ᠲᠠᠯᠠᠶᠢᠨᠠᠭᠤᠷ ᠪᠠᠯᠭᠠᠰᠤᠨ ᠤ ᠲᠤᠯᠢ ᠭᠠᠴᠠᠭᠠᠨ ᠤ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2014/4/3
        ᠨᠢᠭᠡ᠂ ᠭᠠᠵᠠᠷ ᠵᠦᠢ ᠶᠢᠨ ᠪᠠᠶᠢᠷᠢᠰᠢᠯ ᠵᠢᠴᠢ ᠪᠠᠶᠢᠭᠠᠯᠢ ᠶᠢᠨ ᠨᠦᠬᠦᠴᠡᠯ᠄       ᠲᠤᠯᠢ ᠭᠠᠴᠠᠭ᠎ᠠ ᠨᠢ ᠬᠡᠰᠢᠭᠳᠡᠨ ᠬᠤᠰᠢᠭᠤᠨ ᠤ ᠲᠠᠯᠠᠶᠢᠨᠠᠭᠤᠷ ᠪᠠᠯᠭᠠᠰᠤᠨ ᠤ ᠪᠠᠷᠠᠭᠤᠨ ᠬᠡᠰᠡᠭ ᠲᠤ ᠪᠠᠶᠢᠷᠢᠯᠠᠵᠤ᠂ ᠬᠤᠰᠢᠭᠤᠨ ᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠪᠢᠷᠠᠭᠤ ᠪᠠᠯᠭᠠᠰᠤᠨ ᠠᠴᠠ 55 ᠺᠢᠯᠤᠮᠧᠲᠷ ᠵᠠᠶᠢᠳᠠᠢ᠃ ᠭᠠᠴᠠᠭᠠᠨ ᠤ ᠶᠡᠷᠥᠩᠬᠡᠢ ᠲᠠᠯᠠᠪᠠᠢ ᠨᠢ 27.4 ᠲᠦᠮᠡᠨ ᠮᠤ᠋᠂ ᠡᠬᠦᠨ ᠳᠤ ᠬᠠᠳᠤᠯᠠᠩ ᠤᠨ ᠲᠠᠯᠠᠪᠠᠢ ᠨᠢ 7.3 ᠲᠦᠮᠡᠨ ᠮᠤ᠋᠂ ᠪᠡᠯᠴᠢᠬᠡᠷᠯᠡᠬᠦᠯᠬᠦ ᠲᠠᠯᠠᠪᠠᠢ ᠨᠢ 13.9 ᠲᠦᠮᠡᠨ ᠮᠤ᠋ ᠪᠤᠢ᠃ ᠡᠷᠦᠬᠡ ᠲᠤᠮᠳᠠᠴᠢ ᠎ ᠶᠢᠨ ᠪᠤᠷᠳᠤᠭᠠᠨ ᠭᠠᠵᠠᠷ ᠤᠨ ᠲᠠᠯᠠᠪᠠᠢ ᠨᠢ 17 ᠮᠤ᠋᠂ ᠮᠠᠰᠢᠨ ᠢᠶᠠᠷ ᠰᠦᠷᠴᠢᠨ ᠤᠰᠤᠯᠠᠵᠤ ᠪᠦᠬᠦᠢ ᠬᠠᠳᠤᠯᠠᠩ ᠤᠨ ᠲᠠᠯᠠᠪᠠᠢ ᠨᠢ 2420 ᠮᠤ᠋ ᠪᠤᠢ᠃ ᠰᠠᠭᠤᠷᠢ ᠲᠦᠬᠦᠬᠡᠷᠦᠮᠵᠢ ᠨᠡᠯᠢᠶᠡᠳ ᠲᠡᠬᠦᠯᠳᠡᠷᠵᠢᠵᠤ᠂ ᠴᠢᠮᠡᠭᠡ ᠨᠡᠪᠳᠡᠷᠡᠬᠦᠯᠬᠡ ᠎ ᠶᠢᠨ ᠨᠦᠬᠦᠴᠡᠯ ᠲᠦᠬᠦᠮ ᠲᠦᠳᠠ ᠪᠤᠯᠵᠤ᠂ ᠤᠰᠤ ᠴᠠᠬᠢᠯᠭᠠᠨ ᠤ ᠰᠠᠭᠤᠷᠢ ᠨᠦᠬᠦᠴᠡᠯ ᠪᠦᠷᠢᠨ ᠲᠦᠬᠦᠷᠵᠢᠭᠰᠡᠨ ᠪᠠᠶᠢᠨ᠎ᠠ᠃       ᠬᠤᠶᠠᠷ᠂ ᠵᠠᠰᠠᠭ ᠵᠠᠬᠢᠷᠭᠠᠨ ᠤ ᠬᠤᠪᠢᠷᠠᠷᠢᠯᠠᠯᠳᠠ᠄       ᠭᠠᠴᠠᠭ᠎ᠠ ᠨᠢ 6 ᠲᠤᠭᠤᠶᠢᠯᠠᠩ ᠢᠶᠠᠷ ᠪᠦᠷᠢᠯᠳᠤᠵᠤ᠂ ᠨᠡᠶᠢᠳᠠ 145 ᠡᠷᠦᠬᠡ᠂ 494 ᠬᠦᠮᠦᠨ ᠠᠮᠠ ᠲᠠᠢ᠃       ᠭᠤᠷᠪᠠ᠂ ᠨᠠᠶᠢᠬᠡᠮ ᠠᠵᠤ ᠠᠬᠤᠢ ᠶᠢᠨ ᠪᠠᠶᠢᠳᠠᠯ᠄       ᠭᠠᠴᠠᠭᠠᠨ ᠤ ᠰᠤᠷᠭᠠᠭᠤᠯᠢ ᠳᠤ ᠤᠷᠤᠬᠤ ᠨᠠᠰᠤᠨ ᠳᠤ ᠬᠦᠷᠦᠭᠰᠡᠨ ᠪᠠᠭᠠᠴᠤᠳ ᠬᠡᠤᠬᠡᠳ ᠎ ᠤᠳ ᠲᠠᠯᠠᠶᠢᠨᠠᠭᠤᠷ ᠦᠨᠳᠤᠰᠤᠳᠠᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠳᠤ ᠰᠤᠷᠤᠯᠴᠠᠵᠤ᠂ ᠰᠤᠷᠭᠠᠭᠤᠯᠢ ᠳᠤ ᠤᠷᠤᠬᠤ ᠨᠤᠷᠮ᠎ᠠ 100%᠎ ᠳᠤ ᠬᠦᠷᠴᠠᠢ᠃ ᠭᠠᠴᠠᠭᠠᠨ ᠤ ᠠᠯᠪᠠᠨ ᠬᠡᠷ ᠤᠨ ᠪᠠᠷᠢᠯᠭ᠎ᠠ ᠶᠢᠨ ᠲᠠᠯᠠᠪᠠᠢ ᠨᠢ 160 ᠺᠦᠸᠠᠳ᠋ ᠮᠧᠲᠷ᠂ ᠭᠠᠴᠠᠭᠠᠨ ᠤ ᠱᠠᠳᠤᠨ ᠤ ᠡᠷᠡᠬᠦᠯ ᠬᠠᠮᠠᠭᠠᠯᠠᠯ ᠤᠨ ᠲᠠᠰᠤᠭ 1 ᠪᠠᠶᠢᠵᠤ᠂ ᠲᠠᠯᠠᠪᠠᠢ ᠨᠢ 70 ᠺᠦᠸᠠᠳ᠋ ᠮᠧᠲᠷ᠃ ᠠᠷᠠᠳ ᠲᠤ ᠲᠦᠬᠦᠮ ᠦᠵᠡᠬᠦᠯᠬᠦ ᠲᠡᠯᠬᠡᠬᠦᠷ 1 ᠪᠤᠢ᠃ ᠶᠠᠳᠠᠭᠤ ᠬᠦᠴᠢᠷᠳᠠᠢ ᠡᠷᠦᠭᠡ ᠳᠤ᠂ ᠲᠤᠤᠷ᠎ᠠ ᠪᠠᠳᠤᠯᠠᠭ᠎ᠠ ᠶᠢᠨ ᠬᠠᠷᠠᠭᠠᠯᠵᠠᠯ ᠢ ᠬᠦᠷᠳᠡᠵᠤ ᠪᠦᠬᠦᠢ ᠮᠠᠯᠴᠢᠨ ᠡᠷᠦᠬᠡ 48 ᠡᠷᠦᠬᠡ ᠪᠠᠶᠢᠵᠤ᠂ ᠪᠦᠬᠦ ᠭᠠᠴᠠᠭᠠᠨ ᠤ ᠶᠡᠷᠦᠩᠬᠡᠢ ᠡᠷᠦᠬᠡ ᠶᠢᠨ ᠲᠤᠭᠠᠨ ᠤ 33%᠎ ᠶᠢ ᠡᠵᠡᠯᠡᠵᠤ᠂ ᠠᠮᠢᠳᠤᠷᠠᠯ ᠤᠨ ᠬᠢᠷᠢ ᠲᠦᠪᠰᠢᠨ ᠨᠢ ᠦᠨᠳᠤᠰᠤᠨ ᠳᠤ ᠪᠠᠨ ᠢᠳᠡᠵᠦ ᠡᠮᠦᠰᠬᠦ ᠳᠡᠭᠡᠨ ᠵᠥᠪ ᠪᠤᠯᠤᠭᠰᠠᠨ ᠪᠠᠶᠢᠨ᠎ᠠ᠃ ᠨᠡᠶᠢᠳᠠ 25 ᠵᠡᠮᠳᠡᠭ ᠡᠷᠦᠬᠡ᠂ 31 ᠬᠦᠮᠦᠨ ᠪᠤᠢ᠃ 142 ᠡᠷᠦᠬᠡ᠂ 489 ᠬᠦᠮᠦᠨ ᠰᠢᠨ᠎ᠠ ᠬᠡᠯᠪᠡᠷᠢ ᠶᠢᠨ ᠬᠤᠷᠰᠢᠭᠰᠠᠨ ᠡᠮᠨᠡᠯᠭᠡ ᠳᠤ ᠤᠷᠤᠯᠴᠠᠵᠤ᠂ ᠪᠦᠬᠦ ᠭᠠᠴᠠᠭᠠᠨ ᠤ ᠶᠡᠷᠦᠩᠬᠡᠢ ᠡᠷᠦᠬᠡ ᠶᠢᠨ ᠲᠤᠭ᠎ᠠ ᠪᠠ ᠶᠡᠷᠦᠩᠬᠡᠢ ᠬᠦᠮᠦᠨ ᠠᠮᠠ ᠶᠢᠨ ᠲᠤᠭᠠᠨ ᠤ 97.9% ᠪᠠ 98.9%᠎ ᠶᠢ ᠡᠵᠡᠯᠡᠵᠤ ᠪᠤᠢ᠃ ᠤᠳᠤ ᠪᠠᠶᠢᠭ᠎ᠠ ᠭᠠᠴᠠᠭᠠᠨ ᠤ ᠤᠳᠤᠷᠢᠳᠤᠯᠭ᠎ᠠ 6 ᠨᠡᠷ᠎ᠡ᠂ ᠡᠬᠦᠷ ᠤᠨ ᠵᠦᠪᠯᠡᠯ ᠤᠨ ᠬᠡᠰᠢᠬᠦᠨ 3 ᠨᠡᠷ᠎ᠡ᠂ ᠭᠠᠴᠠᠭᠠᠨ ᠵᠦᠪᠯᠡᠯ ᠤᠨ ᠬᠡᠰᠢᠬᠦᠨ 3 ᠨᠡᠷ᠎ᠡ᠂ ᠭᠠᠴᠠᠭᠠᠨ ᠤ ᠱᠠᠳᠤᠨ ᠤ ᠪᠡᠯᠡᠳᠬᠡᠯ ᠺᠠᠳ᠋ᠷ 4 ᠪᠤᠢ᠃       ᠲᠦᠷᠪᠡ᠂ ᠠᠵᠤ ᠦᠢᠯᠡᠰ ᠤᠨ ᠬᠦᠭᠵᠢᠯᠳᠠ ᠶᠢᠨ ᠪᠠᠶᠢᠳᠠᠯ᠄       ᠲᠤᠯᠢ ᠭᠠᠴᠠᠭᠠᠨ ᠤ ᠤᠷᠤᠨ ᠪᠠᠶᠢᠷᠢ ᠶᠢᠨ ᠲᠠᠪᠠᠭᠤᠯᠢᠭ ᠲᠤ ᠲᠦᠰᠢᠭᠯᠡᠵᠤ᠂ ᠮᠠᠯ ᠠᠵᠤ ᠠᠬᠤᠢ ᠨᠢ ᠭᠠᠴᠠᠭᠠᠨ ᠤ ᠲᠤᠯᠭᠠᠭᠤᠷᠢᠯᠠᠭᠴᠢ ᠠᠵᠤ ᠦᠢᠯᠡᠰ ᠪᠤᠯᠤᠭᠰᠠᠨ ᠪᠠᠶᠢᠨ᠎ᠠ᠃ ᠮᠠᠯ ᠠᠵᠤ ᠠᠬᠤᠢ ᠶᠢᠨ ᠤᠷᠤᠯᠭ᠎ᠠ ᠨᠢ ᠭᠠᠴᠠᠭᠠᠨ ᠤ ᠮᠠᠯᠴᠢᠨ ᠡᠷᠦᠬᠡ ᠶᠢᠨ ᠤᠷᠤᠯᠭ᠎ᠠ ᠶᠢᠨ ᠭᠤᠤᠯ ᠢᠷᠡᠯᠳᠠ ᠪᠤᠯᠵᠤ᠂ ᠭᠠᠴᠠᠭᠠᠨ ᠤ ᠠᠵᠤ ᠠᠬᠤᠢ ᠶᠢᠨ ᠤᠷᠤᠯᠭ᠎ᠠ ᠶᠢᠨ ᠭᠤᠤᠯ ᠨᠡᠮᠡᠭᠳᠡᠯ ᠤᠨ ᠴᠢᠭ ᠪᠤᠯᠵᠤ᠂ ᠭᠠᠴᠠᠭᠠᠨ ᠤ ᠮᠠᠯᠴᠢᠨ ᠡᠷᠦᠬᠡ ᠶᠢᠨ ᠤᠷᠤᠯᠭ᠎ᠠ ᠎ ᠶᠢᠨ ᠨᠡᠮᠡᠭᠳᠡᠯ ᠳᠤ ᠴᠢᠬᠤᠯᠠ ᠦᠢᠯᠡᠳᠤᠯ ᠦᠵᠡᠬᠦᠯᠵᠤ ᠪᠤᠢ᠃ ᠭᠠᠴᠠᠭᠠᠨ ᠤ ᠤᠳᠤ ᠪᠠᠶᠢᠭ᠎ᠠ ᠮᠠᠯ ᠠᠬᠤᠢ ᠨᠢ ᠦᠬᠡᠷ ᠂ ᠬᠤᠨᠢ ᠪᠠᠷ ᠭᠤᠤᠯᠯᠠᠵᠤ᠂ 2013 ᠤᠨ ᠤ ᠮᠠᠯ ᠤᠨ ᠵᠤᠭᠰᠤᠭ᠎ᠠ ᠲᠤᠭ᠎ᠠ ᠨᠢ 14945 ᠲᠤᠭ᠎ᠠ ᠲᠤᠯᠤᠭᠠᠢ ᠬᠦᠷᠴᠤ᠂ ᠡᠬᠦᠨ ᠳᠤ ᠦᠬᠡᠷ ᠤᠨ ᠵᠤᠭᠰᠤᠭ᠎ᠠ ᠲᠤᠭ᠎ᠠ ᠨᠢ 5209᠂ ᠬᠤᠨᠢᠨ ᠤ ᠵᠤᠭᠰᠤᠭ᠎ᠠ ᠲᠤᠭ᠎ᠠ ᠨᠢ 9736 ᠎ ᠳᠤ ᠬᠦᠷᠦᠭᠰᠠᠨ ᠪᠠᠶᠢᠨ᠎ᠠ᠃ 
 
ᠢᠷᠡᠯᠲᠡ᠄ www.kqmw.gov.cn
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号