ᠬᠤᠷᠠᠯ ᠤᠨ ᠤᠪᠤᠭ᠎ᠠ ᠶᠢᠨ ᠲᠠᠬᠢᠯᠭ᠎ᠠ ᠶᠢᠨ ᠨᠠᠶᠢᠷ
ᠨᠡᠶᠢᠲᠡᠯᠡᠭᠰᠡᠨ ᠴᠠᠭ᠄
2014/6/25
 
       6 ᠰᠠᠷ᠎ᠠ ᠶᠢᠨ 22᠎ ᠤ ᠡᠳᠤᠷ ︵ᠪᠢᠯᠢᠭ ᠤᠨ ᠤᠯᠠᠷᠢᠯ ᠤᠨ 5 ᠰᠠᠷ᠎ᠠ ᠶᠢᠨ 25 ︶᠂ ᠬᠡᠰᠢᠭᠳᠡᠨ ᠬᠤᠰᠢᠭᠤᠨ ᠤ ᠪᠠᠶᠠᠨᠴᠠᠭᠠᠨ ᠰᠣᠮᠣᠨ ᠤ ᠲᠦᠪ ᠤᠨ ᠠᠷᠤ ᠳᠤ ᠪᠠᠶᠢᠷᠢᠯᠠᠵᠤ ᠪᠠᠶᠢᠭ᠎ᠠ ᠬᠤᠷᠠᠯ ᠤᠨ ᠤᠪᠤᠭ᠎ᠠ ᠶᠢᠨ ᠲᠡᠬᠢᠯᠭ᠎ᠠ ᠶᠢᠨ ᠨᠠᠶᠢᠷ ᠢ ᠪᠠᠶᠠᠨᠴᠠᠭᠠᠨ ᠰᠤᠮᠤᠨ ᠤ ᠪᠠᠶᠠᠨᠴᠠᠭᠠᠨ ᠭᠠᠴᠠᠭ᠎ᠠ ᠠᠴᠠ ᠡᠷᠬᠢᠯᠡᠨ ᠬᠢᠵᠤ᠂ ᠪᠦᠬᠡ ᠪᠠᠷᠢᠯᠳᠤᠬᠤ᠂ ᠮᠤᠷᠢ ᠤᠷᠤᠯᠳᠤᠬᠤ᠂ ᠨᠤᠮᠤ ᠰᠤᠮᠤ ᠬᠠᠷᠪᠤᠬᠤ ᠪᠠ ᠮᠤᠩᠭᠤᠯ ᠰᠢᠳᠠᠷ᠎ᠠ ᠶᠢᠨ ᠤᠷᠤᠯᠳᠤᠭᠠᠨ ᠢ ᠶᠠᠪᠤᠭᠳᠠᠭᠤᠯᠤᠭᠰᠠᠨ ᠪᠠᠶᠢᠨ᠎ᠠ᠃       ᠬᠤᠷᠠᠯ ᠤᠨ ᠤᠪᠤᠭ᠎ᠠ ᠪᠤᠯ ᠤᠤᠯ ᠤᠨ ᠲᠦᠰᠢᠶᠡᠳᠤ ᠶᠢᠨ ᠠᠶᠢᠯ ᠪᠤᠯᠤᠨ ᠪᠤᠰᠤᠳ ᠭᠤᠤᠯ ᠤᠰᠤᠨ ᠤ ᠠᠶᠢᠯ ᠤᠨ ᠬᠠᠮᠳᠤ ᠪᠠᠷ ᠰᠢᠳᠤᠨ ᠲᠠᠬᠢᠵᠤ ᠪᠠᠶᠢᠭᠰᠠᠨ ᠤᠪᠤᠭ᠎ᠠ ᠪᠤᠯᠤᠨ᠎ᠠ᠂ ᠤᠳᠤ ᠪᠠᠶᠠᠨᠴᠠᠭᠠᠨ ᠭᠠᠴᠠᠭ᠎ᠠ ᠪᠠ ᠲᠦᠰᠢᠶᠡᠳᠤ ᠭᠠᠴᠠᠭ᠎ᠠ ᠭᠤᠤᠯᠯᠠᠨ ᠲᠠᠬᠢᠵᠤ ᠪᠠᠶᠢᠨ᠎ᠠ᠃
 
       ᠡᠨᠡ ᠵᠢᠯ ᠤᠨ ᠲᠠᠬᠢᠯᠭ᠎ᠠ ᠶᠢᠨ ᠨᠠᠶᠢᠷ ᠲᠤ 128 ᠪᠦᠬᠡ ᠲᠠᠯᠪᠢᠵᠤ᠂ ᠲᠡᠬᠡᠳᠤ ᠲᠦᠷᠪᠡ ᠳᠤ᠄       ᠲᠡᠷᠢᠬᠦᠨ᠂ ᠢᠪᠡᠬᠡᠯᠳᠣ ︵ᠲᠠᠷᠬᠠᠬᠠᠭᠤᠯᠠ ᠰᠤᠮᠤᠨ ᠤ ᠨᠠᠷᠠᠰᠦ ᠭᠠᠴᠠᠭ᠎ᠠ︶        ᠲᠡᠳ᠋᠂ ᠵᠢᠷᠠᠨᠪᠠᠶᠠᠷ ︵ᠪᠠᠷᠠᠭᠤᠨ ᠦᠵᠦᠮᠦᠴᠢᠨ︶        ᠭᠤᠳᠠᠭᠠᠷ᠂ ᠠᠭᠤᠳᠠᠮ ︵ᠪᠠᠶᠠᠨᠴᠠᠭᠠᠨ ᠰᠤᠮᠤᠨ ᠤ ᠵᠢᠷᠢ ᠭᠠᠴᠠᠭ᠎ᠠ︶        ᠲᠦᠳᠦᠬᠡᠷ᠂ ᠤᠷᠳᠦ ︵ᠪᠠᠶᠠᠨᠴᠠᠭᠠᠨ ᠰᠤᠮᠤᠨ ᠤ ᠡᠩᠭᠡᠷᠪᠤᠯᠠᠭ ᠭᠠᠴᠠᠭ᠎ᠠ︶         ᠨᠤᠮᠤ ᠰᠤᠮᠤ ᠶᠢᠨ ᠤᠷᠤᠯᠳᠤᠭᠠᠨ ᠳᠤ᠄ ᠲᠠᠯ᠎ᠠ ︵ᠪᠢᠷᠠᠭᠤ ᠳᠠᠬᠢ ᠮᠤᠩᠭᠤᠯ ᠲᠤᠮᠳᠠᠳᠤ ᠰᠤᠷᠭᠠᠭᠤᠯᠢ︶ ᠲᠡᠷᠢᠬᠦᠯᠡᠵᠤ᠂ ᠰᠡᠷᠬᠦᠯᠡᠩ ︵ᠪᠢᠷᠠᠭᠤ ᠳᠠᠬᠢ ᠮᠤᠩᠭᠤᠯ ᠲᠤᠮᠳᠠᠳᠤ ᠰᠤᠷᠭᠠᠭᠤᠯᠢ︶ ᠲᠡᠳ᠋ᠯᠠᠵᠤ᠂ ᠦᠨᠢᠮᠠᠨᠳᠤᠬᠤ ︵ᠪᠢᠷᠠᠭᠤ ᠳᠠᠬᠢ ᠮᠤᠩᠭᠤᠯ ᠲᠤᠮᠳᠠᠳᠤ ᠰᠤᠷᠭᠠᠭᠤᠯᠢ︶ ᠭᠤᠳᠠᠭᠠᠷ ᠳᠤ ᠤᠷᠤᠪᠠ᠃ 
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号