ᠲᠦᠰᠢ ᠬᠠᠶᠢᠷᠬᠠᠨ
ᠨᠡᠶᠢᠲᠡᠯᠡᠭᠰᠡᠨ ᠴᠠᠭ᠄
2014/4/25
        ᠲᠦᠰᠢ ᠬᠠᠶᠢᠷᠬᠠᠨ — ᠠᠴᠬᠠᠭᠤᠯᠠ ᠰᠤᠮᠤᠨ ︵ᠤᠳᠤ ᠲᠠᠷᠬᠠᠬᠠᠭᠤᠯᠠ ᠰᠤᠮᠤᠨ ᠳᠤ ᠨᠡᠶᠢᠯᠡᠬᠦᠯᠵᠠᠢ︶᠎ ᠤ ᠲᠠᠯᠠᠢ ᠨᠠᠭᠤᠷ ᠤᠨ ᠬᠤᠶᠢᠳᠤ ᠬᠦᠪᠡᠬᠡᠨ ᠳᠤ ᠲᠦᠷᠪᠡᠯᠵᠢᠯᠡᠨ ᠰᠦᠨᠳᠡᠷᠯᠡᠵᠤ ᠪᠠᠶᠢᠬᠤ ᠲᠠᠯᠠᠢ ᠶᠢᠨ ᠲᠦᠪᠰᠢᠨ ᠠᠴᠠ 1347 ᠮᠧᠲᠷ ᠦᠨᠳᠤᠷ ᠠᠭᠤᠯᠠ ᠶᠢ ᠲᠦᠰᠢ ᠬᠠᠶᠢᠷᠬᠠᠨ ᠬᠡᠳᠡᠭ᠃ ᠤᠶᠢᠷ᠎ᠠ ᠤᠷᠴᠢᠮ ᠢᠶᠠᠷ ᠨᠢ ᠨᠤᠳᠤᠭᠯᠠᠨ ᠰᠠᠭᠤᠳᠠᠭ ᠠᠶᠢᠯ ᠡᠷᠦᠬᠡ ᠨᠦᠭᠦᠳ ᠲᠤᠰ ᠬᠠᠶᠢᠷᠬᠠᠨ ᠠᠭᠤᠯᠠ ᠶᠢ ᠰᠦᠰᠦᠭᠯᠡᠨ ᠰᠢᠳᠦᠵᠤ᠂ ᠤᠷᠤᠢ ᠲᠡᠭᠡᠷ᠎ᠡ ᠨᠢ ᠴᠢᠯᠠᠭᠤ ᠪᠠᠷ ᠤᠪᠤᠭ᠎ᠠ ᠪᠤᠰᠬᠠᠵᠤ᠂ ᠵᠢᠯ ᠪᠦᠷᠢ ᠶᠢᠨ ᠪᠢᠯᠢᠭ ᠤᠨ ᠤᠯᠠᠷᠢᠯ ᠤᠨ ᠲᠠᠪᠤᠳᠤᠭᠠᠷ ᠰᠠᠷ᠎ᠠ ᠳᠤ ᠯᠠᠮᠠ ᠵᠠᠯᠠᠵᠤ ᠨᠤᠮ ᠰᠤᠳᠤᠷ ᠤᠩᠰᠢᠭᠤᠯᠤᠨ᠂ ︽ᠡᠴᠢᠬᠡ ᠲᠡᠭᠷᠢ᠂ ᠡᠬᠡ ᠲᠡᠯᠡᠬᠡᠢ᠂ ᠠᠭᠤᠯᠠ ᠬᠠᠶᠢᠷᠬᠠᠨ︾ ᠬᠡᠵᠤ ᠲᠦᠰᠢ ᠬᠠᠶᠢᠷᠬᠠᠨ ᠢᠶᠠᠨ ᠲᠡᠬᠢᠳᠠᠭ ᠪᠠᠶᠢᠵᠠᠢ᠃ ᠭᠠᠵᠠᠷ ᠰᠢᠷᠤᠢ ᠶᠢᠨ ᠦᠬᠡᠷᠡᠴᠢᠯᠡᠯᠳᠠ ᠠᠴᠠ ᠬᠤᠶᠢᠰᠢ ᠪᠠᠨ ᠰᠠᠶ᠋ᠢ ᠲᠠᠬᠢᠬᠤ ᠪᠠᠨ ᠵᠤᠭᠰᠤᠪᠠ᠃ 
 
ᠢᠷᠡᠯᠲᠡ᠄ ︽ᠬᠡᠰᠢᠭᠳᠡᠨ ᠤ ᠰᠦᠮ᠎ᠡ ᠬᠡᠶᠢᠳ ᠬᠠᠶᠢᠷᠬᠠᠨ ᠤᠪᠤᠭᠠᠳ︾
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号