| ᠬᠦᠩᠬᠡᠷ ᠭᠠᠴᠠᠭ᠎ᠠ ᠨᠢ ᠲᠠᠷᠬᠠᠬᠠᠭᠤᠯᠠ ᠰᠤᠮᠤᠨ ᠤ ᠬᠤᠶᠢᠳᠤ ᠬᠡᠰᠡᠭ ᠲᠤ ᠪᠠᠶᠢᠷᠢᠯᠠᠵᠤ᠂ | ᠲᠠᠷᠬᠠᠬᠠᠭᠤᠯᠠ ᠰᠤᠮᠤᠨ ᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠠᠴᠠ 30 ᠺᠢᠯᠤᠮᠧᠲᠷ ᠵᠠᠶᠢᠳᠠᠢ᠃ ᠬᠦᠩᠬᠡᠷ | ᠭᠠᠴᠠᠭ᠎ᠠ ᠨᠢ ᠬᠦᠩᠬᠡᠷ ᠤᠨ ᠲᠠᠯ᠎ᠠ ᠨᠤᠳᠤᠭ ᠲᠤ ᠪᠠᠭᠳᠠᠵᠤ᠂ ᠵᠡᠬᠦᠨᠰᠢ ᠪᠠᠷᠠᠭᠤᠨᠰᠢ 27 ᠺᠢᠯᠤᠮᠧᠲᠷ ᠤᠷᠳᠤ᠂ | ᠡᠮᠤᠨ᠎ᠠ ᠤᠮᠠᠷᠠᠰᠢ 20 ᠺᠢᠯᠤᠮᠧᠲᠷ ᠦᠷᠬᠡᠨ᠂ ᠵᠢᠭᠳᠡ ᠪᠤᠰᠤ ᠲᠦᠷᠪᠡᠯᠵᠢᠨ ᠬᠡᠯᠪᠡᠷᠢ ᠲᠠᠢ ᠪᠠᠶᠢᠵᠤ᠂ ᠭᠠᠴᠠᠭᠠᠨ ᠤ | ᠬᠠᠷᠢᠶᠠᠳᠤ ᠤᠷᠤᠨ ᠢᠶᠠᠷ ᠭᠤᠤᠯ ᠤᠷᠤᠰᠤᠨ ᠦᠩᠬᠡᠷᠡᠵᠤ᠂ ᠨᠤᠳᠤᠭ ᠪᠡᠯᠴᠢᠬᠡᠷ᠂ ᠭᠤᠤᠯ ᠭᠤᠷᠤᠬ᠎ᠠ ᠪᠠ ᠡᠪᠡᠰᠤ | ᠤᠷᠭᠤᠮᠠᠯ ᠤᠨ ᠲᠦᠷᠦᠯ ᠵᠦᠢᠯ ᠡᠯᠪᠡᠭ ᠪᠠᠶᠠᠯᠢᠭ ᠪᠠᠶᠢᠬᠤ ᠵᠡᠷᠬᠡ ᠮᠠᠯᠵᠢᠬᠤ ᠦᠢᠯᠡᠳᠪᠤᠷᠢᠯᠡᠯ ᠤᠨ ᠲᠠᠪᠠᠭᠤᠯᠢᠭ | ᠨᠦᠬᠦᠴᠡᠯ ᠲᠠᠢ᠃ ᠭᠠᠴᠠᠭᠠᠨ ᠤ ᠡᠮᠤᠨ᠎ᠠ ᠬᠡᠰᠡᠭ ᠪᠠ ᠵᠡᠬᠦᠨ ᠬᠡᠰᠡᠭ ᠨᠢ ᠬᠦᠩᠬᠡᠷ ᠤᠨ ᠲᠠᠯ᠎ᠠ ᠨᠤᠳᠤᠭ ᠲᠤ | ᠪᠠᠭᠳᠠᠵᠤ᠂ ᠤᠮᠠᠷᠠᠳᠤ ᠬᠡᠰᠡᠭ ᠪᠠᠷ ᠢᠶᠠᠨ ᠰᠢᠯᠢᠩᠭᠤᠤᠯ ᠤᠨ ᠲᠠᠯ᠎ᠠ ᠨᠤᠳᠤᠭ ᠲᠠᠢ ᠵᠠᠬ᠎ᠠ ᠨᠠᠶᠢᠯᠠᠵᠤ᠂ ᠪᠠᠷᠠᠭᠤᠨ | ᠭᠡᠰᠡᠭ ᠨᠢ ᠲᠠᠯᠠᠢ ᠨᠠᠭᠤᠷ ᠤᠨ ᠪᠠᠶᠢᠭᠠᠯᠢ ᠶᠢᠨ ᠦᠵᠡᠮᠵᠢ ᠶᠢᠨ ᠤᠷᠤᠨ ᠳᠤ ᠪᠠᠭᠳᠠᠵᠤ ᠪᠤᠢ᠃ | ᠬᠦᠩᠬᠡᠷ ᠭᠠᠴᠠᠭᠠᠨ ᠤ ᠤᠳᠤ ᠪᠠᠶᠢᠭ᠎ᠠ ᠡᠷᠦᠬᠡ ᠶᠢᠨ ᠶᠡᠷᠦᠩᠬᠡᠢ ᠲᠤᠭ᠎ᠠ ᠨᠢ 128 ᠪᠠᠶᠢᠵᠤ᠂ | ᠨᠡᠶᠢᠳᠠ 387 ᠬᠦᠮᠦᠨ ᠠᠮᠠ ᠲᠠᠢ᠃ ᠭᠠᠴᠠᠭᠠᠨ ᠤ ᠲᠠᠯᠠᠪᠠᠢ ᠨᠢ 30 ᠲᠦᠮᠡᠨ ᠮᠤ᠋ ᠪᠠᠶᠢᠵᠤ᠂ ᠪᠠᠶᠢᠭᠠᠯᠢᠯᠢᠭ | ᠬᠠᠳᠤᠯᠠᠩ ᠨᠢ 29 ᠲᠦᠮᠡᠨ ᠮᠤ᠋ ᠪᠤᠢ᠃ | ᠬᠦᠩᠬᠡᠷ ᠭᠠᠴᠠᠭᠠᠨ ᠤ ᠠᠵᠤ ᠠᠬᠤᠢ ᠨᠢ ᠤᠯᠠᠮᠵᠢᠯᠠᠯᠳᠤ ᠮᠠᠯ ᠠᠵᠤ ᠠᠬᠤᠢ ᠪᠠᠷ ᠭᠤᠤᠯᠯᠠᠵᠤ | ᠂ ᠵᠢᠭᠤᠯᠴᠢᠯᠠᠯ ᠤᠨ ᠦᠢᠯᠡᠰ ᠤᠨ ᠭᠠᠴᠠᠭᠠᠨ ᠤ ᠠᠵᠤ ᠠᠬᠤᠢ ᠶᠢᠨ ᠲᠤᠮᠳᠠ ᠡᠵᠡᠯᠡᠬᠦ ᠬᠤᠪᠢ ᠲᠤᠭ᠎ᠠ ᠨᠢ ᠵᠢᠯ | ᠲᠠᠷᠠᠭᠠᠯᠠᠨ ᠨᠡᠮᠡᠭᠳᠡᠭᠰᠡᠨ ᠪᠠᠶᠢᠨ᠎ᠠ᠃ ᠪᠦᠬᠦ ᠭᠠᠴᠠᠭᠠᠨ ᠤ 2/3 ᠶᠢᠨ ᠬᠦᠮᠦᠨ ᠠᠮᠠ ᠨᠢ ᠮᠠᠯᠵᠢᠬᠤ ᠦᠢᠯᠡᠳᠪᠤᠷᠢᠯᠡᠯ | ᠡᠵᠡᠩᠨᠡᠵᠤ ᠪᠠᠶᠢᠨ᠎ᠠ᠃ ᠭᠠᠴᠠᠭᠠᠨ ᠤ ᠮᠠᠯ ᠠᠬᠤᠢ ᠶᠢᠨ ᠪᠦᠬᠦ ᠲᠤᠭ᠎ᠠ ᠨᠢ 9615 ᠲᠤᠯᠤᠭᠠᠢ ︵ᠲᠤᠭ᠎ᠠ︶ ᠪᠠᠶᠢᠵᠤ | ᠂ ᠡᠬᠦᠨ ᠤ ᠲᠤᠮᠳᠠ᠂ ᠦᠬᠡᠷ ᠤᠨ ᠵᠤᠭᠰᠤᠭ᠎ᠠ ᠲᠤᠭ᠎ᠠ ᠨᠢ 2913 ᠲᠤᠯᠤᠭᠠᠢ ᠪᠠᠶᠢᠵᠤ᠂ ᠬᠤᠨᠢᠨ ᠤ ᠵᠤᠭᠰᠤᠭ᠎ᠠ | ᠲᠤᠭ᠎ᠠ ᠨᠢ 6347 ᠪᠠᠶᠢᠵᠤ᠂ ᠪᠤᠰᠤᠳ ᠮᠠᠯ ᠨᠢ 415 ᠲᠤᠯᠤᠭᠠᠢ ︵ᠲᠤᠭ᠎ᠠ︶ ᠪᠤᠢ᠃ ᠵᠢᠯ ᠤᠨ | ᠬᠤᠳᠠᠯᠳᠤᠭᠠᠯᠠᠭᠰᠠᠨ ᠬᠦᠢᠴᠡᠳᠬᠡᠯ ᠲᠤᠭ᠎ᠠ ᠨᠢ᠄ ᠦᠬᠡᠷ 1100 ᠲᠤᠯᠤᠭᠠᠢ᠂ ᠬᠤᠨᠢ 3200᠃ 2012 ᠤᠨ | ᠤ ᠵᠢᠯ ᠤᠨ ᠡᠴᠤᠰ ᠤᠨ ᠮᠠᠯᠴᠢᠳ ᠤᠨ ᠵᠢᠯ ᠪᠦᠷᠢ ᠶᠢᠨ ᠬᠦᠮᠦᠨ ᠲᠤᠮᠳᠠᠴᠢ ᠶᠢᠨ ᠤᠷᠤᠯᠭ᠎ᠠ ᠨᠢ ᠪᠠᠷᠤᠭ 7000 | ᠲᠦᠬᠦᠷᠢᠭ ᠬᠦᠷᠴᠠᠢ᠃ | |