ᠬᠡᠰᠢᠭᠳᠡᠨ ᠬᠤᠰᠢᠭᠤᠨ ᠤ ᠡᠷᠡᠬᠦᠯ ᠬᠠᠮᠠᠭᠠᠯᠠᠯ ᠤᠨ ᠦᠢᠯᠡᠰ
ᠨᠡᠶᠢᠲᠡᠯᠡᠭᠰᠡᠨ ᠴᠠᠭ᠄
2014/4/26
        ᠬᠡᠰᠢᠭᠳᠡᠨ ᠬᠤᠰᠢᠭᠤᠨ ᠤ ᠡᠷᠡᠬᠦᠯ ᠬᠠᠮᠠᠭᠠᠯᠠᠯ ᠤᠨ ᠦᠢᠯᠡᠰ ᠤᠨ ᠬᠦᠭᠵᠢᠯᠳᠠ ᠴᠦ ᠨᠡᠯᠢᠶᠡᠳ ᠲᠦᠷᠬᠡᠨ ᠪᠤᠯᠵᠠᠢ᠃ 1953 ᠤᠨ ᠳᠤ᠂ ᠬᠤᠰᠢᠭᠤᠨ ᠤ ᠡᠷᠡᠬᠦᠯ ᠬᠠᠮᠠᠭᠠᠯᠠᠯ ᠤᠨ ᠬᠤᠷᠢᠶ᠎ᠠ᠂ ᠡᠬᠡ ᠨᠢᠯᠬᠠᠰ ᠤᠨ ᠡᠷᠡᠬᠦᠯ ᠮᠡᠨᠳᠤ ᠶᠢ ᠬᠠᠮᠠᠭᠠᠯᠠᠬᠤ ᠦᠷᠳᠡᠭᠡ᠂ ᠬᠢᠵᠢᠭ ᠡᠪᠡᠳᠴᠢᠨ ᠢ ᠰᠡᠷᠬᠡᠶᠢᠯᠡᠬᠦ ᠦᠷᠳᠡᠭᠡ ᠵᠡᠷᠬᠡ ᠬᠤᠰᠢᠭᠤᠨ ᠲᠡᠰ ᠤᠨ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢ ᠡᠬᠢᠯᠡᠨ ᠪᠠᠶᠢᠭᠤᠯᠪᠠ᠃ 1963 ᠤᠨ ᠳᠤ᠂ ᠡᠯ᠎ᠡ ᠰᠤᠮᠤ ᠰᠢᠶᠠᠩ ᠪᠠᠯᠭᠠᠰᠤᠨ ᠳᠤ ᠡᠷᠡᠬᠦᠯ ᠬᠠᠮᠠᠭᠠᠯᠠᠯ ᠡᠷᠡᠬᠦᠯ ᠬᠠᠮᠠᠭᠠᠯᠠᠯ ᠤᠨ ᠬᠤᠷᠢᠶ᠎ᠠ ᠶᠢ ᠠᠷᠪᠠᠨ ᠵᠢᠷᠭᠤᠭ᠎ᠠ ᠶᠢ ᠪᠠᠶᠢᠭᠤᠯᠵᠤ᠂ ᠡᠯ᠎ᠡ ᠲᠤᠰᠬᠤᠨ ᠳᠤ ᠪᠠᠰᠠ ᠬᠤᠯᠪᠤᠭᠠᠯᠠᠭᠰᠠᠨ ᠡᠮᠴᠢᠯᠡᠬᠡᠨ ᠤ ᠭᠠᠵᠠᠷ ᠢ ᠪᠠᠶᠢᠭᠤᠯᠵᠤ᠂ ᠦᠨᠳᠤᠰᠤᠨ ᠱᠠᠳᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢ ᠢᠳᠡᠭ ᠢᠳᠡᠭ ᠢᠶᠠᠷ ᠪᠦᠷᠢᠳᠦᠬᠦᠯᠪᠡ᠃ 1968 ᠤᠨ ᠳᠤ᠂ ᠡᠯ᠎ᠡ ᠬᠦᠩᠱᠧ ᠳᠤ ᠬᠠᠮᠳᠤᠷᠠᠭᠰᠠᠨ ᠡᠮᠨᠡᠯᠬᠡ ᠶᠢ ᠪᠠᠶᠢᠭᠤᠯᠵᠤ᠂ ᠡᠯ᠎ᠡ ᠲᠤᠰᠬᠤᠨ ︵ᠭᠠᠴᠠᠭ᠎ᠠ︶᠎ ᠳᠤ ᠡᠷᠡᠬᠦᠯ ᠬᠠᠮᠠᠭᠠᠯᠠᠯ ᠤᠨ ᠲᠠᠰᠤᠭ ᠢ ᠪᠠᠶᠢᠭᠤᠯᠵᠤ ᠭᠤᠷᠪᠠᠨ ᠲᠡᠰ ᠤᠨ ᠰᠡᠷᠬᠡᠶᠢᠯᠡᠯᠳᠠ ᠎ ᠶᠢᠨ ᠰᠦᠯᠵᠢᠶ᠎ᠡ ᠠᠩᠬ᠎ᠠ ᠠᠯᠬᠤᠮ ᠪᠤᠢ ᠪᠤᠯᠪᠠ᠃ ᠤᠳᠤᠬᠠᠨ ᠳᠤ ᠠᠷᠠᠳ ᠤᠯᠠᠨ ᠤ ᠪᠡᠶ᠎ᠡ ᠶᠢᠨ ᠡᠷᠡᠬᠦᠯ ᠮᠡᠨᠳᠤ ᠳᠤ ᠬᠦᠨᠳᠤ ᠨᠤᠴᠢᠳᠠᠢ ᠬᠤᠤᠷ ᠬᠦᠨᠦᠬᠡᠯ ᠤᠴᠠᠷᠠᠭᠤᠯᠤᠭᠰᠠᠨ ᠪᠤᠳᠤ ︵ᠴᠡᠴᠡᠭ︶ ᠡᠪᠡᠳᠴᠢᠨ ᠢ ᠨᠢᠬᠡᠨᠳᠠ ᠤᠰᠠᠳᠬᠠᠵᠤ ᠂ ᠺᠧᠱᠠᠨ ᠡᠪᠡᠳᠴᠢᠨ᠂ ᠤᠷᠤᠨ ᠨᠤᠳᠤᠭ ᠤᠨ ᠴᠢᠨᠠᠷᠳᠠᠢ ᠪᠠᠮᠪᠠᠢ ᠪᠤᠯᠴᠢᠷᠬᠠᠢ ᠶᠢᠨ ᠡᠪᠡᠳᠴᠢᠨ᠂ ᠪᠷᠦ᠋ᠰᠧᠯᠯᠤᠰ ᠡᠪᠡᠳᠴᠢᠨ ᠵᠡᠷᠬᠡ ᠬᠢᠵᠢᠭ ᠡᠪᠡᠳᠴᠢᠨ ᠢ ᠪᠦᠳᠦᠮᠵᠢᠳᠠᠢ ᠰᠡᠷᠬᠡᠶᠢᠯᠡᠵᠤ᠂ ᠦᠪᠡᠷᠳᠡᠬᠡᠨ ᠵᠠᠰᠠᠬᠤ ᠤᠷᠤᠨ ᠤ ᠬᠢᠨᠠᠨ ᠪᠠᠶᠢᠴᠠᠭᠠᠯᠳᠠ ᠶᠢ ᠦᠩᠬᠡᠷᠡᠬᠡᠵᠤ᠂ ᠤᠯᠤᠰ ᠤᠨ ᠲᠤᠭᠳᠠᠭᠤᠨ ᠢᠶᠠᠷ ᠬᠢᠵᠠᠭᠠᠷᠯᠠᠬᠤ ᠪᠠᠷᠢᠮᠵᠢᠶ᠎ᠠ ᠳᠤ ᠬᠦᠷᠪᠡ᠃ ᠤᠯᠠᠭᠠᠨ ᠨᠤᠳ᠂ ᠨᠤᠭᠤᠰᠤᠨ ᠤ ᠪᠤᠷᠤ ᠡᠳ᠋ ᠤᠨ ᠦᠷᠪᠢᠰᠤᠯ᠂ ᠦᠩᠬᠡᠨ ᠤ ᠡᠪᠡᠳᠴᠢᠨ ᠢ ᠦᠷᠬᠡᠨ ᠲᠡᠯᠬᠡᠷᠡᠩᠬᠦᠢ ᠎ ᠪᠠᠷ ᠰᠡᠷᠬᠡᠶᠢᠯᠡᠵᠤ᠂ ᠲᠠᠷᠢᠯᠭ᠎ᠠ ᠬᠢᠵᠤ ᠪᠦᠳᠦᠮᠵᠢᠳᠠᠢ ᠬᠢᠵᠠᠭᠠᠷᠯᠠᠪᠠ᠃ ᠰᠦᠷᠢᠶ᠎ᠡ ᠡᠪᠡᠳᠴᠢᠨ ᠤ ᠡᠬᠦᠰᠬᠦ ᠨᠤᠷᠮ᠎ᠠ ᠠᠭᠠᠵᠢᠮ ᠢᠶᠠᠷ ᠲᠤᠷᠤᠭᠰᠢᠯᠠᠪᠠ᠃ ᠪᠦᠬᠦ ᠬᠤᠰᠢᠭᠤᠨ ᠤ ᠲᠡᠭᠡᠷ᠎ᠡ ᠠᠴᠠ ᠲᠤᠷᠤᠭᠰᠢ ᠲᠦᠷᠪᠡᠨ ᠲᠡᠰ ᠤᠨ ᠡᠬᠡ ᠨᠢᠯᠬᠠᠰ ᠤᠨ ᠡᠷᠡᠬᠦᠯ ᠮᠡᠨᠳᠤ ᠶᠢ ᠬᠠᠮᠠᠭᠠᠯᠠᠬᠤ ᠦᠷᠳᠡᠬᠡᠨ ᠤ ᠰᠦᠯᠵᠢᠶ᠎ᠡ ᠶᠢ ᠪᠠᠶᠢᠭᠤᠯᠵᠤ᠂ 2000 ᠤᠨ ᠳᠤ᠂ ᠬᠦᠮᠦᠨ ᠨᠢᠬᠡᠪᠦᠷᠢ ᠶᠢ ᠡᠮ ᠡᠮᠨᠡᠯᠬᠡ ᠡᠷᠡᠬᠦᠯ ᠮᠡᠨᠳᠤ ᠶᠢᠨ ᠪᠠᠷᠢᠮᠵᠢᠶ᠎ᠠ ᠳᠤ ᠬᠦᠷᠬᠡᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠤ ᠪᠠᠶᠢᠨ᠎ᠠ᠃       ᠤᠳᠤ ᠬᠤᠰᠢᠭᠤᠨ ᠤ ᠡᠮᠨᠡᠯᠬᠡ ᠶᠢᠨ ᠬᠤᠷᠢᠶ᠎ᠠ᠂ ᠬᠢᠳᠠᠳ ᠮᠤᠩᠭᠤᠯ ᠡᠮᠨᠡᠯᠬᠡ ᠶᠢᠨ ᠬᠤᠷᠢᠶ᠎ᠠ ᠂ ᠷᠠᠰᠢᠶᠠᠨ ᠤ ᠦᠨᠳᠤᠰᠤᠳᠠᠨ ᠤ ᠰᠤᠪᠢᠯᠠᠯᠳᠠ ᠶᠢᠨ ᠬᠤᠷᠢᠶ᠎ᠠ᠂ ᠡᠬᠡ ᠨᠢᠯᠬᠠᠰ ᠤᠨ ᠡᠷᠡᠬᠦᠯ ᠮᠡᠨᠳᠤ ᠶᠢ ᠬᠠᠮᠠᠭᠠᠯᠠᠬᠤ ᠭᠠᠵᠠᠷ ᠪᠠ ᠬᠢᠵᠢᠭ ᠢ ᠰᠡᠷᠬᠡᠶᠢᠯᠡᠬᠦ ᠦᠷᠳᠡᠭᠡ ᠲᠤᠰ ᠪᠦᠷᠢ 1᠂ ᠭᠠᠵᠠᠷ ᠤᠷᠤᠨ ᠤ ᠠᠷᠠᠳ ᠤᠨ ᠡᠮᠨᠡᠯᠬᠡ ᠶᠢᠨ ᠬᠤᠷᠢᠶ᠎ᠠ 3᠂ ᠰᠢᠶᠠᠩ ᠪᠠᠯᠭᠠᠰᠤ᠂ ᠰᠤᠮᠤᠨ ᠤ ᠡᠷᠡᠬᠦᠯ ᠬᠠᠮᠠᠭᠠᠯᠠᠯ ᠤᠨ ᠬᠤᠷᠢᠶ᠎ᠠ 25᠂ ᠲᠤᠰᠬᠤᠨ ︵ᠭᠠᠴᠠᠭ᠎ᠠ︶ ᠎ ᠤ ᠡᠷᠡᠬᠦᠯ ᠬᠠᠮᠠᠭᠠᠯᠠᠯ ᠤᠨ ᠦᠷᠳᠡᠭᠡ 14 ᠪᠠᠶᠢᠳᠠᠭ᠃       ᠤᠶᠢᠷ᠎ᠠ ᠶᠢᠨ ᠠᠷᠪᠠᠭᠠᠳ ᠵᠢᠯ ᠳᠤ ᠲᠦᠯᠦᠪᠯᠡᠬᠡᠳᠤ ᠦᠷᠡᠵᠢᠯ ᠤᠨ ᠠᠵᠢᠯ ᠢ ᠨᠠᠶᠢᠳᠠᠪᠤᠷᠢᠵᠢᠭᠤᠯᠵᠤ᠂ ᠬᠦᠮᠦᠨ ᠠᠮᠠ ᠶᠢᠨ ᠦᠰᠦᠯᠳᠠ ᠶᠢ ᠬᠢᠵᠠᠭᠠᠷᠯᠠᠭᠠᠳ ᠦᠷ᠎ᠡ ᠠᠰᠢᠭ ᠤᠯᠵᠤ᠂ ᠤᠯᠤᠰ ᠤᠨ ᠲᠦᠯᠦᠪᠯᠡᠬᠡᠳᠤ ᠦᠷᠡᠵᠢᠯ ᠤᠨ ᠵᠦᠪᠯᠡᠯ ᠠᠴᠠ ᠬᠦᠬᠡ ᠲᠡᠰ ᠤᠨ ᠨᠢᠬᠡᠳᠦᠬᠡᠷ ᠲᠦᠷᠦᠯ ᠤᠨ ᠬᠤᠰᠢᠭᠤ ᠰᠢᠶᠠᠨ ᠢᠶᠠᠷ ᠦᠨᠡᠯᠡᠪᠡ᠃ 1980 ᠤᠨ ᠳᠤ᠂ ᠲᠤᠰ ᠬᠤᠰᠢᠭᠤ ᠨᠢ ᠦᠪᠡᠷᠳᠡᠬᠡᠨ ᠵᠠᠰᠠᠬᠤ ᠤᠷᠤᠨ ᠤ ᠲᠦᠯᠦᠪᠯᠡᠬᠡᠳᠤ ᠦᠷᠡᠵᠢᠯ ᠎ ᠤᠨ ᠠᠵᠢᠯ ᠤᠨ ︽ᠤᠯᠠᠭᠠᠨ ᠲᠤᠭᠴᠢ︾ ᠨᠢᠬᠡᠴᠠ ᠪᠠᠷ ᠦᠨᠡᠯᠡᠭᠳᠡᠵᠤ᠂ 1985 ᠤᠨ ᠳᠤ᠂ ᠤᠯᠤᠰ ᠤᠨ ᠲᠦᠯᠦᠪᠯᠡᠬᠡᠳᠤ ᠦᠷᠡᠵᠢᠯ ᠤᠨ ᠵᠦᠪᠯᠡᠯ ᠠᠴᠠ ᠲᠡᠷᠢᠬᠦᠨ ᠤ ᠨᠢᠭᠡᠴᠠ ᠪᠠᠷ ᠦᠨᠡᠯᠡᠪᠡ᠃ ᠤᠯᠠᠨ ᠲᠦᠮᠡᠨᠴᠢ ᠰᠤᠶᠤᠯ ᠎ ᠤᠨ ᠬᠡᠪ ᠴᠢᠨᠠᠷ ᠲᠡᠭᠡᠭᠰᠢᠯᠡᠵᠤ᠂ ᠡᠷᠡᠬᠦᠯ ᠬᠠᠮᠠᠭᠠᠯᠠᠯ ᠲᠦᠬᠡᠮᠡᠯᠵᠢᠯᠡᠭᠳᠡᠵᠤ᠂ ᠠᠷᠠᠳ ᠤᠨ ᠪᠡᠶ᠎ᠡ ᠴᠤᠭᠴᠠᠰ ᠰᠠᠶᠢᠵᠢᠷᠠᠵᠤ᠂ ᠬᠦᠮᠦᠨ ᠤ ᠲᠤᠮᠳᠠᠴᠢ ᠨᠠᠰᠤᠯᠠᠯᠳᠠ ᠴᠢᠯᠦᠬᠡᠯᠡᠭᠳᠡᠬᠦ ᠦᠶ᠎ᠡ ᠶᠢᠨ 35 ᠨᠠᠰᠤ ᠪᠠᠶᠢᠭᠰᠠᠨ ᠠᠴᠠ 66.73 ᠨᠠᠰᠤ ᠪᠤᠯᠤᠨ ᠲᠡᠭᠡᠭᠰᠢᠯᠡᠪᠡ᠃ 
 
ᠢᠷᠡᠯᠲᠡ᠄ ︽ᠬᠡᠰᠢᠭᠳᠡᠨ ᠭᠠᠵᠠᠷ ᠵᠦᠢ︾
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号