﹇ᠠᠶᠢᠮᠠᠭ ᠪᠦᠯᠦᠭ᠂ ᠬᠡᠳᠤᠨ ᠡᠷᠦᠬᠡ ᠶᠢᠨ ᠲᠠᠬᠢᠯᠭ᠎ᠠ ᠶᠢᠨ ᠤᠪᠤᠭ᠎ᠠ﹈  ᠬᠡᠤᠬᠡᠳ ᠤᠨ ᠤᠪᠤᠭ᠎ᠠ
ᠨᠡᠶᠢᠲᠡᠯᠡᠭᠰᠡᠨ ᠴᠠᠭ᠄
2014/4/29
        ᠬᠡᠤᠬᠡᠳ ᠤᠨ ᠤᠪᠤᠭ᠎ᠠ — ᠲᠠᠷᠬᠠᠬᠠᠭᠤᠯᠠ ᠰᠤᠮᠤᠨ ᠤ ᠪᠠᠶᠠᠨᠰᠢᠯᠢ ᠭᠠᠴᠠᠭᠠᠨ ᠤ ᠬᠠᠷᠢᠶᠠᠨ ᠎ ᠳᠤ ᠪᠠᠶᠢᠬᠤ ᠰᠢᠷ᠎ᠡ ᠶᠢᠨ ᠭᠤᠤᠯ ᠤᠨ ᠡᠬᠢ ᠪᠠᠷ ᠭᠠᠩᠭᠠᠨ ᠨᠠᠭᠤᠷ ᠤᠨ ᠬᠤᠶᠢᠳᠤ ᠬᠦᠪᠡᠬᠡᠨ ᠳᠤ ᠪᠤᠩᠬᠤᠯᠠᠨ ᠪᠤᠰᠬᠠᠭᠰᠠᠨ ᠤᠪᠤᠭ᠎ᠠ ᠶᠢ ᠬᠡᠤᠬᠡᠳ ᠤᠨ ᠤᠪᠤᠭ᠎ᠠ ᠬᠡᠳᠡᠭ᠃ ᠡᠷᠳᠡ ᠦᠶ᠎ᠡ ᠳᠤ᠂ ᠡᠨᠡ ᠤᠷᠴᠢᠮ ᠢᠶᠠᠷ ᠨᠤᠳᠤᠭᠯᠠᠨ ᠰᠠᠭᠤᠳᠠᠭ ᠮᠠᠯᠴᠢᠳ ᠤᠨ ᠦᠷ᠎ᠡ ᠬᠡᠤᠬᠡᠳ ᠬᠤᠷᠠᠭ᠎ᠠ ᠲᠤᠭᠤᠯ ᠢᠶᠠᠨ ᠬᠠᠷᠢᠭᠤᠯᠤᠨ ᠨᠠᠭᠠᠳᠬᠤ ᠳᠠᠭᠠᠨ ᠰᠢᠷ᠎ᠡ ᠶᠢᠨ ᠭᠤᠤᠯ ︵ᠭᠤᠤᠯ ᠤᠨ ᠤᠰᠤ ᠨᠢ ᠰᠢᠷᠡᠪᠳᠤᠷ ᠦᠩᠬᠡ ᠲᠠᠢ ᠲᠤᠯᠠ ᠢᠩᠬᠢᠵᠤ ᠨᠡᠷᠡᠯᠡᠵᠠᠢ︶᠎ ᠤᠨ ᠡᠬᠢᠨ ᠤ ᠤᠷᠤᠰᠬᠠᠯ ᠳᠤ ᠤᠯᠠᠨ ᠤᠳᠠᠭ᠎ᠠ ᠬᠡᠨᠡᠳᠡᠭᠰᠡᠨ ᠪᠠᠶᠢᠵᠠᠢ᠃ ᠰᠢᠷ᠎ᠠ ᠶᠢᠨ ᠱᠠᠰᠢᠨ ᠤ ᠬᠦᠨᠵᠡᠬᠡᠶᠢᠷᠡᠨ ᠬᠦᠭᠵᠢᠬᠦ ᠶᠢ ᠲᠠᠭᠠᠯᠳᠤᠨ ᠲᠤᠰ ᠭᠤᠤᠯ ᠤᠨ ᠡᠬᠢᠨ ᠳᠤ ᠨᠢᠬᠡᠨ ᠤᠪᠤᠭ᠎ᠠ ᠪᠤᠰᠬᠠᠵᠤ ᠪᠤᠩᠬᠤᠯᠠᠨ ᠲᠠᠬᠢᠯᠭ᠎ᠠ ᠶᠢᠨ ᠨᠤᠮ ᠤᠩᠰᠢᠭᠤᠯᠵᠤ᠂ ᠤᠪᠤᠭ᠎ᠠ ᠶᠢᠨ ᠨᠡᠷ᠎ᠡ ᠪᠠᠨ ︽ᠬᠡᠤᠬᠡᠳ ᠤᠨ ᠤᠪᠤᠭ᠎ᠠ︾ ᠬᠡᠵᠤ ᠭᠠᠵᠠᠷ ᠯᠤᠤᠰ ᠲᠠᠭᠠᠨ ᠰᠦᠰᠦᠭᠯᠡᠨ ᠲᠠᠭᠠᠳᠬᠠᠵᠤ ᠨᠠᠶᠢᠷ ᠨᠠᠭᠠᠳᠤᠮ ᠬᠢᠬᠦ ᠵᠠᠩᠰᠢᠯ ᠲᠠᠢ ᠪᠤᠯᠵᠠᠢ᠃       ᠪᠢᠯᠢᠭ ᠤᠨ ᠤᠯᠠᠷᠢᠯ ᠤᠨ ᠲᠠᠪᠤᠳᠤᠭᠠᠷ ᠰᠠᠷ᠎ᠠ ᠶᠢᠨ ᠬᠤᠷᠢᠨ ᠲᠠᠪᠤᠨ ᠤ ᠡᠳᠤᠷ ᠠᠶᠢᠮᠠᠭ ᠪᠦᠯᠦᠭ ᠢᠶᠠᠷ ᠢᠶᠠᠨ ᠬᠠᠮᠳᠤᠷᠠᠨ ︽ᠴᠠᠭᠠᠨ ᠲᠠᠬᠢᠯᠭ᠎ᠠ︾ ︵ᠬᠤᠨᠢ ᠮᠠᠯ ᠠᠯᠠᠵᠤ ᠨᠢᠳᠤᠯᠠᠳᠠᠭ ᠦᠭᠡᠢ᠂ ᠴᠠᠭᠠᠨ ᠢᠳᠡᠭᠡ ᠪᠠᠷ ᠲᠠᠬᠢᠳᠠᠭ︶ ᠶᠠᠪᠤᠭᠤᠯᠵᠤ᠂ ᠪᠦᠬᠡ ᠶᠢᠨ ᠮᠦᠷᠦᠶᠢᠴᠡᠬᠡᠨ᠂ ᠮᠤᠷᠢᠨ ᠤ ᠤᠷᠤᠯᠳᠤᠭᠠᠨ ᠨᠠᠶᠢᠷ ᠬᠢᠵᠤ᠂ ᠨᠠᠭᠤᠷ ᠭᠤᠤᠯ ᠤᠨ ᠯᠤᠤᠰ ᠤᠨ ᠰᠠᠬᠢᠭᠤᠯᠰᠤᠨ ᠢᠶᠠᠨ ᠪᠠᠶᠠᠰᠬᠠᠳᠠᠭ᠃ ᠡᠨᠡ ᠬᠦ᠋ ᠵᠠᠩᠰᠢᠯ ᠨᠢ ᠲᠠᠬᠢᠨ ᠰᠡᠷᠬᠦᠭᠳᠡᠵᠤ ᠤᠳᠤ ᠤᠤᠯ ᠤᠨ ᠬᠡᠪᠴᠢᠶᠡᠨ ᠠᠴᠠ ᠪᠠᠨ ᠦᠷᠬᠡᠵᠢᠨ ᠤᠤᠳᠬ᠎ᠠ ᠰᠠᠨᠠᠭ᠎ᠠ ᠨᠢ ᠰᠢᠨ᠎ᠡ ᠬᠤᠪᠢᠷᠠᠯᠳᠠ ᠲᠠᠢ ᠪᠤᠯᠵᠠᠢ᠃ 
 
ᠢᠷᠡᠯᠲᠡ᠄ ︽ᠬᠡᠰᠢᠭᠳᠡᠨ ᠤ ᠰᠦᠮ᠎ᠡ ᠬᠡᠶᠢᠳ ᠬᠠᠶᠢᠷᠬᠠᠨ ᠤᠪᠤᠭᠠᠳ︾
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号