰᠠᠨ ᠡᠮᠨᠡᠯᠭᠡ ᠶᠢᠨ ᠬᠤᠰᠢᠭᠤ ᠱᠠᠲᠦᠨ ᠤ ᠨᠦᠭᠦᠪᠦᠷᠢ ᠶᠢᠨ ᠪᠡᠯᠡ ᠮᠦᠩᠭᠦ ᠶᠢ 407 ᠲᠦᠮᠡᠨ ᠲᠦᠭᠦᠷᠢᠭ | ᠨᠠᠶᠢᠳᠠᠪᠤᠷᠢᠵᠢᠭᠤᠯᠵᠦ᠂ ᠭᠦᠮᠦᠨ ᠳᠤᠮᠳᠠᠴᠢ ᠶᠢᠨ ᠪᠡᠯᠡ ᠤᠷᠤᠭᠤᠯᠬᠤ ᠭᠢᠷᠢ ᠲᠦᠪᠰᠢᠨ ᠢ ᠳᠡᠭᠡᠭᠰᠢᠯᠡᠭᠦᠯᠦᠭᠡᠳ | 350 ᠲᠦᠭᠦᠷᠢᠭ ᠪᠤᠯᠭᠠᠬᠤ ᠭᠡᠷᠡᠭᠲᠠᠢ︔ 809 ᠲᠦᠮᠡᠨ ᠲᠦᠭᠦᠷᠢᠭ ᠤᠨ ᠪᠡᠯᠡ ᠤᠷᠤᠭᠤᠯᠵᠦ᠂ 2 ᠦᠨᠲᠦᠰᠦᠨ | ᠱᠠᠲᠦᠨ ᠤ ᠡᠷᠡᠭᠦᠯ ᠬᠠᠮᠠᠭᠠᠯᠠᠯ ᠤᠨ ᠬᠤᠷᠢᠶ᠎ᠠ᠂ 6 ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠦᠷ ᠰᠠᠭᠤᠬᠤ ᠪᠠᠶᠢᠷᠢ | ᠪᠠ 14 ᠭᠠᠴᠠᠭ᠎ᠠ ᠳᠤᠰᠬᠤᠨ ᠤ ᠡᠷᠡᠭᠦᠯ ᠬᠠᠮᠠᠭᠠᠯᠠᠯ ᠤᠨ ᠭᠡᠷ ᠢ ᠰᠢᠨ᠎ᠡ ᠪᠠᠷ ᠪᠠᠶᠢᠭᠤᠯᠬᠤ ᠪᠠ ᠦᠷᠭᠡᠳᠭᠡᠨ | ᠪᠠᠶᠢᠭᠤᠯᠬᠤ ᠭᠡᠷᠡᠭᠲᠠᠢ︔ ᠳᠠᠷᠢᠶᠠᠯᠠᠩ ᠤᠨ ᠮᠠᠰᠢᠨ ᠢ ᠬᠤᠳᠠᠯᠲᠦᠨ ᠠᠪᠴᠦ ᠲᠤᠭᠢᠷᠠᠭᠤᠯᠬᠤ ᠨᠦᠭᠦᠪᠦᠷᠢ ᠶᠢᠨ ᠲᠦᠷᠦ | ᠶᠢᠨ ᠪᠤᠲᠤᠯᠭ᠎ᠠ ᠶᠢᠨ ᠪᠡᠯᠡ ᠮᠦᠩᠭᠦ ᠶᠢ 1200 ᠲᠦᠮᠡᠨ ᠲᠦᠭᠦᠷᠢᠭ ᠨᠠᠶᠢᠳᠠᠪᠤᠷᠢᠵᠢᠭᠤᠯᠵᠦ᠂ ᠮᠠᠯ ᠠᠵᠦ ᠠᠬᠤᠢ | ᠳᠠᠷᠢᠶᠠᠯᠠᠩ ᠤᠨ ᠭᠤᠤᠯᠳᠠᠯᠭᠠᠲᠦ ᠠᠵᠦ ᠤᠶᠢᠯᠡᠰ ᠤᠨ ᠮᠠᠰᠢᠨ ᠮᠧᠬᠠᠨᠢᠭ ᠢ ᠨᠡᠮᠡᠭᠳᠡᠭᠦᠯᠭᠦ ᠱᠠᠭᠠᠷᠳᠠᠯᠭ᠎ᠠ ᠶᠢ | ᠪᠠᠲᠤᠯᠠᠬᠤ ᠭᠡᠷᠡᠭᠲᠠᠢ︔ 2087 ᠲᠦᠮᠡᠨ ᠲᠦᠭᠦᠷᠢᠭ ᠤᠨ ᠪᠡᠯᠡ ᠤᠷᠤᠭᠤᠯᠵᠦ᠂ ᠭᠦᠮᠦᠨ ᠮᠠᠯ ᠤᠨ ᠤᠤᠭᠤᠬᠤ | ᠤᠰᠦᠨ ᠤ ᠠᠶᠤᠯᠭᠦᠢ ᠶᠢᠨ ᠢᠨᠵᠧᠨᠧᠷᠢᠩ ᠢ 89 ᠶᠢ ᠰᠢᠨ᠎ᠡ ᠪᠠᠷ ᠪᠠᠶᠢᠭᠤᠯᠬᠤ ᠭᠡᠷᠡᠭᠲᠠᠢ︔ 158 ᠲᠦᠮᠡᠨ | ᠲᠦᠭᠦᠷᠢᠭ ᠤᠨ ᠪᠡᠯᠡ ᠤᠷᠤᠭᠤᠯᠵᠦ᠂ ᠪᠦᠭᠦ ᠬᠤᠰᠢᠭᠤᠨ ᠤ ᠡᠷᠦᠭᠡ ᠪᠦᠷᠢ ᠳᠤ ᠠᠮᠦᠷ ᠲᠦᠪᠰᠢᠨ ᠤ ᠳᠠᠭᠠᠳᠬᠠᠯ ᠢ | ᠦᠷᠭᠦᠯᠵᠢᠯᠡᠨ ᠭᠢᠵᠦ ᠦᠭᠭᠦ ᠭᠡᠷᠡᠭᠲᠠᠢ᠃ | ︵ᠨᠠᠢᠮᠠ︶ ᠨᠢᠭᠡᠳᠦᠯᠳᠠᠢ ᠲᠦᠯᠦᠪᠵᠢᠬᠦᠯᠦᠨ ᠵᠤᠭᠢᠴᠠᠭᠤᠯᠬᠤ ᠭᠦᠴᠦᠯᠡᠴᠡ ᠪᠠᠨ ᠨᠡᠮᠡᠭᠳᠡᠭᠦᠯᠵᠦ᠂ ᠨᠡᠶᠢᠭᠡᠮ | ᠤᠨ ᠵᠠᠰᠠᠯᠳᠠ ᠳᠤ ᠰᠢᠨ᠎ᠡ ᠶᠢ ᠡᠭᠦᠳᠭᠦ ᠳᠡᠭᠡᠷ᠎ᠡ ᠰᠢᠨ᠎ᠡ ᠰᠢᠪᠲᠦᠯᠦᠯᠳᠡ ᠭᠠᠷᠭᠠᠬᠤ ᠪᠠᠷ ᠴᠢᠷᠮᠡᠶᠢᠬᠤ ᠭᠡᠷᠡᠭᠲᠠᠢ᠃ | ᠠᠵᠦ ᠠᠬᠤᠢ ᠬᠢᠭᠡᠳ ᠨᠡᠶᠢᠭᠡᠮ ᠤᠨ ᠵᠤᠭᠢᠴᠠᠩᠭᠤᠢ ᠭᠦᠭᠵᠢᠯᠳᠡ ᠶᠢ ᠨᠡᠩ ᠴᠢᠬᠤᠯᠠᠴᠢᠯᠠᠵᠦ᠂ ᠨᠡᠶᠢᠭᠡᠮ ᠤᠨ ᠠᠵᠢᠯ | ᠤᠶᠢᠯᠡᠰ ᠤᠨ ᠦᠭᠡᠷᠡᠴᠢᠯᠡᠯᠳᠡ ᠳᠤ ᠰᠢᠨ᠎ᠡ ᠶᠢ ᠡᠭᠦᠳᠭᠦ ᠶᠢ ᠯᠠᠪᠳᠠᠭᠤᠨ ᠢᠶᠠᠷ ᠠᠭᠢᠭᠤᠯᠵᠦ᠂ ᠨᠡᠶᠢᠭᠡᠮ ᠤᠨ | ᠤᠶᠢᠯᠡᠴᠢᠯᠡᠭᠡ ᠨᠡᠩ ᠳᠡᠭᠦᠯᠳᠡᠷ᠂ ᠨᠡᠶᠢᠭᠡᠮ ᠤᠨ ᠬᠠᠮᠢᠶᠠᠷᠦᠯᠳᠠ ᠨᠡᠩ ᠰᠢᠨᠵᠢᠯᠡᠭᠦ ᠤᠬᠠᠭᠠᠨᠴᠢ᠂ ᠨᠡᠶᠢᠭᠡᠮ ᠤᠨ | ᠤᠷᠤᠯᠴᠠᠭᠴᠢ ᠨᠡᠩ ᠦᠷᠭᠡᠨ᠂ ᠨᠡᠶᠢᠭᠡᠮ ᠤᠨ ᠬᠠᠷᠢᠴᠠᠭ᠎ᠠ ᠨᠡᠩ ᠡᠶ᠎ᠡ ᠵᠤᠭᠢᠴᠠᠩᠭᠤᠢ ᠪᠠᠶᠢᠬᠤ ᠶᠢ ᠠᠭᠢᠭᠤᠯᠬᠤ | ᠭᠡᠷᠡᠭᠲᠠᠢ᠃ | ᠨᠡᠶᠢᠭᠡᠮ ᠤᠨ ᠠᠵᠢᠯ ᠤᠶᠢᠯᠡᠰ ᠢ ᠪᠦᠭᠦ ᠳᠠᠯ᠎ᠠ ᠪᠠᠷ ᠭᠦᠭᠵᠢᠭᠦᠯᠭᠦ ᠭᠡᠷᠡᠭᠲᠠᠢ᠃ ᠰᠤᠷᠭᠠᠨ ᠭᠦᠮᠦᠵᠢᠯ ᠤᠨ | ᠭᠦᠷᠢᠶ᠎ᠡ ᠭᠡᠪᠴᠢᠶᠡᠨ ᠤ ᠶᠡᠷᠦᠩᠭᠡᠶᠢᠯᠡᠭᠰᠡᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠰᠢᠨ᠎ᠡ ᠭᠢᠴᠢᠶᠡᠯ ᠤᠨ | ᠦᠭᠡᠷᠡᠴᠢᠯᠡᠯᠳᠡ ᠶᠢ ᠲᠦᠷᠭᠡᠨ ᠠᠭᠢᠭᠤᠯᠵᠦ᠂ ᠨᠠᠷᠢᠯᠢᠭᠵᠢᠭᠰᠠᠨ ᠬᠠᠮᠢᠶᠠᠷᠦᠯᠳᠠ ᠶᠢ ᠪᠠᠷᠢᠮᠵᠢᠶᠠᠨ ᠳᠤ ᠭᠦᠷᠭᠡᠭᠦ | ᠪᠠᠶᠢᠭᠤᠯᠤᠯᠳᠠ ᠶᠢᠨ ᠠᠵᠢᠯ ᠢ ᠯᠠᠪᠳᠠᠭᠤᠨ ᠢᠶᠠᠷ ᠦᠷᠨᠢᠭᠦᠯᠭᠦ ᠭᠡᠷᠡᠭᠲᠠᠢ᠃ ᠬᠤᠳᠠ ᠭᠦᠳᠡᠭᠡ ᠶᠢᠨ ᠰᠤᠷᠭᠠᠨ | ᠭᠦᠮᠦᠵᠢᠯ ᠤᠨ ᠡᠭᠢ ᠪᠠᠶᠠᠯᠢᠭ ᠢ ᠳᠡᠩᠴᠡᠭᠦᠷᠢᠲᠠᠢ ᠲᠤᠭᠢᠷᠠᠭᠤᠯᠬᠤ ᠶᠢ ᠠᠭᠢᠭᠤᠯᠵᠦ᠂ ᠠᠯᠪᠠᠨ ᠵᠢᠷᠤᠮ ᠤᠨ ᠰᠤᠷᠭᠠᠨ | ᠭᠦᠮᠦᠵᠢᠯ ᠤᠨ ᠱᠠᠲᠦᠨ ᠳᠤ ᠭᠤᠤᠯᠳᠠᠯᠭ᠎ᠠ ᠲᠠᠢ ᠰᠤᠷᠭᠠᠭᠤᠯᠢ ᠭᠤᠤᠯᠳᠠᠯᠭ᠎ᠠ ᠲᠠᠢ ᠠᠩᠭᠢ ᠲᠤᠭᠢᠷᠠᠭᠤᠯᠬᠤ ᠦᠬᠡᠢ | ᠪᠠᠶᠢᠵᠦ᠂ ᠰᠤᠷᠭᠠᠭᠤᠯᠢ ᠰᠤᠩᠭᠤᠬᠤ ᠭᠦᠴᠢᠷ ᠠᠰᠠᠭᠤᠳᠠᠯ ᠢ ᠰᠢᠢᠳᠪᠦᠷᠢᠯᠡᠨ᠂ ᠰᠤᠷᠭᠠᠨ ᠭᠦᠮᠦᠵᠢᠯ ᠤᠨ ᠡᠷᠭᠡ | ᠳᠡᠭᠰᠢ ᠪᠠᠶᠢᠬᠤ ᠶᠢ ᠠᠭᠢᠭᠤᠯᠬᠤ ᠭᠡᠷᠡᠭᠲᠠᠢ᠃ ᠮᠠᠯᠵᠢᠬᠤ ᠳᠠᠷᠢᠶᠠᠯᠠᠬᠤ ᠤᠷᠤᠨ ᠤ ᠭᠦᠴᠢᠷᠲᠠᠢ ᠰᠤᠷᠭᠠᠭᠤᠯᠢ ᠶᠢ | ᠦᠭᠡᠷᠡᠴᠢᠯᠡᠭᠦ ᠪᠠ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠲᠦᠨ ᠤ ᠪᠠᠷᠢᠮᠵᠢᠶᠠᠵᠢᠭᠰᠠᠨ ᠰᠤᠷᠭᠠᠭᠤᠯᠢ ᠶᠢᠨ | ᠪᠠᠶᠢᠭᠤᠯᠤᠯᠳᠠ ᠶᠢᠨ ᠡᠭᠦᠷᠭᠡ ᠶᠢ ᠴᠢᠷᠮᠡᠶᠢᠨ ᠪᠡᠶᠡᠯᠡᠭᠦᠯᠵᠦ᠂ ᠪᠢᠷᠠᠭᠤ ᠳᠠᠬᠢ ᠮᠤᠩᠭᠤᠯ ᠳᠤᠮᠳᠠᠲᠦ ᠰᠤᠷᠭᠠᠭᠤᠯᠢ ᠶᠢᠨ | ᠵᠢᠭᠠᠨ ᠰᠤᠷᠭᠠᠯᠳᠠ ᠶᠢᠨ ᠠᠰᠠᠷ᠂ ᠪᠠᠶᠢᠷᠢ ᠶᠢᠨ ᠠᠰᠠᠷ ᠢ ᠪᠠᠷᠢᠯᠭ᠎ᠠ ᠡᠭᠢᠯᠡᠭᠦᠯᠦᠨ ᠪᠠᠶᠢᠭᠤᠯᠵᠦ᠂ 7 ᠮᠠᠯᠵᠢᠬᠤ | ᠳᠠᠷᠢᠶᠠᠯᠠᠬᠤ ᠤᠷᠤᠨ ᠤ ᠭᠡᠤᠭᠡᠳ ᠤᠨ ᠴᠡᠴᠡᠷᠯᠢᠭ ᠢ ᠦᠷᠭᠦᠯᠵᠢᠯᠡᠨ ᠪᠠᠶᠢᠭᠤᠯᠬᠤ ᠲᠦᠷᠦᠯ ᠵᠤᠶᠢᠯ ᠢ ᠰᠢᠨ᠎ᠡ ᠪᠠᠷ | ᠪᠠᠶᠢᠭᠤᠯᠬᠤ ᠪᠠ ᠦᠷᠭᠡᠳᠭᠡᠨ ᠪᠠᠶᠢᠭᠤᠯᠵᠦ᠂ ᠰᠢᠨ᠎ᠡ ᠰᠦᠮ᠎ᠡ ᠳᠤᠮᠳᠠᠲᠦ ᠰᠤᠷᠭᠠᠭᠤᠯᠢ ᠶᠢᠨ ᠪᠠᠶᠢᠷᠢ ᠶᠢᠨ ᠠᠰᠠᠷ᠂ | ᠭᠤᠸᠠᠩ ᠰᠢᠩ ᠶᠤᠸᠠᠨ ᠶᠡᠷᠦᠩᠭᠡᠢ ᠰᠤᠷᠭᠠᠭᠤᠯᠢ ᠪᠠ ᠪᠠᠶᠠᠨᠴᠠᠭᠠᠨ ᠪᠦᠷᠢᠨ ᠪᠠᠭ᠎ᠠ ᠰᠤᠷᠭᠠᠭᠤᠯᠢ ᠶᠢᠨ ᠪᠠᠭᠰᠢ ᠶᠢᠨ | ᠲᠦᠷ ᠰᠠᠭᠤᠬᠤ ᠪᠠᠶᠢᠷᠢ ᠶᠢ ᠪᠦᠲᠦᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠭᠦ ᠭᠡᠷᠡᠭᠲᠠᠢ᠃ ᠦᠨᠲᠦᠰᠦᠨ ᠱᠠᠲᠦᠨ ᠤ | ᠡᠮ ᠡᠮᠨᠡᠯᠭᠡ ᠡᠷᠡᠭᠦᠯ ᠬᠠᠮᠠᠭᠠᠯᠠᠯ ᠪᠠ ᠠᠯᠪᠠᠨ ᠠᠴᠠ ᠡᠷᠭᠢᠯᠡᠭᠰᠡᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠳᠡ ᠶᠢ | ᠠᠭᠢᠭᠤᠯᠵᠦ᠂ ᠬᠤᠷᠰᠢᠭᠰᠠᠨ ᠡᠮᠨᠡᠯᠭᠡ ᠶᠢᠨ ᠪᠡᠯᠡ ᠮᠦᠩᠭᠦ ᠴᠤᠭᠯᠠᠭᠤᠯᠬᠤ ᠰᠢᠨ᠎ᠡ ᠵᠤᠭᠢᠮᠵᠢ ᠪᠠ ᠲᠤᠰᠢᠶᠠᠬᠤ ᠠᠷᠭ᠎ᠠ | ᠭᠡᠯᠪᠡᠷᠢ ᠶᠢᠨ ᠦᠭᠡᠷᠡᠴᠢᠯᠡᠯᠳᠡ ᠶᠢ ᠡᠷᠢᠯᠭᠢᠯᠡᠵᠦ᠂ ᠡᠮᠨᠡᠯᠭᠡ ᠳᠤ ᠰᠠᠭᠤᠬᠤ ᠨᠦᠭᠦᠪᠦᠷᠢ ᠶᠢᠨ ᠰᠠᠭᠤᠷᠢ ᠮᠦᠩᠭᠦ ᠶᠢ | ᠤᠷᠢᠳᠴᠢᠯᠡᠨ ᠳᠤᠰᠢᠶᠠᠬᠤ ᠬᠠᠮᠢᠶᠠᠷᠦᠯᠳᠠ ᠶᠢᠨ ᠭᠡᠯᠪᠡᠷᠢ ᠶᠢ ᠠᠭᠢᠭᠤᠯᠬᠤ ᠭᠡᠷᠡᠭᠲᠠᠢ᠃ ᠰᠢᠨ᠎ᠡ ᠮᠠᠶ᠋ᠢᠭ ᠤᠨ ᠭᠦᠳᠡᠭᠡ | ᠳᠤᠰᠬᠤᠨ ᠤ ᠬᠤᠷᠰᠢᠭᠰᠠᠨ ᠡᠮᠨᠡᠯᠭᠡ ᠶᠢᠨ ᠬᠤᠳᠠ ᠶᠢᠨ ᠱᠠᠲᠦᠨ ᠤ ᠨᠢᠭᠡᠲᠦᠯᠵᠢᠭᠦᠯᠭᠦ ᠲᠦᠷᠦ ᠶᠢᠨ ᠪᠤᠲᠤᠯᠭ᠎ᠠ ᠶᠢ | ᠭᠡᠷᠡᠭᠵᠢᠭᠦᠯᠵᠦ᠂ ᠡᠮᠨᠡᠯᠭᠡ ᠳᠤ ᠰᠠᠭᠤᠬᠤ ᠨᠦᠭᠦᠪᠦᠷᠢ ᠶᠢᠨ ᠭᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠭᠦ ᠭᠡᠷᠡᠭᠲᠠᠢ᠃ ᠰᠤᠶᠤᠯ ᠢᠶᠠᠷ ᠠᠷᠠᠳ ᠢ ᠬᠠᠷᠠᠭᠠᠯᠵᠠᠬᠤ ᠪᠤᠯᠤᠨ ᠤᠳᠬ᠎ᠠ ᠤᠷᠠᠯᠢᠭ ᠤᠨ ᠰᠤᠲᠤᠨ | ᠪᠦᠲᠦᠭᠡᠯ ᠤᠨ ᠢᠨᠵᠧᠨᠧᠷᠢᠩ ᠢ ᠭᠦᠨᠵᠡᠭᠡᠢ ᠭᠡᠷᠡᠭᠵᠢᠭᠦᠯᠦᠨ᠂ ᠮᠦᠽᠸᠢ ᠶᠢ ᠦᠨ᠎ᠡ ᠲᠦᠯᠦᠪᠦᠷᠢ ᠦᠬᠡᠢ ᠨᠡᠭᠡᠭᠡᠭᠦ ᠶᠢ | ᠦᠷᠭᠦᠯᠵᠢᠯᠡᠨ ᠠᠭᠢᠭᠤᠯᠵᠦ᠂ ᠨᠡᠶᠢᠭᠡᠮ ᠤᠨ ᠭᠦᠷᠦᠩᠭᠡ ᠶᠢ ᠰᠤᠶᠤᠯ ᠤᠨ ᠤᠶᠢᠯᠡᠳᠪᠦᠷᠢᠯᠡᠯ ᠡᠵᠡᠩᠨᠡᠯᠳᠡ ᠳᠤ | ᠤᠷᠤᠭᠤᠯᠬᠤ ᠶᠢ ᠢᠳᠡᠪᠭᠢᠲᠠᠢ ᠵᠢᠯᠤᠭᠤᠳᠴᠦ᠂ ᠰᠤᠶᠤᠯ ᠤᠨ ᠠᠵᠦ ᠤᠶᠢᠯᠡᠰ ᠤᠨ ᠦᠷᠨᠢᠯ ᠭᠦᠭᠵᠢᠯᠳᠡ ᠶᠢ | ᠠᠭᠢᠭᠤᠯᠬᠤ ᠭᠡᠷᠡᠭᠲᠠᠢ᠃ ᠨᠢᠯᠬ᠎ᠠ ᠭᠡᠤᠭᠡᠳ ᠤᠨ ᠴᠢᠨᠠᠷ ᠤᠨ ᠢᠯᠭᠠᠯ ᠤᠨ ᠬᠠᠷᠢᠴᠠᠯ ᠢ ᠵᠠᠰᠠᠨ ᠴᠡᠭᠴᠡᠯᠡᠭᠦ | ᠭᠦᠴᠦᠯᠡᠴᠡ ᠶᠢ ᠨᠡᠮᠡᠭᠳᠡᠭᠦᠯᠵᠦ᠂ ︽ᠡᠴᠢᠭᠡ ᠡᠭᠡ ᠶᠢᠨ ᠬᠢᠨᠢ ᠨᠢᠭᠡ ᠨᠢ ᠠᠶᠢᠯ ᠤᠨ ᠭᠠᠭᠴᠠ ᠭᠡᠤᠭᠡᠳ ᠪᠤᠯ ᠬᠤᠶᠠᠷ | ᠭᠡᠤᠭᠡᠳ ᠠᠪᠴᠦ ᠪᠤᠯᠬᠤ︾ ᠦᠷᠡᠵᠢᠯ ᠤᠨ ᠲᠦᠷᠦ ᠪᠤᠲᠤᠯᠭ᠎ᠠ ᠶᠢ ᠰᠠᠶᠢᠲᠦᠷ ᠨᠠᠶᠢᠳᠠᠪᠤᠷᠢᠵᠢᠭᠤᠯᠵᠦ᠂ ᠭᠦᠮᠦᠨ ᠠᠮᠠ | ᠶᠢᠨ ᠭᠡᠪ ᠪᠤᠯᠪᠠᠰᠦᠷᠠᠯ ᠢ ᠴᠢᠷᠮᠡᠶᠢᠨ ᠳᠡᠭᠡᠭᠰᠢᠯᠡᠭᠦᠯᠭᠦ ᠭᠡᠷᠡᠭᠲᠠᠢ᠃ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠶᠢ | ᠠᠵᠦ ᠠᠬᠤᠢ ᠶᠢᠨ ᠭᠡᠯᠪᠡᠷᠢ ᠪᠠᠨ ᠦᠭᠡᠷᠡᠴᠢᠯᠡᠵᠦ ᠳᠡᠰ ᠳᠡᠪᠰᠢᠭᠦ ᠪᠠ ᠨᠡᠶᠢᠭᠡᠮ ᠤᠨ ᠵᠠᠰᠠᠯᠳᠠ ᠳᠤ ᠰᠢᠨ᠎ᠡ ᠶᠢ | ᠡᠭᠦᠳᠭᠦ ᠰᠠᠭᠤᠷᠢ ᠢᠨᠵᠧᠨᠧᠷᠢᠩ ᠪᠤᠯᠭᠠᠨ ᠠᠳᠬᠤᠵᠦ᠂ ᠴᠢᠳᠠᠪᠤᠷᠢᠳᠠᠨ ᠢ ᠭᠦᠮᠦᠵᠢᠭᠦᠯᠭᠦ ᠭᠦᠴᠦᠯᠡᠴᠡ ᠪᠠᠨ | ᠨᠡᠮᠡᠭᠳᠡᠭᠦᠯᠵᠦ᠂ ᠴᠢᠳᠠᠪᠤᠷᠢᠳᠠᠨ ᠢ ᠤᠷᠢᠬᠤ ᠵᠤᠭᠢᠮᠵᠢ ᠶᠢ ᠳᠡᠭᠦᠯᠳᠡᠷᠵᠢᠭᠦᠯᠵᠦ᠂ ᠡᠯ᠎ᠡ ᠲᠦᠷᠦᠯ ᠤᠨ ᠳᠤᠰᠬᠠᠢ | ᠮᠡᠷᠭᠡᠵᠢᠯ ᠤᠨ ᠴᠢᠳᠠᠪᠤᠷᠢᠳᠠᠨ ᠢ 100 ᠭᠦᠮᠦᠨ ᠠᠴᠠ ᠳᠡᠭᠡᠭᠰᠢ ᠤᠷᠤᠭᠤᠯᠵᠦ ᠠᠪᠴᠢᠷᠠᠬᠤ ᠭᠡᠷᠡᠭᠲᠠᠢ᠃ 3 ᠰᠤᠮᠤ | ᠰᠢᠶᠠᠩ ᠪᠠᠯᠭᠠᠰᠦᠨ ᠤ ᠪᠡᠶ᠎ᠡ ᠶᠢᠨ ᠳᠠᠮᠢᠷ ᠪᠡᠶ᠎ᠡ ᠪᠤᠯᠪᠠᠰᠦᠷᠠᠭᠤᠯᠬᠤ ᠲᠦᠪ ᠤᠨ ᠪᠦᠲᠦᠭᠡᠨ ᠪᠠᠶᠢᠭᠤᠯᠤᠯᠳᠠ ᠶᠢ | ᠪᠡᠶᠡᠯᠡᠭᠦᠯᠭᠦ ᠭᠡᠷᠡᠭᠲᠠᠢ᠃ ︽ᠵᠠᠭᠤᠨ ᠲᠤᠰᠬᠤᠨ ᠮᠢᠩᠭᠠᠨ ᠡᠷᠦᠬᠡ︾ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠵᠢᠱᠢᠶ᠎ᠡ ᠦᠵᠡᠬᠦᠯᠬᠦ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠤ᠂ ᠤᠯᠤᠰ ᠤᠨ ᠳᠡᠰ ᠤᠨ ᠰᠢᠨᠵᠢᠯᠡᠭᠦ ᠤᠬᠠᠭᠠᠨ | ᠮᠡᠷᠭᠡᠵᠢᠯ ᠬᠢᠭᠡᠳ ᠰᠤᠶᠤᠯ ᠠᠭᠤᠰᠤᠯᠴᠠᠭᠰᠠᠨ ᠭᠦᠭᠵᠢᠯᠳᠡ ᠶᠢᠨ ᠵᠢᠱᠢᠶ᠎ᠡ ᠦᠵᠡᠭᠦᠯᠭᠦ ᠲᠤᠭᠤᠷᠢᠭ ᠤᠨ ᠡᠩᠨᠡᠭᠡᠨ ᠳᠤ | ᠤᠷᠤᠬᠤ ᠪᠠᠷ ᠳᠡᠮᠡᠴᠡᠭᠦ ᠭᠡᠷᠡᠭᠲᠠᠢ᠃ ᠭᠤᠷᠪᠠᠲᠤᠭᠠᠷ ᠤᠳᠠᠭᠠᠨ ᠤ ᠠᠵᠦ ᠠᠬᠤᠢ ᠶᠢᠨ ᠨᠡᠶᠢᠳᠡᠮ ᠤᠨ ᠪᠠᠶᠢᠴᠠᠭᠠᠯᠳᠠ | ᠶᠢᠨ ᠠᠵᠢᠯ ᠢ ᠰᠠᠶᠢᠲᠦᠷ ᠬᠢᠭᠦ ᠭᠡᠷᠡᠭᠲᠠᠢ᠃ ᠦᠨᠲᠦᠰᠦᠲᠡᠨ ᠱᠠᠰᠢᠨ ᠰᠤᠷᠳᠠᠬᠤᠨ᠂ ᠷᠠᠳᠢᠤ᠋ ᠲᠧᠯᠸᠢᠰ᠂ ᠵᠡᠮᠳᠡᠭᠴᠤᠳ | ᠂ ᠳᠠᠩᠰᠠ ᠡᠪᠭᠡᠮᠡᠯ ᠵᠡᠷᠭᠡ ᠨᠡᠶᠢᠭᠡᠮ ᠤᠨ ᠠᠵᠢᠯ ᠤᠶᠢᠯᠡᠰ ᠤᠨ ᠪᠦᠭᠦ ᠳᠠᠯ᠎ᠠ ᠶᠢᠨ ᠭᠦᠭᠵᠢᠯᠳᠡ ᠶᠢ ᠠᠭᠢᠭᠤᠯᠬᠤ | ᠭᠡᠷᠡᠭᠲᠠᠢ᠃ | ᠨᠡᠶᠢᠭᠡᠮ ᠤᠨ ᠵᠠᠰᠠᠯᠳᠠ ᠳᠤ ᠢᠳᠡᠪᠭᠢᠲᠠᠢ ᠪᠠᠷ ᠰᠢᠨ᠎ᠡ ᠶᠢ ᠡᠭᠦᠳᠭᠦ ᠭᠡᠷᠡᠭᠲᠠᠢ᠃ ᠬᠠᠤᠯᠢ ᠪᠠᠷ ᠵᠠᠰᠠᠬᠤ | ᠰᠡᠳᠭᠢᠮᠵᠢ ᠪᠠ ᠬᠠᠤᠯᠢ ᠪᠠᠷ ᠵᠠᠰᠠᠬᠤ ᠠᠷᠭ᠎ᠠ ᠭᠡᠯᠪᠡᠷᠢ ᠪᠠᠷ ᠨᠡᠶᠢᠬᠡᠮ ᠤᠨ ᠵᠠᠰᠠᠯᠳᠠ ᠳᠤ ᠰᠢᠨ᠎ᠡ ᠶᠢ ᠡᠭᠦᠳᠭᠦ ᠶᠢ | ᠪᠠᠷᠢᠮᠳᠠᠯᠠᠵᠦ᠂ ᠴᠢᠬᠤᠯᠠ ᠶᠡᠭᠡ ᠰᠢᠢᠳᠪᠦᠷᠢ ᠭᠠᠷᠭᠠᠬᠤ ᠨᠡᠶᠢᠭᠡᠮ ᠤᠨ ᠲᠤᠭᠳᠠᠭᠤᠨ ᠤ ᠲᠦᠭᠰᠢᠭᠦᠷᠢ ᠶᠢ ᠬᠢᠨᠠᠨ | ᠦᠨᠡᠯᠡᠭᠦ ᠵᠤᠭᠢᠮᠵᠢ ᠶᠢ ᠳᠡᠭᠦᠯᠳᠡᠷᠵᠢᠭᠦᠯᠵᠦ᠂ ᠲᠤᠭᠳᠠᠭᠤᠨ ᠪᠤᠰᠦ ᠡᠯᠧᠮᠧᠨ᠋ᠲ ᠢ ᠡᠭᠢ ᠡᠭᠦᠰᠦᠯ ᠠᠴᠠ ᠨᠢ | ᠰᠡᠷᠭᠡᠶᠢᠯᠡᠵᠦ ᠪᠠᠭᠠᠰᠬᠠᠬᠤ ᠭᠡᠷᠡᠭᠲᠠᠢ᠃ ᠤᠲᠤᠷᠢᠳᠬᠤ ᠺᠠᠳ᠋ᠷ ᠰᠤᠷᠪᠤᠯᠵᠢᠯᠠᠭ᠎ᠠ ᠭᠦᠯᠢᠶᠡᠵᠦ᠂ ᠪᠠᠶᠢᠭᠤᠯᠤᠯᠭ᠎ᠠ ᠶᠢᠨ | ᠺᠠᠳ᠋ᠷ ᠲᠤᠷᠤᠭᠰᠢ ᠪᠠᠭᠤᠵᠦ ᠰᠤᠷᠪᠤᠯᠵᠢᠯᠠᠭ᠎ᠠ ᠬᠢᠭᠦ ᠲᠦᠷᠢᠮ ᠢ ᠨᠠᠷᠢᠨ ᠬᠢᠨᠠᠮᠠᠭᠠᠢ ᠭᠡᠷᠡᠭᠵᠢᠭᠦᠯᠵᠦ᠂ ᠤᠯᠠᠨ ᠲᠦᠮᠡᠨ ᠤ | ᠬᠠᠤᠯᠢ ᠶᠤᠰᠤᠨ ᠤ ᠭᠤᠶᠤᠴᠢᠯᠠᠭ᠎ᠠ ᠶᠢ ᠬᠠᠤᠯᠢ ᠶᠤᠰᠤᠭᠠᠷ ᠴᠠᠭ ᠳᠤᠬᠠᠢ ᠳᠤᠨᠢ ᠰᠢᠢᠳᠪᠦᠷᠢᠯᠡᠵᠦ᠂ ᠨᠡᠶᠢᠭᠡᠮ ᠤᠨ | ᠵᠦᠷᠢᠴᠡᠯ ᠢ ᠪᠦᠲᠦᠮᠵᠢᠲᠠᠢ ᠰᠢᠢᠳᠪᠦᠷᠢᠯᠡᠭᠦ ᠭᠡᠷᠡᠭᠲᠠᠢ᠃ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠭᠡᠶᠢᠯᠡᠭᠰᠡᠨ | ᠵᠠᠰᠠᠯᠳᠠ ᠶᠢ ᠴᠢᠩᠭᠠᠳᠬᠠᠵᠦ᠂ ᠨᠡᠶᠢᠭᠡᠮ ᠤᠨ ᠠᠮᠦᠷ ᠢ ᠬᠠᠮᠠᠭᠠᠯᠠᠬᠤ ᠲᠠᠪᠬᠤᠷᠭᠠᠳᠤ ᠰᠡᠷᠭᠡᠶᠢᠯᠡᠯᠳᠡ ᠶᠢᠨ | ᠲᠤᠭᠳᠠᠯᠴᠠᠭ᠎ᠠ ᠶᠢ ᠳᠡᠭᠦᠯᠳᠡᠷᠵᠢᠭᠦᠯᠵᠦ᠂ ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ ᠶᠠᠯᠠᠲᠦ ᠠᠵᠢᠯᠯᠠᠭ᠎ᠠ ᠶᠢ | ᠬᠠᠤᠯᠢ ᠶᠤᠰᠤᠭᠠᠷ ᠰᠡᠷᠭᠡᠶᠢᠯᠡᠵᠦ ᠴᠢᠩᠭ᠎ᠠ ᠴᠤᠭᠢᠯᠳᠠ ᠦᠭᠭᠦ ᠭᠡᠷᠡᠭᠲᠠᠢ᠃ ︽ᠵᠢᠷᠭᠤᠭ᠎ᠠ ᠳᠠᠪᠤ︾ ᠶᠢᠨ ᠬᠠᠤᠯᠢ | ᠲᠦᠭᠡᠮᠡᠯᠵᠢᠭᠦᠯᠭᠦ ᠭᠦᠮᠦᠵᠢᠯ ᠢ ᠯᠠᠪᠳᠠᠭᠤᠨ ᠢᠶᠠᠷ ᠦᠷᠨᠢᠭᠦᠯᠵᠦ᠂ ᠬᠠᠤᠯᠢ ᠴᠠᠭᠠᠵᠠ ᠶᠢᠨ ᠳᠤᠰᠠᠯᠠᠮᠵᠢ ᠶᠢᠨ ᠭᠢᠷᠢ | ᠲᠦᠪᠰᠢᠨ ᠢ ᠳᠡᠭᠡᠭᠰᠢᠯᠡᠭᠦᠯᠭᠦ ᠭᠡᠷᠡᠭᠲᠠᠢ᠃ ᠵᠠᠰᠠᠭ ᠤᠨ ᠤᠷᠲᠦᠨ ᠤ ᠰᠤᠷᠠᠭ ᠵᠠᠩᠭᠢ ᠶᠢ ᠢᠯᠡ ᠪᠠᠶᠢᠯᠭᠠᠬᠤ ᠶᠢ | ᠭᠦᠨᠵᠡᠭᠡᠢ ᠦᠷᠨᠢᠭᠦᠯᠵᠦ᠂ ᠰᠦᠯᠵᠢᠶᠡᠨ ᠤ ᠬᠠᠤᠯᠢ ᠶᠤᠰᠤᠨ ᠤ ᠬᠢᠨᠠᠨ ᠬᠠᠮᠢᠶᠠᠷᠦᠯᠳᠠ ᠶᠢᠨ ᠭᠦᠴᠦᠯᠡᠴᠡ ᠶᠢ | ᠨᠡᠮᠡᠭᠳᠡᠭᠦᠯᠵᠦ᠂ ᠶᠠᠷᠢᠶ᠎ᠠ ᠭᠡᠯᠡᠯᠴᠡᠭᠡ ᠪᠠᠷ ᠵᠢᠯᠤᠭᠤᠲᠤᠯᠭ᠎ᠠ ᠪᠤᠯᠭᠠᠬᠤ ᠴᠢᠳᠠᠪᠤᠷᠢ ᠶᠢ ᠳᠡᠭᠡᠭᠰᠢᠯᠡᠭᠦᠯᠭᠦ ᠭᠡᠷᠡᠭᠲᠠᠢ᠃ | ᠡᠮᠴᠢᠯᠡᠭᠡᠨ ᠤ ᠤᠶᠢᠯᠡᠴᠢᠯᠡᠭᠡ ᠪᠠ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠬᠢᠨᠠᠨ ᠬᠠᠮᠢᠶᠠᠷᠦᠯᠳᠠ ᠶᠢ | ᠴᠢᠩᠭᠠᠳᠬᠠᠵᠦ᠂ ᠡᠮ ᠤᠨ ᠵᠤᠶᠢᠯ ᠤᠨ ᠡᠯᠧᠺᠲᠷᠤᠨ ᠬᠢᠨᠠᠨ ᠬᠠᠮᠢᠶᠠᠷᠦᠯᠳᠠ ᠶᠢᠨ ᠲᠦᠷᠦᠯ ᠵᠤᠶᠢᠯ ᠤᠨ ᠬᠤᠶᠠᠲᠦᠭᠠᠷ | ᠬᠤᠭᠤᠴᠠᠭᠠᠨ ᠤ ᠢᠨᠵᠧᠨᠧᠷᠢᠩ ᠢ ᠭᠡᠷᠡᠭᠵᠢᠭᠦᠯᠵᠦ᠂ ᠤᠯᠠᠨ ᠲᠦᠮᠡᠨ ᠤ ᠤᠤᠭᠤᠵᠦ ᠭᠡᠷᠡᠭᠯᠡᠭᠦ ᠡᠮ ᠤᠨ ᠠᠮᠦᠷ | ᠲᠦᠪᠰᠢᠨ ᠢ ᠪᠠᠲᠤᠯᠠᠬᠤ ᠭᠡᠷᠡᠭᠲᠠᠢ᠃ ᠠᠵᠦ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠦ᠂ ᠠᠶᠤᠯᠭᠦᠢ ᠤᠶᠢᠯᠡᠳᠪᠦᠷᠢᠯᠡᠯ ᠤᠨ ᠳᠠᠯᠳᠠ ᠭᠡᠮ ᠢ ᠪᠠᠶᠢᠴᠠᠭᠠᠨ ᠰᠢᠢᠳᠪᠦᠷᠢᠯᠡᠭᠦ ᠶᠢ ᠭᠦᠨᠵᠡᠭᠡᠢ | ᠦᠷᠨᠢᠭᠦᠯᠵᠦ᠂ ᠤᠨᠴᠠᠭᠠᠢ ᠶᠡᠭᠡ ᠠᠮᠦᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠭᠡᠷᠡᠭᠲᠠᠢ᠃ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠦᠯᠳᠠ ᠶᠢᠨ ᠲᠤᠭᠳᠠᠯᠴᠠᠭ᠎ᠠ ᠶᠢ ᠤᠯᠠᠮ ᠨᠢᠭᠡ ᠠᠯᠬᠤᠮ ᠳᠡᠭᠦᠯᠳᠡᠷᠵᠢᠭᠦᠯᠵᠦ᠂ | ᠭᠡᠨᠡᠳᠳᠡ ᠶᠢᠨ ᠭᠡᠷᠡᠭ ᠢ ᠪᠦᠲᠦᠮᠵᠢᠲᠠᠢ ᠠᠷᠭᠠᠴᠠᠵᠦ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠ ᠪᠠᠴᠢᠮ | ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠭᠢᠷᠢ ᠲᠦᠪᠰᠢᠨ ᠢᠶᠠᠨ ᠦᠨᠡᠩᠭᠦ ᠳᠡᠭᠡᠭᠰᠢᠯᠡᠭᠦᠯᠭᠦ ᠭᠡᠷᠡᠭᠲᠠᠢ᠃ | ︵ᠶᠢᠰᠦ︶ ᠲᠤᠰᠢᠶᠠᠯ ᠬᠠᠷᠢᠭᠤᠴᠠᠯᠭ᠎ᠠ ᠪᠠᠨ ᠪᠦᠭᠦ ᠳᠠᠯ᠎ᠠ ᠪᠠᠷ ᠵᠦᠪ ᠤᠨᠤᠪᠴᠢᠲᠠᠢ ᠬᠡᠷᠡᠭᠵᠢᠬᠦᠯᠵᠤ᠂ | ᠵᠠᠰᠠᠭ ᠤᠨ ᠤᠷᠲᠦᠨ ᠤ ᠳᠤᠰ ᠪᠡᠶ᠎ᠡ ᠶᠢᠨ ᠪᠠᠶᠢᠭᠤᠯᠤᠯᠳᠠ ᠳᠡᠭᠡᠷ᠎ᠡ ᠰᠢᠨ᠎ᠡ ᠰᠢᠪᠲᠤᠯᠤᠯᠳᠠ ᠭᠠᠷᠭᠠᠬᠤ ᠪᠠᠷ | ᠴᠢᠷᠮᠡᠶᠢᠬᠤ ᠭᠡᠷᠡᠭᠲᠠᠢ᠃ ᠠᠷᠠᠳ ᠲᠤ ᠤᠶᠢᠯᠡᠴᠢᠯᠡᠭᠦ ᠵᠠᠰᠠᠭ ᠤᠨ ᠤᠷᠲᠦᠨ᠂ ᠢᠯᠡ ᠪᠤᠳᠠᠳᠠᠢ ᠵᠠᠰᠠᠭ ᠤᠨ ᠤᠷᠲᠦᠨ | ᠪᠠ ᠤᠶᠢᠯᠡᠴᠢᠯᠡᠭᠡᠨ ᠤ ᠭᠡᠯᠪᠡᠷᠢ ᠶᠢᠨ ᠵᠠᠰᠠᠭ ᠤᠨ ᠤᠷᠲᠦᠨ ᠢ ᠪᠠᠶᠢᠭᠤᠯᠬᠤ ᠪᠠᠷ ᠬᠠᠷᠠᠯᠳᠠ ᠪᠤᠯᠭᠠᠵᠦ᠂ ᠤᠯᠠᠨ | ᠲᠦᠮᠡᠨᠴᠢ ᠱᠤᠭᠤᠮ ᠤᠨ ᠭᠦᠮᠦᠵᠢᠯ ᠤᠶᠢᠯᠡᠲᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠳᠠᠢ ᠦᠷᠨᠢᠭᠦᠯᠵᠦ᠂ | ᠵᠠᠰᠠᠭ ᠤᠨ ᠤᠷᠲᠦᠨ ᠤ ᠳᠤᠰ ᠪᠡᠶ᠎ᠡ ᠶᠢᠨ ᠴᠢᠳᠠᠪᠤᠷᠢ ᠶᠢᠨ ᠪᠠᠶᠢᠭᠤᠯᠤᠯᠳᠠ ᠶᠢ ᠦᠨᠡᠩᠭᠦ ᠴᠢᠩᠭᠠᠳᠬᠠᠬᠤ᠂ ᠳᠡᠤᠭᠡ | ᠪᠤᠯᠤᠨ ᠴᠠᠭ ᠡᠷᠡᠨ ᠳᠤ ᠤᠰᠤᠯᠳᠠᠬᠤ ᠦᠭᠡᠢ ᠠᠵᠢᠯ ᠤᠨ ᠠᠮᠵᠢᠯᠳᠠ ᠪᠠᠷ ᠠᠷᠠᠳ ᠲᠦᠮᠡᠨ ᠳᠤ ᠬᠠᠷᠢᠭᠤᠴᠠᠵᠦ᠂ | ᠠᠷᠠᠳ ᠲᠦᠮᠡᠨ ᠤ ᠬᠢᠨᠠᠯᠳᠠ ᠶᠢ ᠭᠦᠯᠢᠶᠡᠵᠦ᠂ ᠠᠷᠠᠳ ᠲᠦᠮᠡᠨ ᠢ ᠬᠠᠨᠤᠮᠵᠢᠲᠠᠢ ᠪᠠᠶᠢᠯᠭᠠᠬᠤ ᠭᠡᠷᠡᠭᠲᠠᠢ᠃ | ᠰᠤᠷᠤᠯᠴᠠᠯᠭ᠎ᠠ ᠤᠶᠢᠯᠡᠲᠦᠯᠭᠡ ᠶᠢᠨ ᠴᠢᠳᠠᠪᠤᠷᠢ ᠪᠠᠨ ᠳᠠᠰᠤᠷᠠᠯᠳᠠ ᠦᠬᠡᠢ ᠳᠡᠭᠡᠭᠰᠢᠯᠡᠭᠦᠯᠭᠦ ᠭᠡᠷᠡᠭᠲᠠᠢ᠃ | ᠰᠤᠷᠤᠯᠴᠠᠯᠭ᠎ᠠ ᠶᠢ ᠦᠭᠡᠷᠡᠴᠢᠯᠡᠯᠳᠡ ᠶᠢ ᠪᠦᠭᠦ ᠳᠠᠯ᠎ᠠ ᠪᠠᠷ ᠭᠦᠨᠵᠡᠭᠡᠶᠢᠷᠡᠭᠦᠯᠭᠦ ᠬᠠᠳᠠᠭᠤᠵᠢᠯᠲᠠᠢ ᠡᠭᠦᠷᠭᠡ ᠶᠢᠨ ︽ | ᠲᠦᠯᠬᠢᠬᠦᠷ︾ ᠪᠤᠯᠭᠠᠵᠦ᠂ ᠰᠤᠷᠬᠤ ᠶᠢᠨ ᠳᠠᠭᠠᠤ ᠬᠢᠵᠦ᠂ ᠬᠢᠬᠦ ᠶᠢᠨ ᠳᠠᠭᠠᠤ ᠰᠤᠷᠴᠦ᠂ ᠰᠠᠨᠠᠭᠠᠴᠢᠯᠠᠭ᠎ᠠ ᠠᠴᠠ ᠪᠠᠨ | ᠠᠷᠠᠳ ᠲᠦᠮᠡᠨ ᠠᠴᠠ ᠰᠤᠷᠤᠯᠴᠠᠨ᠂ ᠠᠷᠠᠳ ᠤᠨ ᠰᠠᠨᠠᠯ ᠢ ᠬᠦᠯᠢᠴᠡᠩᠬᠦᠢ ᠰᠤᠨᠤᠰᠴᠦ᠂ ᠨᠡᠶᠢᠭᠡᠮ ᠤᠨ ᠪᠠᠶᠢᠳᠠᠯ | ᠠᠷᠠᠳ ᠤᠨ ᠱᠠᠭᠠᠷᠳᠠᠯᠭ᠎ᠠ ᠶᠢ ᠪᠡᠶᠡᠳᠠᠨ ᠪᠠᠶᠢᠴᠠᠭᠠᠵᠦ᠂ ᠠᠵᠢᠯ ᠢ ᠠᠭᠢᠭᠤᠯᠬᠤ ᠶᠠᠪᠤᠴᠠ ᠳᠠᠬᠢ ᠪᠠᠭᠤᠷᠠᠢ | ᠭᠤᠭᠴᠤᠭ᠎ᠠ ᠪᠠ ᠴᠢᠨᠡᠭᠡᠯᠢᠭ ᠨᠡᠶᠢᠭᠡᠮ ᠢ ᠪᠦᠭᠦ ᠳᠠᠯ᠎ᠠ ᠪᠠᠷ ᠪᠠᠶᠢᠭᠤᠯᠬᠤ ᠵᠠᠩᠭᠢᠯᠠᠭ᠎ᠠ ᠶᠢᠨ ᠠᠷᠭ᠎ᠠ ᠶᠢ ᠵᠦᠪ ᠢᠶᠠᠷ | ᠡᠷᠢᠨ ᠭᠠᠷᠭᠠᠵᠤ᠂ ᠤᠯᠤᠰ ᠲᠦᠷᠦ ᠶᠢᠨ ᠤᠶᠤᠨ ᠤᠬᠠᠭᠠᠨ ᠢ ᠨᠡᠮᠡᠭᠳᠡᠭᠦᠯᠭᠦ᠂ ᠵᠠᠰᠠᠭ ᠶᠠᠪᠤᠭᠤᠯᠬᠤ ᠴᠢᠳᠠᠪᠤᠷᠢ ᠶᠢ | ᠳᠡᠭᠡᠭᠰᠢᠯᠡᠭᠦᠯᠭᠦ ᠶᠢ ᠰᠢᠰᠲ᠋ᠧᠮ ᠲᠠᠢ ᠰᠤᠷᠤᠯᠴᠠᠯᠭ᠎ᠠ ᠶᠢᠨ ᠬᠤᠷᠠᠮᠲᠤᠭᠤᠯᠭ᠎ᠠ ᠪᠠ ᠤᠶᠢᠯᠡᠲᠦᠯᠭᠡ ᠪᠤᠯᠪᠠᠰᠦᠷᠠᠯ ᠤᠨ | ᠳᠤᠮᠳᠠ ᠪᠠᠲᠤᠳᠬᠠᠵᠦ᠂ ᠶᠡᠭᠡ ᠪᠠᠶᠢᠳᠠᠯ ᠢ ᠡᠵᠡᠮᠳᠠᠨ᠂ ᠬᠠᠨᠲᠤᠰᠢ ᠶᠢ ᠲᠦᠰᠦᠪᠯᠡᠵᠦ᠂ ᠮᠡᠳᠡᠯᠭᠡ ᠪᠠᠨ ᠨᠡᠮᠡᠭᠳᠡᠭᠦᠯᠵᠦ | ᠂ ᠰᠡᠳᠭᠢᠮᠵᠢ ᠪᠠᠨ ᠬᠤᠪᠢᠷᠠᠭᠤᠯᠤᠨ᠂ ᠬᠤᠷᠲᠤᠴᠠ ᠪᠠᠨ ᠲᠦᠷᠭᠡᠳᠭᠡᠵᠦ᠂ ᠠᠵᠢᠯ ᠤᠨ ᠰᠠᠨᠠᠭᠠᠴᠢᠯᠠᠭᠠᠲᠦ ᠡᠷᠭᠡ ᠶᠢ | ᠦᠪᠡᠰᠦᠪᠡᠨ ᠠᠳᠬᠤᠬᠤ ᠭᠡᠷᠡᠭᠲᠠᠢ᠃ | ᠨᠠᠶᠢᠳᠠᠪᠤᠷᠢᠵᠢᠭᠤᠯᠵᠦ ᠭᠡᠷᠡᠭᠵᠢᠭᠦᠯᠭᠦ ᠴᠢᠳᠠᠪᠤᠷᠢ ᠪᠠᠨ ᠳᠠᠰᠤᠷᠠᠯᠳᠠ ᠦᠬᠡᠢ ᠳᠡᠭᠡᠭᠰᠢᠯᠡᠭᠦᠯᠭᠦ ᠭᠡᠷᠡᠭᠲᠠᠢ᠃ | ᠪᠤᠳᠠᠳᠤ ᠠᠵᠢᠯ ᠤᠨ ᠦᠷ᠎ᠡ ᠪᠦᠳᠦᠮᠵᠢ ᠶᠢ ᠪᠠᠷᠢᠮᠳᠠᠯᠠᠵᠦ᠂ ᠡᠭᠦᠷᠭᠡᠯᠡᠵᠦ ᠬᠠᠷᠢᠭᠤᠴᠠᠬᠤ ᠤᠬᠠᠮᠰᠠᠷ ᠢᠶᠠᠨ | ᠨᠡᠮᠡᠭᠳᠡᠭᠦᠯᠵᠦ᠂ ᠡᠭᠦᠷᠭᠡ ᠭᠦᠯᠢᠶᠡᠭᠦ ᠳᠤ ᠨᠦᠭᠦᠴᠡᠯ ᠲᠤᠷᠠᠳᠬᠤ ᠦᠬᠡᠢ᠂ ᠡᠭᠦᠷᠭᠡ ᠭᠦᠢᠴᠡᠳᠭᠡᠭᠦ ᠳᠤ ᠰᠢᠯᠳᠠᠭ | ᠡᠷᠢᠭᠦ ᠦᠬᠡᠢ᠂ ᠡᠭᠦᠷᠭᠡ ᠪᠠᠨ ᠪᠡᠶᠡᠯᠡᠭᠦᠯᠭᠦ ᠳᠤ ᠲᠤᠳᠠᠭᠤ ᠲᠤᠷᠭᠤᠨ ᠦᠬᠡᠢ ᠪᠠᠶᠢᠬᠤ ᠶᠢ ᠬᠢᠴᠢᠶᠡᠵᠦ᠂ ᠰᠢᠢᠳᠪᠦᠷᠢ | ᠶᠢᠨ ᠪᠠᠶᠢᠳᠠᠯ᠂ ᠪᠠᠶᠢᠷᠢᠯᠠᠭᠤᠯᠤᠭᠰᠠᠨ ᠠᠵᠢᠯ᠂ ᠳᠤᠷᠤᠭᠰᠢ ᠳᠠᠷᠬᠠᠭᠠᠬᠤ ᠪᠢᠴᠢᠭ ᠮᠠᠲ᠋ᠧᠷᠢᠶᠠᠯ ᠳᠤ ᠯᠠᠪᠳᠠᠭᠤᠨ | ᠪᠠᠳᠤᠲᠠᠢ ᠪᠠᠶᠢᠵᠦ᠂ ᠡᠴᠦᠰ ᠲᠤᠨᠢ ᠲᠤᠯᠳᠠᠯ᠎ᠠ ᠳᠡᠮᠡᠴᠡᠭᠦ ︽ᠬᠠᠳᠠᠭᠠᠰᠦ ᠬᠠᠳᠠᠬᠤ︾ ᠵᠤᠷᠢᠭ ᠰᠠᠨᠠᠭ᠎ᠠ ᠪᠠᠷ ᠠᠵᠢᠯ ᠢ | ᠳᠠᠭᠤᠰᠳᠠᠯ᠎ᠠ ᠴᠢᠩᠭ᠎ᠠ ᠠᠳᠬᠤᠵᠦ᠂ ᠡᠯ᠎ᠡ ᠲᠦᠷᠦᠯ ᠤᠨ ᠠᠵᠢᠯ ᠢ ᠰᠠᠶᠢᠬᠠᠨ ᠡᠭᠢᠯᠡᠭᠦᠯᠵᠦ ᠰᠠᠶᠢᠬᠠᠨ ᠳᠡᠭᠦᠰᠭᠡᠨ᠂ | ᠰᠠᠶᠢᠨ ᠬᠢᠵᠦ ᠰᠠᠶᠢᠲᠦᠷ ᠪᠡᠶᠡᠯᠡᠭᠦᠯᠭᠦ ᠶᠢ ᠪᠠᠲᠤᠯᠠᠬᠤ ᠭᠡᠷᠡᠭᠲᠠᠢ᠃ ᠠᠵᠢᠯ ᠤᠨ ᠦᠷ᠎ᠡ ᠪᠦᠲᠦᠮᠵᠢ ᠶᠢᠨ ᠬᠢᠨᠠᠨ | ᠰᠢᠯᠭᠠᠯᠳᠠ ᠪᠠ ᠮᠦᠷᠳᠡᠨ ᠱᠠᠭᠠᠷᠳᠠᠨ ᠪᠠᠶᠢᠴᠠᠭᠠᠬᠤ ᠶᠢ ᠴᠢᠩᠭᠠᠳᠬᠠᠵᠦ᠂ ᠴᠠᠭ ᠬᠤᠭᠤᠴᠠᠭ᠎ᠠ ᠪᠠᠷ ᠠᠭᠢᠴᠠ ᠶᠢ | ᠱᠠᠯᠠᠪᠳᠠᠭᠤᠯᠵᠦ᠂ ᠬᠠᠷᠠᠯᠳᠠ ᠪᠠᠷ ᠬᠠᠷᠢᠭᠤᠴᠠᠯᠭ᠎ᠠ ᠶᠢ ᠡᠭᠦᠷᠭᠡᠯᠡᠭᠦᠯᠵᠦ᠂ ᠬᠢᠨᠠᠯᠳᠠ ᠳᠠᠯᠪᠢᠬᠤ ᠭᠢᠭᠡᠳ | ᠨᠠᠶᠢᠳᠠᠪᠤᠷᠢᠵᠢᠭᠤᠯᠬᠤ ᠶᠢ ᠵᠡᠷᠭᠡᠪᠡᠷ ᠶᠠᠪᠤᠭᠳᠠᠭᠤᠯᠵᠦ᠂ ᠬᠠᠷᠢᠭᠤᠴᠠᠯᠭ᠎ᠠ ᠨᠡᠭᠡᠮᠵᠢᠯᠡᠭᠦ ᠬᠢᠭᠡᠳ ᠠᠮᠵᠢᠯᠳᠠ ᠪᠦᠲᠦᠭᠡᠯ | ᠭᠠᠷᠭᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠡᠶᠡᠯᠡᠭᠦᠯᠭᠦ ᠭᠡᠷᠡᠭᠲᠠᠢ᠃ | ᠤᠶᠢᠯᠡᠴᠢᠯᠡᠭᠡ ᠳᠤ ᠰᠢᠨ᠎ᠡ ᠶᠢ ᠡᠭᠦᠳᠭᠦ ᠴᠢᠳᠠᠪᠤᠷᠢ ᠶᠢ ᠳᠠᠰᠤᠷᠠᠯᠳᠠ ᠦᠬᠡᠢ ᠳᠡᠭᠡᠭᠰᠢᠯᠡᠭᠦᠯᠭᠦ ᠭᠡᠷᠡᠭᠲᠠᠢ᠃ | ᠤᠶᠢᠯᠡᠴᠢᠯᠡᠭᠡ ᠶᠢᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠂ ᠤᠶᠢᠯᠡᠴᠢᠯᠡᠭᠦ ᠶᠢ ᠲᠤᠤᠱᠯᠠᠭᠤᠯᠬᠤ ᠶᠢ | ᠪᠠᠷᠢᠮᠳᠠᠯᠠᠵᠦ᠂ ᠦᠨᠲᠦᠰᠦᠨ ᠱᠠᠲᠦᠨ ᠳᠤ ᠭᠦᠨᠵᠡᠭᠡᠶᠢᠷᠡᠭᠦ ᠶᠢ ᠪᠠᠷᠢᠮᠳᠠᠯᠠᠵᠦ᠂ ᠠᠷᠠᠳ ᠤᠨ ᠲᠦᠯᠦᠭᠡ ᠵᠠᠰᠠᠭ | ᠶᠠᠪᠤᠭᠤᠯᠵᠦ᠂ ᠠᠷᠠᠳ ᠤᠨ ᠲᠦᠯᠦᠭᠡ ᠠᠷᠭ᠎ᠠ ᠪᠤᠲᠤᠯᠭ᠎ᠠ ᠭᠠᠷᠭᠠᠵᠦ᠂ ᠠᠷᠠᠳ ᠤᠨ ᠱᠠᠭᠠᠷᠳᠠᠯᠭ᠎ᠠ ᠶᠢ ᠰᠤᠨᠤᠰᠴᠦ᠂ | ᠵᠦᠷᠢᠴᠡᠯ ᠵᠢᠭᠤᠷᠠᠭᠠᠨ ᠢ ᠢᠳᠡᠪᠭᠢᠲᠠᠢ ᠭᠦᠯᠢᠶᠡᠨ ᠠᠪᠴᠦ᠂ ᠴᠠᠭ ᠲᠤᠬᠠᠢ ᠳᠤᠨᠢ ᠰᠠᠶᠢᠲᠦᠷ ᠰᠢᠢᠳᠪᠦᠷᠢᠯᠡᠭᠦ ᠭᠡᠷᠡᠭᠲᠠᠢ | ︔ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ᠂ ᠠᠰᠠᠭᠤᠨ ᠯᠠᠪᠯᠠᠬᠤ ᠬᠠᠷᠢᠭᠤᠴᠠᠯᠭ᠎ᠠ ᠶᠢᠨ ᠲᠦᠷᠢᠮ᠂ | ᠤᠶᠢᠯᠡᠴᠢᠯᠡᠵᠦ ᠠᠮᠠᠯᠳᠠᠬᠤ ᠲᠦᠷᠢᠮ᠂ ᠲᠤᠭᠳᠠᠭᠰᠠᠨ ᠴᠠᠭ ᠲᠤ ᠭᠦᠢᠴᠡᠳᠭᠡᠵᠦ ᠰᠢᠢᠳᠪᠦᠷᠢᠯᠡᠭᠦ ᠲᠦᠷᠢᠮ ᠢ ᠪᠦᠭᠦ | ᠳᠠᠯ᠎ᠠ ᠪᠠᠷ ᠨᠠᠶᠢᠳᠠᠪᠦᠷᠢᠵᠢᠭᠤᠯᠵᠦ᠂ ᠵᠠᠰᠠᠭ ᠤᠨ ᠤᠷᠲᠦᠨ ᠤ ᠠᠵᠢᠯᠳᠠᠳ ᠨᠢᠭᠡᠪᠦᠷᠢ ᠬᠠᠷᠢᠭᠤᠴᠠᠯᠭ᠎ᠠ ᠲᠠᠢ ᠪᠠᠶᠢᠵᠦ᠂ | ᠤᠴᠢᠷ ᠪᠤᠯᠭᠠᠨ ᠳᠤ ᠬᠠᠷᠢᠭᠤᠴᠠᠯᠭ᠎ᠠ ᠡᠭᠦᠷᠭᠡᠯᠡᠭᠦ ᠭᠡᠷᠡᠭᠲᠠᠢ᠃ ᠦᠵᠡᠯ ᠰᠠᠨᠠᠭ᠎ᠠ ᠪᠠᠨ ᠴᠢᠯᠦᠭᠡᠯᠡᠵᠦ᠂ | ᠦᠭᠡᠷᠡᠴᠢᠯᠡᠯᠳᠡ ᠬᠢᠵᠦ ᠰᠢᠨ᠎ᠡ ᠶᠢ ᠡᠭᠦᠳᠭᠦ ᠶᠢ ᠢᠮᠠᠭᠳᠠ ᠵᠠᠰᠠᠭ ᠤᠨ ᠤᠷᠲᠦᠨ ᠤ ᠠᠵᠢᠯ ᠤᠨ ᠪᠦᠭᠦ ᠳᠠᠯ᠎ᠠ ᠳᠤ | ᠤᠶᠢᠯᠡᠴᠢᠯᠡᠭᠦᠯᠵᠦ᠂ ᠨᠡᠩ ᠦᠷᠭᠡᠨ ᠬᠠᠷᠠᠭᠠᠰᠦ ᠠᠴᠠ ᠭᠦᠭᠵᠢᠯᠳᠡ ᠶᠢ ᠲᠦᠯᠦᠪᠵᠢᠭᠦᠯᠵᠦ᠂ ᠨᠡᠩ ᠦᠨᠲᠦᠷ | ᠵᠤᠭᠰᠤᠴᠠ ᠠᠴᠠ ᠭᠦᠭᠵᠢᠯᠳᠡ ᠶᠢ ᠠᠭᠢᠭᠤᠯᠵᠦ᠂ ᠭᠦᠴᠢᠷ ᠪᠠᠶᠢᠳᠠᠯ ᠳᠤ ᠭᠠᠷᠬᠤ ᠵᠠᠮ ᠡᠷᠢᠯᠬᠢᠯᠡᠵᠤ᠂ ᠰᠢᠨ᠎ᠡ ᠶᠢ | ᠡᠭᠦᠳᠭᠦ ᠶᠠᠪᠤᠴᠠ ᠳᠤ ᠰᠢᠪᠲᠦᠯᠦᠯᠳᠠ ᠭᠠᠷᠭᠠᠬᠤ ᠭᠡᠷᠡᠭᠲᠠᠢ᠃ | ᠠᠷᠢᠭᠤᠨ ᠴᠢᠭᠡᠴᠢ ᠪᠠᠷ ᠪᠡᠶ᠎ᠡ ᠪᠠᠨ ᠱᠠᠭᠠᠷᠳᠠᠬᠤ ᠴᠢᠳᠠᠪᠤᠷᠢ ᠶᠢ ᠳᠠᠰᠤᠷᠠᠯᠳᠠ ᠦᠬᠡᠢ ᠳᠡᠭᠡᠭᠰᠢᠯᠡᠭᠦᠯᠭᠦ | ᠭᠡᠷᠡᠭᠲᠠᠢ᠃ ᠢᠯᠵᠠᠷᠡᠯ ᠢ ᠵᠠᠯᠬᠠᠭᠠᠬᠤ ᠪᠠ ᠰᠡᠷᠭᠡᠶᠢᠯᠡᠭᠦ ᠲᠤᠭᠳᠠᠯᠴᠠᠭ᠎ᠠ ᠶᠢ ᠳᠡᠭᠦᠯᠳᠡᠷᠵᠢᠭᠦᠯᠭᠦ ᠪᠠᠷ ᠭᠤᠤᠯᠳᠠᠯᠭ᠎ᠠ | ᠪᠤᠯᠭᠠᠭᠰᠠᠨ ᠢᠯᠵᠠᠷᠠᠯ ᠢ ᠡᠰᠡᠷᠭᠦᠴᠡᠵᠦ ᠠᠷᠢᠭᠤᠨ ᠴᠢᠭᠡᠴᠢ ᠶᠢ ᠡᠷᠭᠢᠮᠯᠡᠭᠦ ᠪᠠᠶᠢᠭᠤᠯᠤᠯᠳᠠ ᠶᠢ ᠪᠦᠭᠦ ᠳᠠᠯ᠎ᠠ ᠪᠠᠷ | ᠠᠭᠢᠭᠤᠯᠵᠦ᠂ ᠲᠦᠷᠢᠮ ᠳᠤᠭᠳᠠᠭᠠᠯ ᠢᠶᠠᠷ ᠢᠯᠵᠠᠷᠠᠯ ᠢ ᠡᠰᠡᠷᠭᠦᠴᠡᠭᠦ ᠶᠢ ᠪᠠᠷᠢᠮᠳᠠᠯᠠᠨ᠂ ᠡᠭᠢ ᠡᠭᠦᠰᠦᠯ ᠠᠴᠠ ᠨᠢ | ᠬᠤᠷᠢᠭᠯᠠᠬᠤ ᠶᠢ ᠴᠢᠩᠭᠠᠳᠬᠠᠵᠦ᠂ ᠨᠠᠢᠮᠠᠨ ᠲᠤᠭᠳᠠᠭᠠᠯ ᠢ ᠳᠤᠤᠱᠯᠠᠭᠤᠯᠤᠨ ᠨᠠᠶᠢᠳᠠᠪᠤᠷᠢᠵᠢᠭᠤᠯᠤᠨ᠂ ︽ᠲᠦᠷᠪᠡᠨ | ᠰᠤᠷᠳᠠᠯ︾ ᠢ ᠡᠷᠡᠰ ᠵᠠᠯᠠᠷᠠᠭᠤᠯᠵᠦ᠂ ᠡᠷᠭᠡ ᠶᠠᠪᠤᠭᠤᠯᠬᠤ ᠬᠢᠨᠠᠨ ᠬᠠᠮᠢᠶᠠᠷᠦᠯᠳᠠ ᠶᠢ ᠲᠤᠪᠤᠶᠢᠯᠭᠠᠨ᠂ ᠤᠯᠠᠨ ᠨᠡᠶᠢᠳᠡ | ᠶᠢᠨ ᠡᠭᠢ ᠪᠠᠶᠠᠯᠢᠭ ᠤᠨ ᠰᠤᠯᠢᠯᠴᠠᠭᠠᠨ ᠤ ᠠᠵᠢᠯᠯᠠᠭ᠎ᠠ ᠶᠢ ᠲᠦᠷᠢᠮᠵᠢᠭᠦᠯᠵᠦ᠂ ᠭᠤᠤᠯᠳᠠᠯᠭ᠎ᠠ ᠲᠠᠢ ᠭᠦᠷᠢᠶ᠎ᠡ | ᠭᠡᠪᠴᠢᠶ᠎ᠡ᠂ ᠭᠤᠤᠯᠳᠠᠯᠭ᠎ᠠ ᠲᠠᠢ ᠰᠠᠯᠠᠭ᠎ᠠ ᠮᠦᠴᠢᠷ᠂ ᠭᠤᠤᠯᠳᠠᠯᠭ᠎ᠠ ᠲᠠᠢ ᠠᠵᠢᠯ ᠤᠨ ᠪᠠᠶᠢᠷᠢ᠂ ᠭᠤᠤᠯᠳᠠᠯᠭ᠎ᠠ ᠲᠠᠢ | ᠪᠡᠯᠡ ᠮᠦᠩᠭᠦᠨ ᠤ ᠬᠢᠨᠠᠨ ᠪᠤᠲᠤᠯᠳᠠ ᠬᠢᠨᠠᠯᠳᠠ ᠪᠠ ᠵᠠᠰᠠᠭ ᠵᠠᠭᠢᠷᠭᠠᠨ ᠤ ᠭᠢᠨᠠᠨ ᠪᠠᠶᠢᠴᠠᠭᠠᠯᠳᠠ ᠶᠢᠨ ᠭᠦᠴᠦᠯᠡᠴᠡ | ᠶᠢ ᠨᠡᠮᠡᠭᠳᠡᠭᠦᠯᠭᠦ ᠭᠡᠷᠡᠭᠲᠠᠢ︔ ︽ᠨᠠᠮ ᠵᠠᠰᠠᠭ ᠤᠨ ᠪᠠᠶᠢᠭᠤᠯᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ | ᠭᠡᠷᠡᠭᠵᠢᠭᠦᠯᠵᠦ ᠪᠦᠷᠢᠯᠭᠡᠨ ᠰᠦᠢᠳᠭᠡᠭᠦ ᠶᠢ ᠡᠰᠡᠷᠭᠦᠴᠡᠭᠦ ᠲᠦᠷᠢᠮ︾ ᠢ ᠨᠠᠷᠢᠨ ᠬᠢᠨᠠᠮᠠᠭᠠᠢ ᠭᠡᠷᠡᠭᠵᠢᠭᠦᠯᠵᠦ᠂ ︽ | ᠭᠤᠷᠪᠠᠨ ᠠᠯᠪᠠᠨ︾ ᠵᠠᠷᠤᠳᠠᠯ ᠤᠨ ᠬᠠᠮᠢᠶᠠᠷᠦᠯᠳᠠ ᠶᠢ ᠴᠢᠩᠭᠠᠳᠬᠠᠵᠦ᠂ ᠠᠯᠢᠪᠠ ᠤᠴᠢᠷ ᠶᠠᠪᠤᠳᠠᠯ ᠢ ᠠᠵᠢᠯᠴᠢ | ᠠᠷᠪᠢᠴᠢ ᠪᠠᠷ ᠰᠢᠢᠳᠪᠦᠷᠢᠯᠡᠵᠦ ᠶᠢ ᠪᠠᠷᠢᠮᠳᠠᠯᠠᠵᠦ᠂ ᠬᠢᠵᠠᠭᠠᠷᠲᠠᠢ ᠡᠳ᠋ ᠤᠨ ᠭᠦᠴᠦᠨ ᠢ ᠭᠦᠭᠵᠢᠯᠳᠡ ᠶᠢ ᠠᠭᠢᠭᠤᠯᠬᠤ | ᠪᠠ ᠠᠷᠠᠳ ᠤᠨ ᠠᠮᠢᠲᠦᠷᠠᠯ ᠢ ᠰᠠᠶᠢᠵᠢᠷᠠᠭᠤᠯᠬᠤ ᠳᠡᠭᠡᠷ᠎ᠡ ᠭᠡᠷᠡᠭᠯᠡᠭᠦ ᠭᠡᠷᠡᠭᠲᠠᠢ᠃ | ᠲᠦᠯᠦᠭᠡᠯᠡᠭᠴᠢᠳ ᠡ︕ 2014 ᠤᠨ ᠪᠤᠯ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ | ᠭᠤᠷᠪᠠᠲᠦᠭᠠᠷ ᠪᠦᠭᠦᠳᠡ ᠬᠤᠷᠠᠯᠲᠦᠭᠠᠨ ᠤ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠵᠢᠭᠤᠯᠬᠤ ᠪᠠ | ᠦᠭᠡᠷᠡᠴᠢᠯᠡᠯᠳᠡ ᠶᠢ ᠪᠦᠭᠦ ᠳᠠᠯ᠎ᠠ ᠪᠠᠷ ᠭᠦᠨᠵᠡᠭᠡᠶᠢᠷᠡᠭᠦᠯᠭᠦ ᠡᠭᠢᠯᠡᠯᠳᠡ ᠶᠢᠨ ᠵᠢᠯ ᠪᠤᠯᠤᠨ᠎ᠠ᠂ ᠮᠦᠨᠴᠦ ︽ᠠᠷᠪᠠᠨ | ᠬᠤᠶᠠᠲᠦᠭᠠᠷ ᠳᠠᠪᠤᠨ ᠵᠢᠯ︾ ᠤᠨ ᠲᠦᠯᠦᠪᠵᠢᠭᠦᠯᠭᠡ ᠶᠢ ᠭᠡᠷᠡᠭᠵᠢᠭᠦᠯᠭᠦ ᠵᠠᠩᠭᠢᠯᠠᠭ᠎ᠠ ᠶᠢᠨ ᠨᠢᠭᠡ ᠵᠢᠯ ᠪᠤᠯᠤᠨ᠎ᠠ᠃ | ᠪᠢᠳᠡ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠦ ᠴᠢᠩᠭ᠎ᠠ ᠤᠲᠤᠷᠢᠲᠤᠯᠭ᠎ᠠ ᠲᠤᠤᠷ᠎ᠠ᠂ 25 ᠲᠦᠮᠡᠨ ᠡᠯ᠎ᠡ | ᠦᠨᠲᠦᠰᠦᠲᠡᠨ ᠤ ᠠᠷᠠᠳ ᠲᠦᠮᠡᠨ ᠢ ᠪᠦᠯᠭᠦᠮᠳᠡᠭᠦᠯᠦᠨ ᠳᠠᠶᠢᠴᠢᠯᠠᠵᠦ᠂ ᠡᠷᠡᠰ ᠵᠤᠷᠢᠭᠯᠠᠨ ᠭᠦᠴᠦᠯᠡᠨ ᠴᠢᠷᠮᠡᠶᠢᠨ᠂ | ᠭᠦᠴᠢᠷ ᠪᠡᠷᠭᠡ ᠶᠢ ᠢᠯᠠᠨ ᠳᠠᠪᠠᠵᠦ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠭᠦᠭᠵᠢᠯᠳᠠ ᠶᠢᠨ ᠰᠢᠨ᠎ᠡ | ᠪᠠᠶᠢᠳᠠᠯ ᠢ ᠦᠷᠭᠦᠯᠵᠢᠯᠡᠨ ᠡᠭᠦᠳᠭᠦ ᠪᠠᠷ ᠴᠢᠷᠮᠡᠶᠢᠨ ᠳᠡᠮᠡᠴᠡᠰᠦᠭᠡᠢ︕ | |