ᠬᠡᠰᠢᠭᠳᠡᠨ ᠬᠤᠰᠢᠭᠤᠨ ᠤ ᠠᠭᠤᠷ ᠠᠮᠢᠰᠬᠤᠯ ᠤᠨ ᠤᠨᠴᠠᠯᠢᠭ
ᠨᠡᠶᠢᠲᠡᠯᠡᠭᠰᠡᠨ ᠴᠠᠭ᠄
2014/5/14
      ᠬᠡᠰᠢᠭᠳᠡᠨ ᠬᠤᠰᠢᠭᠤᠨ ᠨᠢ ᠲᠤᠮᠳᠠ ᠰᠡᠷᠢᠬᠦᠨ ᠪᠦᠰᠡᠨ ᠤ ᠭᠠᠩ ᠬᠠᠭᠤᠷᠠᠢ ᠤᠷᠤᠨ ᠳᠤ ᠤᠷᠤᠰᠢᠵᠤ᠂ ᠮᠤᠩᠭᠤᠯ ᠤᠨ ᠦᠨᠳᠦᠷᠯᠢᠭ ᠤᠨ ᠦᠨᠳᠤᠷ ᠲᠠᠷᠤᠯᠳᠠ ᠪᠠ ᠲᠤᠶᠢᠯ ᠤᠨ ᠤᠷᠤᠨ ᠤ ᠡᠬᠡ ᠭᠠᠵᠠᠷ ᠤᠨ ᠠᠭᠠᠷ ᠤᠨ ᠪᠦᠬᠡᠮ᠂ ᠦᠷᠬᠡᠷᠢᠭ ᠪᠠ ᠲᠠᠯᠠᠢ ᠬᠠᠭᠤᠷᠠᠢ ᠶᠢᠨ ᠪᠠᠶᠢᠷᠢᠯᠠᠯ ᠤᠨ ᠨᠦᠯᠦᠬᠡ ᠶᠢ ᠬᠦᠷᠳᠡᠵᠤ ᠠᠭᠤᠷ ᠠᠮᠢᠰᠬᠤᠯ ᠬᠠᠬᠢᠷ ᠬᠦᠢᠳᠠᠨ᠂ ᠭᠠᠩ ᠬᠠᠭᠤᠷᠠᠢ᠂ ᠲᠤᠨᠤᠳᠠᠰᠤ ᠴᠦᠬᠡᠨ᠃ ᠤᠮᠠᠷᠠᠳᠤ ᠳᠡᠳ᠋ ᠬᠠᠯᠠᠭᠤᠨ ᠪᠦᠰᠡᠨ ᠤ ᠤᠯᠠᠷᠢᠯ ᠤᠨ ᠰᠠᠯᠬᠢᠨ ᠤ ᠤᠷᠴᠢᠯ ᠤᠷᠤᠰᠬᠠᠯ ᠪᠤᠯ ᠪᠦᠬᠦ ᠬᠤᠰᠢᠭᠤᠨ ᠤ ᠠᠭᠤᠷ ᠠᠮᠢᠰᠬᠤᠯ ᠤᠨ ᠪᠤᠢ ᠪᠤᠯᠬᠤ ᠭᠤᠤᠯ ᠡᠵᠡᠮᠳᠡᠬᠦ ᠡᠯᠧᠮᠧᠨ᠋ᠲ ᠶᠤᠮ᠃ ᠲᠡᠬᠦᠨ ᠤ ᠨᠦᠯᠦᠬᠡᠨ ᠲᠤᠤᠷ᠎ᠠ ᠬᠡᠰᠢᠭᠳᠡᠨ ᠬᠤᠰᠢᠭᠤᠨ ᠤ ᠵᠤᠨ ᠤ ᠤᠯᠠᠷᠢᠯ ᠤᠬᠤᠷ᠂ ᠲᠤᠯᠠᠭᠠᠨ ᠬᠠᠯᠠᠭᠤᠨ᠂ ᠪᠤᠷᠤᠭᠠᠨ ᠠᠷᠪᠢᠨ︔ ᠡᠪᠤᠯ ᠤᠷᠳᠤ᠂ ᠬᠠᠬᠢᠷ ᠬᠦᠢᠳᠡᠨ᠂ ᠲᠤᠨᠤᠳᠠᠰᠤ ᠴᠦᠬᠡᠨ︔ ᠬᠠᠪᠤᠷ ᠨᠠᠮᠤᠷ ᠤᠨ ᠤᠯᠠᠷᠢᠯ ᠳᠤ ᠴᠠᠭ ᠠᠭᠤᠷ ᠤᠨ ᠬᠤᠪᠢᠷᠠᠯᠳᠠ ᠶᠡᠭᠡ ᠪᠠᠶᠢᠵᠤ᠂ ᠰᠡᠷᠢᠬᠦᠨ ᠪᠦᠰᠡᠨ ᠤ ᠡᠬᠡ ᠭᠠᠵᠠᠷ ᠤᠨ ᠴᠢᠨᠠᠷᠳᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠨ᠎ᠠ᠃       ᠬᠡᠰᠢᠭᠳᠡᠨ ᠬᠤᠰᠢᠭᠤᠨ ᠤ ᠠᠭᠤᠷ ᠠᠮᠢᠰᠬᠤᠯ ᠲᠠᠷᠠᠭᠠᠬᠢ ᠮᠡᠳᠤ ᠬᠡᠳᠤᠨ ᠤᠨᠴᠠᠯᠢᠭ ᠲᠠᠢ ᠪᠠᠶᠢᠳᠠᠭ᠃       ︵ᠨᠢᠭᠡ︶ ᠲᠦᠷᠪᠡᠨ ᠤᠯᠠᠷᠢᠯ ᠢᠯᠡ ᠲᠤᠳᠤ᠂ ᠨᠠᠷᠠᠨ ᠤ ᠲᠤᠰᠤᠯᠳᠠ ᠬᠦᠢᠴᠡᠳ       ᠬᠡᠰᠢᠭᠳᠡᠨ ᠬᠤᠰᠢᠭᠤᠨ ᠤ ᠬᠠᠪᠤᠷ᠂ ᠵᠤᠨ᠂ ᠨᠠᠮᠤᠷ᠂ ᠡᠪᠤᠯ ᠤᠨ ᠤᠯᠠᠷᠢᠯ ᠢᠯᠡ ᠲᠤᠳᠤ᠃ ᠲᠦᠷᠪᠡᠨ ᠤᠯᠠᠷᠢᠯ ᠤᠨ ᠲᠤᠳᠤᠷ᠎ᠠ ᠡᠪᠤᠯ ᠤᠨ ᠤᠯᠠᠷᠢᠯ ᠨᠡᠯᠢᠶᠡᠳ ᠤᠷᠳᠤ︔ ᠬᠠᠪᠤᠷ ᠵᠤᠨ᠂ ᠨᠠᠮᠤᠷ ᠨᠡᠯᠢᠶᠡᠳ ᠤᠬᠤᠷ᠃       ᠤᠯᠠᠷᠢᠯ ᠤᠨ ᠬᠤᠪᠢᠶᠠᠷᠢᠯᠠᠯ ᠨᠢ ᠲᠠᠷᠠᠭᠠᠬᠢ ᠮᠡᠳᠤ᠄ ᠵᠢᠯ ᠪᠦᠷᠢ ᠶᠢᠨ 3᠂ 4᠂ 5 ᠰᠠᠷ᠎ᠠ ᠨᠢ ᠬᠠᠪᠤᠷ ᠤᠨ ᠤᠯᠠᠷᠢᠯ︔ 6᠂ 7᠂ 8 ᠰᠠᠷ᠎ᠠ ᠨᠢ ᠵᠤᠨ ᠤ ᠤᠯᠠᠷᠢᠯ︔ 9᠂ 10 ᠰᠠᠷ᠎ᠠ ᠨᠢ ᠨᠠᠮᠤᠷ ᠤᠨ ᠤᠯᠠᠷᠢᠯ︔ 11 ᠰᠠᠷ᠎ᠠ ᠠᠴᠠ ᠲᠠᠷᠠᠭ᠎ᠠ ᠠᠴᠠ ᠲᠠᠷᠠᠭ᠎ᠠ ᠵᠢᠯ ᠤᠨ 2 ᠰᠠᠷ᠎ᠠ ᠬᠦᠷᠳᠡᠯᠡᠬᠢ ᠨᠢ ᠡᠪᠤᠯ ᠤᠨ ᠤᠯᠠᠷᠢᠯ ᠪᠤᠯᠤᠨ᠎ᠠ᠃       【 ᠴᠤᠬᠤᠯᠳᠠ 】 ᠤᠯᠠᠷᠢᠯ ᠤᠨ ᠬᠤᠪᠢᠶᠠᠷᠢᠯᠠᠯᠳᠠ ᠶᠢ ︽ᠬᠡᠰᠢᠭᠳᠡᠨ ᠬᠤᠰᠢᠭᠤᠨ ᠤ ᠠᠭᠤᠷ ᠠᠮᠢᠰᠬᠤᠯ ᠎ ᠤᠨ ᠮᠠᠲ᠋ᠧᠷᠢᠶᠡᠯ︾᠎ ᠤᠨ ᠪᠠᠷᠢᠮᠵᠢᠶ᠎ᠡ ᠪᠠᠷ᠄ ᠬᠡᠮ ︵hem︶ ︵ᠲᠡᠪᠤᠨ ᠡᠳᠤᠷ ᠢ ᠨᠢᠬᠡ ᠬᠡᠮ︶ ᠲᠤᠮᠳᠠᠴᠢ ᠠᠭᠠᠷ ᠎ ᠤᠨ ᠲᠤᠯᠠᠭᠠᠨ ᠲᠤᠭᠳᠠᠭᠤᠨ ᠢᠶᠠᠷ 10℃᠎ ᠠᠴᠠ ᠲᠤᠤᠷ᠎ᠠ ᠪᠠᠶᠢᠪᠠᠯ ᠡᠪᠤᠯ ᠤᠨ ᠤᠯᠠᠷᠢᠯ ᠬᠡᠵᠤ᠂ 20℃᠎ ᠠᠴᠠ ᠲᠡᠭᠡᠭᠰᠢ ᠪᠠᠶᠢᠪᠠᠯ ᠵᠤᠨ ᠤ ᠤᠯᠠᠷᠢᠯ ᠬᠡᠵᠤ᠂ 10℃ ᠲᠡᠭᠡᠭᠰᠢᠯᠡᠬᠡᠳ 20℃᠎ ᠲᠤ ᠬᠦᠷᠪᠡᠯ ᠬᠠᠪᠤᠷ ᠤᠨ ᠤᠯᠠᠷᠢᠯ᠂ 20℃᠎ ᠠᠴᠠ ᠲᠤᠷᠤᠭᠰᠢᠯᠠᠭᠠᠳ 10℃᠎ ᠲᠤ ᠬᠦᠷᠪᠡᠯ ᠨᠠᠮᠤᠷ ᠤᠨ ᠤᠯᠠᠷᠢᠯ ᠬᠡᠵᠤ ᠲᠤᠭᠳᠠᠭᠠᠪᠠ᠃       ᠬᠡᠰᠢᠭᠳᠡᠨ ᠬᠤᠰᠢᠭᠤᠨ ᠤ ᠨᠠᠷᠠᠨ ᠤ ᠲᠤᠰᠤᠯᠳᠠ ᠬᠦᠢᠴᠡᠳ᠃ ᠪᠦᠬᠦ ᠬᠤᠰᠢᠭᠤᠨ ᠤ ᠲᠤᠮᠳᠠᠴᠢ ᠨᠠᠷᠠᠨ ᠤ ᠲᠤᠰᠤᠯᠳᠠ ᠶᠢᠨ ᠲᠤᠭ᠎ᠠ 2600~ 2950 ᠴᠠᠭ᠂ ᠵᠡᠬᠦᠨ ᠡᠮᠤᠨᠡᠳᠤ ᠬᠡᠰᠡᠭ ᠨᠢ ᠪᠠᠷᠠᠭᠤᠨ ᠬᠤᠶᠢᠳᠤ ᠬᠡᠰᠡᠭ ᠎ ᠠᠴᠠ ᠪᠠᠨ ᠠᠷᠪᠢᠨ᠃ ᠨᠠᠷᠠᠨ ᠤ ᠲᠤᠰᠤᠯᠳᠠ ᠶᠢᠨ ᠵᠠᠭᠤᠨ ᠤ ᠬᠤᠪᠢ ᠲᠠᠶᠢᠯᠪᠤᠷᠢ ᠨᠢ 62~65%᠃ ᠡᠬᠦᠨ ᠳᠤ 4 ᠰᠠᠷ᠎ᠠ ᠠᠴᠠ 9 ᠰᠠᠷ᠎ᠠ ᠬᠦᠷᠳᠡᠯᠡᠬᠢ ᠨᠢ 60%᠎ ᠶᠢ ᠡᠵᠡᠯᠡᠵᠤ᠂ ᠪᠤᠰᠤᠳ ᠰᠠᠷ᠎ᠠ ᠳᠤ 40%᠎ ᠶᠢ ᠡᠵᠡᠯᠡᠳᠡᠭ᠃ ᠨᠠᠷᠠᠨ ᠤ ᠲᠤᠰᠤᠯᠳᠠ ᠬᠦᠢᠴᠡᠳ᠂ ᠬᠡᠷᠡᠯ ᠤᠨ ᠡᠨᠧᠷᠬᠢ ᠶᠢᠨ ᠰᠤᠷᠪᠤᠯᠵᠢ ᠡᠯᠪᠡᠭ ᠪᠠᠶᠢᠳᠠᠭ ᠨᠢ ᠲᠤᠰ ᠬᠤᠰᠢᠭᠤᠨ ᠤ ᠲᠠᠷᠢᠶᠠᠯᠠᠩ ᠤᠨ ᠤᠨᠠᠯᠳᠠ ᠪᠠ ᠲᠤᠭᠳᠠᠭᠤᠨ ᠤᠨᠠᠯᠳᠠ ᠶᠢ ᠪᠠᠳᠤᠯᠠᠬᠤ ᠳᠤ ᠠᠰᠢᠭᠳᠠᠢ ᠨᠦᠬᠦᠴᠡᠯ ᠬᠠᠩᠭᠠᠵᠤ ᠦᠭᠪᠡ       ︵ᠬᠤᠶᠠᠷ︶ ᠢᠯᠴᠢ ᠶᠢᠨ ᠬᠡᠮᠵᠢᠶ᠎ᠡ ᠬᠦᠢᠴᠡᠳ᠂ ᠬᠢᠷᠠᠭᠤ ᠦᠭᠡᠢ ᠬᠤᠭᠤᠴᠠᠭ᠎ᠠ ᠤᠬᠤᠷ       ᠬᠡᠰᠢᠭᠳᠡᠨ ᠬᠤᠰᠢᠭᠤᠨ ᠤ ᠤᠷᠤᠰᠢᠬᠤ ᠦᠷᠬᠡᠷᠢᠭ ᠨᠢ ᠨᠠᠯᠢᠶᠡᠳ ᠦᠨᠳᠤᠷ᠂ ᠨᠠᠷᠠᠨ ᠤ ᠰᠠᠴᠤᠷᠠᠯᠳᠠ ᠨᠡᠯᠢᠶᠡᠳ ᠪᠠᠭᠤᠷᠠᠢ᠂ ᠭᠠᠵᠠᠷ ᠤᠨ ᠨᠢᠭᠤᠷ ᠤᠨ ᠬᠦᠷᠳᠡᠬᠦ ᠢᠯᠴᠢ ᠶᠢᠨ ᠬᠡᠮᠵᠢᠶ᠎ᠡ ᠨᠡᠯᠢᠶᠡᠳ ᠪᠠᠭ᠎ᠠ᠂ ᠠᠭᠠᠷ ᠤᠨ ᠲᠤᠯᠠᠭᠠᠨ ᠨᠡᠯᠢᠶᠡᠳ ᠲᠤᠤᠷ᠎ᠠ᠂ ᠵᠢᠯ ᠤᠨ ᠲᠡᠭᠰᠢᠳᠬᠡᠯ ᠠᠭᠠᠷ ᠤᠨ ᠲᠤᠯᠠᠭᠠᠨ — 2℃ ~ 5℃ ᠬᠤᠭᠤᠷᠤᠨᠳᠤ ᠪᠠᠶᠢᠳᠠᠭ᠃ ᠵᠤᠨ ᠤ ᠤᠯᠠᠷᠢᠯ ᠳᠤ ᠨᠠᠷᠠ ᠤᠮᠠᠷᠠᠳᠤ ᠪᠤᠴᠠᠯᠳᠠ ᠶᠢᠨ ᠱᠤᠭᠤᠮ ᠤᠷᠴᠢᠮ ᠲᠡᠭᠡᠷ᠎ᠡ ᠡᠭ᠍ᠴᠠ ᠲᠤᠰᠬᠤ ᠦᠶ᠎ᠡ ᠳᠤ ᠭᠤᠤᠯ ᠦᠳᠡ ᠶᠢᠨ ᠨᠠᠷᠠᠨ ᠤ ᠦᠨᠳᠤᠷ ᠶᠡᠭᠡ᠂ ᠴᠠᠭ ᠠᠭᠤᠷ ᠠᠭᠠᠬᠢᠮ᠎ᠡ ᠬᠠᠯᠠᠭᠤᠨ᠃ 6᠂ 7᠂ 8 ᠰᠠᠷ᠎ᠠ ᠶᠢᠨ ᠲᠤᠮᠳᠠᠴᠢ ᠠᠭᠠᠷ ᠤᠨ ᠲᠤᠯᠠᠭᠠᠨ ᠨᠢ 15℃~ 19℃᠃ ᠡᠬᠦᠨ ᠤ ᠲᠤᠳᠤᠷ᠎ᠠ 7 ᠳ᠋ᠤᠭᠠᠷ ᠰᠠᠷ᠎ᠠ ᠎ ᠶᠢᠨ ᠠᠭᠠᠷ ᠤᠨ ᠲᠤᠯᠠᠭᠠᠨ ᠬᠠᠮᠤᠭ ᠶᠡᠭᠡ ᠳᠡᠭᠡᠨ 22℃ ᠬᠦᠷᠳᠡᠭ᠃ ᠡᠪᠤᠯ ᠤᠨ ᠤᠯᠠᠷᠢᠯ ᠨᠠᠷᠠ ᠡᠮᠤᠨᠡᠳᠤ ᠪᠤᠴᠠᠯᠳᠠ ᠶᠢᠨ ᠱᠤᠭᠤᠮ ᠤᠷᠴᠢᠮ ︵ᠡᠮᠤᠨᠡᠳᠤ ᠬᠠᠭᠠᠰ ᠪᠦᠮᠪᠦᠷᠴᠡᠭ︶᠎ ᠳᠤ ᠡᠭ᠍ᠴᠡ ᠲᠤᠰᠬᠤ ᠦᠶ᠎ᠡ ᠳᠤ ᠨᠠᠷᠠᠨ ᠤ ᠦᠨᠳᠤᠷ ᠲᠤᠤᠷ᠎ᠠ᠂ ᠠᠭᠠᠷ ᠤᠨ ᠲᠤᠯᠠᠭᠠᠨ ᠨᠡᠯᠢᠶᠡᠳ ᠲᠤᠤᠷ᠎ᠠ᠃ ᠪᠦᠬᠦ ᠵᠢᠯ ᠤᠨ 4 ᠰᠠᠷ᠎ᠠ ᠶᠢᠨ ᠬᠢᠨᠢ ᠲᠤᠮᠳᠠᠴᠢ ᠠᠭᠠᠷ ᠤᠨ ᠲᠤᠯᠠᠭᠠᠨ ᠨᠢ — 12℃~ — 19℃᠃ ᠡᠬᠦᠨ ᠳᠤ 1 ᠳ᠋ᠤᠬᠡᠷ ᠰᠠᠷ᠎ᠠ ᠶᠢᠨ ᠲᠤᠮᠳᠠᠴᠢ ᠠᠭᠠᠷ ᠤᠨ ᠲᠤᠯᠠᠭᠠᠨ ᠨᠢ ᠬᠠᠮᠤᠭ ᠤᠨ ᠲᠤᠤᠷ᠎ᠠ᠂ ᠰᠠᠷ᠎ᠠ ᠶᠢᠨ ᠲᠤᠮᠳᠠᠴᠢ ᠠᠭᠠᠷ ᠤᠨ ᠲᠤᠯᠠᠭᠠᠨ ᠨᠢ — 20℃ ᠤᠷᠴᠢᠮ᠃       1959~ 1990 ᠤᠨ ᠬᠦᠷᠳᠡᠯᠡᠬᠢ ᠴᠠᠭ ᠠᠭᠤᠷ ᠤᠨ ᠮᠠᠲ᠋ᠧᠷᠢᠶᠡᠯ ᠤᠨ ᠪᠦᠷᠢᠳᠬᠡᠯ ᠢ ᠦᠨᠳᠤᠰᠤᠯᠠᠪᠠᠯ ᠬᠡᠰᠢᠭᠳᠡᠨ ᠬᠤᠰᠢᠭᠤᠨ ᠤ ᠠᠭᠠᠷ ᠤᠨ ᠲᠤᠯᠠᠭᠠᠨ ᠤ ᠵᠢᠯ ᠤᠨ ᠬᠤᠪᠢᠷᠠᠯᠳᠠ ᠶᠡᠭᠡ ᠪᠢᠰᠢ᠂ ᠢᠯᠴᠢ ᠶᠢᠨ ᠬᠡᠮᠵᠢᠶ᠎ᠡ ᠨᠡᠯᠢᠶᠡᠳ ᠲᠤᠭᠳᠠᠪᠤᠷᠢᠳᠠᠢ᠃ 80%᠎ ᠶᠢᠨ ᠵᠢᠯ ᠤᠨ ᠲᠤᠮᠳᠠᠴᠢ ᠲᠤᠯᠠᠭᠠᠨ ᠤ ᠬᠡᠮᠵᠢᠶ᠎ᠡ ᠨᠢ 2.6℃ ᠤᠷᠴᠢᠮ᠂ ᠬᠠᠮᠤᠭ ᠦᠨᠳᠤᠷ ᠵᠢᠯ ︵1989︶᠎ ᠳᠡᠭᠡᠨ 3.9᠃ ᠬᠠᠮᠤᠭ ᠲᠤᠤᠷ᠎ᠠ ᠵᠢᠯ ︵1969︶᠎ ᠳᠡᠭᠡᠨ 1.4℃᠂ ᠵᠢᠯ ᠎ ᠤᠨ ᠬᠠᠮᠤᠭ ᠶᠡᠭᠡ ᠵᠦᠷᠢᠶ᠎ᠡ ᠨᠢ 2.5℃᠂ ᠭᠤᠴᠢᠨ ᠵᠢᠯ ᠤᠨ ᠲᠤᠳᠤᠷ᠎ᠠ ᠲᠤᠶᠢᠯ ᠤᠨ ᠦᠨᠳᠤᠷ ᠠᠭᠠᠷ ᠤᠨ ᠲᠤᠯᠠᠭᠠᠨ 37.8℃ ︵1981 ᠤᠨ ᠤ 7 ᠰᠠᠷ᠎ᠠ︶᠂ ᠲᠤᠶᠢᠯ ᠤᠨ ᠲᠤᠤᠷ᠎ᠠ ᠠᠭᠠᠷ ᠤᠨ ᠲᠤᠯᠠᠭᠠᠨ — 36.7℃ ︵1971 ᠤᠨ ᠤ 1 ᠰᠠᠷ᠎ᠠ︶᠃       【 ᠴᠤᠬᠤᠯᠳᠠ 】 ᠨᠠᠷᠠᠨ ᠤ ᠲᠤᠰᠤᠯᠳᠠ ᠶᠢᠨ ᠵᠠᠭᠤᠨ ᠤ ᠬᠤᠪᠢ ᠪᠤᠯ ᠪᠤᠳᠠᠳᠠᠢ ᠨᠠᠷᠠᠨ ᠤ ᠲᠤᠰᠤᠯᠳᠠ ᠎ ᠶᠢᠨ ᠴᠠᠭ ᠤᠨ ᠲᠤᠭ᠎ᠠ ᠪᠠ ᠡᠳᠤᠷ ᠤᠨ ᠶᠡᠷᠦᠩᠬᠡᠢ ᠴᠠᠭ ᠤᠨ ᠲᠤᠭ᠎ᠠ ᠶᠢᠨ ᠬᠠᠷᠢᠴᠠᠯ ᠢ ᠵᠢᠭᠠᠳᠠᠭ᠃       ᠬᠡᠰᠢᠭᠳᠡᠨ ᠬᠤᠰᠢᠭᠤᠨ ᠤ ᠬᠢᠷᠠᠭᠤ ᠦᠭᠡᠢ ᠬᠤᠭᠤᠴᠠᠭ᠎ᠠ ᠨᠡᠯᠢᠶᠡᠳ ᠤᠬᠤᠷ᠂ ᠡᠮᠤᠨ᠎ᠡ ᠤᠮᠠᠷ᠎ᠠ ᠶᠢᠨ ᠵᠦᠷᠢᠶ᠎ᠡ ᠶᠡᠭᠡ᠂ ᠲᠤᠮᠳᠠᠴᠢ ᠪᠠᠷ ᠵᠢᠯ ᠪᠦᠷᠢ 60 ~130 ᠡᠳᠤᠷ᠂ ᠤᠷᠭᠤᠬᠤ ᠬᠤᠭᠤᠴᠠᠭ᠎ᠠ 140 ᠡᠳᠤᠷ ᠤᠷᠴᠢᠮ᠂ ᠠᠰᠢᠭᠳᠤ ᠬᠤᠷᠠᠮᠳᠤᠭᠤᠯᠤᠭᠰᠠᠨ ᠲᠤᠯᠠᠭᠠᠨ ᠨᠢ 1800℃ ~ 2200℃᠃       ᠬᠡᠰᠢᠭᠳᠡᠨ ᠬᠤᠰᠢᠭᠤᠨ ᠤ ᠢᠯᠴᠢ ᠶᠢᠨ ᠬᠡᠮᠵᠢᠶ᠎ᠡ ᠬᠦᠢᠴᠡᠳ᠂ ᠲᠠᠷᠢᠮᠠᠯ ᠤᠨ ᠤᠷᠭᠤᠬᠤ ᠬᠤᠭᠤᠴᠠᠭᠠᠨ ᠲᠤᠳᠤᠷ᠎ᠠ ᠢᠯᠴᠢ᠂ ᠬᠡᠷᠡᠯ ᠤᠨ ᠲᠤᠰᠤᠯᠳᠠ᠂ ᠬᠤᠷᠠᠮᠳᠤᠭᠤᠯᠤᠭᠰᠠᠨ ᠲᠤᠯᠠᠭᠠᠨ ᠨᠢ ᠬᠦᠢᠴᠡᠳ ᠪᠠᠶᠢᠳᠠᠭ᠃ ᠠᠭᠠᠷ ᠎ ᠤᠨ ᠲᠤᠯᠠᠭᠠᠨ ᠤ ᠵᠢᠯ ᠤᠨ ᠬᠤᠭᠤᠷᠤᠨᠳᠤᠬᠢ ᠬᠤᠪᠢᠷᠠᠯᠳᠠ ᠪᠠᠭ᠎ᠠ᠂ ᠢᠯᠴᠢ ᠶᠢᠨ ᠬᠡᠮᠵᠢᠶᠡᠨ ᠤ ᠡᠬᠢ ᠪᠠᠶᠠᠯᠢᠭ ᠨᠡᠯᠢᠶᠡᠳ ᠲᠤᠭᠳᠠᠪᠤᠷᠢᠳᠠᠢ ᠪᠠᠶᠢᠳᠠᠭ ᠨᠢ ᠲᠠᠷᠢᠮᠠᠯ ᠤᠨ ᠲᠦᠷᠦᠯ ᠵᠦᠢᠯ ᠤᠨ ᠲᠠᠷᠢᠬᠤ ᠲᠦᠷᠢᠮᠵᠢᠯ ᠳᠤ ᠠᠰᠢᠭᠳᠠᠢ ᠪᠤᠯᠵᠠᠢ᠃ ᠲᠠᠷᠢᠮᠠᠯ ᠵᠢᠯ ᠳᠤ 1 ᠤᠳᠠᠭ᠎ᠠ ᠲᠠᠷᠢᠵᠤ 1 ᠤᠳᠠᠭ᠎ᠠ ᠪᠤᠯᠪᠠᠰᠤᠷᠠᠨ᠎ᠠ᠃       ︵ᠭᠤᠷᠪᠠ︶ ᠲᠤᠨᠤᠳᠠᠰᠤ ᠬᠦᠢᠴᠡᠳ ᠪᠤᠰᠤ᠂ ᠬᠤᠪᠢᠶᠠᠷᠢᠯᠠᠯᠳᠠ ᠨᠢ ᠵᠢᠭᠳᠡ ᠪᠤᠰᠤ       ᠬᠡᠰᠢᠭᠳᠡᠨ ᠬᠤᠰᠢᠭᠤ ᠨᠢ ᠲᠠᠯᠠᠢ ᠠᠴᠠ ᠬᠤᠯᠠ᠂ ᠨᠤᠮᠤᠬᠠᠨ ᠲᠠᠯᠠᠢ ᠠᠴᠠ ᠢᠷᠡᠬᠦ ᠴᠢᠬᠢᠭᠯᠢᠭ ᠠᠭᠠᠷ ᠤᠨ ᠨᠦᠯᠦᠬᠡ ᠶᠢ ᠬᠦᠷᠳᠡᠬᠦ ᠨᠢ ᠪᠠᠭ᠎ᠠ ᠲᠤᠯᠠ ᠠᠭᠤᠷ ᠠᠮᠢᠰᠬᠤᠯ ᠭᠠᠩ ᠬᠠᠭᠤᠷᠠᠢ᠂ ᠲᠤᠨᠤᠳᠠᠰᠤ ᠴᠦᠬᠡᠨ᠃ ᠤᠯᠠᠨ ᠵᠢᠯ ᠤᠨ ᠲᠤᠮᠳᠠᠴᠢ ᠲᠤᠨᠤᠳᠠᠰᠤ ᠶᠢᠨ ᠬᠡᠮᠵᠢᠶ᠎ᠡ ᠨᠢ 387 ᠮᠢᠯᠢᠮᠧᠲᠷ᠃ ᠵᠤᠨ ᠤ ᠤᠯᠠᠷᠢᠯ ᠤᠨ ᠰᠠᠯᠬᠢᠨ ᠤ ᠴᠢᠩᠭ᠎ᠠ ᠰᠤᠯᠠ ᠲᠡᠭᠰᠢ ᠪᠤᠰᠤ ᠠᠴᠠ ᠪᠤᠯᠵᠤ ᠲᠤᠨᠤᠳᠠᠰᠤᠨ ᠤ ᠬᠡᠮᠵᠢᠶ᠎ᠡ ᠲᠤᠭᠳᠠᠭᠤᠨ ᠦᠭᠡᠢ᠂ ᠵᠢᠯ ᠤᠨ ᠬᠤᠭᠤᠷᠤᠨᠳᠤᠬᠢ ᠬᠤᠪᠢᠷᠠᠯᠳᠠ ᠶᠡᠭᠡ᠃ 30 ᠵᠢᠯ ᠤᠨ ᠲᠤᠳᠤᠷ᠎ᠠ 1959 ᠤᠨ ᠤ ᠵᠢᠯ ᠲᠤᠨᠤᠳᠠᠰᠤ ᠶᠢᠨ ᠬᠡᠮᠵᠢᠶ᠎ᠡ ᠬᠠᠮᠤᠭ ᠠᠷᠪᠢᠨ᠂ 566.7 ᠮᠢᠯᠢᠮᠧᠲᠷ ᠲᠤ ᠬᠦᠷᠴᠠᠢ᠃ 1969 ᠤᠨ ᠳᠤ ᠬᠠᠮᠤᠭ ᠤᠨ ᠴᠦᠬᠡᠨ᠂ 219.6 