ᠲᠠᠷᠬᠠᠬᠠᠭᠤᠯᠠ ᠰᠤᠮᠤᠨ ᠤ ᠤᠯᠢᠶᠠᠰᠤᠳᠠᠢ ᠭᠠᠴᠠᠭᠠᠨ ᠤ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2014/4/3
        ᠤᠯᠢᠶᠠᠰᠤᠳᠠᠢ ᠭᠠᠴᠠᠭ᠎ᠠ ᠨᠢ ᠲᠠᠷᠬᠠᠬᠠᠭᠤᠯᠠ ᠰᠤᠮᠤᠨ ᠤ ᠤᠮᠠᠷᠠᠳᠤ ᠬᠡᠰᠡᠭ ᠲᠤ ᠪᠠᠶᠢᠷᠢᠯᠠᠵᠤ᠂ ᠲᠠᠷᠬᠠᠬᠠᠭᠤᠯᠠ ᠰᠤᠮᠤᠨ ᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠠᠴᠠ 50 ᠺᠢᠯᠤᠮᠧᠲᠷ ᠵᠠᠶᠢᠳᠠᠢ᠃ ᠵᠡᠬᠦᠨᠰᠢ ᠪᠠᠷᠠᠭᠤᠨᠰᠢ 18 ᠺᠢᠯᠤᠮᠧᠲᠷ ᠦᠷᠬᠡᠨ᠂ ᠡᠮᠤᠨ᠎ᠠ ᠤᠮᠠᠷᠠᠰᠢ 22 ᠺᠢᠯᠤᠮᠧᠲᠷ ᠤᠷᠳᠤ ᠪᠤᠢ᠃ ᠭᠠᠴᠠᠭᠠᠨ ᠤ ᠬᠠᠷᠢᠶᠠᠳᠤ ᠤᠷᠤᠨ ᠢᠶᠠᠷ ᠭᠤᠤᠯ ᠤᠷᠤᠰᠤᠨ ᠦᠩᠬᠡᠷᠡᠵᠤ᠂ ᠡᠮᠤᠨ᠎ᠡ ᠬᠡᠰᠡᠭ ᠪᠠ ᠵᠡᠬᠦᠨ ᠬᠡᠰᠡᠭ ᠲᠤ ᠨᠢ ᠬᠦᠩᠬᠡᠷ ᠎ ᠤᠨ ᠲᠠᠯ᠎ᠠ ᠨᠤᠳᠤᠭ ᠪᠠᠶᠢᠵᠤ᠂ ᠤᠮᠠᠷ᠎ᠡ ᠬᠡᠰᠡᠭ ᠪᠠ ᠪᠠᠷᠠᠭᠤᠨ ᠬᠡᠰᠡᠭ ᠢᠶᠠᠷ ᠢᠶᠠᠨ ᠰᠢᠯᠢᠩᠭᠤᠤᠯ ᠤᠨ ᠲᠠᠯ᠎ᠠ ᠨᠤᠳᠤᠭ ᠎ ᠲᠠᠢ ᠵᠠᠬ᠎ᠠ ᠨᠡᠶᠢᠯᠡᠵᠤ ᠪᠤᠢ᠃       ᠤᠯᠢᠶᠠᠰᠤᠳᠠᠢ ᠭᠠᠴᠠᠭᠠᠨ ᠤ ᠤᠳᠤ ᠪᠠᠶᠢᠭ᠎ᠠ ᠡᠷᠦᠬᠡ ᠶᠢᠨ ᠶᠡᠷᠦᠩᠬᠡᠢ ᠲᠤᠭ᠎ᠠ ᠨᠢ 252 ᠡᠷᠦᠬᠡ᠂ ᠬᠦᠮᠦᠨ ᠠᠮᠠ ᠶᠢᠨ ᠶᠡᠷᠦᠩᠬᠡᠢ ᠲᠤᠭ᠎ᠠ ᠨᠢ 876 ᠬᠦᠮᠦᠨ᠃ ᠭᠠᠴᠠᠭᠠᠨ ᠤ ᠶᠡᠷᠦᠩᠬᠡᠢ ᠲᠠᠯᠠᠪᠠᠢ ᠨᠢ 42 ᠲᠦᠮᠡᠨ ᠮᠤ᠋ ᠪᠠᠶᠢᠵᠤ᠂ ᠪᠠᠶᠢᠭᠠᠯᠢᠯᠢᠭ ᠬᠠᠳᠤᠯᠠᠩ ᠪᠡᠯᠴᠢᠬᠡᠷ ᠤᠨ ᠲᠠᠯᠠᠪᠠᠢ ᠨᠢ 30 ᠲᠦᠮᠡᠨ ᠮᠤ᠋ ᠪᠤᠢ᠃       ᠤᠯᠢᠶᠠᠰᠤᠳᠠᠢ ᠭᠠᠴᠠᠭᠠᠨ ᠤ ᠠᠵᠤ ᠠᠬᠤᠢ ᠨᠢ ᠤᠯᠠᠮᠵᠢᠯᠠᠯᠳᠤ ᠮᠠᠯ ᠠᠵᠤ ᠠᠬᠤᠢ ᠪᠠᠷ ᠭᠤᠤᠯᠯᠠᠵᠤ᠂ ᠵᠢᠭᠤᠯᠴᠢᠯᠠᠯ ᠤᠨ ᠦᠢᠯᠡᠰ ᠤᠨ ᠭᠠᠴᠠᠭᠠᠨ ᠤ ᠠᠵᠤ ᠠᠬᠤᠢ ᠶᠢᠨ ᠲᠤᠮᠳᠠ ᠡᠵᠡᠯᠡᠬᠦ ᠬᠠᠷᠢᠴᠠᠯ ᠨᠢ ᠵᠢᠯ ᠲᠠᠷᠠᠭᠠᠯᠠᠨ ᠨᠡᠮᠡᠭᠳᠡᠭᠰᠡᠨ ᠪᠠᠶᠢᠨ᠎ᠠ᠃ ᠪᠦᠬᠦ ᠭᠠᠴᠠᠭᠠᠨ ᠤ 2/3᠎ ᠤᠨ ᠬᠦᠮᠦᠨ ᠠᠮᠠ ᠨᠢ ᠮᠠᠯᠵᠢᠬᠤ ᠦᠢᠯᠡᠳᠪᠤᠷᠢᠯᠡᠯ ᠡᠷᠬᠢᠯᠡᠵᠤ ᠪᠤᠢ᠃ ᠭᠠᠴᠠᠭᠠᠨ ᠤ ᠮᠠᠯ ᠤᠨ ᠶᠡᠷᠦᠩᠬᠡᠢ ᠲᠤᠭ᠎ᠠ ᠨᠢ 29215 ᠲᠤᠯᠤᠭᠠᠢ ︵ᠲᠤᠭ᠎ᠠ︶ ᠪᠠᠶᠢᠵᠤ᠂ ᠡᠬᠦᠨ ᠤ ᠲᠤᠮᠳᠠ ᠦᠬᠡᠷ ᠤᠨ ᠵᠤᠭᠰᠤᠭ᠎ᠠ ᠲᠤᠭ᠎ᠠ ᠨᠢ 5500 ᠲᠤᠯᠤᠭᠠᠢ ᠪᠠᠶᠢᠵᠤ᠂ ᠬᠤᠨᠢᠨ ᠤ ᠵᠤᠭᠰᠤᠭ᠎ᠠ ᠲᠤᠭ᠎ᠠ ᠨᠢ 29215 ᠪᠠᠶᠢᠵᠤ᠂ ᠪᠤᠰᠤᠳ ᠮᠠᠯ ᠤᠨ ᠵᠤᠭᠰᠤᠭ᠎ᠠ ᠲᠤᠭ᠎ᠠ ᠨᠢ 515 ᠲᠤᠯᠤᠭᠠᠢ ︵ᠲᠤᠭ᠎ᠠ︶ ᠪᠤᠢ᠃ ᠵᠢᠯ ᠤᠨ ᠬᠤᠳᠠᠯᠳᠤᠬᠤ ᠬᠦᠢᠴᠡᠳᠬᠡᠯ ᠲᠤᠭ᠎ᠠ᠄ 1800 ᠲᠤᠯᠤᠭᠠᠢ ᠦᠬᠡᠷ᠂ 8500 ᠬᠤᠨᠢ ᠬᠤᠳᠠᠯᠳᠤᠵᠠᠢ᠃ 2012 ᠤᠨ ᠤ ᠵᠢᠯ ᠤᠨ ᠡᠴᠤᠰ ᠲᠤ ᠭᠠᠴᠠᠭᠠᠨ ᠤ ᠬᠦᠮᠦᠨ ᠲᠤᠮᠳᠠᠴᠢ ᠶᠢᠨ ᠤᠷᠤᠯᠭ᠎ᠠ ᠨᠢ 7500 ᠲᠦᠬᠦᠷᠢᠭ ᠎ ᠲᠤ ᠬᠦᠷᠦᠭᠰᠠᠨ ᠪᠠᠶᠢᠨ᠎ᠠ᠃ 
 
ᠢᠷᠡᠯᠲᠡ᠄ www.kqmw.gov.cn
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号