ᠬᠡᠰᠢᠭᠳᠡᠨ ᠬᠤᠰᠢᠭᠤᠨ ᠤ ᠰᠤᠷᠭᠠᠨ ᠬᠦᠮᠦᠵᠢᠯ ᠤᠨ ᠦᠢᠯᠡᠰ
ᠨᠡᠶᠢᠲᠡᠯᠡᠭᠰᠡᠨ ᠴᠠᠭ᠄
2014/4/28
        ᠬᠡᠰᠢᠭᠳᠡᠨ ᠬᠤᠰᠢᠭᠤᠨ ᠤ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠳᠠ ᠨᠢ ᠨᠡᠯᠢᠶᠡᠳ ᠡᠷᠳᠡ᠂ ᠢᠯᠡᠩᠭᠤᠶ᠎ᠠ ᠨᠠᠮ ᠤᠨ 11 ᠳ᠋ᠤᠬᠡᠷ ᠬᠤᠭᠤᠴᠠᠭᠠᠨ ᠤ ᠭᠤᠷᠪᠠᠳᠤᠭᠠᠷ ᠪᠦᠬᠦᠳᠠ ᠬᠤᠷᠠᠯᠳᠤᠭᠠᠨ ᠠᠴᠠ ᠨᠠᠭᠠᠰᠢ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢᠨ ᠲᠦᠷᠬᠡᠨ ᠬᠦᠭᠵᠢᠯᠳᠠ ᠨᠢ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠳᠠ ᠳᠤ ᠤᠬᠢ ᠰᠠᠶᠢᠨ ᠪᠤᠳᠠᠰ ᠤᠨ ᠰᠠᠭᠤᠷᠢ ᠶᠢ ᠲᠠᠯᠪᠢᠨ ᠦᠭᠪᠠ᠃       1985 ᠤᠨ ᠠᠴᠠ ᠡᠬᠢᠯᠡᠵᠤ᠂ ᠲᠦᠪ ᠬᠤᠷᠢᠶᠠᠨ ᠤ ᠰᠠᠭᠤᠷᠢ ᠰᠤᠷᠭᠠᠨ ᠬᠦᠮᠦᠵᠢᠯ ᠤᠨ ᠬᠠᠷᠢᠭᠤᠴᠠᠯᠭ᠎ᠠ ᠶᠢ ᠤᠷᠤᠨ ᠨᠤᠳᠤᠭ ᠲᠤ ᠦᠭᠬᠦ ᠵᠢᠭᠠᠪᠤᠷᠢ ᠶᠤᠰᠤᠭᠠᠷ ᠬᠡᠰᠢᠭᠳᠡᠨ ᠬᠤᠰᠢᠭᠤ ᠨᠢ ᠰᠤᠷᠭᠠᠨ ᠬᠦᠮᠦᠵᠢᠯ ᠤᠨ ᠬᠠᠮᠢᠶᠠᠷᠤᠯᠳᠠ ᠶᠢᠨ ᠪᠦᠳᠦᠴᠠ ᠶᠢᠨ ᠦᠬᠡᠷᠡᠴᠢᠯᠡᠯᠳᠠ ᠶᠢ ᠬᠡᠷᠡᠭᠵᠢᠬᠦᠯᠵᠤ᠂ ᠲᠡᠰ ᠬᠤᠪᠢᠶᠠᠨ ᠰᠤᠷᠭᠠᠭᠤᠯᠢ ᠡᠷᠬᠢᠯᠡᠬᠦ᠂ ᠲᠡᠰ ᠬᠤᠪᠢᠶᠠᠨ ᠬᠠᠮᠢᠶᠠᠷᠬᠤ ᠠᠷᠭ᠎ᠠ ᠶᠢ ᠬᠡᠷᠡᠭᠵᠢᠬᠦᠯᠪᠠ᠃ ᠬᠤᠰᠢᠭᠤ᠂ ᠰᠤᠮᠤ ︵ᠰᠢᠶᠠᠩ︶᠂ ᠭᠠᠴᠠᠭ᠎ᠠ ︵ᠲᠤᠰᠬᠤᠨ︶ ᠭᠤᠷᠪᠠᠨ ᠲᠡᠰ ᠢᠶᠠᠷ ᠰᠤᠷᠭᠠᠭᠤᠯᠢ ᠡᠷᠬᠢᠯᠡᠬᠦ ᠶᠢ ᠬᠡᠷᠡᠭᠵᠢᠬᠦᠯᠵᠤ᠂ ᠰᠤᠷᠭᠠᠨ ᠬᠦᠮᠦᠵᠢᠯ ᠎ ᠤᠨ ᠨᠦᠬᠦᠪᠦᠷᠢ ᠶᠢ ᠲᠠᠰᠤᠷᠠᠯᠳᠠ ᠦᠭᠡᠢ ᠨᠡᠮᠡᠭᠳᠡᠬᠦᠯᠦᠨ ᠦᠭᠴᠤ᠂ ᠰᠤᠷᠭᠠᠭᠤᠯᠢ ᠶᠢᠨ ᠪᠠᠶᠢᠷᠢ ᠶᠢᠨ ᠬᠡᠷ ᠢ ᠰᠡᠯᠪᠢᠨ ᠵᠠᠰᠠᠵᠤ᠂ ᠲᠤᠨᠤᠭ ᠲᠦᠬᠦᠬᠡᠷᠦᠮᠵᠢ ᠤᠷᠤᠭᠤᠯᠵᠤ᠂ ᠰᠤᠷᠭᠠᠭᠤᠯᠢ ᠡᠷᠬᠢᠯᠡᠬᠦ ᠨᠦᠬᠦᠴᠡᠯ ᠢᠶᠠᠨ ᠬᠠᠯᠠᠨ ᠰᠠᠶᠢᠵᠢᠷᠠᠭᠤᠯᠵᠤ᠂ ᠰᠤᠷᠭᠠᠭᠤᠯᠢ ᠶᠢᠨ ᠲᠦᠷᠰᠤ ᠪᠠᠶᠢᠳᠠᠯ ᠢᠶᠠᠨ ᠰᠢᠨᠡᠳᠬᠡᠪᠡ᠃       ᠤᠳᠤᠬᠠᠨ ᠳᠤ ᠬᠡᠰᠢᠭᠳᠡᠨ ᠬᠤᠰᠢᠭᠤ ᠨᠢ ︽ᠰᠤᠷᠭᠠᠨ ᠬᠦᠮᠦᠵᠢᠯ ᠨᠢ ᠡᠷᠬᠡᠪᠰᠢ ᠨᠠᠶᠢᠬᠡᠮ ᠵᠢᠷᠤᠮᠳᠤ ᠪᠦᠳᠦᠬᠡᠨ ᠪᠠᠶᠢᠭᠤᠯᠤᠯᠳᠠ ᠳᠤ ᠦᠢᠯᠡᠴᠢᠯᠡᠬᠦ᠂ ᠨᠡᠶᠢᠬᠡᠮ ᠵᠢᠷᠤᠮᠳᠤ ᠪᠦᠳᠦᠬᠡᠨ ᠪᠠᠶᠢᠭᠤᠯᠤᠯᠳᠠ ᠨᠢ ᠡᠷᠬᠡᠪᠰᠢ ᠰᠤᠷᠭᠠᠨ ᠬᠦᠮᠦᠵᠢᠯ ᠳᠤ ᠲᠦᠰᠢᠭᠯᠡᠬᠦ︾ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠲᠤᠤᠷ᠎ᠠ᠂ ᠮᠠᠯᠵᠢᠬᠤ ᠲᠠᠷᠢᠶᠠᠯᠠᠬᠤ ᠤᠷᠤᠨ ᠤ ᠰᠤᠷᠭᠠᠭᠤᠯᠢ ᠡᠷᠬᠢᠯᠡᠬᠦ ᠴᠢᠭᠯᠡᠯ ᠨᠢ ᠲᠠᠩ ᠴᠤᠯᠭᠤᠢ ᠰᠤᠷᠭᠠᠨ ᠬᠦᠮᠦᠵᠢᠯ ᠠᠴᠠ ᠲᠤᠬᠠᠢ ᠶᠢᠨ ᠭᠠᠵᠠᠷ ᠤᠨ ᠠᠮᠢᠳᠤᠷᠠᠯ ᠦᠢᠯᠡᠳᠪᠤᠷᠢᠯᠡᠯ ᠳᠤ ᠦᠢᠯᠡᠴᠢᠯᠡᠬᠦ ᠬᠡᠪ ᠴᠢᠨᠠᠷ ᠤᠨ ᠰᠤᠷᠭᠠᠨ ᠬᠦᠮᠦᠵᠢᠯ ᠳᠤ ᠰᠢᠯᠵᠢᠵᠤ᠂ ᠲᠠᠷᠢᠶᠠᠯᠠᠬᠤ ᠤᠷᠤᠨ ᠮᠠᠯᠵᠢᠬᠤ ᠤᠷᠤᠨ ᠤ ᠰᠠᠭᠤᠷᠢ ᠰᠤᠷᠭᠠᠨ ᠬᠦᠮᠦᠵᠢᠯ ᠢ ᠠᠬᠢᠭᠤᠯᠵᠤ᠂ ᠨᠠᠰᠤᠨ ᠳᠤ ᠬᠦᠷᠦᠭᠰᠡᠳ ᠎ ᠤᠨ ᠰᠤᠷᠭᠠᠨ ᠬᠦᠮᠦᠵᠢᠯ᠂ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠵᠤᠬᠢᠰᠳᠠᠢ ᠬᠦᠭᠵᠢᠬᠦᠯᠦᠨ᠂ ᠠᠯᠬᠤᠮ ᠠᠯᠬᠤᠮ ᠢᠶᠠᠷ ᠮᠠᠯᠵᠢᠬᠤ ᠲᠠᠷᠢᠶᠠᠯᠠᠬᠤ ᠤᠷᠤᠨ ᠤ ᠰᠤᠷᠭᠠᠨ ᠬᠦᠮᠦᠵᠢᠯ ᠢ ᠤᠷᠤᠨ ᠨᠤᠳᠤᠭᠴᠢᠯᠠᠬᠤ ᠶᠢ ᠪᠡᠶᠡᠯᠡᠬᠦᠯᠵᠤ᠂ ᠰᠤᠮᠤ᠂ ᠰᠢᠶᠠᠩ᠂ ᠪᠠᠯᠭᠠᠰᠤ᠂ ᠲᠤᠰᠬᠤᠨ ᠤ ᠰᠤᠷᠭᠠᠭᠤᠯᠢ ᠡᠷᠬᠢᠯᠡᠬᠦ ᠢᠳᠡᠪᠬᠢᠳᠤ ᠴᠢᠨᠠᠷ ᠢ ᠲᠡᠭᠡᠭᠰᠢᠯᠡᠬᠦᠯᠵᠤ᠂ ᠲᠡᠰ ᠬᠤᠪᠢᠶᠠᠨ ᠰᠤᠷᠭᠠᠭᠤᠯᠢ ᠡᠷᠬᠢᠯᠡᠬᠦ ᠦᠷ᠎ᠡ ᠠᠰᠢᠭ ᠢ ᠪᠠᠳᠤᠯᠠᠬᠤ ᠪᠠ ᠬᠦᠭᠵᠢᠬᠦᠯᠵᠤ᠂ ᠶᠢᠰᠦᠨ ᠵᠢᠯ ᠤᠨ ᠲᠦᠷᠢᠮᠳᠤ ᠠᠯᠪᠠᠨ ᠵᠢᠷᠤᠮ ᠤᠨ ᠰᠤᠷᠭᠠᠨ ᠬᠦᠮᠦᠵᠢᠯ ᠢ ᠬᠡᠷᠡᠭᠵᠢᠬᠦᠯᠬᠦ ᠶᠢᠨ ᠬᠠᠮᠳᠤ ᠪᠠᠰᠠ ᠬᠤᠰᠢᠭᠤᠨ ᠤ ᠪᠤᠳᠠᠳᠠᠢ ᠪᠠᠶᠢᠳᠠᠯ ᠠᠴᠠ ᠡᠬᠦᠰᠴᠤ᠂ ᠲᠤᠮᠳᠠ ᠵᠡᠷᠬᠡ ᠶᠢᠨ ᠰᠤᠷᠭᠠᠨ ᠬᠦᠮᠦᠵᠢᠯ ᠤᠨ ᠪᠦᠳᠦᠴᠠ᠂ ᠪᠠᠶᠢᠷᠢᠯᠠᠭᠤᠯᠤᠯᠳᠠ ᠪᠠ ᠬᠡᠪᠴᠢᠶ᠎ᠡ ᠶᠢ ᠲᠤᠬᠢᠷᠠᠭᠤᠯᠵᠤ᠂ ᠡᠩ ᠤᠨ ᠲᠡᠭᠡᠳᠤ ᠲᠤᠮᠳᠠᠳᠤ ᠶᠢᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠢᠶᠠᠨ ᠲᠡᠭᠡᠭᠰᠢᠯᠡᠬᠦᠯᠬᠦ ᠶᠢᠨ ᠬᠠᠮᠳᠤ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠴᠦ ᠮᠠᠯᠵᠢᠬᠤ ᠲᠠᠷᠢᠶᠠᠯᠠᠬᠤ ᠤᠷᠤᠨ ᠳᠤ ᠲᠠᠯᠬᠡᠷᠡᠬᠦᠯᠦᠨ ᠬᠦᠭᠵᠢᠭᠦᠯᠪᠠ᠃ ᠡᠬᠦᠨ ᠤ ᠬᠠᠮᠳᠤ ᠲᠦᠪ ᠬᠤᠷᠢᠶᠠᠨ ᠠᠴᠠ ᠲᠤᠷᠠᠳᠤᠭᠰᠠᠨ ︽ᠲᠤᠳᠤᠷ ᠭᠠᠵᠠᠷ ᠤᠨ ᠭᠠᠳᠠᠭᠰᠢᠯ ᠠᠵᠤ ᠠᠬᠤᠢ ᠶᠢ ᠲᠦᠷᠬᠡᠨ ᠬᠦᠭᠵᠢᠬᠦᠯᠬᠦ︾ ᠪᠠᠶᠢᠯᠳᠤᠬᠤ ᠪᠤᠳᠤᠯᠭ᠎ᠠ ᠳᠤ ᠵᠤᠬᠢᠴᠠᠭᠤᠯᠵᠤ᠂ ᠭᠠᠳᠠᠭᠰᠢᠯ ᠠᠵᠤ ᠠᠬᠤᠢ ᠶᠢᠨ ᠴᠢᠳᠠᠪᠤᠷᠢᠳᠠᠨ ᠢ ᠴᠢᠷᠮᠠᠶᠢᠨ ᠬᠦᠮᠦᠵᠢᠬᠦᠯᠵᠤ᠂ ᠰᠤᠷᠭᠠᠨ ᠬᠦᠮᠦᠵᠢᠯ ᠢ ᠭᠠᠳᠠᠭᠰᠢᠯ ᠠᠵᠤ ᠠᠬᠤᠢ ᠎ ᠳᠤ ᠦᠢᠯᠡᠴᠢᠯᠡᠬᠦᠯᠪᠠ᠃       ᠤᠳᠤ᠂ ᠬᠡᠰᠢᠭᠳᠡᠨ ᠬᠤᠰᠢᠭᠤᠨ ᠳᠤ ᠪᠠᠭᠰᠢ ᠶᠢᠨ ᠲᠠᠪᠳᠠᠨ ᠪᠤᠯᠪᠠᠰᠤᠷᠠᠬᠤ ᠰᠤᠷᠭᠠᠭᠤᠯᠢ᠂ ᠲᠠᠷᠢᠶᠠᠯᠠᠩ ᠤᠨ ᠮᠧᠬᠠᠨᠢᠭᠵᠢᠭᠤᠯᠤᠯᠳᠠ ᠶᠢᠨ ᠰᠤᠷᠭᠠᠭᠤᠯᠢ ᠲᠤᠰ ᠲᠤᠰ ᠨᠢᠭᠡ︔ ᠡᠩ ᠤᠨ ᠲᠡᠭᠡᠳᠤ ᠵᠡᠷᠬᠡ ᠶᠢᠨ ᠲᠤᠮᠳᠠᠳᠤ ᠰᠤᠷᠭᠠᠭᠤᠯᠢ 4 ᠰᠠᠭᠤᠷᠢ︔ ᠡᠬᠦᠨ ᠳᠤ ᠪᠢᠷᠠᠭᠤ ᠶᠢᠨ ᠨᠢᠭᠡᠳᠤᠬᠡᠷ ᠲᠤᠮᠳᠠᠳᠤ ᠰᠤᠷᠭᠠᠭᠤᠯᠢ ᠪᠠ ᠪᠢᠷᠠᠭᠤ ᠎ ᠶᠢᠨ ᠮᠤᠩᠭᠤᠯ ᠲᠤᠮᠳᠠᠳᠤ ᠰᠤᠷᠭᠠᠭᠤᠯᠢ ᠪᠤᠯ ᠬᠤᠳᠠ ᠶᠢᠨ ᠲᠡᠰ ᠤᠨ ᠭᠤᠤᠯᠳᠠᠯᠭᠠᠳᠤ ᠲᠤᠮᠳᠠᠳᠤ ᠰᠤᠷᠭᠠᠭᠤᠯᠢ ᠶᠤᠮ ᠃ ᠠᠵᠢᠯ ᠮᠡᠷᠬᠡᠵᠢᠯ ᠤᠨ ᠲᠤᠮᠳᠠᠳᠤ ᠰᠤᠷᠭᠠᠭᠤᠯᠢ 3 ᠰᠠᠭᠤᠷᠢ︔ ᠡᠬᠦᠨ ᠳᠤ ᠪᠢᠷᠠᠭᠤ ᠶᠢᠨ ᠦᠨᠳᠤᠰᠤᠳᠠᠨ ᠤ ᠠᠵᠢᠯ ᠮᠡᠷᠬᠡᠵᠢᠯ ᠤᠨ ᠲᠤᠮᠳᠠᠳᠤ ᠰᠤᠷᠭᠠᠭᠤᠯᠢ ᠪᠤᠯ ᠨᠢᠬᠡᠨ ᠶᠡᠷᠦᠩᠬᠡᠶᠢᠯᠡᠭᠰᠡᠨ ᠴᠢᠨᠠᠷᠳᠠᠢ ᠠᠵᠢᠯ ᠮᠡᠷᠬᠡᠵᠢᠯ ᠤᠨ ᠲᠤᠮᠳᠠᠳᠤ ᠰᠤᠷᠭᠠᠭᠤᠯᠢ ᠶᠤᠮ᠃ ᠷᠠᠰᠢᠶᠠᠨ ᠤ ᠲᠠᠷᠢᠶᠠᠯᠠᠩ ᠤᠢ ᠰᠢᠭᠤᠢ ᠶᠢᠨ ᠠᠵᠢᠯ ᠮᠡᠷᠬᠡᠵᠢᠯ ᠤᠨ ᠲᠤᠮᠳᠠᠳᠤ ᠰᠤᠷᠭᠠᠭᠤᠯᠢ ᠪᠠ ᠭᠤᠸᠠᠩ ᠰᠢᠩ ᠤᠨ ᠲᠠᠷᠢᠶᠠᠯᠠᠩ ᠤᠨ ᠲᠤᠮᠳᠠᠳᠤ ᠰᠤᠷᠭᠠᠭᠤᠯᠢ ᠪᠤᠯ ᠰᠤᠮᠤ ᠰᠢᠶᠠᠩ ᠪᠠᠯᠭᠠᠰᠤᠨ ᠤ ᠬᠦᠭᠵᠢᠯᠳᠠ ᠶᠢᠨ ᠬᠡᠷᠡᠭᠴᠡᠭᠡ ᠶᠢ ᠦᠨᠳᠤᠰᠤᠯᠠᠨ ᠪᠠᠶᠢᠭᠤᠯᠤᠭᠰᠠᠨ ᠠᠵᠢᠯ ᠮᠡᠷᠬᠡᠵᠢᠯ ᠤᠨ ᠲᠤᠮᠳᠠᠳᠤ ᠰᠤᠷᠭᠠᠭᠤᠯᠢ ᠮᠦᠨ᠃ ᠡᠩ ᠤᠨ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ 27 ᠰᠠᠭᠤᠷᠢ ᠪᠠᠶᠢᠵᠤ᠂ ᠵᠠᠷᠢᠮ ᠠᠩᠬ᠎ᠠ ᠲᠤᠮᠳᠠᠳᠤ ᠎ ᠶᠢᠨ ᠰᠤᠷᠭᠠᠭᠤᠯᠢ ᠨᠢ ᠠᠵᠢᠯ ᠮᠡᠷᠬᠡᠵᠢᠯ ᠤᠨ ᠠᠩᠬᠢ ᠲᠠᠢ ᠪᠠᠶᠢᠳᠠᠭ᠃ ᠬᠡᠤᠬᠡᠳ ᠤᠨ ᠴᠡᠴᠡᠷᠯᠢᠭ 12 ᠰᠠᠭᠤᠷᠢ ᠪᠠᠶᠢᠵᠤ᠂ 4~6 ᠨᠠᠰᠤᠨ ᠤ ᠬᠡᠤᠬᠡᠳ ᠤᠨ ᠬᠡᠤᠬᠡᠳ ᠤᠨ ᠴᠡᠴᠡᠷᠯᠢᠭ ᠲᠤ ᠤᠷᠤᠭᠰᠠᠨ ᠨᠤᠷᠮ᠎ᠠ 82.7%᠎ ᠳᠤ ᠬᠦᠷᠪᠡ᠃ ᠪᠠᠭ᠎ᠠ ᠰᠤᠷᠭᠠᠭᠤᠯᠢ 197 ᠰᠠᠭᠤᠷᠢ ᠪᠠᠶᠢᠵᠤ᠂ ᠰᠤᠷᠤᠭᠴᠢ ᠰᠤᠷᠭᠠᠭᠤᠯᠢ ᠳᠤ ᠤᠷᠤᠭᠰᠠ ᠨᠤᠷᠮ᠎ᠠ 99.2%᠎ ᠲᠤ ᠬᠦᠷᠪᠡ᠃ ᠲᠤᠮᠳᠠᠳᠤ ᠪᠠᠭ᠎ᠠ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ 3 ᠲᠦᠮᠡ ᠢᠯᠡᠬᠦᠦ ᠬᠦᠮᠦᠨ ᠪᠠᠶᠢᠵᠤ᠂ ᠤᠯᠠᠭᠠᠨᠬᠠᠳᠠ ᠬᠤᠳᠠ ᠳᠠᠭᠠᠨ ᠰᠤᠷᠭᠠᠨ ᠬᠦᠮᠦᠵᠢᠯ ᠤᠨ ᠲᠦᠬᠡᠮᠡᠯᠵᠢᠯᠳᠠ ᠶᠢᠨ ᠬᠡᠮᠵᠢᠶ᠎ᠡ ᠨᠡᠯᠢᠶᠡᠳ ᠦᠨᠳᠤᠷ ᠬᠤᠰᠢᠭᠤ ᠰᠢᠶᠠᠨ ᠤ ᠨᠢᠬᠡ ᠪᠤᠯᠵᠠᠢ᠃ ᠦᠨᠳᠤᠰᠤᠳᠠᠨ ᠤ ᠰᠤᠷᠭᠠᠨ ᠬᠦᠮᠦᠵᠢᠯ ᠠᠩᠬ᠎ᠠ ᠠᠯᠬᠤᠮ ᠰᠢᠰᠲ᠋ᠧᠮᠵᠢᠵᠤ᠂ ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ᠂ ᠲᠡᠭᠡᠳᠤ ᠵᠡᠷᠬᠡ ᠶᠢᠨ ᠲᠤᠮᠳᠠᠳᠤ ᠰᠤᠷᠭᠠᠭᠤᠯᠢ ᠵᠡᠷᠬᠡ ᠪᠠᠶᠢᠳᠠᠭ᠃ ᠦᠨᠳᠤᠰᠤᠳᠠᠨ ᠤ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠳᠠ ᠨᠢ ᠪᠦᠬᠦ ᠬᠤᠰᠢᠭᠤᠨ ᠤ ᠡᠯ᠎ᠡ ᠦᠨᠳᠤᠰᠤᠳᠠᠨ ᠤ ᠠᠷᠠᠳ ᠲᠦᠮᠡᠨ ᠤ ᠰᠤᠶᠤᠯ ᠤᠨ ᠬᠡᠪ ᠴᠢᠨᠠᠷ ᠢ ᠲᠡᠭᠡᠭᠰᠢᠯᠡᠬᠦᠯᠵᠤ᠂ ᠲᠤᠰ ᠬᠤᠰᠢᠭᠤᠨ ᠤ ᠠᠵᠤ ᠠᠬᠤᠢ ᠪᠠ ᠨᠡᠶᠢᠬᠡᠮ ᠤᠨ ᠡᠯ᠎ᠡ ᠠᠵᠢᠯ ᠲᠦᠷᠦᠯ ᠤᠨ ᠦᠢᠯᠡᠰ ᠤᠨ ᠬᠦᠭᠵᠢᠯᠳᠠ ᠶᠢ ᠠᠬᠢᠭᠤᠯᠪᠠ᠃ 
 
ᠢᠷᠡᠯᠲᠡ᠄ ︽ᠬᠡᠰᠢᠭᠳᠡᠨ ᠭᠠᠵᠠᠷ ᠵᠦᠢ︾
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号