ᠪᠠᠶᠠᠨᠴᠠᠭᠠᠨ ᠬᠠᠶᠢᠷᠬᠠᠨ
ᠨᠡᠶᠢᠲᠡᠯᠡᠭᠰᠡᠨ ᠴᠠᠭ᠄
2014/4/27
        ᠬᠤᠩᠭᠤ ᠶᠢᠨ ᠠᠭᠤᠯᠠ ᠨᠢᠷᠤᠭᠤᠳ ᠤᠨ ᠦᠩᠬᠦᠷᠬᠦ ᠶᠢᠨ ᠳᠠᠪᠠᠭᠠᠨ ᠤ ᠠᠷᠤ ᠳᠠᠬᠢ ᠣᠳᠣᠬᠢ ᠲᠠᠯᠠᠶᠢᠨᠠᠭᠤᠷ ᠪᠠᠯᠭᠠᠰᠤᠨ ᠤ ᠲᠠᠯᠠᠲᠦ᠋ᠷᠦᠬᠦᠦ ᠭᠠᠴᠠᠭ᠎ᠠ ᠠᠴᠠ ᠵᠡᠬᠦᠨ ᠡᠮᠤᠨ᠎ᠠ ᠪᠡᠶ᠎ᠡ ᠳᠤ ᠲᠠᠯᠠᠢ ᠶᠢᠨ ᠲᠦᠪᠰᠢᠨ ᠠᠴᠠ ᠨᠢᠭᠡ ᠮᠢᠩᠭ᠎ᠠ ᠵᠢᠷᠭᠤᠭᠠᠨ ᠵᠠᠭᠤ ᠶᠡᠷᠡᠨ ᠨᠠᠢᠮᠠᠨ ᠮᠧᠲᠷ ᠦᠨᠳᠤᠷ ᠪᠠᠶᠢᠬᠤ ᠰᠦᠷᠯᠢᠭ ᠰᠠᠶᠢᠬᠠᠨ ᠠᠭᠤᠯᠠ ᠶᠢ ︽ᠪᠠᠶᠠᠨᠴᠠᠭᠠᠨ ᠬᠠᠶᠢᠷᠬᠠᠨ︾ ᠬᠡᠳᠡᠭ᠃ ᠴᠢᠩ ᠤᠯᠤᠰ ᠤᠨ ᠡᠬᠢᠨ ᠤ ᠦᠶ᠎ᠡ ᠪᠠᠷ ᠬᠤᠰᠢᠭᠤ ᠵᠠᠰᠠᠭ ᠨᠤᠶᠠᠨ ᠠᠴᠠ ᠬᠡᠰᠢᠭᠳᠡᠨ ᠬᠤᠰᠢᠭᠤᠨ ᠤ ᠠᠭᠤᠯᠠ ᠨᠢᠷᠤᠭᠤ ᠶᠢᠨ ᠨᠤᠶᠠᠨ ᠤᠷᠬᠢᠯ ᠢ ᠰᠤᠩᠭᠤᠨ᠂ ᠬᠤᠰᠢᠭᠤ ᠲᠠᠶᠠᠭᠠᠷ ᠢᠶᠠᠨ ᠰᠦᠰᠦᠭᠯᠡᠨ ᠲᠠᠬᠢᠬᠤ ᠪᠠᠷ ᠲᠤᠭᠲᠠᠵᠤ᠂ ᠡᠨᠡᠬᠦ ᠪᠠᠶᠠᠨᠴᠠᠭᠠᠨ ᠠᠭᠤᠯᠠ ᠶᠢ ᠬᠤᠰᠢᠭᠤ ᠲᠠᠶᠠᠭᠠᠷ ᠢᠶᠠᠨ ᠲᠠᠬᠢᠬᠤ ︽ᠪᠠᠶᠠᠨᠴᠠᠭᠠᠨ ᠬᠠᠶᠢᠷᠬᠠᠨ︾ ᠬᠡᠵᠤ ᠨᠡᠷᠡᠶᠢᠳᠪᠡ᠃ ᠠᠭᠤᠯᠠ ᠶᠢᠨ ᠤᠷᠤᠢ ᠲᠡᠭᠡᠷ᠎ᠡ ᠴᠢᠯᠠᠭᠤ᠂ ᠮᠤᠳᠤ ᠪᠠᠷ ᠤᠪᠤᠭ᠎ᠠ ᠪᠤᠰᠬᠠᠵᠤ᠂ ᠵᠢᠯ ᠪᠦᠷᠢ ᠶᠢᠨ ᠪᠢᠯᠢᠭ ᠤᠨ ᠤᠯᠠᠷᠢᠯ ᠤᠨ ᠲᠠᠪᠤᠳᠤᠭᠠᠷ ᠰᠠᠷ᠎ᠠ ᠶᠢᠨ ᠲᠤᠮᠳᠠᠴᠢ ᠪᠤᠶᠤ ᠵᠢᠷᠭᠤᠳᠤᠭᠠᠷ ᠰᠠᠷ᠎ᠠ ᠳᠤ ᠬᠤᠰᠢᠭᠤ ᠵᠠᠰᠠᠭ ᠨᠤᠶᠠᠨ ᠠᠴᠠ ᠡᠷᠬᠢᠯᠡᠨ ᠶᠡᠭᠡ ᠲᠠᠬᠢᠯᠭ᠎ᠠ ᠦᠢᠯᠡᠳᠤᠨ ᠨᠠᠶᠢᠷ ᠨᠠᠭᠠᠳᠤᠮ ᠬᠢᠵᠤ ᠪᠠᠶᠢᠵᠠᠢ᠃ ᠲᠠᠬᠢᠯᠭ᠎ᠠ ᠶᠢᠨ ᠪᠤᠳᠠᠳᠠᠢ ᠡᠳᠤᠷ ᠨᠢ ᠲᠤᠳᠤᠷᠬᠠᠢ ᠦᠭᠡᠢ ᠪᠤᠯᠵᠠᠢ᠃ 
 
ᠢᠷᠡᠯᠲᠡ᠄ ︽ᠬᠡᠰᠢᠭᠳᠡᠨ ᠤ ᠰᠦᠮ᠎ᠡ ᠬᠡᠶᠢᠳ ᠬᠠᠶᠢᠷᠬᠠᠨ ᠣᠪᠤᠭᠠᠳ︾
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号