ᠲᠠᠯᠠᠶᠢᠨᠠᠭᠤᠷ ᠪᠠᠯᠭᠠᠰᠤᠨ ᠤ ᠬᠠᠷ᠎ᠠ ᠬᠤᠰᠢᠭᠤ ᠬᠠᠴᠠᠭᠠᠨ ᠤ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2014/4/18
        ᠬᠠᠷ᠎ᠠ ᠬᠤᠰᠢᠭᠤ ᠭᠠᠴᠠᠭ᠎ᠠ ᠨᠢ ᠬᠡᠰᠢᠭᠳᠡᠨ ᠬᠤᠰᠢᠭᠤᠨ ᠤ ᠪᠠᠷᠠᠭᠤᠨ ᠬᠤᠶᠢᠳᠤ ᠬᠡᠰᠡᠭ ᠲᠤ ᠪᠠᠶᠢᠷᠢᠯᠠᠵᠤ ᠪᠤᠢ᠂ ᠬᠠᠳᠤᠯᠠᠩ ᠪᠡᠯᠴᠢᠬᠡᠷ ᠤᠨ ᠲᠠᠯᠠᠪᠠᠢ ᠨᠢ 12011 ᠮᠤ᠋᠂ ᠲᠠᠷᠢᠶᠠᠨ ᠭᠠᠵᠠᠷ ᠤᠨ ᠲᠠᠯᠠᠪᠠᠢ ᠨᠢ 1673 ᠮᠤ᠋ ᠪᠠᠶᠢᠵᠤ᠂ ᠮᠠᠯ ᠠᠵᠤ ᠠᠬᠤᠢ ᠪᠠ ᠲᠠᠷᠢᠶᠠᠯᠠᠩ ᠠᠵᠤ ᠠᠬᠤᠢ ᠶᠢ ᠵᠡᠷᠬᠡᠪᠡᠷ ᠡᠵᠡᠩᠨᠡᠵᠤ ᠪᠦᠬᠦᠢ ᠭᠠᠴᠠᠭ᠎ᠠ ᠪᠤᠯᠤᠨ᠎ᠠ᠃ ᠭᠠᠴᠠᠭᠠᠨ ᠳᠤ ᠨᠠᠶᠢᠳᠠ 87 ᠡᠷᠦᠬᠡ᠂ 388 ᠬᠦᠮᠦᠨ ᠠᠮᠠ ᠲᠠᠢ ᠪᠠᠶᠢᠵᠤ᠂ ᠡᠬᠦᠨ ᠳᠤ ᠬᠦᠳᠡᠯᠮᠦᠷᠢ ᠬᠦᠴᠦ 135 ᠬᠦᠮᠦᠨ ᠪᠤᠢ᠃ 2013 ᠤᠨ ᠤ ᠵᠢᠷᠭᠤᠭᠠᠨ ᠰᠠᠷ᠎ᠠ ᠶᠢᠨ ᠰᠡᠬᠦᠯᠴᠢ ᠶᠢᠨ ᠮᠠᠯ ᠤᠨ ᠵᠤᠭᠰᠤᠭ᠎ᠠ ᠲᠤᠭ᠎ᠠ ᠨᠢ 2339 ᠲᠤᠯᠤᠭᠠᠢ ︵ᠲᠤᠭ᠎ᠠ︶᠎ ᠳᠤ ᠬᠦᠷᠴᠤ᠂ ᠡᠬᠦᠨ ᠳᠤ ᠪᠤᠭ ᠮᠠᠯ ᠨᠢ 664 ᠲᠤᠯᠤᠭᠠᠢ ᠪᠠᠶᠢᠵᠤ᠂ ᠪᠤᠳᠠ ᠮᠠᠯ ᠨᠢ 1675 ᠪᠤᠢ᠃       ᠭᠠᠴᠠᠭ᠎ᠠ ᠨᠢ ᠡᠮᠤᠨ᠎ᠠ ᠲᠤᠭᠤᠶᠢᠯᠠᠩ᠂ ᠬᠤᠶᠢᠨ᠎ᠠ ᠲᠤᠭᠤᠶᠢᠯᠠᠩ᠂ ᠡᠤ ᠯᠢᠶᠠᠨ ᠲᠤᠭᠤᠶᠢᠯᠠᠩ ᠬᠡᠬᠦ ᠭᠤᠷᠪᠠᠨ ᠲᠤᠭᠤᠶᠢᠯᠠᠩ ᠢᠶᠠᠷ ᠪᠦᠷᠢᠯᠳᠤᠵᠤ᠂ ᠭᠤᠷᠪᠠᠨ ᠲᠤᠭᠤᠶᠢᠯᠠᠩ ᠨᠢ ᠨᠡᠯᠢᠶᠡᠳ ᠲᠦᠪᠯᠡᠷᠡᠵᠠᠢ᠃       ᠬᠠᠷ᠎ᠠ ᠬᠤᠰᠢᠭᠤ ᠭᠠᠴᠠᠭᠠᠨ ᠤ ᠠᠮᠢᠳᠤᠷᠠᠯ ᠤᠨ ᠰᠠᠭᠤᠷᠢ ᠨᠦᠬᠦᠴᠡᠯ ᠨᠡᠯᠢᠶᠡᠳ ᠰᠠᠶᠢᠨ ᠪᠠᠶᠢᠵᠤ᠂ ᠴᠠᠬᠢᠯᠭᠠᠨ᠂ ᠬᠤᠯᠪᠤᠭ᠎ᠠ᠂ ︽ᠲᠤᠰᠬᠤᠨ ᠪᠤᠯᠭᠠᠨ ᠳᠤ ᠨᠡᠪᠳᠡᠷᠡᠬᠦ︾ ᠵᠡᠷᠬᠡ ᠨᠢ ᠪᠦᠬᠦᠨ ᠢ ᠪᠦᠷᠬᠦᠬᠦ ᠶᠢ ᠪᠡᠶᠡᠯᠡᠬᠦᠯᠵᠤ᠂ ᠬᠦᠮᠦᠨ ᠮᠠᠯ ᠤᠨ ᠤᠰᠤ ᠤᠤᠭᠤᠬᠤ ᠠᠰᠠᠭᠤᠳᠠᠯ ᠢ ᠨᠢᠬᠡᠨᠳᠠ ᠦᠨᠳᠤᠰᠤᠨ ᠳᠤ ᠪᠠᠨ ᠰᠢᠢᠳᠪᠤᠷᠢᠯᠡᠵᠠᠢ᠃ ᠭᠠᠴᠠᠭᠠᠨ ᠤ ᠰᠤᠷᠭᠠᠭᠤᠯᠢ ᠳᠤ ᠰᠠᠭᠤᠬᠤ ᠨᠠᠰᠤᠨ ᠳᠤ ᠬᠦᠷᠦᠭᠰᠡᠨ ᠪᠠᠭᠠᠴᠤᠳ ᠬᠡᠤᠬᠡᠳ ᠨᠢ ᠲᠠᠯᠠᠶᠢᠨᠠᠭᠤᠷ ᠪᠠᠯᠭᠠᠰᠤᠨ ᠤ ᠦᠨᠳᠤᠰᠤᠳᠠᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠳᠤ ᠰᠤᠷᠤᠯᠴᠠᠵᠤ᠂ ᠰᠤᠷᠭᠠᠭᠤᠯᠢ ᠳᠤ ᠤᠷᠤᠬᠤ ᠨᠤᠷᠮ᠎ᠠ ᠨᠢ 100%᠎ ᠳᠤ ᠬᠦᠷᠴᠠᠢ᠃ ᠭᠠᠴᠠᠭᠠᠨ ᠤ ᠠᠯᠪᠠᠨ ᠬᠡᠷ ᠤᠨ ᠪᠠᠷᠢᠯᠭ᠎ᠠ ᠶᠢᠨ ᠲᠠᠯᠠᠪᠠᠢ ᠨᠢ 200 ᠺᠦᠸᠠᠳ᠋ ᠮᠧᠲᠷ ᠪᠠᠶᠢᠵᠤ᠂ ᠤᠯᠠᠨ ᠨᠡᠶᠢᠳᠠ ᠶᠢᠨ ᠦᠢᠯᠡᠴᠢᠯᠡᠬᠡᠨ ᠤ ᠲᠠᠯ᠎ᠠ ᠳᠤ᠄ 2 ᠠᠷᠠᠳ ᠎ ᠲᠤ ᠲᠦᠬᠦᠮ ᠦᠵᠡᠬᠦᠯᠬᠦ ᠲᠡᠯᠬᠡᠬᠦᠷ᠂ 1 ᠡᠮ ᠤᠨ ᠲᠡᠯᠬᠡᠬᠦᠷ᠂ 1 ᠰᠤᠶᠤᠯ ᠤᠨ ᠬᠦᠳᠡᠯᠬᠡᠬᠡᠨ ᠤ ᠲᠠᠯᠠᠪᠤᠷ ᠲᠠᠢ᠃ 
 
ᠢᠷᠡᠯᠲᠡ᠄ www.kqmw.gov.cn
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号