ᠬᠡᠰᠢᠭᠳᠡᠨ ᠬᠤᠰᠢᠭᠤᠨ ᠤ ᠪᠡᠶ᠎ᠡ ᠲᠠᠮᠢᠷ ᠤᠨ ᠦᠢᠯᠡᠰ
ᠨᠡᠶᠢᠲᠡᠯᠡᠭᠰᠡᠨ ᠴᠠᠭ᠄
2014/4/25
        ᠰᠤᠷᠭᠠᠨ ᠬᠦᠮᠦᠵᠢᠯ᠂ ᠰᠤᠶᠤᠯ ᠤᠨ ᠦᠢᠯᠡᠰ ᠤᠨ ᠬᠦᠭᠵᠢᠯᠳᠠ ᠶᠢ ᠲᠠᠭᠠᠯᠳᠤᠨ ᠪᠦᠬᠦ ᠬᠤᠰᠢᠭᠤᠨ ᠤ ᠲᠠᠮᠢᠷ ᠤᠨ ᠦᠢᠯᠡᠰ ᠴᠦ ᠲᠦᠷᠬᠡᠨ ᠬᠦᠭᠵᠢᠵᠤ ᠢᠷᠡᠪᠡ᠃ 1949 ᠤᠨ ᠠᠴᠠ 1992 ᠤᠨ ᠪᠤᠯᠳᠠᠯ᠎ᠠ ᠪᠦᠬᠦ ᠬᠤᠰᠢᠭᠤᠨ ᠳᠤ ᠲᠤᠮᠤ ᠬᠡᠪᠴᠢᠶᠡᠨ ᠤ ︽ᠨᠠᠭᠠᠳᠤᠮ ᠤᠨ ᠬᠤᠷᠠᠯ︾᠎ ᠢ 9 ᠤᠳᠠᠭ᠎ᠠ ᠡᠷᠬᠢᠯᠡᠨ᠂ ᠲᠤᠮᠳᠠᠳᠤ ᠪᠠᠭ᠎ᠠ ᠰᠤᠷᠭᠠᠭᠤᠯᠢ ᠶᠢᠨ ᠬᠦᠨᠳᠤ ᠬᠦᠩᠬᠡᠨ ᠪᠡᠶ᠎ᠡ ᠲᠠᠮᠢᠷ ᠤᠨ ᠤᠷᠤᠯᠳᠤᠭᠠᠨ ᠢ 5 ᠤᠳᠠᠭ᠎ᠠ ᠬᠢᠵᠤ᠂ ᠰᠠᠭᠰᠤᠨ ᠪᠦᠮᠪᠦᠭᠡ᠂ ᠠᠯᠠᠭᠠᠳᠠᠬᠤ ᠪᠦᠮᠪᠦᠭᠡ᠂ ᠫᠢᠩᠫᠠᠩ ᠪᠦᠮᠪᠦᠭᠡ ᠵᠡᠷᠬᠡ ᠲᠠᠮᠢᠷ ᠤᠨ ᠲᠦᠷᠦᠯ ᠵᠦᠢᠯ ᠤᠨ ᠤᠷᠤᠯᠳᠤᠭᠠᠨ ᠢ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠪᠠ ᠡᠯ᠎ᠡ ᠰᠤᠮᠤ ᠰᠢᠶᠠᠩ ᠪᠠᠯᠭᠠᠰᠤ ᠳᠤ ᠨᠡᠶᠢᠳᠡᠮ ᠦᠷᠨᠢᠬᠦᠯᠵᠤ᠂ ᠤᠯᠠᠨ ᠲᠦᠮᠡᠨᠴᠢ ᠲᠠᠮᠢᠷ ᠤᠨ ᠬᠦᠳᠡᠯᠬᠡᠬᠡᠨ ᠢ ᠠᠮᠢᠳᠤᠯᠢᠭ ᠪᠤᠳᠠᠳᠠᠢ ᠬᠦᠭᠵᠢᠶᠡᠨ ᠲᠠᠢ ᠶᠠᠪᠤᠭᠳᠠᠭᠤᠯᠪᠠ᠃       1985 ᠤᠨ ᠤ ᠤᠯᠠᠭᠠᠨᠬᠠᠳᠠ ᠬᠤᠳᠠ ᠶᠢᠨ ᠠᠩᠬᠠᠳᠤᠭᠠᠷ ᠤᠳᠠᠭᠠᠨ ᠤ ᠪᠦᠬᠦ ᠬᠤᠳᠠ ᠎ ᠶᠢᠨ ᠨᠠᠭᠠᠳᠤᠮ ᠤᠨ ᠬᠤᠷᠠᠯ ᠳᠤ ᠬᠡᠰᠢᠭᠳᠡᠨ ᠬᠤᠰᠢᠭᠤᠨ ᠤ ᠲᠦᠯᠦᠬᠡᠯᠡᠭᠴᠢᠳ ᠤᠨ ᠠᠩᠬᠢ ᠮᠤᠷᠢᠨ ᠤᠷᠤᠯᠳᠤᠭᠠᠨ ᠤ ᠬᠠᠮᠳᠤ ᠶᠢᠨ ᠨᠢᠬᠡᠳᠦᠬᠡᠷ ᠨᠡᠷ᠎ᠡ᠂ ᠪᠦᠬᠡ ᠶᠢᠨ ᠬᠠᠮᠳᠤ ᠶᠢᠨ ᠬᠤᠶᠠᠳᠤᠭᠠᠷ ᠨᠡᠷ᠎ᠡ ᠶᠢ ᠠᠪᠤᠪᠠ᠃ 1986 ᠤᠨ ᠤ ᠦᠪᠡᠷᠳᠡᠬᠡᠨ ᠵᠠᠰᠠᠬᠤ ᠤᠷᠤᠨ ᠤ ᠪᠡᠶ᠎ᠡ ᠲᠠᠮᠢᠷ ᠤᠨ ᠤᠷᠤᠯᠳᠤᠭᠠᠨ ᠳᠤ ᠬᠡᠰᠢᠭᠳᠡᠨ ᠬᠤᠰᠢᠭᠤᠨ ᠤ ᠲᠠᠮᠢᠷᠴᠢᠠ᠂ ᠪᠦᠬᠡ ᠪᠠ ᠵᠢᠤᠳᠤᠤ ᠪᠦᠬᠡ ᠶᠢᠨ 4 ᠠᠯᠳᠠᠨ ᠮᠧᠳᠡᠯ᠂ 1 ᠮᠦᠩᠬᠦᠨ ᠮᠧᠳᠡᠯ᠂ 4 ᠬᠦᠷᠡᠯ ᠮᠧᠳᠡᠯ ᠤᠯᠤᠭᠠᠳ ᠤᠯᠠᠭᠠᠨᠬᠠᠳᠠ ᠬᠤᠳᠠ ᠪᠠ ᠬᠡᠰᠢᠭᠳᠡᠨ ᠬᠤᠰᠢᠭᠤᠨ ᠤ ᠲᠠᠮᠢᠷᠴᠢᠳ ᠲᠤ ᠨᠡᠷ᠎ᠡ ᠠᠯᠳᠠᠷ ᠢ ᠠᠪᠴᠢᠷᠠᠵᠤ᠂ ᠦᠨᠳᠤᠰᠤᠳᠠᠨ ᠤ ᠪᠡᠶ᠎ᠡ ᠲᠠᠮᠢᠷ ᠤᠨ ᠦᠢᠯᠡᠰ ᠲᠤ ᠦᠩᠬᠡ ᠬᠡᠷᠡᠯ ᠨᠡᠮᠡᠷᠢᠯᠡᠪᠠ᠃ 
 
ᠢᠷᠡᠯᠲᠡ᠄ ︽ᠬᠡᠰᠢᠭᠳᠡᠨ ᠭᠠᠵᠠᠷ ᠵᠦᠢ︾
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号