ᠪᠠᠶᠠᠨ ᠵᠢᠷᠦᠬᠡ ᠳᠤ ᠬᠦᠷᠬᠡᠭᠰᠡᠨ ᠪᠠᠨᠴᠢᠨ ᠪᠤᠭᠳᠠ ᠶᠢᠨ ᠪᠡᠯᠡᠭ
ᠨᠡᠶᠢᠲᠡᠯᠡᠭᠰᠡᠨ ᠴᠠᠭ᠄
2014/5/4
        ᠶᠢᠰᠦᠳᠦᠬᠡᠷ ᠲᠦᠷᠦᠯ ᠤᠨ ᠪᠠᠨᠴᠢᠨ ᠪᠤᠭᠳᠠ ᠦᠪᠦᠷ ᠮᠤᠩᠭᠤᠯ ᠤᠨ ᠡᠯ᠎ᠡ ᠤᠷᠤᠨ ᠢᠶᠠᠷ ᠲᠤᠭᠤᠷᠢᠨ ᠨᠤᠮ ᠲᠠᠯᠪᠢᠵᠤ ᠶᠠᠪᠤᠬᠤ ᠳᠠᠭᠠᠨ 1929 ᠤᠨ ᠤ ᠪᠢᠯᠢᠭ ᠤᠨ ᠤᠯᠠᠷᠢᠯ ᠤᠨ 3 ᠰᠠᠷ᠎ᠠ ᠶᠢᠨ 15᠎ ᠤ ᠡᠳᠤᠷ ᠬᠦᠬᠦᠷᠬᠡ ᠰᠦᠮ᠎ᠡ ᠳᠤ ᠬᠦᠷᠴᠤ ᠠᠳᠠ ᠠᠴᠠ ᠡᠬᠢᠯᠡᠨ ᠰᠢᠨ᠎ᠡ ᠲᠤᠯᠢ ᠶᠢᠨ ᠰᠦᠮ᠎ᠡ᠂ ᠪᠢᠷᠠᠭᠤ ᠰᠦᠮ᠎ᠡ ᠳᠤ ᠨᠤᠮ ᠲᠠᠯᠪᠢᠵᠠᠢ᠃ ᠷᠠᠰᠢᠶᠠᠨ ᠰᠦᠮ᠎ᠡ ᠳᠤ ᠪᠠᠭᠤᠭᠠᠳ᠂ ᠦᠪᠡᠷ ᠤᠨ ᠪᠡᠶ᠎ᠡ ᠪᠠᠷ ᠢᠶᠠᠨ ᠪᠠᠶᠠᠨ ᠵᠢᠷᠦᠬᠡ ᠤᠪᠤᠭᠠᠨ ᠎ ᠳᠤ ᠰᠠᠴᠤᠯᠢ ᠲᠠᠯᠪᠢᠭᠰᠠᠨ ᠪᠠᠶᠢᠨ᠎ᠠ᠃       ︽ᠰᠤᠶᠤᠯ ᠤᠨ ᠶᠡᠭᠡ ᠬᠤᠪᠢᠰᠬᠠᠯ︾᠎ ᠤᠨ ᠰᠠᠮᠠᠭᠤᠷᠠᠯ ᠪᠠ ᠪᠤᠰᠤᠳ ᠲᠠᠯ᠎ᠠ ᠶᠢᠨ ᠨᠦᠯᠦᠬᠡ ᠵᠡᠷᠬᠡ ᠠᠴᠠ ᠪᠠᠶᠠᠨ ᠵᠢᠷᠦᠬᠡ ᠶᠢᠨ ᠤᠪᠤᠭᠠᠨ ᠤ ᠵᠢᠯ ᠪᠦᠷᠢ ᠶᠢᠨ ᠪᠢᠯᠢᠭ ᠤᠨ ᠤᠯᠠᠷᠢᠯ ᠤᠨ 5 ᠰᠠᠷ᠎ᠠ ᠶᠢᠨ 13᠎ ᠤ ᠡᠳᠤᠷ ᠤᠨ ᠶᠡᠭᠡ ᠲᠠᠭᠢᠯᠭ᠎ᠠ ᠶᠢᠨ ᠲᠦᠷᠢᠮ ᠨᠢ ᠨᠢᠬᠡ ᠬᠤᠭᠤᠴᠠᠭ᠎ᠠ ᠵᠤᠭᠰᠤᠵᠤ᠂ 1982 ᠤᠨ ᠠᠴᠠ ᠡᠬᠢᠯᠡᠨ ᠤᠤᠯ ᠤᠨ ᠲᠤᠭᠳᠠᠭᠰᠠᠨ ᠲᠦᠷᠢᠮ ᠤᠨ ᠶᠤᠰᠤᠭᠠᠷ ᠲᠠᠬᠢᠯᠭ᠎ᠠ ᠶᠢᠨ ᠶᠡᠭᠡ ᠨᠠᠶᠢᠷ ᠬᠢᠵᠤ ᠪᠠᠶᠢᠬᠤ ᠶᠢ ᠪᠠᠨᠴᠢᠨ ᠪᠤᠭᠳᠠ ᠤᠶᠢᠯᠭᠠᠵᠤ ᠮᠡᠳᠡᠬᠡᠳ 1988 ᠤᠨ ᠤ ᠶᠡᠭᠡ ᠲᠠᠬᠢᠯᠭ᠎ᠠ ᠳᠤ ᠦᠪᠡᠷ ᠤᠨ ᠭᠠᠷ ᠢᠶᠠᠷ ᠢᠶᠠᠨ ᠱᠤᠭᠤᠨ ᠪᠦᠳᠦᠬᠡᠭᠰᠡᠨ ᠱᠠᠭᠵᠠᠮᠤᠨᠢ ᠪᠤᠷᠬᠠᠨ ᠢᠶᠠᠨ ᠬᠡᠰᠢᠭᠳᠡᠨ ᠨᠤᠳᠤᠭ ᠲᠠᠢ ᠬᠡᠰᠢᠭᠳᠦᠭ᠌ᠳᠠᠬᠤ ᠲᠡᠳ᠋ ᠫᠷᠤᠹᠧᠰᠰᠤᠷ ᠲᠤ ᠭᠠᠷᠳᠠᠭᠤᠯᠤᠨ ᠦᠭᠴᠤ᠂ ᠬᠡᠰᠢᠭᠳᠡᠨ ᠬᠤᠰᠢᠭᠤᠨ ᠤ ᠬᠤᠰᠢᠭᠤ ᠤᠪᠤᠭᠠᠨ ᠤ ᠶᠡᠭᠡ ᠲᠠᠬᠢᠯᠭ᠎ᠠ ᠳᠤ ᠬᠦᠷᠬᠡᠵᠤ ᠦᠭᠬᠦ ᠶᠢ ᠨᠡᠶᠢᠳᠠᠭᠰᠠᠨ ᠪᠠᠶᠢᠨ᠎ᠠ᠃       ᠪᠡᠬᠡᠵᠢᠩ ᠳᠤ ᠪᠠ ᠬᠦᠬᠡᠬᠤᠳᠠ ᠳᠤ ᠠᠵᠢᠯᠯᠠᠵᠤ ᠪᠠᠶᠢᠭᠰᠠᠨ ᠬᠡᠰᠢᠭᠳᠡᠨ ᠨᠤᠳᠤᠭ ᠲᠠᠢ ᠨᠢᠬᠡ ᠪᠦᠯᠦᠭ ᠬᠦᠮᠦᠰ᠂ ᠲᠤᠬᠠᠶᠢᠯᠠᠪᠠᠯ ᠲᠦᠪ ᠤᠨ ᠦᠨᠳᠤᠰᠤᠳᠠᠨ ᠤ ᠶᠡᠭᠡ ᠰᠤᠷᠭᠠᠭᠤᠯᠢ ᠶᠢᠨ ᠭᠠᠳᠠᠭᠠᠳᠤ ᠬᠡᠯᠡᠨ ᠤ ᠫᠷᠤᠹᠧᠰᠰᠤᠷ ᠴᠢᠯᠠᠭᠤ ︵ᠪᠦᠬᠡᠴᠢᠯᠠᠭᠤ︶᠂ ᠲᠦᠪ ᠤᠨ ᠦᠨᠳᠤᠰᠤᠳᠠᠨ ᠤ ᠶᠡᠭᠡ ᠰᠤᠷᠭᠠᠭᠤᠯᠢ ᠶᠢᠨ ᠲᠡᠳ᠋ ᠫᠷᠤᠹᠧᠰᠰᠤᠷ ᠪᠤᠯᠠᠭ ︵ᠨᠠᠰᠤ ᠪᠠᠷᠠᠵᠠᠢ︶᠂ ᠬᠡᠰᠢᠭᠳᠦᠭ᠌ᠳᠠᠬᠤ᠂ ᠲᠤᠮᠳᠠᠳᠤ ᠤᠯᠤᠰ ᠤᠨ ᠤᠯᠠᠨ ᠤᠯᠤᠰ ᠤᠨ ᠷᠠᠳᠢᠤ᠋ ᠨᠡᠪᠳᠡᠷᠡᠬᠦᠯᠬᠡ ᠶᠢᠨ ᠬᠤᠷᠢᠶᠠᠨ ᠤ ᠲᠡᠳ᠋ ᠡᠷᠬᠢᠯᠡᠭᠴᠢ ᠨᠡᠪᠳᠡᠷᠡᠬᠦᠯᠦᠭᠴᠢ ᠪᠤᠷᠮ᠎ᠠ᠂ ᠲᠦᠪ ᠤᠨ ᠦᠨᠳᠤᠰᠤᠳᠠᠨ ᠤ ᠶᠡᠭᠡ ᠰᠤᠷᠭᠠᠭᠤᠯᠢ ᠶᠢᠨ ᠪᠠᠭᠰᠢ ᠰᠠᠮᠫᠢᠯᠨᠤᠷᠪᠤ᠂ ᠰᠡᠴᠡᠨᠬᠡᠷᠡᠯ ᠪᠠ ᠬᠦᠬᠡᠬᠤᠳᠠ ᠳᠤ ᠠᠵᠢᠯᠯᠠᠵᠤ ᠪᠠᠶᠢᠭ᠎ᠠ ᠡᠷᠳᠡᠮᠳᠡᠨ ᠡᠷᠳᠡᠨᠢᠳᠤᠭᠳᠠᠬᠤ᠂ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠲᠡᠳ᠋ ᠫᠷᠤᠹᠧᠰᠰᠤᠷ ᠵᠤᠰᠠᠯᠠᠩ ᠨᠠᠷ ᠬᠡᠰᠢᠭᠳᠡᠨ ᠨᠤᠳᠤᠭ ᠤᠨ ᠢᠶᠠᠨ ᠮᠠᠯᠴᠢᠳ ᠤᠨ ᠤᠷᠢᠯᠭ᠎ᠠ ᠪᠠᠷ ᠬᠤᠰᠢᠭᠤ ᠤᠪᠤᠭ᠎ᠠ — ᠪᠠᠶᠠᠨ ᠵᠢᠷᠦᠬᠡ ᠶᠢᠨ ᠶᠡᠭᠡ ᠲᠠᠬᠢᠯᠭ᠎ᠠ ᠶᠢᠨ ᠨᠠᠶᠢᠷ ᠲᠤ ᠤᠷᠤᠯᠴᠠᠬᠤ ᠪᠠᠷ ᠢᠷᠡᠬᠦ ᠳᠡᠭᠡᠨ ᠪᠠᠨᠴᠢᠨ ᠪᠤᠭᠳᠠ ᠴᠤᠶᠢᠵᠢᠵᠠᠯᠰᠠᠨ ᠤ ᠪᠡᠯᠡᠭ ᠢ ᠬᠦᠷᠬᠡᠵᠤ ᠢᠷᠡᠯ᠎ᠡ᠃       ᠲᠠᠯᠠᠢ ᠨᠠᠭᠤᠷ ᠰᠤᠮᠤᠨ ᠤ ᠮᠠᠯᠴᠢᠳ ᠤᠨ ᠲᠦᠯᠦᠬᠡᠯᠡᠭᠴᠢ᠂ ᠤᠯᠤᠰ ᠲᠦᠷᠦ ᠶᠢᠨ ᠵᠦᠪᠯᠡᠯᠬᠡᠨ ᠤ ᠬᠡᠰᠢᠭᠳᠡᠨ ᠬᠤᠰᠢᠭᠤᠨ ᠤ ᠵᠦᠪᠯᠡᠯ ᠤᠨ ᠬᠡᠰᠢᠬᠦᠨ᠂ ᠬᠤᠰᠢᠭᠤᠨ ᠤ ᠠᠷᠠᠳ ᠤᠨ ᠲᠦᠯᠦᠬᠡᠯᠡᠭᠴᠢ᠂ ᠠᠬᠠᠮᠠᠳ ᠮᠠᠯᠴᠢᠨ ᠴᠤᠶᠢᠷᠠᠪᠵᠠᠢ᠂ ᠬᠤᠰᠢᠭᠤᠨ ᠤ ᠲᠦᠪ — ᠪᠢᠷᠠᠭᠤ ᠪᠠᠯᠭᠠᠰᠤᠨ ᠳᠤ ᠤᠷᠢᠳᠴᠢᠯᠠᠨ ᠢᠷᠡᠵᠠᠢ᠃ ᠠᠯᠤᠰ ᠬᠤᠯᠠ ᠠᠴᠠ ᠢᠷᠡᠵᠤ ᠪᠠᠶᠢᠭ᠎ᠠ ᠵᠤᠴᠢᠳ 5 ᠰᠠᠷ᠎ᠠ ᠶᠢᠨ 13᠎ ᠤ ᠦᠳᠠ ᠶᠢᠨ ᠡᠮᠤᠨ᠎ᠡ ᠶᠢᠨ ᠨᠠᠢᠮᠠᠨ ᠴᠠᠭ ᠎ ᠲᠤ᠂ ᠪᠢᠷᠠᠭᠤ ᠪᠠᠯᠭᠠᠰᠤᠨ ᠠᠴᠠ ᠲᠠᠪᠤᠨ ᠪᠢᠴᠢᠬᠠᠨ ᠮᠠᠰᠢᠨ ᠲᠡᠷᠬᠡ ᠪᠠᠷ ᠴᠤᠶᠢᠷᠠᠪᠵᠠᠢ ᠵᠡᠷᠬᠡ ᠬᠦᠮᠦᠰ ᠤᠨ ᠪᠡᠷ᠎ᠠ ᠪᠤᠯᠤᠯᠭ᠎ᠠ ᠲᠠᠢ ᠮᠤᠷᠳᠠᠯ᠎ᠠ᠂ ᠵᠤᠴᠢᠳ ᠪᠠᠨᠴᠢᠨ ᠪᠤᠭᠳᠠ ᠶᠢᠨ ᠬᠦᠨᠳᠤ ᠪᠡᠯᠡᠭ ᠢ ᠠᠪᠴᠤ ᠶᠠᠪᠤᠵᠤ ᠪᠠᠶᠢᠨ᠎ᠠ ᠬᠡᠰᠡᠨ ᠢ ᠨᠠᠶᠢᠷ ᠤᠨ ᠲᠠᠯᠠᠪᠠᠢ ᠳᠠᠬᠢ ᠬᠦᠮᠦᠰ ᠮᠡᠳᠡᠬᠡᠳ ᠤᠭᠳᠤᠬᠤ ᠪᠡᠯᠡᠳᠬᠡᠯ ᠬᠢᠵᠡᠬᠡᠯ᠎ᠡ᠃       ᠪᠡᠶᠠᠨ ᠵᠢᠷᠦᠬᠡ ᠶᠢᠨ ᠤᠪᠤᠭᠠᠨ ᠤ ᠲᠠᠬᠢᠯᠭ᠎ᠠ ᠳᠤ ᠤᠷᠤᠯᠴᠠᠬᠤ ᠪᠠᠷ ᠢᠷᠡᠭᠰᠡᠨ ᠲᠠᠯᠠᠢ ᠨᠠᠭᠤᠷ ᠰᠤᠮᠤᠨ ᠤ ᠤᠳᠤᠷᠢᠳᠤᠯᠭ᠎ᠠ ᠪᠤᠶᠠᠨᠴᠤᠭᠳᠤ᠂ ᠵᠠᠩ ᡁᠢ ᠳ᠋ᠧ᠂ ᠦᠯᠵᠡᠶᠢᠪᠡᠶᠠᠷ᠂ ᠬᠦᠷᠡᠯᠪᠠᠳᠤ ᠪᠠ ᠠᠬᠠᠮᠠᠳ ᠮᠠᠯᠴᠢᠨ ᠸᠠᠬᠠᠷ᠂ ᠪᠠᠯᠵᠠᠷ ᠨᠠᠷ ᠤᠨ ᠲᠦᠷᠦᠬᠦᠦ ᠲᠠᠢ ᠲᠦᠷᠪᠡᠨ ᠵᠠᠭᠤ ᠭᠠᠷᠤᠢ ᠮᠤᠷᠢᠳᠠᠨ ᠨᠢᠬᠡ ᠮᠠᠰᠢᠨ ᠲᠡᠷᠬᠡᠨ ᠤ ᠲᠠᠭᠠᠭᠤᠯᠭ᠎ᠠ ᠪᠠᠷ ᠲᠠᠯᠠᠢ ᠨᠠᠭᠤᠷ ᠰᠤᠮᠤᠨ ᠤ ᠱᠤᠩᠭᠤ ᠶᠢᠨ ᠭᠤᠤᠯ ᠤᠨ ᠲᠡᠭᠡᠳᠤ ᠤᠷᠤᠰᠬᠠᠯ ᠪᠤᠯᠬᠤ ᠪᠡᠯᠡᠬᠡᠨ ᠪᠤᠯᠠᠭ ᠤᠨ ᠡᠬᠢᠨ ᠳᠠᠬᠢ ᠲᠠᠪᠤᠨ ᠲᠡᠭᠳᠡᠷᠢᠳᠤ ᠵᠤ ᠳᠤ ᠬᠦᠷᠴᠤ᠂ ᠤᠭᠳᠤᠯᠭ᠎ᠠ ᠬᠢᠬᠦ ᠪᠠᠷ ᠬᠦᠯᠢᠶᠡᠵᠠᠢ᠃       ᠪᠢᠷᠠᠭᠤ ᠪᠠᠯᠭᠠᠰᠤᠨ ᠠᠴᠠ ᠮᠤᠷᠳᠠᠭᠰᠠᠨ ᠪᠡᠬᠡᠵᠢᠩ᠂ ᠬᠦᠬᠡᠬᠤᠳᠠ ᠠᠴᠠ ᠢᠷᠡᠵᠤ ᠪᠠᠶᠢᠭ᠎ᠠ ᠬᠡᠰᠢᠭᠳᠡᠨ ᠨᠤᠳᠤᠭ ᠲᠠᠢ ᠵᠤᠴᠢᠨ ᠦᠳᠡ ᠶᠢᠨ ᠡᠮᠤᠨ᠎ᠡ ᠠᠷᠪᠠᠨ ᠴᠠᠭ ᠲᠤ ᠲᠠᠪᠤᠨ ᠲᠡᠭᠳᠡᠷᠢᠳᠤ ᠵᠤ ᠳᠤ ᠬᠦᠷᠦᠯᠴᠠᠨ ᠢᠷᠡᠪᠡ᠃ ᠢᠷᠡᠭᠰᠡᠨ ᠵᠤᠴᠢᠳ ᠪᠤᠯᠤᠨ ᠨᠤᠳᠤᠭ ᠤᠨ ᠮᠠᠯᠴᠢᠳ ᠨᠢᠭᠤᠷ ᠤᠴᠠᠷᠠᠵᠤ ᠬᠠᠷᠢᠯᠴᠠᠨ ᠮᠡᠨᠳᠤᠴᠢᠯᠡᠬᠦ ᠶᠢᠨ ᠲᠠᠭᠠᠤ ᠮᠤᠩᠭᠤᠯ ᠤᠯᠠᠮᠵᠢᠯᠠᠯᠳᠤ ᠲᠠᠳᠬᠠᠯ ᠢᠶᠠᠷ ᠢᠶᠠᠨ ᠮᠦᠩᠬᠦᠨ ᠠᠶᠠᠭ᠎ᠠ ᠲᠠᠢ ᠰᠦ ᠪᠠᠷ ᠵᠤᠴᠢᠳ ᠢᠶᠠᠨ ᠤᠭᠳᠤᠵᠠᠢ᠃       ᠪᠠᠨᠴᠢᠨ᠋ᠡᠷᠳᠡᠨᠢ ᠴᠤᠶᠢᠵᠢᠵᠠᠯᠰᠠᠨ ᠤ ᠬᠦᠷᠬᠡᠵᠤ ᠦᠭᠬᠦᠭᠰᠡᠨ ᠬᠦᠨᠳᠤ ᠪᠡᠯᠡᠭ ᠢ ᠲᠤᠰᠴᠤ ᠠᠪᠬᠤ ᠶᠤᠰᠤᠯᠠᠯ ᠪᠤᠯᠤᠯ᠎ᠠ ᠬᠡᠵᠤ ᠴᠤᠶᠢᠷᠠᠪᠵᠠᠢ ᠷᠠᠳᠢᠤ᠋ ᠪᠠᠷ ᠤᠯᠠᠨ ᠳᠤ ᠮᠡᠳᠡᠭᠳᠡᠬᠦ ᠳᠤ ᠤᠭᠳᠤᠬᠤ ᠪᠠᠷ ᠤᠴᠢᠭᠰᠠᠳ ᠰᠠᠷᠠᠭᠤᠯ ᠠᠭᠤᠳᠠᠮ ᠵᠤ ᠲᠡᠭᠡᠷ᠎ᠡ᠂ ᠮᠤᠷᠢ ᠪᠠᠨ ᠬᠦᠳᠦᠯᠦᠭᠰᠡᠨ ᠶᠤᠰᠤᠭᠠᠷ ᠰᠦᠬᠦᠳᠦᠨ ᠪᠤᠭᠳᠠ ᠶᠢᠨ ᠬᠦᠨᠳᠤ ᠪᠡᠯᠡᠭ ᠎ ᠢ ᠭᠠᠷᠳᠠᠨ ᠲᠤᠰᠴᠤ ᠠᠪᠤᠭᠠᠳ ᠪᠡᠶᠡᠳᠡᠨ ᠬᠦᠷᠬᠡᠵᠤ ᠢᠷᠡᠵᠤ ᠪᠠᠶᠢᠭ᠎ᠠ ᠬᠡᠰᠢᠭᠳᠦᠭ᠌ᠳᠠᠬᠤ ᠲᠡᠳ᠋ ᠫᠷᠤᠹᠧᠰᠰᠤᠷ ᠠᠴᠠ ᠪᠠᠨᠴᠢᠨ ᠪᠤᠭᠳᠠ ᠶᠢᠨ ᠦᠪᠡᠷ ᠤᠨ ᠭᠠᠷ ᠢᠶᠠᠷ ᠢᠶᠠᠨ ᠱᠤᠭᠤᠨ ᠪᠦᠳᠦᠬᠡᠭᠰᠡᠨ ᠱᠠᠭᠵᠠᠮᠤᠨᠢ ᠪᠤᠷᠬᠠᠨ ᠤ ᠬᠠᠮᠳᠤ ᠲᠠᠪᠤᠨ ᠵᠠᠩᠬᠢᠶ᠎ᠠ ᠶᠢ ᠠᠯᠳᠠ ᠤᠷᠳᠤ ᠰᠢᠷ᠎ᠠ ᠲᠤᠷᠭᠠᠨ ᠬᠠᠳᠠᠭ ᠤᠨ ᠲᠡᠭᠡᠷ᠎ᠡ ᠲᠠᠯᠪᠢᠵᠤ ᠬᠤᠶᠠᠷ ᠭᠠᠷ ᠢᠶᠠᠷ ᠢᠶᠠᠨ ᠲᠡᠭᠡᠭᠰᠢ ᠡᠷᠬᠦᠵᠤ ᠬᠢᠴᠢᠶᠡᠩᠬᠦᠶᠢᠯᠡᠨ ᠵᠤᠭᠰᠤᠬᠤ ᠳᠤ ᠮᠠᠯᠴᠢᠳ ᠤᠨ ᠲᠦᠯᠦᠬᠡᠯᠡᠭᠴᠢ ᠸᠠᠬᠠᠷ ᠭᠤᠸᠠᠢ ᠡᠮᠤᠨ᠎ᠡ ᠨᠢ ᠬᠦᠷᠴᠤ ᠰᠦᠬᠦᠳᠤᠨ ᠮᠦᠷᠬᠦᠵᠤ᠂ ᠬᠤᠶᠠᠷ ᠭᠠᠷ ᠢᠶᠠᠷ ᠢᠶᠠᠨ ᠪᠤᠷᠬᠠᠨ ᠢ ᠲᠤᠰᠴᠤ ᠠᠪᠤᠪᠠ᠃       ᠠᠯᠤᠰ ᠬᠤᠯᠡ ᠶᠢᠨ ᠭᠠᠵᠠᠷ ᠠᠴᠠ ᠪᠤᠭᠳᠠ ᠶᠢᠨ ᠪᠡᠯᠡᠭ ᠢ ᠨᠤᠳᠤᠭ ᠤᠰᠤᠨ ᠳᠠᠭᠠᠨ ᠬᠦᠷᠬᠡᠵᠤ ᠢᠷᠡᠭᠰᠡᠨ ᠬᠡᠰᠢᠭᠳᠦᠭ᠌ᠳᠠᠬᠤ ᠨᠦᠬᠦᠷ ᠲᠤ ᠮᠠᠯᠴᠢᠨ ᠲᠦᠮᠡᠨ ᠠᠴᠠ ᠮᠦᠩᠬᠦᠨ ᠠᠶᠠᠭᠠᠨ ᠳᠤ ᠰᠦ ᠬᠡᠮᠨᠡᠵᠤ ᠠᠮᠰᠠᠭᠤᠯᠤᠨ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠲᠡᠪᠰᠢᠬᠦᠯᠦᠭᠰᠡᠨ ᠤ ᠲᠠᠷᠠᠭ᠎ᠠ᠂ ᠪᠡᠬᠡᠵᠢᠩ᠂ ᠬᠦᠬᠡᠬᠤᠳᠠ ᠠᠴᠠ ᠨᠤᠳᠤᠭ ᠤᠰᠤᠨ ᠳᠠᠭᠠᠨ ᠬᠠᠷᠢᠵᠤ ᠢᠷᠡᠵᠤ ᠪᠠᠶᠢᠭ᠎ᠠ ᠵᠤᠴᠢᠳ ᠲᠠᠭᠠᠨ ᠠᠷᠢᠬᠢ ᠬᠡᠮᠨᠡᠵᠤ ᠠᠮᠰᠠᠭᠤᠯᠵᠠᠢ᠃       ᠠᠳᠠ ᠠᠴᠠ ᠵᠤᠴᠢᠳ ᠪᠠ ᠵᠤᠴᠢᠳ ᠢ ᠤᠭᠳᠤᠭᠰᠠᠳ ᠨᠠᠶᠢᠷ ᠤᠨ ᠲᠠᠯᠠᠪᠠᠢ ᠳᠤ ᠬᠦᠷᠴᠤ ᠵᠦᠪ ᠢᠶᠠᠷ ᠨᠢᠭᠡ ᠡᠷᠬᠢᠵᠤ ᠬᠦᠨᠳᠤ ᠪᠡᠯᠡᠭ ᠢ ᠤᠪᠤᠭᠠᠨ ᠲᠡᠭᠡᠷ᠎ᠡ ᠵᠠᠯᠠᠬᠤ ᠶᠤᠰᠤᠯᠠᠯ ᠶᠠᠪᠤᠭᠤᠯᠵᠠᠢ᠃ ᠤᠯᠤᠰ ᠲᠦᠷᠦ ᠎ ᠶᠢᠨ ᠵᠦᠪᠯᠡᠯᠬᠡᠨ ᠤ ᠬᠡᠰᠢᠭᠳᠡᠨ ᠬᠤᠰᠢᠭᠤᠨ ᠤ ᠵᠦᠪᠯᠡᠯ ᠤᠨ ᠬᠡᠰᠢᠬᠦᠨ ᠡᠪᠤᠬᠡᠨ ᠯᠠᠮᠠ ᡀᠨᠮᠦᠵᠠᠪ ᠭᠤᠸᠠᠢ ᠠᠴᠠ ᠢᠷᠦᠬᠡᠯ ᠤᠨ ᠨᠤᠮ ᠤᠩᠰᠢᠵᠤ᠂ ᠠᠬᠠᠮᠠᠳ ᠮᠠᠯᠴᠢᠨ ᠴᠤᠶᠢᠷᠠᠪᠵᠠᠢ ᠠᠴᠠ ᠱᠠᠭᠵᠠᠮᠤᠨᠢ ᠪᠤᠷᠬᠠᠨ ᠢ ᠰᠢᠷ᠎ᠠ ᠲᠤᠷᠭᠠᠨ ᠬᠠᠳᠠᠭ ᠲᠡᠭᠡᠷ᠎ᠡ ᠲᠠᠯᠪᠢᠵᠤ᠂ ᠬᠤᠶᠠᠷ ᠭᠠᠷ ᠢᠶᠠᠷ ᠢᠶᠠᠨ ᠡᠮᠤᠨ᠎ᠡ ᠪᠠᠨ ᠡᠷᠬᠦᠵᠤ᠂ ᠤᠴᠢᠭᠰᠠᠨ ᠲᠦᠷᠪᠡᠨ ᠮᠢᠩᠭ᠎ᠠ ᠭᠠᠷᠤᠢ ᠤᠯᠠᠨ ᠲᠦᠮᠡᠨ ᠳᠤ ᠪᠠᠷᠠᠳᠠᠭᠤᠯᠵᠠᠢ᠃ ᠤᠯᠠᠨ ᠲᠦᠮᠡᠨ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠲᠠᠷᠤᠭ᠎ᠠ ᠪᠠᠨᠴᠢᠨ᠋ᠡᠷᠳᠡᠨᠢ ᠴᠤᠶᠢᠵᠢᠵᠠᠯᠰᠠᠨ ᠤ ᠬᠦᠷᠬᠡᠭᠰᠡᠨ ᠪᠤᠷᠬᠠᠨ ᠳᠤ ᠮᠦᠷᠬᠦᠯ᠎ᠡ᠃ ᠲᠡᠭᠡᠭᠡᠳ ᠱᠠᠭᠵᠠᠮᠤᠨᠢ ᠪᠤᠷᠬᠠᠨ ᠢ ᠬᠤᠰᠢᠭᠤ ᠤᠪᠤᠭ᠎ᠠ — ᠪᠠᠶᠠᠨ ᠵᠢᠷᠦᠬᠡ ᠶᠢᠨ ᠭᠤᠤᠯ ᠲᠤᠮᠳᠠ ᠵᠠᠯᠠᠵᠤ ᠲᠠᠯᠪᠢᠵᠠᠢ᠃       5 ᠰᠠᠷ᠎ᠠ ᠶᠢᠨ 13᠎ ᠤ ᠡᠳᠤᠷ ᠤᠨ ᠤᠪᠤᠭᠠᠨ ᠤ ᠶᠡᠭᠡ ᠲᠠᠬᠢᠯᠭ᠎ᠠ ᠪᠠᠷᠠᠭᠰᠠᠨ ᠤ ᠲᠠᠷᠠᠭ᠎ᠠ᠂ ᠨᠠᠶᠢᠷ ᠡᠬᠢᠯᠡᠬᠦ ᠶᠤᠰᠤᠯᠠᠯ ᠤᠨ ᠬᠤᠷᠠᠯ ᠲᠡᠭᠡᠷ᠎ᠡ᠂ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠎ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠲᠠᠮᠪᠠ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠵᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠲᠠᠷᠤᠭ᠎ᠠ ᠪᠠᠨᠴᠢᠨ᠋ᠡᠷᠳᠡᠨᠢ ᠴᠤᠶᠢᠵᠢᠵᠠᠯᠰᠠᠨ ᠬᠡᠰᠢᠭᠳᠡᠨ ᠬᠤᠰᠢᠭᠤᠨ ᠤ ᠬᠤᠰᠢᠭᠤ ᠤᠪᠤᠭ᠎ᠠ — ᠪᠠᠶᠠᠨ ᠵᠢᠷᠦᠬᠡ ᠶᠢᠨ ᠶᠡᠭᠡ ᠲᠠᠭᠢᠯᠭ᠎ᠠ ᠳᠤ ᠪᠡᠯᠡᠭ ᠬᠦᠷᠬᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠠᠢ᠃ 
 
ᠢᠷᠡᠯᠲᠡ᠄ www.kqmw.gov.cn
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号