| | ᠵᠠᠷᠢᠮ ᠬᠦᠮᠦᠨ ᠡᠳᠦᠷᠵᠢᠨ ᠬᠠᠷᠠᠰᠤ ᠢᠳᠡᠵᠦ ᠪᠠᠶᠢᠭᠰᠠᠨ ᠴᠦ ᠴᠢᠷᠠᠢ ᠨᠢᠭᠤᠷ ᠨᠢ ᠤᠯᠠᠭ᠎ᠠ | ᠪᠤᠳᠠᠷᠠᠵᠤ ᠮᠠᠰᠢ ᠡᠷᠡᠭᠦᠯ ᠴᠢᠬᠢᠷᠠᠭ ᠪᠠᠶᠢᠳᠠᠭ᠂ ᠵᠠᠷᠢᠮ ᠬᠦᠮᠦᠨ ᠡᠳᠦᠷ ᠪᠦᠷᠢ ᠲᠤᠳᠤᠷᠭ᠎ᠠ ᠴᠠᠭᠠᠨ ᠭᠤᠯᠢᠷ᠂ ᠵᠢᠭᠠᠰᠤ | ᠲᠠᠬᠢᠶᠠᠨ ᠮᠢᠬ᠎ᠠ ᠪᠠᠷ ᠴᠠᠳᠴᠤ ᠪᠠᠶᠢᠳᠠᠯ᠎ᠠ ᠪᠠᠨ ᠴᠢᠷᠠᠢ ᠨᠢᠭᠤᠷ ᠨᠢ ᠬᠤᠵᠢᠢᠵᠤ ᠰᠢᠷᠠᠯᠠᠭᠠᠳ ᠪᠦᠬᠦ ᠪᠡᠶ᠎ᠠ ᠨᠢ | ᠡᠪᠡᠳᠴᠢᠨ ᠳᠤ ᠤᠷᠢᠶᠠᠭᠳᠠᠨ ᠰᠢᠨᠠᠯᠵᠤ ᠪᠠᠶᠢᠳᠠᠭ᠃ ᠡᠭᠦᠨ ᠠᠴᠠ ᠦᠵᠡᠬᠦ ᠳᠤ ᠶᠠᠭᠤ ᠢᠳᠡᠬᠦ᠂ ᠶᠠᠭᠠᠬᠢᠵᠤ ᠢᠳᠡᠬᠦ | ᠭᠡᠳᠡᠭ ᠠᠰᠠᠭᠤᠳᠠᠯ ᠪᠤᠯ ᠬᠦᠮᠦᠨ ᠪᠦᠷᠢ ᠶᠢᠨ ᠪᠡᠶ᠎ᠠ ᠮᠠᠬᠠᠪᠤᠳ ᠤᠨ ᠡᠷᠡᠭᠦᠯ ᠴᠢᠬᠢᠷᠠᠭ ᠲᠠᠢ ᠮᠠᠰᠢ ᠶᠡᠭᠡ | ᠬᠤᠯᠪᠤᠭᠳᠠᠯ ᠲᠠᠢ ᠪᠠᠶᠢᠨ᠎ᠠ᠃ | ᠰᠢᠨ᠎ᠠ ᠪᠠᠷ ᠬᠡᠪᠯᠡᠭᠳᠡᠭᠰᠡᠨ ︽ᠢᠷᠭᠡᠨᠴᠤᠳ ᠤᠨ ᠢᠳᠡᠰᠢ ᠬᠤᠭᠤᠯᠠᠨ ᠤ ᠵᠢᠯᠤᠭᠤᠳᠤᠮᠵᠢ︾ | ᠭᠡᠬᠦ ᠨᠤᠮ ᠳᠤ ᠲᠤᠤᠷᠠᠬᠢ ᠨᠠᠢᠮᠠᠨ ᠵᠠᠷᠴᠢᠮ ᠢ ᠲᠠᠨᠢᠯᠴᠠᠭᠤᠯᠤᠭᠰᠠᠨ ᠪᠠᠶᠢᠨ᠎ᠠ᠄ | ⒈ ᠢᠳᠡᠰᠢ ᠬᠤᠭᠤᠯᠠᠨ ᠤ ᠲᠦᠷᠦᠯ ᠵᠦᠢᠯ ᠤᠯᠠᠨ ᠶᠠᠩᠵᠤ ᠪᠠᠶᠢᠬᠤ ᠬᠡᠷᠡᠭᠳᠡᠢ᠂ ᠨᠠᠷᠢᠯᠢᠭ | ᠠᠮᠤ᠂ ᠪᠦᠳᠦᠭᠦᠯᠢᠭ ᠠᠮᠤ ᠶᠢ ᠵᠤᠬᠢᠬᠤ ᠬᠡᠮᠵᠢᠶ᠎ᠠ ᠲᠠᠢ ᠬᠤᠯᠢᠯᠳᠠᠭᠤᠯᠤᠨ ᠢᠳᠡᠬᠦ ᠬᠡᠷᠡᠭᠳᠡᠢ᠃ | ⒉ ᠡᠳᠦᠷ ᠪᠦᠷᠢ ᠰᠦ ᠴᠠᠭᠠᠨ ᠢᠳᠡᠭᠡᠨ ᠤ ᠵᠦᠢᠯ ᠪᠠ ᠪᠤᠷᠴᠠᠭ ᠤᠨ ᠲᠦᠷᠦᠯ ᠤᠨ | ᠢᠳᠡᠭᠡᠨ ᠢ ᠢᠳᠡᠵᠦ ᠪᠠᠶᠢᠪᠠᠯ ᠰᠠᠶᠢᠨ᠃ | ⒊ ᠨᠤᠭᠤᠭ᠎ᠠ ᠴᠠᠭ᠎ᠠ᠂ ᠵᠢᠮᠢᠰ ᠤᠨ ᠵᠦᠢᠯ ᠪᠠ ᠲᠦᠮᠦᠰᠦᠨ ᠤ ᠵᠦᠢᠯ ᠢ ᠢᠯᠡᠭᠦᠭᠡᠨ ᠢᠳᠡᠬᠦ | ᠬᠡᠷᠡᠭᠳᠡᠢ᠃ | ⒋ ᠦᠷᠭᠦᠯᠵᠢ ᠵᠤᠬᠢᠬᠤ ᠬᠡᠮᠵᠢᠶᠡᠨ ᠤ ᠵᠢᠭᠠᠰᠤᠨ ᠮᠢᠬ᠎ᠠ᠂ ᠦᠨᠳᠡᠭᠡ᠂ ᠲᠠᠬᠢᠶ᠎ᠠ᠂ | ᠨᠤᠭᠤᠰᠤ ᠶᠢᠨ ᠮᠢᠬ᠎ᠠ ᠪᠠ ᠦᠭᠡᠷ ᠬᠤᠨᠢᠨ ᠤ ᠮᠢᠬ᠎ᠠ ᠶᠢ ᠢᠳᠡᠨ᠎ᠠ᠂ ᠦᠭᠡᠬᠦ᠂ ᠭᠠᠭ᠋ᠠᠢ ᠶᠢᠨ ᠲᠤᠰᠤ ᠶᠢ ᠪᠠᠭ᠎ᠠ | ᠢᠳᠡᠪᠡᠯ ᠰᠠᠶᠢᠨ ᠃ | ⒌ ᠢᠳᠡᠬᠦ ᠬᠤᠭᠤᠯᠠᠨ ᠤ ᠬᠡᠮᠵᠢᠶ᠎ᠠ ᠪᠠ ᠪᠡᠶ᠎ᠠ ᠶᠢᠨ ᠪᠤᠯᠪᠠᠰᠤᠷᠠᠯ ᠤᠨ ᠬᠦᠳᠡᠯᠭᠡᠭᠡᠨ ᠢ | ᠵᠤᠬᠢᠴᠠᠭᠤᠯᠵᠤ᠂ ᠪᠡᠶ᠎ᠠ ᠶᠢᠨ ᠬᠦᠨᠳᠦᠴᠡ ᠲᠡᠩᠴᠡᠭᠦᠦ ᠪᠠᠶᠢᠬᠤ ᠶᠢ ᠪᠠᠷᠢᠮᠳᠠᠯᠠᠬᠤ ᠬᠡᠷᠡᠭᠳᠡᠢ᠃ | ⒍ ᠬᠤᠭᠤᠯᠠ ᠪᠤᠳᠠᠭᠠᠨ ᠳᠠᠭᠠᠨ ᠲᠠᠪᠤᠰᠤ ᠶᠢ ᠰᠤᠯᠠᠪᠳᠤᠷ ᠢᠳᠡᠬᠦ ᠲᠠᠳᠬᠠᠯ ᠲᠠᠢ ᠪᠤᠯᠬᠤ | ᠬᠡᠷᠡᠭᠳᠡᠢ᠃ | ⒎ ᠠᠷᠢᠬᠢ ᠶᠢ ᠬᠡᠮᠵᠢᠶ᠎ᠠ ᠲᠠᠢ ᠤᠤᠭᠤᠬᠤ ᠬᠡᠷᠡᠭᠳᠡᠢ᠃ | | ⒏ ᠴᠢᠨᠠᠷ ᠨᠢ ᠬᠤᠪᠢᠷᠠᠭᠰᠠᠨ ᠬᠤᠭᠤᠯᠠ ᠬᠤᠰᠢ ᠶᠢ ᠢᠳᠡᠵᠦ ᠪᠤᠯᠬᠤ ᠦᠭᠡᠢ᠃ | |