ᠲᠠᠯᠠᠶᠢᠨᠠᠭᠤᠷ ᠪᠠᠯᠭᠠᠰᠤᠨ ᠤ ᠲᠤᠯᠢ ᠭᠠᠴᠠᠭᠠᠨ ᠤ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2014/4/3
        ᠨᠢᠭᠡ᠂ ᠭᠠᠵᠠᠷ ᠵᠦᠢ ᠶᠢᠨ ᠪᠠᠶᠢᠷᠢᠰᠢᠯ ᠵᠢᠴᠢ ᠪᠠᠶᠢᠭᠠᠯᠢ ᠶᠢᠨ ᠨᠦᠬᠦᠴᠡᠯ᠄       ᠲᠤᠯᠢ ᠭᠠᠴᠠᠭ᠎ᠠ ᠨᠢ ᠬᠡᠰᠢᠭᠳᠡᠨ ᠬᠤᠰᠢᠭᠤᠨ ᠤ ᠲᠠᠯᠠᠶᠢᠨᠠᠭᠤᠷ ᠪᠠᠯᠭᠠᠰᠤᠨ ᠤ ᠪᠠᠷᠠᠭᠤᠨ ᠬᠡᠰᠡᠭ ᠲᠤ ᠪᠠᠶᠢᠷᠢᠯᠠᠵᠤ᠂ ᠬᠤᠰᠢᠭᠤᠨ ᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠪᠢᠷᠠᠭᠤ ᠪᠠᠯᠭᠠᠰᠤᠨ ᠠᠴᠠ 55 ᠺᠢᠯᠤᠮᠧᠲᠷ ᠵᠠᠶᠢᠳᠠᠢ᠃ ᠭᠠᠴᠠᠭᠠᠨ ᠤ ᠶᠡᠷᠥᠩᠬᠡᠢ ᠲᠠᠯᠠᠪᠠᠢ ᠨᠢ 27.4 ᠲᠦᠮᠡᠨ ᠮᠤ᠋᠂ ᠡᠬᠦᠨ ᠳᠤ ᠬᠠᠳᠤᠯᠠᠩ ᠤᠨ ᠲᠠᠯᠠᠪᠠᠢ ᠨᠢ 7.3 ᠲᠦᠮᠡᠨ ᠮᠤ᠋᠂ ᠪᠡᠯᠴᠢᠬᠡᠷᠯᠡᠬᠦᠯᠬᠦ ᠲᠠᠯᠠᠪᠠᠢ ᠨᠢ 13.9 ᠲᠦᠮᠡᠨ ᠮᠤ᠋ ᠪᠤᠢ᠃ ᠡᠷᠦᠬᠡ ᠲᠤᠮᠳᠠᠴᠢ  ᠶᠢᠨ ᠪᠤᠷᠳᠤᠭᠠᠨ ᠭᠠᠵᠠᠷ ᠤᠨ ᠲᠠᠯᠠᠪᠠᠢ ᠨᠢ 17 ᠮᠤ᠋᠂ ᠮᠠᠰᠢᠨ ᠢᠶᠠᠷ ᠰᠦᠷᠴᠢᠨ ᠤᠰᠤᠯᠠᠵᠤ ᠪᠦᠬᠦᠢ ᠬᠠᠳᠤᠯᠠᠩ ᠤᠨ ᠲᠠᠯᠠᠪᠠᠢ ᠨᠢ 2420 ᠮᠤ᠋ ᠪᠤᠢ᠃ ᠰᠠᠭᠤᠷᠢ ᠲᠦᠬᠦᠬᠡᠷᠦᠮᠵᠢ ᠨᠡᠯᠢᠶᠡᠳ ᠲᠡᠬᠦᠯᠳᠡᠷᠵᠢᠵᠤ᠂ ᠴᠢᠮᠡᠭᠡ ᠨᠡᠪᠳᠡᠷᠡᠬᠦᠯᠬᠡ  ᠶᠢᠨ ᠨᠦᠬᠦᠴᠡᠯ ᠲᠦᠬᠦᠮ ᠲᠦᠳᠠ ᠪᠤᠯᠵᠤ᠂ ᠤᠰᠤ ᠴᠠᠬᠢᠯᠭᠠᠨ ᠤ ᠰᠠᠭᠤᠷᠢ ᠨᠦᠬᠦᠴᠡᠯ ᠪᠦᠷᠢᠨ ᠲᠦᠬᠦᠷᠵᠢᠭᠰᠡᠨ ᠪᠠᠶᠢᠨ᠎ᠠ᠃       ᠬᠤᠶᠠᠷ᠂ ᠵᠠᠰᠠᠭ ᠵᠠᠬᠢᠷᠭᠠᠨ ᠤ ᠬᠤᠪᠢᠷᠠᠷᠢᠯᠠᠯᠳᠠ᠄       ᠭᠠᠴᠠᠭ᠎ᠠ ᠨᠢ 6 ᠲᠤᠭᠤᠶᠢᠯᠠᠩ ᠢᠶᠠᠷ ᠪᠦᠷᠢᠯᠳᠤᠵᠤ᠂ ᠨᠡᠶᠢᠳᠠ 145 ᠡᠷᠦᠬᠡ᠂ 494 ᠬᠦᠮᠦᠨ ᠠᠮᠠ ᠲᠠᠢ᠃       ᠭᠤᠷᠪᠠ᠂ ᠨᠠᠶᠢᠬᠡᠮ ᠠᠵᠤ ᠠᠬᠤᠢ ᠶᠢᠨ ᠪᠠᠶᠢᠳᠠᠯ᠄       ᠭᠠᠴᠠᠭᠠᠨ ᠤ ᠰᠤᠷᠭᠠᠭᠤᠯᠢ ᠳᠤ ᠤᠷᠤᠬᠤ ᠨᠠᠰᠤᠨ ᠳᠤ ᠬᠦᠷᠦᠭᠰᠡᠨ ᠪᠠᠭᠠᠴᠤᠳ ᠬᠡᠤᠬᠡᠳ  ᠤᠳ ᠲᠠᠯᠠᠶᠢᠨᠠᠭᠤᠷ ᠦᠨᠳᠤᠰᠤᠳᠠᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠳᠤ ᠰᠤᠷᠤᠯᠴᠠᠵᠤ᠂ ᠰᠤᠷᠭᠠᠭᠤᠯᠢ ᠳᠤ ᠤᠷᠤᠬᠤ ᠨᠤᠷᠮ᠎ᠠ 100% ᠳᠤ ᠬᠦᠷᠴᠠᠢ᠃ ᠭᠠᠴᠠᠭᠠᠨ ᠤ ᠠᠯᠪᠠᠨ ᠬᠡᠷ ᠤᠨ ᠪᠠᠷᠢᠯᠭ᠎ᠠ ᠶᠢᠨ ᠲᠠᠯᠠᠪᠠᠢ ᠨᠢ 160 ᠺᠦᠸᠠᠳ᠋ ᠮᠧᠲᠷ᠂ ᠭᠠᠴᠠᠭᠠᠨ ᠤ ᠱᠠᠳᠤᠨ ᠤ ᠡᠷᠡᠬᠦᠯ ᠬᠠᠮᠠᠭᠠᠯᠠᠯ ᠤᠨ ᠲᠠᠰᠤᠭ 1 ᠪᠠᠶᠢᠵᠤ᠂ ᠲᠠᠯᠠᠪᠠᠢ ᠨᠢ 70 ᠺᠦᠸᠠᠳ᠋ ᠮᠧᠲᠷ᠃ ᠠᠷᠠᠳ ᠲᠤ ᠲᠦᠬᠦᠮ ᠦᠵᠡᠬᠦᠯᠬᠦ ᠲᠡᠯᠬᠡᠬᠦᠷ 