ᠮᠢᠯᠢᠮᠧᠲᠷ ᠲᠤ ᠬᠦᠷᠪᠡ᠃ ᠵᠢᠯ ᠤᠨ ᠬᠤᠭᠤᠷᠤᠨᠳᠤᠬᠢ ᠬᠤᠪᠢᠷᠠᠯᠳᠠ ᠬᠠᠮᠤᠭ ᠤᠨ ᠶᠡᠭᠡ ᠵᠦᠷᠢᠶ᠎ᠡ ᠬᠡᠮᠵᠢᠭᠳᠡᠯ ᠨᠢ 347.1 ᠮᠢᠯᠢᠮᠧᠲᠷ ᠲᠤ ᠬᠦᠷᠪᠡ᠃       ᠬᠡᠰᠢᠭᠳᠡᠨ ᠬᠤᠰᠢᠭᠤᠨ ᠤ ᠲᠤᠨᠤᠳᠠᠰᠤ ᠶᠢᠨ ᠰᠠᠷ᠎ᠠ ᠶᠢᠨ ᠬᠤᠪᠢᠶᠠᠷᠢᠯᠠᠯᠳᠠ ᠵᠢᠭᠳᠡ ᠪᠤᠰᠤ᠃ ᠵᠤᠨ ᠤ ᠤᠯᠠᠷᠢᠯ ᠳᠤ ᠵᠡᠬᠦᠨ ᠡᠮᠤᠨᠠᠳᠤ ᠶᠢᠨ ᠤᠯᠠᠷᠢᠯ ᠤᠨ ᠰᠠᠯᠬᠢᠨ ᠤ ᠨᠦᠯᠦᠬᠡᠨ ᠲᠤᠤᠷ᠎ᠠ ᠲᠤᠨᠤᠳᠠᠰᠤ ᠠᠷᠪᠢᠨ᠃ ᠡᠬᠦᠨ ᠎ ᠳᠤ 7 ᠰᠠᠷ᠎ᠠ ᠳᠤ ᠲᠤᠨᠤᠳᠠᠰᠤ ᠬᠠᠮᠤᠭ ᠤᠨ ᠠᠷᠪᠢᠨ᠂ ᠰᠠᠷ᠎ᠠ ᠶᠢᠨ ᠲᠤᠮᠳᠠᠴᠢ ᠲᠤᠨᠤᠳᠠᠰᠤ ᠶᠢᠨ ᠬᠡᠮᠵᠢᠶ᠎ᠡ ᠨᠢ 100~170 ᠮᠢᠯᠢᠮᠧᠲᠷ᠃ ᠡᠪᠤᠯ ᠤᠨ ᠤᠯᠠᠷᠢᠯ ᠳᠤ ᠪᠠᠷᠠᠭᠤᠨ ᠬᠤᠶᠢᠳᠤ ᠶᠢᠨ ᠤᠯᠠᠷᠢᠯ ᠤᠨ ᠰᠠᠯᠬᠢᠨ ᠤ ᠨᠦᠯᠦᠬᠡᠨ ᠲᠤᠤᠷ᠎ᠠ ᠲᠤᠨᠤᠳᠠᠰᠤ ᠴᠦᠬᠡᠨ᠂ 12 ᠰᠠᠷ᠎ᠠ ᠳᠤ ᠲᠤᠨᠤᠳᠠᠰᠤ ᠬᠠᠮᠤᠭ ᠤᠨ ᠴᠦᠬᠡᠨ᠂ ᠰᠠᠷ᠎ᠠ ᠶᠢᠨ ᠲᠤᠮᠳᠠᠴᠢ ᠲᠤᠨᠤᠳᠠᠰᠤᠨ ᠤ ᠬᠡᠮᠵᠢᠶ᠎ᠡ ᠨᠢ 1.9 ᠮᠢᠯᠢᠮᠧᠲᠷ᠃       ᠬᠡᠰᠢᠭᠳᠡᠨ ᠬᠤᠰᠢᠭᠤᠨ ᠤ ᠲᠤᠨᠤᠳᠠᠰᠤᠨ ᠤ ᠵᠢᠯ ᠤᠨ ᠬᠤᠭᠤᠷᠤᠨᠳᠤᠬᠢ ᠬᠤᠪᠢᠷᠠᠯᠳᠠ ᠪᠠ ᠤᠯᠠᠷᠢᠯ ᠤᠨ ᠬᠤᠪᠢᠶᠠᠷᠢᠯᠠᠯᠳᠠ ᠬᠡᠳᠦᠶᠢᠪᠡᠷ ᠵᠦᠷᠢᠶ᠎ᠡ ᠨᠢ ᠨᠡᠯᠢᠶᠡᠳ ᠶᠡᠭᠡ ᠪᠤᠯᠪᠠᠰᠤ 80%᠎ ᠶᠢᠨ ᠵᠢᠯ ᠤᠨ ᠲᠤᠨᠤᠳᠠᠰᠤᠨ ᠤ ᠬᠡᠮᠵᠢᠶ᠎ᠡ ᠨᠢ 200 ~400 ᠮᠢᠯᠢᠮᠧᠲᠷ ᠤᠨ ᠬᠤᠭᠤᠷᠤᠨᠳᠤ ᠪᠠᠶᠢᠳᠠᠭ᠃ ᠲᠤᠨᠤᠳᠠᠰᠤ ᠨᠢ ᠵᠤᠨ ᠤ ᠤᠯᠠᠷᠢᠯ ᠳᠤ ᠲᠦᠪᠯᠡᠷᠡᠵᠤ ᠪᠤᠷᠤᠭᠠᠨ ᠢᠯᠴᠢ ᠠᠳᠠᠯᠢ ᠬᠤᠭᠤᠴᠠᠭᠠᠨ ᠳᠤ ᠲᠠᠭᠠᠷᠠᠵᠤ ᠲᠠᠷᠢᠮᠠᠯ ᠤᠨ ᠤᠷᠭᠤᠯᠳᠠ ᠳᠤ ᠠᠰᠢᠭᠳᠠᠢ᠃       ︵ᠲᠦᠷᠪᠡ︶ ᠤᠨᠴᠠᠭᠠᠢ ᠴᠢᠨᠠᠷᠳᠠᠢ ᠴᠠᠭ ᠠᠭᠤᠷ       ᠤᠨᠴᠠᠭᠠᠢ ᠴᠢᠨᠠᠷᠳᠠᠢ ᠴᠠᠭ ᠠᠭᠤᠷ ᠤᠯᠠᠨ ᠪᠠᠶᠢᠳᠠᠭ ᠨᠢ ᠬᠡᠰᠢᠭᠳᠡᠨ ᠬᠤᠰᠢᠭᠤᠨ ᠤ ᠠᠭᠤᠷ ᠠᠮᠢᠰᠬᠤᠯ ᠤᠨ ᠨᠢᠬᠡᠨ ᠲᠤᠪᠤᠶᠢᠭᠰᠠᠨ ᠤᠨᠴᠠᠯᠢᠭ ᠶᠤᠮ᠃ ᠡᠪᠤᠯ ᠬᠠᠪᠤᠷ ᠤᠨ ᠬᠤᠭᠤᠷᠤᠨᠳᠤᠬᠢ ᠬᠦᠢᠳᠡᠨ ᠤᠷᠤᠰᠬᠠᠯ ᠪᠠ ᠲᠤᠤᠷ᠎ᠠ ᠲᠤᠯᠠᠭᠠᠨ᠂ ᠬᠠᠪᠤᠷ ᠵᠤᠨ ᠤ ᠭᠠᠩ ᠬᠠᠪᠰᠠᠷᠭᠠᠨ᠂ ᠶᠡᠭᠡ ᠰᠠᠯᠬᠢ ᠵᠢᠴᠢ ᠬᠡᠰᠡᠭ ᠭᠠᠵᠠᠷ ᠤᠷᠤᠨ ᠤ ᠮᠦᠨᠳᠤᠷ᠂ ᠬᠠᠷ᠎ᠠ ᠴᠠᠭᠠᠨ ᠵᠤᠳ ᠵᠡᠷᠭᠡ ᠴᠠᠭ ᠠᠭᠤᠷ ᠨᠢ ᠬᠡᠰᠢᠭᠳᠡᠨ ᠬᠤᠰᠢᠭᠤᠨ ᠤ ᠤᠨᠴᠠᠭᠠᠢ ᠴᠢᠨᠠᠷᠳᠠᠢ ᠴᠠᠭ ᠠᠭᠤᠷ ᠪᠤᠯᠵᠤ᠂ ᠪᠦᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ᠂ ᠠᠵᠤ ᠦᠢᠯᠡᠳᠪᠤᠷᠢᠯᠡᠯ ᠪᠠ ᠠᠷᠠᠳ ᠤᠨ ᠠᠮᠢᠳᠤᠷᠠᠯ ᠳᠤ ᠪᠦᠷ ᠵᠤᠬᠢᠬᠤ ᠨᠦᠯᠦᠬᠡ ᠦᠵᠡᠬᠦᠯᠳᠡᠭ᠃ ᠵᠠᠷᠢᠮ ᠤᠨᠴᠠᠭᠠᠢ ᠴᠢᠨᠠᠷᠳᠠᠢ ᠴᠠᠭ ᠠᠭᠤᠷ ᠨᠢ ᠦᠢᠯᠡᠳᠪᠤᠷᠢ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠤᠷᠢᠯᠡᠯ ᠳᠤ ᠵᠤᠬᠢᠬᠤ ᠬᠤᠤᠷ ᠬᠦᠨᠦᠬᠡᠯ ᠤᠴᠠᠷᠠᠭᠤᠯᠵᠤ᠂ ᠭᠠᠮᠰᠢᠭᠳᠤ ᠴᠢᠨᠠᠷᠳᠠᠢ ᠴᠠᠭ ᠠᠭᠤᠷ ᠪᠤᠯᠪᠠ᠃
 
ᠢᠷᠡᠯᠲᠡ᠄ ︽ᠬᠡᠰᠢᠭᠳᠡᠨ ᠭᠠᠵᠠᠷ ᠵᠦᠢ︾
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号