ᠲᠠᠯᠠᠶᠢᠨᠠᠭᠤᠷ ᠪᠠᠯᠭᠠᠰᠤᠨ ᠤ ᠬᠠᠨᠳᠤᠬᠤ ᠭᠠᠴᠠᠭᠠᠨ ᠤ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2014/4/4
        ᠨᠢᠭᠡ᠂ ᠭᠠᠵᠠᠷ ᠵᠦᠢ ᠶᠢᠨ ᠪᠠᠶᠢᠷᠢᠰᠢᠯ ᠵᠢᠴᠢ ᠪᠠᠶᠢᠭᠠᠯᠢ ᠶᠢᠨ ᠨᠦᠬᠦᠴᠡᠯ᠄       ᠬᠠᠨᠳᠤᠬᠤ ᠭᠠᠴᠠᠭ᠎ᠠ ᠨᠢ ᠲᠠᠯᠠᠶᠢᠨᠠᠭᠤᠷ ᠪᠠᠯᠭᠠᠰᠤᠨ ᠤ ᠵᠡᠬᠦᠨ ᠡᠮᠤᠨ᠎ᠡ ᠬᠡᠰᠡᠭ ᠲᠤ ᠪᠠᠶᠢᠷᠢᠯᠠᠵᠤ ᠪᠦᠬᠦᠢ ᠨᠢᠬᠡᠨ ᠴᠤᠯ ᠮᠠᠯᠵᠢᠬᠤ ᠭᠠᠴᠠᠭ᠎ᠠ ᠮᠦᠨ᠃ ᠭᠠᠴᠠᠭᠠᠨ ᠤ ᠶᠡᠷᠦᠩᠬᠡᠢ ᠲᠠᠯᠠᠪᠠᠢ ᠨᠢ 40 ᠲᠦᠮᠡᠨ ᠮᠤ᠋ ᠪᠠᠶᠢᠵᠤ᠂ ᠡᠬᠦᠨ ᠤ ᠲᠤᠮᠳᠠ᠄ ᠬᠠᠳᠤᠯᠠᠩ ᠤᠨ ᠲᠠᠯᠠᠪᠠᠢ ᠨᠢ 6 ᠲᠦᠮᠡᠨ ᠮᠤ᠋᠂ ᠪᠡᠯᠴᠢᠬᠡᠷᠯᠡᠬᠦᠯᠬᠦ ᠲᠠᠯᠠᠪᠠᠢ ᠨᠢ 34 ᠲᠦᠮᠡᠨ ᠮᠤ᠋ ᠪᠤᠢ᠃       ᠬᠤᠶᠠᠷ᠂ ᠵᠠᠰᠠᠭ ᠵᠠᠬᠢᠷᠭᠠᠨ ᠤ ᠬᠤᠪᠢᠷᠢᠶᠡᠯᠠᠯᠳᠠ᠄       ᠭᠠᠴᠠᠭ᠎ᠠ ᠨᠢ 11 ᠲᠤᠭᠤᠶᠢᠯᠠᠩ ᠢᠶᠠᠷ ᠪᠦᠷᠢᠯᠳᠤᠵᠤ᠂ ᠭᠠᠴᠠᠭᠠᠨ ᠤ ᠶᠡᠷᠦᠩᠬᠡᠢ ᠡᠷᠦᠬᠡ ᠶᠢᠨ ᠲᠤᠭ᠎ᠠ ᠨᠢ 196᠂ ᠬᠦᠮᠦᠨ ᠠᠮᠠ ᠶᠢᠨ ᠶᠡᠷᠦᠩᠬᠡᠢ ᠲᠤᠭ᠎ᠠ ᠨᠢ 796᠂ ᠬᠦᠳᠡᠯᠮᠤᠷᠢ ᠬᠦᠴᠦ 482 ᠬᠦᠮᠦᠨ ᠪᠤᠢ ᠃ ᠬᠠᠨᠳᠤᠬᠤ ᠭᠠᠴᠠᠭᠠᠨ ᠤ ᠨᠠᠮ ᠤᠨ ᠡᠬᠦᠷ ᠤᠨ ᠤᠳᠤ ᠪᠠᠶᠢᠭ᠎ᠠ ᠨᠠᠮ ᠤᠨ ᠬᠡᠰᠢᠬᠦᠨ ᠨᠢ 33 ᠨᠡᠷ᠎ᠡ᠂ ᠤᠳᠤ ᠪᠠᠶᠢᠭ᠎ᠠ ᠡᠬᠦᠷ ᠤᠨ ᠵᠦᠪᠯᠡᠯ ᠤᠨ ᠬᠡᠰᠢᠬᠦᠨ ᠨᠢ 3 ᠬᠦᠮᠦᠨ᠂ ᠡᠬᠦᠨ ᠤ ᠲᠤᠮᠳᠠ ᠡᠮᠡᠭᠳᠠᠢ ᠨᠠᠮ ᠤᠨ ᠬᠡᠰᠢᠬᠦᠨ 4 ᠨᠡᠷ᠎ᠡ᠂ ᠪᠡᠯᠡᠳᠬᠡᠯ ᠨᠠᠮ ᠤᠨ ᠬᠡᠰᠢᠬᠦᠨ 5 ᠨᠡᠷ᠎ᠡ᠂ ᠨᠠᠮ ᠳᠤ ᠤᠷᠤᠬᠤ ᠢᠳᠡᠪᠬᠢᠳᠠᠨ 12 ᠨᠡᠷ᠎ᠡ ᠪᠤᠢ᠃       ᠭᠤᠷᠪᠠ᠂ ᠨᠡᠶᠢᠬᠡᠮ ᠠᠵᠤ ᠠᠬᠤᠢ ᠶᠢᠨ ᠪᠠᠶᠢᠳᠠᠯ᠄       2013 ᠤᠨ ᠤ ᠮᠠᠯ ᠤᠨ ᠶᠡᠷᠦᠩᠬᠡᠢ ᠲᠤᠭ᠎ᠠ ᠨᠢ 2.3 ᠲᠦᠮᠡᠨ ᠲᠤᠯᠤᠭᠠᠢ ︵ᠲᠤᠭ᠎ᠠ︶ ᠪᠠᠶᠢᠵᠤ᠂ ᠡᠬᠦᠨ ᠳᠤ ᠪᠤᠭ ᠮᠠᠯ ᠤᠨ ᠲᠤᠭ᠎ᠠ ᠨᠢ 0.65 ᠲᠦᠮᠡᠨ ᠲᠤᠯᠤᠭᠠᠢ᠂ ᠪᠤᠳᠠ ᠮᠠᠯ ᠤᠨ ᠲᠤᠭ᠎ᠠ ᠨᠢ 1.65 ᠲᠦᠮᠡ ᠪᠤᠢ᠃ ᠭᠠᠴᠠᠭᠠᠨ ᠳᠤ ᠮᠠᠯᠵᠢᠬᠤ ᠤᠷᠤᠨ ᠤ ᠲᠤᠤᠷ᠎ᠠ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠳᠡᠵᠤ ᠪᠦᠬᠦᠢ ᠨᠢ 101 ᠬᠦᠮᠦᠨ᠂ ᠲᠠᠪᠤᠨ ᠪᠠᠳᠤᠯᠠᠭᠠᠳᠤ 3 ᠬᠦᠮᠦᠨ᠂ ᠵᠡᠮᠳᠡᠭ 10 ᠬᠦᠮᠦᠨ ᠂ ᠮᠠᠯ ᠠᠬᠤᠢ ᠦᠭᠡᠢ 46 ᠡᠷᠦᠬᠡ ᠪᠤᠢ᠃ 
 
ᠢᠷᠡᠯᠲᠡ᠄ www.kqmw.gov.cn
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号