1 ᠪᠤᠢ᠃ ᠶᠠᠳᠠᠭᠤ ᠬᠦᠴᠢᠷᠳᠠᠢ ᠡᠷᠦᠭᠡ ᠳᠤ᠂ ᠲᠤᠤᠷ᠎ᠠ ᠪᠠᠳᠤᠯᠠᠭ᠎ᠠ ᠶᠢᠨ ᠬᠠᠷᠠᠭᠠᠯᠵᠠᠯ ᠢ ᠬᠦᠷᠳᠡᠵᠤ ᠪᠦᠬᠦᠢ ᠮᠠᠯᠴᠢᠨ ᠡᠷᠦᠬᠡ 48 ᠡᠷᠦᠬᠡ ᠪᠠᠶᠢᠵᠤ᠂ ᠪᠦᠬᠦ ᠭᠠᠴᠠᠭᠠᠨ ᠤ ᠶᠡᠷᠦᠩᠬᠡᠢ ᠡᠷᠦᠬᠡ ᠶᠢᠨ ᠲᠤᠭᠠᠨ ᠤ 33% ᠶᠢ ᠡᠵᠡᠯᠡᠵᠤ᠂ ᠠᠮᠢᠳᠤᠷᠠᠯ ᠤᠨ ᠬᠢᠷᠢ ᠲᠦᠪᠰᠢᠨ ᠨᠢ ᠦᠨᠳᠤᠰᠤᠨ ᠳᠤ ᠪᠠᠨ ᠢᠳᠡᠵᠦ ᠡᠮᠦᠰᠬᠦ ᠳᠡᠭᠡᠨ ᠵᠥᠪ ᠪᠤᠯᠤᠭᠰᠠᠨ ᠪᠠᠶᠢᠨ᠎ᠠ᠃ ᠨᠡᠶᠢᠳᠠ 25 ᠵᠡᠮᠳᠡᠭ ᠡᠷᠦᠬᠡ᠂ 31 ᠬᠦᠮᠦᠨ ᠪᠤᠢ᠃ 142 ᠡᠷᠦᠬᠡ᠂ 489 ᠬᠦᠮᠦᠨ ᠰᠢᠨ᠎ᠠ ᠬᠡᠯᠪᠡᠷᠢ ᠶᠢᠨ ᠬᠤᠷᠰᠢᠭᠰᠠᠨ ᠡᠮᠨᠡᠯᠭᠡ ᠳᠤ ᠤᠷᠤᠯᠴᠠᠵᠤ᠂ ᠪᠦᠬᠦ ᠭᠠᠴᠠᠭᠠᠨ ᠤ ᠶᠡᠷᠦᠩᠬᠡᠢ ᠡᠷᠦᠬᠡ ᠶᠢᠨ ᠲᠤᠭ᠎ᠠ ᠪᠠ ᠶᠡᠷᠦᠩᠬᠡᠢ ᠬᠦᠮᠦᠨ ᠠᠮᠠ ᠶᠢᠨ ᠲᠤᠭᠠᠨ ᠤ 97.9% ᠪᠠ 98.9% ᠶᠢ ᠡᠵᠡᠯᠡᠵᠤ ᠪᠤᠢ᠃ ᠤᠳᠤ ᠪᠠᠶᠢᠭ᠎ᠠ ᠭᠠᠴᠠᠭᠠᠨ ᠤ ᠤᠳᠤᠷᠢᠳᠤᠯᠭ᠎ᠠ 6 ᠨᠡᠷ᠎ᠡ᠂ ᠡᠬᠦᠷ ᠤᠨ ᠵᠦᠪᠯᠡᠯ ᠤᠨ ᠬᠡᠰᠢᠬᠦᠨ 3 ᠨᠡᠷ᠎ᠡ᠂ ᠭᠠᠴᠠᠭᠠᠨ ᠵᠦᠪᠯᠡᠯ ᠤᠨ ᠬᠡᠰᠢᠬᠦᠨ 3 ᠨᠡᠷ᠎ᠡ᠂ ᠭᠠᠴᠠᠭᠠᠨ ᠤ ᠱᠠᠳᠤᠨ ᠤ ᠪᠡᠯᠡᠳᠬᠡᠯ ᠺᠠᠳ᠋ᠷ 4 ᠪᠤᠢ᠃       ᠲᠦᠷᠪᠡ᠂ ᠠᠵᠤ ᠦᠢᠯᠡᠰ ᠤᠨ ᠬᠦᠭᠵᠢᠯᠳᠠ ᠶᠢᠨ ᠪᠠᠶᠢᠳᠠᠯ᠄       ᠲᠤᠯᠢ ᠭᠠᠴᠠᠭᠠᠨ ᠤ ᠤᠷᠤᠨ ᠪᠠᠶᠢᠷᠢ ᠶᠢᠨ ᠲᠠᠪᠠᠭᠤᠯᠢᠭ ᠲᠤ ᠲᠦᠰᠢᠭᠯᠡᠵᠤ᠂ ᠮᠠᠯ ᠠᠵᠤ ᠠᠬᠤᠢ ᠨᠢ ᠭᠠᠴᠠᠭᠠᠨ ᠤ ᠲᠤᠯᠭᠠᠭᠤᠷᠢᠯᠠᠭᠴᠢ ᠠᠵᠤ ᠦᠢᠯᠡᠰ ᠪᠤᠯᠤᠭᠰᠠᠨ ᠪᠠᠶᠢᠨ᠎ᠠ᠃ ᠮᠠᠯ ᠠᠵᠤ ᠠᠬᠤᠢ ᠶᠢᠨ ᠤᠷᠤᠯᠭ᠎ᠠ ᠨᠢ ᠭᠠᠴᠠᠭᠠᠨ ᠤ ᠮᠠᠯᠴᠢᠨ ᠡᠷᠦᠬᠡ ᠶᠢᠨ ᠤᠷᠤᠯᠭ᠎ᠠ ᠶᠢᠨ ᠭᠤᠤᠯ ᠢᠷᠡᠯᠳᠠ ᠪᠤᠯᠵᠤ᠂ ᠭᠠᠴᠠᠭᠠᠨ ᠤ ᠠᠵᠤ ᠠᠬᠤᠢ ᠶᠢᠨ ᠤᠷᠤᠯᠭ᠎ᠠ ᠶᠢᠨ ᠭᠤᠤᠯ ᠨᠡᠮᠡᠭᠳᠡᠯ ᠤᠨ ᠴᠢᠭ ᠪᠤᠯᠵᠤ᠂ ᠭᠠᠴᠠᠭᠠᠨ ᠤ ᠮᠠᠯᠴᠢᠨ ᠡᠷᠦᠬᠡ ᠶᠢᠨ ᠤᠷᠤᠯᠭ᠎ᠠ  ᠶᠢᠨ ᠨᠡᠮᠡᠭᠳᠡᠯ ᠳᠤ ᠴᠢᠬᠤᠯᠠ ᠦᠢᠯᠡᠳᠤᠯ ᠦᠵᠡᠬᠦᠯᠵᠤ ᠪᠤᠢ᠃ ᠭᠠᠴᠠᠭᠠᠨ ᠤ ᠤᠳᠤ ᠪᠠᠶᠢᠭ᠎ᠠ ᠮᠠᠯ ᠠᠬᠤᠢ ᠨᠢ ᠦᠬᠡᠷ ᠂ ᠬᠤᠨᠢ ᠪᠠᠷ ᠭᠤᠤᠯᠯᠠᠵᠤ᠂ 2013 ᠤᠨ ᠤ ᠮᠠᠯ ᠤᠨ ᠵᠤᠭᠰᠤᠭ᠎ᠠ ᠲᠤᠭ᠎ᠠ ᠨᠢ 14945 ᠲᠤᠭ᠎ᠠ ᠲᠤᠯᠤᠭᠠᠢ ᠬᠦᠷᠴᠤ᠂ ᠡᠬᠦᠨ ᠳᠤ ᠦᠬᠡᠷ ᠤᠨ ᠵᠤᠭᠰᠤᠭ᠎ᠠ ᠲᠤᠭ᠎ᠠ ᠨᠢ 5209᠂ ᠬᠤᠨᠢᠨ ᠤ ᠵᠤᠭᠰᠤᠭ᠎ᠠ ᠲᠤᠭ᠎ᠠ ᠨᠢ 9736  ᠳᠤ ᠬᠦᠷᠦᠭᠰᠠᠨ ᠪᠠᠶᠢᠨ᠎ᠠ᠃ 
 
ᠢᠷᠡᠯᠲᠡ᠄ www.kqmw.gov.cn
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号