| ᠭᠠᠩᠭᠠᠨ ᠭᠠᠴᠠᠭ᠎ᠠ ᠨᠢ ᠬᠡᠰᠢᠭᠳᠡᠨ ᠬᠤᠰᠢᠭᠤᠨ ᠤ ᠪᠠᠷᠠᠭᠤᠨ ᠬᠤᠶᠢᠳᠤ ᠬᠡᠰᠡᠭ ᠲᠤ | ᠪᠠᠶᠢᠷᠢᠯᠠᠵᠤ ᠪᠤᠢ᠂ ᠪᠦᠬᠦ ᠭᠠᠴᠠᠭᠠᠨ ᠤ ᠤᠳᠤ ᠪᠠᠶᠢᠭ᠎ᠠ ᠬᠠᠳᠤᠯᠠᠩ ᠪᠡᠯᠴᠢᠬᠡᠷ ᠤᠨ ᠲᠠᠯᠠᠪᠠᠢ ᠨᠢ 39.9 ᠲᠦᠮᠡᠨ | ᠮᠤ᠋᠂ ᠡᠬᠦᠨ ᠤ ᠲᠤᠮᠳᠠ᠂ ᠬᠠᠳᠤᠯᠠᠩ ᠤᠨ ᠲᠠᠯᠠᠪᠠᠢ ᠨᠢ 25.8 ᠲᠦᠮᠡᠨ ᠮᠤ᠋ ᠪᠤᠢ᠃ ᠭᠠᠴᠠᠭᠠᠨ ᠤ ᠠᠵᠤ ᠠᠬᠤᠢ | ᠨᠢ ᠮᠠᠯᠵᠢᠯ ᠠᠵᠤ ᠠᠬᠤᠢ ᠪᠠᠷ ᠭᠤᠤᠯᠯᠠᠵᠤ᠂ 2013 ᠤᠨ ᠤ ᠭᠠᠴᠠᠭᠠᠨ ᠤ ᠮᠠᠯ ᠤᠨ ᠵᠤᠭᠰᠤᠭ᠎ᠠ ᠲᠤᠭ᠎ᠠ ᠨᠢ 2. | 39 ᠲᠦᠮᠡ ᠬᠦᠷᠴᠤ᠂ ᠡᠬᠦᠨ ᠳᠤ ᠪᠤᠭ ᠮᠠᠯ ᠨᠢ 0.8 ᠲᠦᠮᠡᠨ ᠲᠤᠯᠤᠭᠠᠢ ᠪᠠᠶᠢᠵᠤ᠂ ᠪᠤᠳᠠ ᠮᠠᠯ ᠨᠢ 1.59 | ᠲᠦᠮᠡ ᠪᠤᠢ᠃ | ᠭᠠᠴᠠᠭ᠎ᠠ ᠨᠢ 8 ᠲᠤᠭᠤᠶᠢᠯᠠᠩ ᠢᠶᠠᠷ ᠪᠦᠷᠢᠯᠳᠤᠵᠤ᠂ ᠨᠡᠶᠢᠳᠠ 228 ᠡᠷᠦᠬᠡ᠂ 876 | ᠬᠦᠮᠦᠨ ᠠᠮᠠ ᠲᠠᠢ᠃ 16 — 36 ᠨᠠᠰᠤᠨ ᠤ ᠬᠦᠮᠦᠨ 309 ᠬᠦᠮᠦᠨ ᠪᠠᠶᠢᠵᠤ᠂ 36 — 45 ᠨᠠᠰᠤᠨ | ᠤ ᠬᠦᠮᠦᠨ 163 ᠬᠦᠮᠦᠨ ᠪᠠᠶᠢᠵᠤ᠂ 45 ᠨᠠᠰᠤᠨ ᠠᠴᠠ ᠲᠡᠭᠡᠭᠰᠢᠬᠢ 157 ᠬᠦᠮᠦᠨ ᠪᠤᠢ᠃ | ᠭᠠᠴᠠᠭᠠᠨ ᠤ ᠰᠤᠷᠭᠠᠭᠤᠯᠢ ᠳᠤ ᠤᠷᠤᠬᠤ ᠨᠠᠰᠤᠨ ᠳᠤ ᠬᠦᠷᠦᠭᠰᠡᠨ ᠪᠠᠭᠠᠴᠤᠳ ᠬᠡᠤᠬᠡᠳ | ᠤᠳ ᠲᠠᠯᠠᠶᠢᠨᠠᠭᠤᠷ ᠦᠨᠳᠤᠰᠤᠳᠠᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠳᠤ ᠰᠤᠷᠤᠯᠴᠠᠵᠤ᠂ ᠰᠤᠷᠭᠠᠭᠤᠯᠢ ᠳᠤ | ᠤᠷᠤᠬᠤ ᠨᠤᠷᠮ᠎ᠠ 100% ᠳᠤ ᠬᠦᠷᠴᠠᠢ᠃ ︽ᠲᠤᠰᠬᠤᠨ ᠪᠤᠯᠭᠠᠨ ᠳᠤ ᠨᠡᠪᠳᠡᠷᠡᠬᠦ︾ ᠢᠨᠵᠧᠨ᠋ᠷᠢᠩ ᠤᠨ | ᠪᠦᠷᠬᠦᠴᠠ ᠶᠢᠨ ᠬᠡᠮᠵᠢᠶ᠎ᠡ ᠨᠢ 3% ᠳᠤ ᠬᠦᠷᠴᠠᠢ᠃ ᠭᠠᠴᠠᠭ᠎ᠠ ᠨᠢ 303 ᠤᠯᠤᠰ ᠤᠨ ᠵᠠᠮ ᠲᠠᠢ ᠬᠦᠷᠰᠢᠯᠡᠵᠤ᠂ | ᠵᠠᠮ ᠬᠠᠷᠢᠯᠴᠠᠭᠠᠨ ᠤ ᠤᠷᠤᠨ ᠪᠠᠶᠢᠷᠢ ᠲᠠᠪᠠᠭᠤᠯᠢᠭ ᠨᠦᠬᠦᠴᠡᠯ ᠲᠠᠢ᠃ ᠭᠠᠴᠠᠭᠠᠨ ᠤ ᠠᠯᠪᠠᠨ ᠬᠡᠷ ᠤᠨ ᠪᠠᠷᠢᠯᠭ᠎ᠠ | ᠶᠢᠨ ᠶᠡᠷᠦᠩᠬᠡᠢ ᠲᠠᠯᠠᠪᠠᠢ ᠨᠢ 200 ᠺᠦᠸᠠᠳ᠋ ᠮᠧᠲᠷ᠂ ᠭᠠᠴᠭᠠᠨ ᠳᠤ 1 ᠡᠷᠡᠬᠦᠯ ᠬᠠᠮᠠᠭᠠᠯᠠᠯ ᠤᠨ ᠲᠠᠰᠤᠭ ᠪᠠ 1 | ᠬᠦᠳᠡᠯᠬᠡᠬᠡᠨ ᠤ ᠬᠡᠷ ᠲᠠᠢ ᠪᠠᠶᠢᠵᠤ᠂ ᠲᠠᠯᠠᠪᠠᠢ ᠨᠢ ᠲᠤᠰᠪᠤᠷᠢ 50 ᠺᠦᠸᠠᠳ᠋ ᠮᠧᠲᠷ ᠪᠠ 40 ᠺᠦᠸᠠᠳ᠋ ᠮᠧᠲᠷ᠃ | ᠭᠠᠴᠭᠠᠨ ᠳᠤ ᠠᠷᠠᠳ ᠲᠤ ᠲᠦᠬᠦᠮ ᠦᠵᠡᠬᠦᠯᠬᠦ ᠲᠡᠯᠬᠡᠬᠦᠷ 2 ᠪᠠᠶᠢᠵᠤ᠂ ᠭᠠᠴᠠᠭᠠᠨ ᠤ ᠱᠠᠳᠤᠨ ᠤ ᠰᠤᠶᠤᠯ ᠤᠨ | ᠬᠦᠳᠡᠯᠬᠡᠬᠡᠨ ᠤ ᠲᠠᠯᠠᠪᠤᠷ 1 ᠪᠤᠢ᠃ ᠶᠠᠳᠠᠭᠤ ᠬᠦᠴᠢᠷᠳᠠᠢ ᠡᠷᠦᠬᠡ ᠶᠢᠨ ᠲᠤᠮᠳᠠ᠂ ᠲᠤᠤᠷ᠎ᠠ ᠪᠠᠳᠤᠯᠠᠭᠠᠳᠤ ᠲᠦᠷᠦ | ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠳᠡᠵᠤ ᠪᠦᠬᠦᠢ ᠮᠠᠯᠴᠢᠨ ᠡᠷᠦᠬᠡ ᠨᠢ 109 ᠡᠷᠦᠬᠡ ᠪᠠᠶᠢᠵᠤ᠂ ᠭᠠᠴᠠᠭᠠᠨ | ᠤ ᠪᠦᠬᠦ ᠡᠷᠦᠬᠡ ᠶᠢᠨ ᠶᠡᠷᠦᠩᠬᠡᠢ ᠲᠤᠭᠠᠨ ᠤ 8.03% ᠶᠢ ᠡᠵᠡᠯᠠᠵᠤ ᠪᠤᠢ᠂ ᠲᠠᠪᠤᠨ ᠪᠠᠳᠤᠯᠠᠭᠠᠳᠤ ᠡᠷᠦᠬᠡ 5 | ᠡᠷᠦᠬᠡ 5 ᠬᠦᠮᠦᠨ ᠪᠠᠶᠢᠵᠤ᠂ ᠠᠮᠢᠳᠤᠷᠠᠯ ᠤᠨ ᠬᠢᠷᠢ ᠲᠦᠪᠰᠢᠨ ᠨᠢ ᠦᠨᠳᠤᠰᠤᠨ ᠳᠤ ᠪᠠᠨ ᠢᠳᠡᠵᠦ ᠡᠮᠦᠰᠬᠦ ᠳᠡᠭᠡᠨ | ᠵᠥᠪ ᠪᠤᠯᠤᠭᠰᠠᠨ ᠪᠠᠶᠢᠨ᠎ᠠ᠃ ᠭᠠᠴᠠᠭᠠᠨ ᠳᠤ ᠨᠡᠶᠢᠳᠠ 34 ᠵᠡᠮᠳᠡᠭ ᠡᠷᠦᠬᠡ᠂ 38 ᠬᠦᠮᠦᠨ ᠪᠤᠢ᠃ ᠰᠢᠨ᠎ᠠ | ᠬᠡᠯᠪᠡᠷᠢ ᠶᠢᠨ ᠬᠤᠷᠰᠢᠭᠰᠠᠨ ᠡᠮ ᠡᠮᠨᠡᠯᠬᠡ ᠳᠤ ᠤᠷᠤᠯᠴᠠᠭᠰᠠᠨ ᠨᠢ 222 ᠡᠷᠦᠬᠡ᠂ 869 ᠬᠦᠮᠦᠨ ᠪᠠᠶᠢᠵᠤ᠂ | ᠭᠠᠴᠠᠭᠠᠨ ᠤ ᠪᠦᠬᠦ ᠡᠷᠦᠬᠡ ᠶᠢᠨ ᠲᠤᠭ᠎ᠠ ᠪᠠ ᠪᠦᠬᠦ ᠬᠦᠮᠦᠨ ᠠᠮᠠ ᠶᠢᠨ ᠲᠤᠭᠠᠨ ᠤ 97.3% ᠪᠠ 99.2% ᠶᠢ | ᠡᠵᠡᠯᠡᠵᠤ ᠪᠤᠢ᠃ ᠭᠠᠴᠭᠠᠨ ᠳᠤ ᠤᠳᠤ ᠪᠠᠶᠢᠭ᠎ᠠ ᠺᠠᠳ᠋ᠷ ᠨᠢ 5 ᠨᠡᠷ᠎ᠡ᠂ ᠡᠬᠦᠷ ᠤᠨ ᠵᠦᠪᠯᠡᠯ ᠤᠨ ᠬᠡᠰᠢᠬᠦᠨ ᠨᠢ 3 | ᠨᠡᠷ᠎ᠡ᠂ ᠭᠠᠴᠠᠭᠠᠨ ᠤ ᠵᠦᠪᠯᠡᠯ ᠤᠨ ᠬᠡᠰᠢᠬᠦᠨ ᠨᠢ 3 ᠨᠡᠷ᠎ᠡ᠂ ᠭᠠᠴᠠᠭᠠᠨ ᠤ ᠱᠠᠳᠤᠨ ᠤ ᠪᠡᠯᠡᠳᠬᠡᠯ ᠺᠠᠳ᠋ᠷ ᠨᠢ 2 | ᠨᠡᠷ᠎ᠡ ᠪᠤᠢ᠃ ᠭᠠᠴᠠᠭᠠᠨ ᠳᠤ 35 ᠨᠠᠮ ᠤᠨ ᠬᠡᠰᠢᠬᠦᠨ᠂ 3 ᠨᠠᠮ ᠤᠨ ᠲᠤᠭᠤᠶᠢᠯᠠᠩ ᠲᠠᠢ᠃ | ᠤᠶᠢᠷ᠎ᠠ ᠶᠢᠨ ᠵᠢᠯ ᠠᠴᠠ᠂ ᠲᠡᠷᠢᠭᠦᠨ ᠤ ᠬᠢ ᠶᠢ ᠡᠭᠦᠳᠴᠤ ᠰᠢᠯᠢᠳᠡᠭ ᠪᠤᠯᠬᠤ ᠪᠠᠷ | ᠴᠢᠷᠮᠠᠶᠢᠬᠤ᠂ ᠨᠠᠮ ᠤᠨ ᠬᠡᠰᠢᠬᠦᠨ ᠤ ᠴᠢᠨᠡᠬᠡᠯᠢᠭᠵᠢᠬᠦᠯᠬᠦ ᠴᠢᠳᠠᠪᠤᠷᠢ ᠶᠢ ᠬᠦᠮᠦᠵᠢᠬᠦᠯᠬᠦ ᠢᠨᠵᠧᠨᠧᠷᠢᠩ ᠢᠶᠠᠷ | ᠲᠠᠮᠵᠢᠭᠤᠯᠤᠨ᠂ ᠭᠠᠴᠠᠭᠠᠨ ᠤ ᠨᠠᠮ ᠤᠨ ᠬᠡᠰᠢᠬᠦᠨ ᠤ ᠴᠢᠨᠡᠬᠡᠯᠢᠭᠵᠢᠬᠦᠯᠬᠦ ᠴᠢᠳᠠᠪᠤᠷᠢ ᠪᠠ ᠪᠦᠬᠦᠯᠢ ᠴᠤᠭᠴᠠ ᠶᠢᠨ | ᠬᠡᠪ ᠴᠢᠨᠠᠷ ᠢ ᠤᠯᠠᠮ ᠨᠢᠭᠡ ᠠᠯᠬᠤᠮ ᠲᠡᠭᠡᠭᠰᠢᠯᠡᠬᠦᠯᠦᠭᠰᠡᠨ ᠪᠠᠶᠢᠨ᠎ᠠ᠃ ᠭᠠᠴᠠᠭᠠᠨ ᠤ ᠠᠵᠤ ᠠᠬᠤᠢ ᠨᠡᠶᠢᠬᠡᠮ ᠤᠨ | ᠲᠠᠯ᠎ᠠ ᠪᠠᠷ ᠵᠤᠬᠢᠬᠤ ᠬᠦᠭᠵᠢᠯᠳᠠ ᠲᠠᠢ ᠪᠤᠯᠵᠤ᠂ ᠮᠠᠯᠵᠢᠯ ᠤᠨ ᠦᠢᠯᠡᠰ ᠤᠨ ᠰᠢᠨ᠎ᠠ ᠵᠠᠮ ᠢ ᠰᠦᠪᠡᠭᠴᠢᠯᠡᠨ ᠨᠡᠬᠡᠬᠡᠵᠤ | ᠂ ᠨᠡᠶᠢᠬᠡᠮ ᠤᠨ ᠶᠡᠭᠡ ᠪᠠᠶᠢᠳᠠᠯ ᠤᠨ ᠡᠶ᠎ᠡ ᠵᠤᠬᠢᠴᠠᠩᠭᠤᠢ ᠲᠤᠭᠳᠠᠭᠤᠨ ᠢ ᠪᠠᠳᠤᠯᠠᠭᠰᠠᠨ ᠪᠠᠶᠢᠨ᠎ᠠ᠃ ᠬᠡᠪᠡᠴᠤ ᠪᠠᠰᠠ | ᠪᠠᠶᠢᠭᠠᠯᠢ ᠶᠢᠨ ᠨᠦᠬᠦᠴᠡᠯ ᠤᠨ ᠬᠢᠵᠠᠭᠠᠷᠯᠠᠯ ᠠᠴᠠ ᠪᠤᠯᠵᠤ᠂ ᠬᠦᠭᠵᠢᠯᠳᠠ ᠨᠢ ᠤᠳᠠᠭᠠᠨ᠂ ᠵᠤᠭᠰᠤᠩᠭᠤᠢ ᠪᠠᠶᠢᠳᠠᠯ | ᠲᠠᠢ ᠪᠠᠶᠢᠵᠤ᠂ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠠᠨᠠᠢ᠂ ᠤᠯᠠᠨ ᠲᠦᠮᠡᠨ ᠤ ᠠᠮᠢᠳᠤᠷᠠᠯ | ᠤᠨ ᠨᠦᠬᠦᠴᠡᠯ ᠨᠢ ᠬᠦᠴᠢᠷᠳᠠᠢ᠂ ᠬᠠᠮᠳᠤ ᠶᠢᠨ ᠠᠵᠤ ᠠᠬᠤᠢ ᠶᠢᠨ ᠤᠷᠤᠯᠭ᠎ᠠ ᠨᠢ ᠮᠦᠨᠴᠤ ᠪᠠᠭᠤᠷᠠᠢ ᠨᠢᠮᠬᠡᠨ | ᠪᠠᠶᠢᠭᠰᠠᠭᠠᠷ᠃ | | |