ᠲᠠᠯᠠᠶᠢᠨᠠᠭᠤᠷ ᠪᠠᠯᠭᠠᠰᠤᠨ ᠤ ᠰᠠᠭᠤᠭᠠᠯᠢ ᠠᠷᠠᠳ ᠤᠨ ᠵᠥᠪᠯᠡᠯ ᠤᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2014/7/15
        ᠲᠠᠯᠠᠶᠢᠨᠠᠭᠤᠷ ᠪᠠᠯᠭᠠᠰᠤᠨ ᠤ ᠰᠠᠭᠤᠭᠠᠯᠢ ᠠᠷᠠᠳ ᠤᠨ ᠵᠦᠪᠯᠡᠯ ᠨᠢ ᠲᠠᠯᠠᠶᠢᠨᠠᠭᠤᠷ ᠪᠠᠯᠭᠠᠰᠤᠨ  ᠤ ᠲᠤᠭᠤᠷᠢᠭ ᠲᠤ ᠪᠠᠶᠢᠷᠢᠯᠠᠵᠤ᠂ ᠨᠡᠶᠢᠳᠠ 330 ᠡᠷᠦᠬᠡ᠂ 1292 ᠬᠦᠮᠦᠨ ᠠᠮᠠ ᠪᠤᠢ᠃ 2013 ᠤᠨ ᠤ 6 ᠰᠠᠷ᠎ᠠ ᠶᠢᠨ ᠰᠡᠬᠦᠯᠴᠢ ᠶᠢᠨ ᠮᠠᠯ ᠤᠨ ᠵᠤᠭᠰᠤᠭ᠎ᠠ ᠲᠤᠭ᠎ᠠ ᠨᠢ 2353 ᠲᠤᠯᠤᠭᠠᠢ ︵ᠲᠤᠭ᠎ᠠ︶ ᠳᠤ ᠬᠦᠷᠴᠤ᠂ ᠡᠬᠦᠨ ᠤ ᠲᠤᠳᠤᠷ᠎ᠠ ᠪᠤᠭ ᠮᠠᠯ ᠨᠢ 1427 ᠲᠤᠯᠤᠭᠠᠢ ᠪᠠᠶᠢᠵᠤ᠂ ᠬᠤᠨᠢ 926 ᠪᠤᠢ᠃       ᠰᠠᠭᠤᠭᠠᠯᠢ ᠠᠷᠠᠳ ᠤᠨ ᠵᠥᠪᠯᠡᠯ ᠤᠨ ᠰᠤᠷᠭᠠᠭᠤᠯᠢ ᠳᠤ ᠤᠷᠤᠬᠤ ᠨᠠᠰᠤᠨ ᠳᠤ ᠬᠦᠷᠦᠭᠰᠡᠨ ᠪᠠᠭᠠᠴᠤᠳ ᠬᠡᠤᠬᠡᠳ ᠤᠳ ᠲᠠᠯᠠᠶᠢᠨᠠᠭᠤᠷ ᠪᠠᠯᠭᠠᠰᠤᠨ ᠤ ᠦᠨᠳᠤᠰᠤᠳᠠᠨ ᠤ ᠲᠤᠷᠰᠢᠯᠳᠠ ᠶᠢᠨ ᠪᠠᠭ᠎ᠠ ᠰᠤᠷᠭᠠᠭᠤᠯᠢ  ᠳᠤ ᠰᠤᠷᠤᠯᠴᠠᠵᠤ᠂ ᠰᠤᠷᠭᠠᠭᠤᠯᠢ ᠳᠤ ᠤᠷᠤᠭᠰᠠᠨ ᠨᠤᠷᠮ᠎ᠠ ᠨᠢ 100% ᠳᠤ ᠬᠦᠷᠦᠭᠰᠡᠨ ᠪᠠᠶᠢᠨ᠎ᠠ᠃ ᠴᠢᠮᠡᠭᠡ ᠬᠤᠯᠪᠤᠭᠠᠨ ᠤ ᠲᠦᠬᠦᠬᠡᠷᠦᠮᠵᠢ ᠦᠨᠳᠤᠰᠤᠨ ᠳᠤ ᠪᠠᠨ ᠲᠦᠬᠡᠮᠡᠯᠵᠢᠵᠤ᠂ ︽ᠲᠤᠰᠬᠤᠨ ᠪᠤᠯᠭᠠᠨ ᠳᠤ ᠨᠡᠪᠳᠡᠷᠡᠬᠦ︾ ᠢᠨᠵᠧᠨᠧᠷᠢᠩ ᠤᠨ ᠪᠦᠷᠬᠦᠴᠠ ᠨᠢ 100% ᠳᠤ ᠬᠦᠷᠴᠠᠢ᠃ 1 ᠰᠤᠷᠭᠠᠭᠤᠯᠢ᠂ 1 ᠡᠷᠡᠬᠦᠯ ᠬᠠᠮᠠᠭᠠᠯᠠᠯ ᠤᠨ ᠬᠤᠷᠢᠶ᠎ᠠ᠂ 8 ᠠᠷᠠᠳ ᠲᠤ ᠲᠦᠬᠦᠮ ᠦᠵᠡᠬᠦᠯᠬᠦ ᠲᠡᠯᠬᠡᠬᠦᠷ᠂ 1 ᠰᠤᠶᠤᠯ ᠤᠨ ᠠᠭᠤᠳᠠᠮ ᠲᠠᠯᠠᠪᠠᠢ ᠪᠤᠢ᠃ ᠶᠠᠳᠠᠭᠤ ᠬᠦᠴᠢᠷᠳᠠᠢ ᠡᠷᠦᠬᠡ ᠶᠢᠨ ᠲᠤᠳᠤᠷ᠎ᠠ᠂ ᠲᠤᠤᠷ᠎ᠠ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠳᠡᠵᠤ ᠪᠦᠬᠦᠢ ᠮᠠᠯᠴᠢᠨ ᠡᠷᠦᠬᠡ 266 ᠪᠠᠶᠢᠵᠤ᠂ ᠲᠠᠪᠤᠨ ᠪᠠᠳᠤᠯᠭᠠᠳᠤ 7 ᠡᠷᠦᠬᠡ᠂ 7 ᠬᠦᠮᠦᠨ ᠪᠠᠶᠢᠵᠤ᠂ ᠠᠮᠢᠳᠤᠷᠠᠯ ᠤᠨ ᠬᠢᠷᠢ ᠲᠦᠪᠰᠢᠨ ᠨᠢ ᠦᠨᠳᠤᠰᠤᠨ ᠳᠤ ᠪᠠᠨ ᠢᠳᠡᠵᠤ ᠡᠮᠤᠰᠬᠦ ᠳᠤ ᠪᠠᠨ ᠵᠦᠪ ᠪᠤᠯᠤᠭᠰᠠᠨ ᠪᠠᠶᠢᠨ᠎ᠠ᠃ ᠵᠡᠮᠳᠡᠭ 17 ᠡᠷᠦᠬᠡ᠂ 18 ᠬᠦᠮᠦᠨ ᠪᠤᠢ᠃ ᠰᠢᠨ᠎ᠡ ᠬᠡᠯᠪᠡᠷᠢ ᠶᠢᠨ ᠬᠤᠷᠰᠢᠭᠰᠡᠨ ᠡᠮᠨᠡᠯᠬᠡ ᠳᠤ ᠤᠷᠤᠯᠴᠠᠭᠰᠠᠨ ᠨᠢ 321 ᠡᠷᠦᠬᠡ᠂ 1280 ᠬᠦᠮᠦᠨ ᠪᠠᠶᠢᠵᠤ᠂ ᠲᠤᠰ ᠲᠤᠰ ᠪᠦᠬᠦ ᠡᠷᠦᠬᠡ ᠶᠢᠨ ᠲᠤᠭ᠎ᠠ ᠪᠠ ᠪᠦᠬᠦ ᠬᠦᠮᠦᠨ ᠠᠮᠠ  ᠶᠢᠨ ᠲᠤᠭ᠎ᠠ ᠶᠢᠨ 97.2% ᠪᠠ 99.1% ᠶᠢ ᠡᠵᠡᠯᠡᠵᠤ ᠪᠤᠢ᠃ ᠤᠳᠤ ᠪᠠᠶᠢᠭ᠎ᠠ ᠲᠤᠰᠬᠤᠨ ᠤ ᠺᠠᠳ᠋ᠷ 4 ᠨᠡᠷ᠎ᠡ᠂ ᠡᠬᠦᠷ ᠤᠨ ᠬᠡᠰᠢᠬᠦᠨ 3 ᠨᠡᠷ᠎ᠡ᠂ ᠲᠤᠰᠬᠤᠨ ᠤ ᠵᠦᠪᠯᠡᠯ ᠤᠨ ᠬᠡᠰᠢᠬᠦᠨ 3 ᠨᠡᠷ᠎ᠡ᠂ ᠲᠤᠰᠬᠤᠨ ᠤ ᠱᠠᠳᠤᠨ ᠤ ᠪᠡᠯᠡᠳᠬᠡᠯ ᠺᠠᠳ᠋ᠷ 4 ᠨᠡᠷ᠎ᠡ ᠪᠤᠢ᠃       ᠰᠠᠭᠤᠭᠠᠯᠢ ᠠᠷᠠᠳ ᠤᠨ ᠵᠦᠪᠯᠡᠯ ᠨᠢ ᠲᠠᠯᠠᠶᠢᠨᠠᠭᠤᠷ ᠪᠠᠯᠭᠠᠰᠤᠨ ᠤ ᠲᠤᠭᠤᠷᠢᠭ ᠲᠤ ᠪᠠᠶᠢᠷᠢᠯᠠᠵᠤ᠂ 303 ᠤᠯᠤᠰ ᠤᠨ ᠵᠠᠮ ᠲᠠᠢ ᠵᠠᠬ᠎ᠠ ᠨᠠᠶᠢᠯᠡᠵᠤ᠂ ᠡᠷᠬᠢᠨ ᠲᠤᠭᠤᠷᠢᠨ ᠳᠤ ᠨᠢ ᠵᠠᠰᠠᠭ ᠤᠨ ᠤᠷᠳᠤᠨ᠂ ᠰᠤᠷᠭᠠᠭᠤᠯᠢ᠂ ᠡᠷᠡᠬᠦᠯ ᠬᠠᠮᠠᠭᠠᠯᠠᠯ ᠤᠨ ᠬᠤᠷᠢᠶ᠎ᠠ᠂ ᠰᠢᠤᠳᠠᠨ ᠤ ᠭᠠᠵᠠᠷ᠂ ᠴᠠᠭᠢᠯᠭᠠᠡ ᠲᠤᠭᠢᠷᠠᠭᠤᠯᠬᠤ ᠭᠠᠵᠠᠷ᠂ ᠰᠤᠶᠤᠯ ᠤᠨ ᠠᠭᠤᠳᠠᠮ ᠲᠠᠯᠠᠪᠠᠢ ᠵᠡᠷᠬᠡ ᠪᠠᠶᠢᠵᠤ᠂ ᠰᠠᠭᠤᠷᠢ ᠲᠦᠬᠦᠬᠡᠷᠦᠮᠵᠢ ᠬᠠᠷᠢᠴᠠᠩᠭᠤᠢ ᠪᠠᠷ ᠲᠡᠬᠦᠯᠳᠡᠷᠵᠢᠵᠤ᠂ ᠵᠠᠮ ᠬᠠᠷᠢᠯᠴᠠᠭ᠎ᠠ ᠲᠦᠬᠦᠮ ᠲᠦᠳᠡ ᠪᠠᠶᠢᠵᠤ᠂ ᠬᠦᠮᠦᠨ ᠠᠮᠠ ᠲᠦᠪᠯᠡᠷᠡᠨ ᠰᠠᠭᠤᠷᠢᠰᠢᠵᠤ᠂ ᠰᠠᠭᠤᠷᠢᠰᠢᠯ ᠪᠠ ᠵᠢᠭᠤᠯᠴᠢᠯᠠᠯ ᠤᠨ ᠵᠠᠩᠬᠢᠯᠠᠭ᠎ᠠ ᠶᠢᠨ ᠤᠷᠤᠨ ᠪᠤᠯᠤᠭᠰᠠᠨ ᠪᠠᠶᠢᠨ᠎ᠠ᠃ 
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号