ᠠᠭᠤᠯᠠ ᠶᠢᠨ ᠮᠠᠮᠠ ᠶᠢᠨ ᠰᠤᠪᠤᠷᠭ᠎ᠠ ᠶᠢᠨ ᠨᠠᠶᠢᠷ
ᠨᠡᠶᠢᠲᠡᠯᠡᠭᠰᠡᠨ ᠴᠠᠭ᠄
2014/6/13
       6 ᠰᠠᠷ᠎ᠠ ᠶᠢᠨ 12᠎ ᠤᠨ ᠡᠳᠤᠷ ︵ᠪᠢᠯᠢᠭ ᠤᠨ ᠤᠯᠠᠷᠢᠯ ᠤᠨ 5 ᠰᠠᠷ᠎ᠠ ᠶᠢᠨ 15᠎ ᠤ ᠡᠳᠤᠷ︶ ᠬᠡᠰᠢᠭᠳᠡᠨ ᠬᠤᠰᠢᠭᠤᠨ ᠤ ᠪᠠᠶᠠᠨᠴᠠᠭᠠᠨ ᠰᠤᠮᠤᠨ ᠤ ᠤᠤᠪᠤᠯᠠᠭ ᠭᠠᠴᠠᠭ᠎ᠠ ᠶᠢᠨ ᠴᠠᠬᠢᠭᠤᠷᠳᠠᠢ ᠠᠭᠤᠯᠠᠨ ᠳᠤ ᠠᠭᠤᠯᠠ ᠎ ᠶᠢᠨ ᠮᠠᠮᠠ ᠰᠠᠮᠳᠠᠨᠵᠠᠮᠰᠤ ᠶᠢᠨ ᠲᠤᠷᠠᠰᠬᠠᠯ ᠤᠨ ᠤᠪᠤᠭ᠎ᠠ ᠶᠢᠨ ᠲᠠᠬᠢᠯᠭ᠎ᠠ ᠶᠢᠨ ᠨᠠᠶᠢᠷ ᠢ ᠬᠢᠵᠤ᠂ ᠪᠦᠬᠡ ᠪᠠᠷᠢᠯᠳᠤᠬᠤ᠂ ᠮᠤᠷᠢ ᠤᠷᠤᠯᠳᠤᠬᠤ᠂ ᠨᠤᠮᠤ ᠰᠤᠮᠤ ᠬᠠᠷᠪᠤᠬᠤ ᠤᠷᠤᠯᠳᠤᠭᠠᠨ ᠢ ᠶᠠᠪᠤᠭᠳᠠᠭᠤᠯᠤᠭᠰᠠᠨ ᠪᠠᠶᠢᠨ᠎ᠠ᠃       ᠲᠠᠬᠢᠯᠭ᠎ᠠ ᠶᠢᠨ ᠨᠠᠶᠢᠷ ᠲᠤ 64 ᠬᠦᠴᠦᠳᠤ ᠪᠦᠬᠡ ᠵᠤᠳᠤᠭᠯᠠᠵᠤ᠂ ᠬᠡᠰᠢᠭᠳᠡᠨ ᠬᠤᠰᠢᠭᠤᠨ ᠤ ᠲᠠᠷᠬᠠᠬᠠᠭᠤᠯᠠ ᠰᠤᠮᠤᠨ ᠤ ᠬᠦᠩᠬᠡᠷ ᠭᠠᠴᠠᠭ᠎ᠠ ᠶᠢᠨ ᠪᠦᠷᠢᠨᠪᠤᠯᠤᠷ ᠲᠠᠷᠢᠬᠦᠯᠡᠵᠤ᠂ ᠬᠤᠯᠠ ᠮᠤᠷᠢᠨ ᠤ ᠤᠷᠤᠯᠳᠤᠭᠠᠨ ᠎ ᠳᠤ ᠪᠠᠶᠠᠨᠴᠠᠭᠠᠨ ᠰᠤᠮᠤᠨ ᠤ ᠬᠠᠳᠠᠨᠪᠤᠯᠠᠭ ᠭᠠᠴᠠᠭ᠎ᠠ ᠶᠢᠨ ᠬᠦᠰᠡᠯᠡᠩ ᠤᠨ ᠬᠡᠬᠡᠷ ᠮᠤᠷᠢ ᠲᠡᠷᠢᠬᠦᠯᠡᠵᠤ᠂ ᠨᠤᠮᠤ ᠰᠤᠮᠤ ᠬᠠᠷᠪᠤᠬᠤ ᠤᠷᠤᠯᠳᠤᠭᠠᠨ ᠳᠤ ᠪᠢᠷᠠᠭᠤ ᠳᠠᠬᠢ ᠮᠤᠩᠭᠤᠯ ᠲᠤᠮᠳᠠᠳᠤ ᠰᠤᠷᠭᠠᠭᠤᠯᠢ ᠶᠢᠨ ᠰᠡᠷᠬᠦᠯᠡᠩ ᠪᠠᠭᠰᠢ ᠲᠡᠷᠢᠬᠦᠯᠡᠵᠠᠢ᠃ 
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号