ᠲᠠᠷᠬᠠᠬᠠᠭᠤᠯᠠ ᠰᠤᠮᠤᠨ ᠤ ᠪᠠᠶᠠᠨᠬᠤᠰᠢᠭᠤ ᠭᠠᠴᠠᠭᠠᠨ ᠤ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2014/7/22
       ᠪᠠᠶᠠᠨᠬᠤᠰᠢᠭᠤ ᠭᠠᠴᠠᠭ᠎ᠠ ᠨᠢ ᠲᠠᠷᠬᠠᠬᠠᠭᠤᠯᠠ ᠰᠤᠮᠤᠨ ᠤ ᠬᠤᠶᠢᠳᠤ ᠬᠡᠰᠡᠭ ᠲᠤ ᠪᠠᠶᠢᠷᠢᠯᠠᠵᠤ᠂ ᠰᠤᠮᠤᠨ ᠤ ᠵᠠᠰᠠᠭ ᠤᠨ ᠤᠷᠳᠤᠨ ᠤ ᠪᠠᠶᠢᠭ᠎ᠠ ᠭᠠᠵᠠᠷ ᠠᠴᠠ ᠪᠠᠨ 35 ᠺᠢᠯᠤᠮᠧᠲᠷ ᠵᠠᠶᠢᠳᠠᠢ᠃ ᠭᠠᠴᠠᠭ᠎ᠠ ᠨᠢ ᠬᠦᠩᠬᠡᠷ ᠤᠨ ᠲᠠᠯ᠎ᠠ ᠨᠤᠳᠤᠭ ᠲᠤ ᠤᠷᠤᠰᠢᠵᠤ᠂ ᠵᠡᠬᠦᠨᠰᠢ ᠪᠠᠷᠠᠭᠤᠨᠰᠢ 18 ᠺᠢᠯᠤᠮᠧᠲᠷ ᠤᠷᠳᠤ᠂ ᠡᠮᠤᠨᠡᠰᠢ ᠤᠮᠠᠷᠠᠰᠢ 22 ᠺᠢᠯᠤᠮᠧᠲᠷ ᠦᠷᠬᠡᠨ ᠪᠠᠶᠢᠵᠤ᠂ ᠭᠠᠴᠠᠭᠠᠨ ᠤ ᠬᠠᠷᠢᠶᠠᠳᠤ ᠤᠷᠤᠨ ᠢᠶᠠᠷ ᠭᠤᠤᠯ ᠤᠷᠤᠰᠤᠨ ᠦᠩᠬᠡᠷᠡᠵᠤ᠂ ᠦᠩ ᠰᠢᠮᠡᠯᠢᠭ ᠪᠠᠯᠴᠢᠬᠡᠷ᠂ ᠴᠡᠪᠡᠷ ᠲᠤᠩᠭᠠᠯᠠᠭ ᠭᠤᠤᠯ ᠭᠤᠷᠤᠬ᠎ᠠ ᠪᠠ ᠡᠯᠪᠡᠭ ᠪᠠᠶᠠᠯᠢᠭ ᠤᠷᠭᠤᠮᠠᠯ  ᠤᠨ ᠲᠦᠷᠦᠯ ᠵᠦᠢᠯ ᠲᠠᠢ ᠪᠠᠶᠢᠵᠤ᠂ ᠮᠠᠯ ᠠᠵᠤ ᠠᠬᠤᠢ ᠶᠢ ᠬᠦᠭᠵᠢᠬᠦᠯᠬᠦ ᠲᠠᠪᠠᠭᠤᠯᠢᠭ ᠨᠦᠬᠦᠴᠡᠯ ᠢ ᠪᠦᠷᠢᠳᠦᠬᠦᠯᠦᠭᠰᠡᠨ ᠪᠠᠶᠢᠨ᠎ᠠ᠃ ᠡᠮᠤᠨ᠎ᠡ ᠬᠡᠰᠡᠭ ᠪᠠ ᠵᠡᠬᠦᠨ ᠬᠡᠰᠡᠭ ᠨᠢ ᠬᠦᠩᠬᠡᠷ ᠤᠨ ᠲᠠᠯ᠎ᠠ ᠨᠤᠳᠤᠭ ᠲᠤ᠂ ᠪᠠᠷᠠᠭᠤᠨ ᠬᠡᠰᠡᠭ ᠨᠢ ᠲᠠᠯᠠᠶᠢᠨᠠᠭᠤᠷ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠤ ᠪᠠᠭᠳᠠᠵᠤ᠂ ᠬᠤᠶᠢᠳᠤ ᠲᠠᠯ᠎ᠠ ᠪᠠᠷ ᠢᠶᠠᠨ ᠰᠢᠯᠢᠩᠭᠤᠤᠯ ᠤᠨ ᠲᠠᠯ᠎ᠠ ᠨᠤᠳᠤᠭ ᠲᠠᠢ ᠵᠠᠬ᠎ᠠ ᠨᠠᠶᠢᠯᠠᠵᠤ ᠪᠤᠢ᠃      ᠪᠠᠶᠠᠨᠬᠤᠰᠢᠭᠤ ᠭᠠᠴᠠᠭ᠎ᠠ ᠳᠤ 2 ᠲᠤᠭᠤᠶᠢᠯᠠᠩ ᠲᠠᠢ᠂ ᠤᠳᠤ ᠪᠠᠶᠢᠭ᠎ᠠ ᠡᠷᠦᠬᠡ ᠶᠢᠨ ᠶᠡᠷᠦᠩᠬᠡᠢ ᠲᠤᠭ᠎ᠠ ᠨᠢ 180 ᠡᠷᠦᠬᠡ᠂ ᠬᠦᠮᠦᠨ ᠠᠮᠠ ᠶᠢᠨ ᠶᠡᠷᠦᠩᠬᠡᠢ ᠲᠤᠭ᠎ᠠ ᠨᠢ 570 ᠬᠦᠮᠦᠨ᠃ ᠭᠠᠴᠠᠭᠠᠨ ᠤ ᠶᠡᠷᠦᠩᠬᠡᠢ ᠲᠠᠯᠠᠪᠠᠢ ᠨᠢ 19.2 ᠲᠦᠮᠡᠨ ᠮᠤ᠋ ᠪᠠᠶᠢᠵᠤ᠂ ᠪᠠᠶᠢᠭᠠᠯᠢᠯᠢᠭ ᠬᠠᠳᠤᠯᠠᠩ ᠪᠡᠯᠴᠢᠬᠡᠷ ᠤᠨ ᠲᠠᠯᠠᠪᠠᠢ ᠨᠢ 18.1 ᠲᠦᠮᠡᠨ ᠮᠤ᠋ ᠪᠤᠢ᠃      ᠪᠠᠶᠠᠨᠬᠤᠰᠢᠭᠤ ᠭᠠᠴᠠᠭᠠᠨ ᠤ ᠠᠵᠤ ᠠᠬᠤᠢ ᠨᠢ ᠤᠯᠠᠮᠵᠢᠯᠠᠯᠳᠤ ᠮᠠᠯ ᠠᠵᠤ ᠠᠬᠤᠢ ᠪᠠᠷ ᠭᠤᠤᠯᠯᠠᠵᠤ᠂ ᠵᠢᠭᠤᠯᠴᠢᠯᠠᠯ ᠤᠨ ᠦᠢᠯᠡᠰ ᠤᠨ ᠭᠠᠴᠠᠭᠠᠨ ᠤ ᠠᠵᠤ ᠠᠬᠤᠢ ᠶᠢᠨ ᠲᠤᠮᠳᠠ ᠡᠵᠡᠯᠡᠬᠦ ᠬᠠᠷᠢᠴᠠᠯ ᠨᠢ ᠵᠢᠯ ᠲᠠᠷᠠᠭᠠᠯᠠᠨ ᠨᠡᠮᠡᠭᠳᠡᠭᠰᠡᠨ ᠪᠠᠶᠢᠨ᠎ᠠ᠃ ᠭᠠᠴᠠᠭᠠᠨ ᠤ ᠭᠤᠷᠪᠠᠨ ᠤ ᠬᠤᠶᠠᠷ ᠤᠨ ᠬᠦᠮᠦᠨ ᠠᠮᠠ ᠨᠢ ᠮᠠᠯᠵᠢᠬᠤ ᠦᠢᠯᠡᠳᠪᠤᠷᠢᠯᠡᠯ ᠡᠷᠬᠢᠯᠡᠵᠤ ᠪᠤᠢ᠃ ᠭᠠᠴᠠᠭᠠᠨ ᠤ ᠮᠠᠯ ᠤᠨ ᠶᠡᠷᠦᠩᠬᠡᠢ ᠲᠤᠭ᠎ᠠ ᠨᠢ 10850 ᠲᠤᠯᠤᠭᠠᠢ ︵ᠲᠤᠭ᠎ᠠ︶ ᠪᠠᠶᠢᠵᠤ᠂ ᠡᠬᠦᠨ ᠤ ᠲᠤᠮᠳᠠ ᠦᠬᠡᠷ ᠤᠨ ᠵᠤᠭᠰᠤᠭ᠎ᠠ ᠲᠤᠭ᠎ᠠ ᠨᠢ 3385 ᠲᠤᠯᠤᠭᠠᠢ᠂ ᠬᠤᠨᠢᠨ ᠤ ᠵᠤᠭᠰᠤᠭ᠎ᠠ ᠲᠤᠭ᠎ᠠ ᠨᠢ 7150᠂ ᠪᠤᠰᠤᠳ ᠮᠠᠯ ᠨᠢ 315 ᠲᠤᠯᠤᠭᠠᠢ ︵ᠲᠤᠭ᠎ᠠ︶ ᠪᠤᠢ᠃ ᠵᠢᠯ ᠤᠨ ᠪᠤᠷᠤᠯᠠᠭᠤᠯᠤᠭᠰᠠᠨ ᠬᠦᠢᠴᠡᠳᠬᠡᠯ ᠲᠤᠭ᠎ᠠ ᠨᠢ᠄ ᠦᠬᠡᠷ ᠢ 1200 ᠲᠤᠯᠤᠭᠠᠢ ᠪᠤᠷᠤᠯᠠᠭᠤᠯᠵᠤ᠂ ᠬᠤᠨᠢ ᠶᠢ 3600 ᠪᠤᠷᠤᠯᠠᠭᠤᠯᠤᠭᠰᠠᠨ ᠪᠠᠶᠢᠨ᠎ᠠ᠃       2012 ᠤᠨ ᠤ ᠵᠢᠯ ᠤᠨ ᠡᠴᠤᠰ ᠤᠨ ᠮᠠᠯᠴᠢᠳ ᠤᠨ ᠵᠢᠯ ᠤᠨ ᠬᠦᠮᠦᠨ ᠲᠤᠮᠳᠠᠴᠢ ᠶᠢᠨ ᠤᠷᠤᠯᠭ᠎ᠠ ᠨᠢ 7000 ᠲᠦᠬᠦᠷᠢᠭ ᠲᠤ ᠬᠦᠷᠴᠠᠢ᠃ 
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号