ᠲᠠᠷᠬᠠᠬᠠᠭᠤᠯᠠ ᠰᠤᠮᠤᠨ ᠤ ᠬᠦᠩᠬᠡᠷ ᠭᠠᠴᠠᠭᠠᠨ ᠤ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2014/4/14
        ᠬᠦᠩᠬᠡᠷ ᠭᠠᠴᠠᠭ᠎ᠠ ᠨᠢ ᠲᠠᠷᠬᠠᠬᠠᠭᠤᠯᠠ ᠰᠤᠮᠤᠨ ᠤ ᠬᠤᠶᠢᠳᠤ ᠬᠡᠰᠡᠭ ᠲᠤ ᠪᠠᠶᠢᠷᠢᠯᠠᠵᠤ᠂ ᠲᠠᠷᠬᠠᠬᠠᠭᠤᠯᠠ ᠰᠤᠮᠤᠨ ᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠠᠴᠠ 30 ᠺᠢᠯᠤᠮᠧᠲᠷ ᠵᠠᠶᠢᠳᠠᠢ᠃ ᠬᠦᠩᠬᠡᠷ ᠭᠠᠴᠠᠭ᠎ᠠ ᠨᠢ ᠬᠦᠩᠬᠡᠷ ᠤᠨ ᠲᠠᠯ᠎ᠠ ᠨᠤᠳᠤᠭ ᠲᠤ ᠪᠠᠭᠳᠠᠵᠤ᠂ ᠵᠡᠬᠦᠨᠰᠢ ᠪᠠᠷᠠᠭᠤᠨᠰᠢ 27 ᠺᠢᠯᠤᠮᠧᠲᠷ ᠤᠷᠳᠤ᠂ ᠡᠮᠤᠨ᠎ᠠ ᠤᠮᠠᠷᠠᠰᠢ 20 ᠺᠢᠯᠤᠮᠧᠲᠷ ᠦᠷᠬᠡᠨ᠂ ᠵᠢᠭᠳᠡ ᠪᠤᠰᠤ ᠲᠦᠷᠪᠡᠯᠵᠢᠨ ᠬᠡᠯᠪᠡᠷᠢ ᠲᠠᠢ ᠪᠠᠶᠢᠵᠤ᠂ ᠭᠠᠴᠠᠭᠠᠨ ᠤ ᠬᠠᠷᠢᠶᠠᠳᠤ ᠤᠷᠤᠨ ᠢᠶᠠᠷ ᠭᠤᠤᠯ ᠤᠷᠤᠰᠤᠨ ᠦᠩᠬᠡᠷᠡᠵᠤ᠂ ᠨᠤᠳᠤᠭ ᠪᠡᠯᠴᠢᠬᠡᠷ᠂ ᠭᠤᠤᠯ ᠭᠤᠷᠤᠬ᠎ᠠ ᠪᠠ ᠡᠪᠡᠰᠤ ᠤᠷᠭᠤᠮᠠᠯ ᠤᠨ ᠲᠦᠷᠦᠯ ᠵᠦᠢᠯ ᠡᠯᠪᠡᠭ ᠪᠠᠶᠠᠯᠢᠭ ᠪᠠᠶᠢᠬᠤ ᠵᠡᠷᠬᠡ ᠮᠠᠯᠵᠢᠬᠤ ᠦᠢᠯᠡᠳᠪᠤᠷᠢᠯᠡᠯ ᠤᠨ ᠲᠠᠪᠠᠭᠤᠯᠢᠭ ᠨᠦᠬᠦᠴᠡᠯ ᠲᠠᠢ᠃ ᠭᠠᠴᠠᠭᠠᠨ ᠤ ᠡᠮᠤᠨ᠎ᠠ ᠬᠡᠰᠡᠭ ᠪᠠ ᠵᠡᠬᠦᠨ ᠬᠡᠰᠡᠭ ᠨᠢ ᠬᠦᠩᠬᠡᠷ ᠤᠨ ᠲᠠᠯ᠎ᠠ ᠨᠤᠳᠤᠭ ᠲᠤ ᠪᠠᠭᠳᠠᠵᠤ᠂ ᠤᠮᠠᠷᠠᠳᠤ ᠬᠡᠰᠡᠭ ᠪᠠᠷ ᠢᠶᠠᠨ ᠰᠢᠯᠢᠩᠭᠤᠤᠯ ᠤᠨ ᠲᠠᠯ᠎ᠠ ᠨᠤᠳᠤᠭ ᠲᠠᠢ ᠵᠠᠬ᠎ᠠ ᠨᠠᠶᠢᠯᠠᠵᠤ᠂ ᠪᠠᠷᠠᠭᠤᠨ ᠭᠡᠰᠡᠭ ᠨᠢ ᠲᠠᠯᠠᠢ ᠨᠠᠭᠤᠷ ᠤᠨ ᠪᠠᠶᠢᠭᠠᠯᠢ ᠶᠢᠨ ᠦᠵᠡᠮᠵᠢ ᠶᠢᠨ ᠤᠷᠤᠨ ᠳᠤ ᠪᠠᠭᠳᠠᠵᠤ ᠪᠤᠢ᠃       ᠬᠦᠩᠬᠡᠷ ᠭᠠᠴᠠᠭᠠᠨ ᠤ ᠤᠳᠤ ᠪᠠᠶᠢᠭ᠎ᠠ ᠡᠷᠦᠬᠡ ᠶᠢᠨ ᠶᠡᠷᠦᠩᠬᠡᠢ ᠲᠤᠭ᠎ᠠ ᠨᠢ 128 ᠪᠠᠶᠢᠵᠤ᠂ ᠨᠡᠶᠢᠳᠠ 387 ᠬᠦᠮᠦᠨ ᠠᠮᠠ ᠲᠠᠢ᠃ ᠭᠠᠴᠠᠭᠠᠨ ᠤ ᠲᠠᠯᠠᠪᠠᠢ ᠨᠢ 30 ᠲᠦᠮᠡᠨ ᠮᠤ᠋ ᠪᠠᠶᠢᠵᠤ᠂ ᠪᠠᠶᠢᠭᠠᠯᠢᠯᠢᠭ ᠬᠠᠳᠤᠯᠠᠩ ᠨᠢ 29 ᠲᠦᠮᠡᠨ ᠮᠤ᠋ ᠪᠤᠢ᠃       ᠬᠦᠩᠬᠡᠷ ᠭᠠᠴᠠᠭᠠᠨ ᠤ ᠠᠵᠤ ᠠᠬᠤᠢ ᠨᠢ ᠤᠯᠠᠮᠵᠢᠯᠠᠯᠳᠤ ᠮᠠᠯ ᠠᠵᠤ ᠠᠬᠤᠢ ᠪᠠᠷ ᠭᠤᠤᠯᠯᠠᠵᠤ ᠂ ᠵᠢᠭᠤᠯᠴᠢᠯᠠᠯ ᠤᠨ ᠦᠢᠯᠡᠰ ᠤᠨ ᠭᠠᠴᠠᠭᠠᠨ ᠤ ᠠᠵᠤ ᠠᠬᠤᠢ ᠶᠢᠨ ᠲᠤᠮᠳᠠ ᠡᠵᠡᠯᠡᠬᠦ ᠬᠤᠪᠢ ᠲᠤᠭ᠎ᠠ ᠨᠢ ᠵᠢᠯ ᠲᠠᠷᠠᠭᠠᠯᠠᠨ ᠨᠡᠮᠡᠭᠳᠡᠭᠰᠡᠨ ᠪᠠᠶᠢᠨ᠎ᠠ᠃ ᠪᠦᠬᠦ ᠭᠠᠴᠠᠭᠠᠨ ᠤ 2/3 ᠶᠢᠨ ᠬᠦᠮᠦᠨ ᠠᠮᠠ ᠨᠢ ᠮᠠᠯᠵᠢᠬᠤ ᠦᠢᠯᠡᠳᠪᠤᠷᠢᠯᠡᠯ ᠡᠵᠡᠩᠨᠡᠵᠤ ᠪᠠᠶᠢᠨ᠎ᠠ᠃ ᠭᠠᠴᠠᠭᠠᠨ ᠤ ᠮᠠᠯ ᠠᠬᠤᠢ ᠶᠢᠨ ᠪᠦᠬᠦ ᠲᠤᠭ᠎ᠠ ᠨᠢ 9615 ᠲᠤᠯᠤᠭᠠᠢ ︵ᠲᠤᠭ᠎ᠠ︶ ᠪᠠᠶᠢᠵᠤ ᠂ ᠡᠬᠦᠨ ᠤ ᠲᠤᠮᠳᠠ᠂ ᠦᠬᠡᠷ ᠤᠨ ᠵᠤᠭᠰᠤᠭ᠎ᠠ ᠲᠤᠭ᠎ᠠ ᠨᠢ 2913 ᠲᠤᠯᠤᠭᠠᠢ ᠪᠠᠶᠢᠵᠤ᠂ ᠬᠤᠨᠢᠨ ᠤ ᠵᠤᠭᠰᠤᠭ᠎ᠠ ᠲᠤᠭ᠎ᠠ ᠨᠢ 6347 ᠪᠠᠶᠢᠵᠤ᠂ ᠪᠤᠰᠤᠳ ᠮᠠᠯ ᠨᠢ 415 ᠲᠤᠯᠤᠭᠠᠢ ︵ᠲᠤᠭ᠎ᠠ︶ ᠪᠤᠢ᠃ ᠵᠢᠯ ᠤᠨ ᠬᠤᠳᠠᠯᠳᠤᠭᠠᠯᠠᠭᠰᠠᠨ ᠬᠦᠢᠴᠡᠳᠬᠡᠯ ᠲᠤᠭ᠎ᠠ ᠨᠢ᠄ ᠦᠬᠡᠷ 1100 ᠲᠤᠯᠤᠭᠠᠢ᠂ ᠬᠤᠨᠢ 3200᠃ 2012 ᠤᠨ  ᠤ ᠵᠢᠯ ᠤᠨ ᠡᠴᠤᠰ ᠤᠨ ᠮᠠᠯᠴᠢᠳ ᠤᠨ ᠵᠢᠯ ᠪᠦᠷᠢ ᠶᠢᠨ ᠬᠦᠮᠦᠨ ᠲᠤᠮᠳᠠᠴᠢ ᠶᠢᠨ ᠤᠷᠤᠯᠭ᠎ᠠ ᠨᠢ ᠪᠠᠷᠤᠭ 7000 ᠲᠦᠬᠦᠷᠢᠭ ᠬᠦᠷᠴᠠᠢ᠃ 
 
ᠢᠷᠡᠯᠲᠡ᠄ www.kqmw.gov.cn
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号