ᠲᠠᠷᠬᠠᠬᠠᠭᠤᠯᠠ ᠰᠤᠮᠤᠨ ᠤ ᠨᠠᠷᠠᠰᠤ ᠭᠠᠴᠠᠭᠠᠨ ᠤ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2014/4/22
        ᠨᠠᠷᠡᠰᠤ ᠭᠠᠴᠠᠭ᠎ᠠ ᠨᠢ ᠲᠠᠷᠬᠠᠬᠠᠭᠤᠯᠠ ᠰᠤᠮᠤᠨ ᠤ ᠪᠠᠷᠠᠭᠤᠨ ᠬᠡᠰᠡᠭ ᠲᠤ ᠪᠠᠶᠢᠷᠢᠯᠠᠵᠤ᠂ ᠰᠤᠮᠤᠨ ᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠠᠴᠠ ᠪᠠᠨ 30 ᠺᠢᠯᠤᠮᠧᠲᠷ ᠵᠠᠶᠢᠳᠠᠢ᠃ ᠲᠤᠰ ᠤᠷᠤᠨ ᠤ ᠭᠠᠵᠠᠷ ᠤᠨ ᠭᠠᠳᠠᠷ ᠲᠦᠷᠰᠤ ᠨᠢ ᠤᠯᠠᠨ ᠶᠠᠩᠵᠤᠳᠤ ᠴᠢᠨᠠᠷᠳᠠᠢ ᠪᠠᠶᠢᠵᠤ᠂ ᠰᠡᠷᠢᠬᠦᠨ ᠪᠦᠰᠡᠨ ᠤ ᠡᠬᠡ ᠬᠠᠭᠤᠷᠠᠢ  ᠶᠢᠨ ᠴᠢᠨᠠᠷᠳᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠤᠨ ᠤᠷᠤᠨ ᠬᠠᠷᠢᠶᠠᠯᠠᠭᠳᠠᠵᠤ᠂ ᠪᠦᠬᠦ ᠵᠢᠯ ᠤᠨ ᠲᠤᠨᠤᠳᠠᠰᠤᠨ ᠤ ᠲᠤᠮᠳᠠᠴᠢ ᠬᠡᠮᠵᠢᠶ᠎ᠡ ᠨᠢ 240 — 420 mm ᠪᠠᠶᠢᠵᠤ᠂ ᠤᠯᠠᠩᠬᠢ ᠳᠠᠭᠠᠨ 7᠂ 8 ᠳᠤ ᠲᠦᠪᠯᠡᠷᠡᠭᠰᠡᠨ ᠪᠠᠶᠢᠳᠠᠭ᠃        ᠭᠠᠴᠠᠭᠠᠨ ᠤ ᠪᠦᠬᠦ ᠲᠠᠯᠠᠪᠠᠢ ᠨᠢ 45 ᠲᠦᠮᠡᠨ ᠮᠤ᠋ ᠪᠠᠶᠢᠵᠤ᠂ ᠬᠠᠳᠤᠯᠠᠩ ᠪᠡᠯᠴᠢᠬᠡᠷ ᠤᠨ ᠲᠠᠯᠠᠪᠠᠢ ᠨᠢ 36.5 ᠲᠦᠮᠡᠨ ᠮᠤ᠋ ᠪᠤᠢ᠃ ᠭᠠᠴᠠᠭᠠᠨ ᠤ ᠤᠳᠤ ᠪᠠᠶᠢᠭ᠎ᠠ ᠮᠠᠯᠵᠢᠬᠤ ᠡᠷᠦᠬᠡ ᠨᠢ ᠨᠡᠶᠢᠳᠠ 263 ᠡᠷᠦᠬᠡ ᠪᠠᠶᠢᠵᠤ᠂ ᠬᠦᠮᠦᠨ ᠠᠮᠠ ᠶᠢᠨ ᠨᠡᠶᠢᠳᠠ ᠲᠤᠭ᠎ᠠ ᠨᠢ 850᠃       ᠭᠠᠴᠠᠭᠠᠨ ᠤ ᠠᠵᠤ ᠠᠬᠤᠢ ᠨᠢ ᠮᠠᠯ ᠠᠵᠤ ᠠᠬᠤᠢ ᠪᠠᠷ ᠭᠤᠤᠯᠯᠠᠵᠤ᠂ ᠮᠠᠯ ᠤᠨ ᠪᠦᠬᠦ ᠲᠤᠭ᠎ᠠ ᠨᠢ 14400 ᠲᠤᠯᠤᠭᠠᠢ ︵ᠲᠤᠭ᠎ᠠ︶ ᠪᠠᠶᠢᠵᠤ᠂ ᠡᠬᠦᠨ ᠤ ᠲᠤᠮᠳᠠ ᠪᠤᠳᠠ ᠮᠠᠯ ᠨᠢ 10500 ᠲᠤᠯᠤᠭᠠᠢ ᠪᠠᠶᠢᠵᠤ᠂ ᠪᠤᠭ ᠮᠠᠯ ᠨᠢ 3900 ᠪᠤᠢ᠃ ᠭᠠᠴᠠᠭᠠᠨ ᠤ ᠠᠶᠢᠯ ᠤᠳ ᠨᠢ ᠲᠠᠷᠬᠠᠨ ᠰᠠᠭᠤᠷᠢᠰᠢᠵᠤ᠂ ᠨᠡᠬᠦᠳᠡᠯᠯᠡᠨ ᠮᠠᠯᠵᠢᠬᠤ ᠪᠠᠷ ᠭᠤᠤᠯ ᠪᠤᠯᠭᠠᠳᠠᠭ᠃       2012 ᠤᠨ᠂ ᠲᠤᠰ ᠭᠠᠴᠠᠭᠠᠨ ᠤ ᠮᠠᠯᠴᠢᠳ ᠤᠨ ᠵᠢᠯ ᠤᠨ ᠬᠦᠮᠦᠨ ᠲᠤᠮᠳᠠᠴᠢ ᠶᠢᠨ ᠤᠷᠤᠯᠭ᠎ᠠ ᠨᠢ 7000 ᠲᠦᠬᠦᠷᠢᠭ ᠲᠤ ᠬᠦᠷᠴᠠᠢ᠃ 
 
ᠢᠷᠡᠯᠲᠡ᠄ www.kqmw.gov.cn
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号