| ᠤᠪᠤᠭᠠᠨ ᠳᠠᠬᠢᠯᠭ᠎ᠠ ᠪᠤᠯ ᠮᠤᠩᠭᠤᠯᠴᠤᠳ ᠤᠨ ᠡᠪᠦᠭᠡ ᠳᠡᠭᠡᠳᠦᠰ ᠤᠨ ᠦᠶ᠎ᠡ ᠠᠴᠠ ᠪᠠᠨ | ᠦᠪᠯᠡᠵᠤ ᠤᠯᠠᠮᠵᠢᠯᠠᠵᠤ ᠢᠷᠡᠭᠰᠡᠨ ᠤᠷᠤᠰᠢᠨ ᠠᠮᠢᠳᠤᠷᠠᠵᠦ ᠪᠠᠶᠢᠭ᠎ᠠ ᠪᠠᠶᠢᠭᠠᠯᠢ ᠲᠡᠯᠡᠬᠡᠢ ᠪᠠᠨ ᠡᠴᠢᠭᠡ ᠳᠡᠭᠷᠢ ᠡᠬᠡ | ᠭᠠᠵᠠᠷ ᠬᠡᠮᠡᠨ ᠬᠠᠶᠢᠷᠠᠯᠠᠨ ᠰᠢᠳᠤᠵᠤ ᠶᠠᠪᠤᠳᠠᠭ ᠰᠤᠶᠤᠯ ᠤᠨ ᠠᠵᠢᠯᠯᠠᠭᠠᠨ ᠪᠤᠯᠬᠤ ᠶᠤᠮ᠃ | 2006 ᠤᠨ ᠤ 5 ᠰᠠᠷ᠎ᠠ ᠳᠤ᠂ ᠤᠪᠤᠭᠠᠨ ᠲᠠᠬᠢᠯᠭ᠎ᠠ ᠨᠢ ᠮᠠᠨ ᠤ ᠤᠯᠤᠰ ᠤᠨ | ᠠᠩᠬᠠᠳᠠᠭᠴᠢ ᠪᠦᠯᠦᠭ ᠤᠯᠤᠰ ᠤᠨ ᠲᠡᠰ ᠤᠨ ᠪᠤᠳᠠᠰ ᠤᠨ ᠪᠤᠰᠦ ᠰᠤᠶᠤᠯ ᠤᠨ ᠦᠪ ᠤᠨ ᠨᠡᠷᠡᠰ ᠲᠤ ᠲᠡᠮᠳᠡᠭᠯᠡᠭᠳᠡᠨ | ᠤᠷᠤᠭᠰᠠᠨ ᠶᠤᠮ᠃ | | 2014 ᠤᠨ ᠤ 6 ᠰᠠᠷ᠎ᠠ ᠶᠢᠨ 17 ᠤ ᠡᠳᠤᠷ᠂ ᠪᠢᠯᠢᠭ ᠤᠨ ᠤᠯᠠᠷᠢᠯ ᠤᠨ 5 ᠰᠠᠷ᠎ᠠ ᠶᠢᠨ | 20 ᠤ ᠡᠳᠤᠷ᠂ ᠬᠡᠰᠢᠭᠳᠡᠨ ᠬᠤᠰᠢᠭᠤᠨ ᠤ ᠪᠠᠶᠠᠩᠭᠤᠤᠯ ᠪᠦᠷᠢᠨ ᠪᠠᠭ᠎ᠠ ᠰᠤᠷᠭᠠᠭᠤᠯᠢ ᠨᠢ ᠪᠦᠭᠦ ᠰᠤᠷᠤᠭᠴᠢᠳ | ᠳᠠᠭᠠᠨ ᠤᠪᠤᠭᠠᠨ ᠰᠤᠶᠤᠯ ᠤᠨ ᠬᠢᠴᠢᠶᠡᠯ ᠤᠷᠤᠵᠤ᠂ ᠮᠤᠩᠭᠤᠯ ᠦᠨᠳᠤᠰᠤᠳᠡᠨ ᠤ ᠤᠪᠤᠭᠠᠨ ᠲᠠᠬᠢᠯᠭ᠎ᠠ ᠶᠢᠨ | ᠡᠬᠦᠰᠤᠯ ᠭᠠᠷᠤᠯ᠂ ᠵᠠᠩᠰᠢᠯ ᠶᠤᠰᠤᠨ᠂ ᠲᠠᠬᠢᠯᠭ᠎ᠠ ᠶᠢᠨ ᠤᠪᠤᠭᠠᠨ ᠤ ᠪᠦᠳᠤᠴᠡ ᠵᠡᠷᠬᠡ ᠲᠠᠯ᠎ᠠ ᠠᠴᠠ ᠤᠪᠤᠭᠠᠨ | ᠰᠤᠶᠤᠯ ᠤᠨ ᠠᠭᠤᠯᠭ᠎ᠠ ᠶᠢ ᠨᠠᠷᠢᠯᠢᠭ ᠲᠠᠶᠢᠯᠪᠤᠷᠢᠯᠠᠵᠤ᠂ ᠰᠤᠷᠤᠭᠴᠢᠳ ᠲᠤ ᠦᠨᠳᠤᠰᠤᠳᠡᠨ ᠤ ᠤᠤᠷ ᠰᠤᠶᠤᠯ ᠪᠤᠯᠬᠤ | ᠤᠪᠤᠭᠠᠨ ᠰᠤᠶᠤᠯ ᠤᠨ ᠵᠠᠩ ᠤᠶᠢᠯᠡ ᠶᠢ ᠤᠯᠠᠮᠵᠢᠯᠠᠨ ᠦᠪᠯᠡᠬᠦᠯᠵᠤ᠂ ᠬᠠᠷᠠᠬᠠᠨ ᠪᠠᠭ᠎ᠠ ᠠᠴᠠ ᠪᠠᠨ ᠡᠬᠡ | ᠪᠠᠶᠢᠭᠠᠯᠢ ᠪᠠᠨ ᠬᠠᠶᠢᠷᠠᠯᠠᠨ ᠬᠠᠮᠠᠭᠠᠯᠠᠵᠤ᠂ ᠭᠠᠵᠠᠷ ᠤᠰᠤᠨ ᠢᠶᠠᠨ ᠲᠡᠭᠡᠳᠤᠯᠠᠨ ᠰᠢᠳᠤᠬᠦ ᠤᠬᠠᠮᠰᠠᠷ ᠢ ᠪᠤᠢ | ᠪᠤᠯᠭᠠᠭᠠᠷᠠᠢ ᠬᠡᠵᠤ ᠬᠦᠮᠦᠵᠢᠬᠦᠯᠦᠭᠰᠡᠨ ᠪᠠᠶᠢᠨ᠎ᠠ᠃ | | | | ᠲᠤᠰ ᠤᠳᠠᠭᠠᠨ ᠤ ︽ᠤᠪᠤᠭᠠᠨ ᠰᠤᠶᠤᠯ︾ ᠤᠨ ᠬᠢᠴᠢᠶᠠᠯ ᠢ ᠪᠠᠶᠠᠩᠭᠤᠤᠯ ᠪᠦᠷᠢᠨ ᠪᠠᠭ᠎ᠠ | ᠰᠤᠷᠭᠠᠭᠤᠯᠢ ᠶᠢᠨ ᠬᠠᠰᠪᠤᠯᠠᠭ ᠪᠠᠭᠰᠢ ᠠᠴᠠ ᠭᠠᠷᠳᠠᠨ᠂ ᠬᠡᠰᠢᠭᠳᠡᠨ ᠬᠤᠰᠢᠭᠤᠨ ᠤ ︽ᠷᠤᠯᠭᠠᠷᠵᠠᠪ ᠠᠷᠠᠳ ᠤᠨ | ᠰᠤᠶᠤᠯ ᠤᠷᠠᠯᠢᠭ ᠤᠨ ᠨᠡᠶᠢᠬᠡᠮᠯᠢᠭ︾ ᠤᠨ ᠪᠠᠶᠢᠩᠭᠤ ᠶᠢᠨ ᠡᠷᠬᠢᠯᠡᠭᠴᠢ᠂ ᠨᠤᠳᠤᠭ ᠵᠦᠢ ᠶᠢᠨ ᠰᠤᠳᠤᠯᠭᠠᠳᠠᠨ᠂ ︽ | ᠭᠡᠰᠢᠭᠳᠡᠨ ᠠᠳᠤᠭᠤᠨ ᠰᠤᠶᠤᠯ︾ ᠨᠤᠮ ᠤᠨ ᠵᠤᠬᠢᠶᠠᠭᠴᠢ ᠬᠦ᠊᠂ ᠦᠯᠵᠡᠶᠢᠳᠤᠭᠳᠠᠬᠤ ᠭᠤᠸᠠᠢ ᠪᠠ ᠪᠠᠶᠠᠩᠭᠤᠤᠯ | ᠭᠠᠴᠠᠭᠠᠨ ᠤ ᠦᠯᠵᠡᠶᠢᠮᠡᠨᠳᠦ᠂ ᠰᠠᠮᠪᠤᠤ ᠵᠡᠷᠬᠡ ᠨᠤᠳᠤᠭ ᠤᠨ ᠠᠬᠠᠮᠠᠳ ᠲᠤᠮᠤᠭᠠᠳᠠᠳ ᠢ ᠵᠠᠯᠠᠵᠤ᠂ ᠰᠤᠷᠤᠭᠴᠢᠳ | ᠲᠤ ᠬᠢᠴᠢᠶᠡᠯ ᠤᠷᠤᠭᠤᠯᠤᠭᠰᠠᠨ ᠪᠠᠶᠢᠨ᠎ᠠ᠃ | ᠬᠦ᠊᠂ ᠦᠯᠵᠠᠶᠢᠳᠤᠭᠳᠠᠬᠤ ᠨᠠᠰᠤᠳᠠᠨ ᠠᠴᠠ᠂ ᠪᠤᠰᠬᠠᠭᠰᠠᠨ ᠤᠪᠤᠭ᠎ᠠ ᠪᠠᠨ ᠵᠠᠰᠠᠬᠤ ᠶᠢᠨ ᠬᠠᠮᠳᠤ | ᠂ ᠬᠡᠰᠢᠭᠳᠡᠨ ᠤ ᠡᠷᠳᠡᠮᠳᠡᠨ ᠮᠡᠷᠬᠡᠳ᠂ ᠵᠤᠬᠢᠶᠠᠯᠴᠢ ᠰᠢᠯᠦᠭᠴᠢ ᠨᠠᠷ ᠤᠨ ᠨᠤᠮ ᠢ ᠤᠪᠤᠭᠠᠨ ᠳᠠᠭᠠᠨ ᠰᠢᠩᠬᠡᠬᠡᠵᠤ᠂ | ᠡᠨᠡᠬᠦ ᠤᠪᠤᠭ᠎ᠠ ᠪᠠᠨ ᠪᠠᠶᠠᠩᠭᠤᠤᠯ ᠪᠦᠷᠢᠨ ᠪᠠᠭ᠎ᠠ ᠰᠤᠷᠭᠠᠭᠤᠯᠢ ᠶᠢᠨ ︽ᠰᠤᠶᠤᠯ ᠤᠨ ᠤᠪᠤᠭ᠎ᠠ︾ ᠪᠤᠯᠭᠠᠬᠤ ᠶᠢ | ᠰᠠᠨᠠᠭᠠᠴᠢᠯᠠᠵᠤ᠂ ᠬᠤᠵᠢᠮ ᠢᠷᠡᠬᠡᠳᠤᠢ ᠳᠤ ᠪᠠᠶᠠᠩᠭᠤᠤᠯ ᠨᠤᠳᠤᠭ ᠠᠴᠠ ᠨᠡᠩ ᠤᠯᠠᠨ ᠡᠷᠳᠡᠮᠳᠡᠨ ᠮᠡᠷᠭᠡᠳ | ᠴᠤᠯᠭᠤᠷᠠᠨ ᠭᠠᠷᠬᠤ ᠪᠤᠯᠳᠤᠭᠠᠢ ᠭᠡᠵᠤ ᠵᠦᠩᠨᠡᠨ ᠢᠷᠦᠬᠡᠭᠰᠡᠨ ᠪᠠᠶᠢᠨ᠎ᠠ᠃ | | | | | | ︵ᠡᠬᠡ ᠪᠢᠴᠢᠭ ᠢ ᠡ᠊᠂ ᠰᠤᠶᠤᠯᠳᠤ᠂ ᠵᠢᠷᠤᠭ ᠰᠡᠬᠦᠳᠡᠷ ᠢ | ᠵᠠᠭᠤᠨᠠᠰᠤᠳᠤ ᠬᠠᠩᠭᠠᠪᠠ᠃︶ | |