ᠳ᠋ᠤᠺᠲ᠋ᠤᠷ ᠪᠠᠶᠠᠰᠬᠤᠯᠠᠩ
ᠨᠡᠶᠢᠲᠡᠯᠡᠭᠰᠡᠨ ᠴᠠᠭ᠄
2014/7/24
        ᠪᠠᠶᠠᠰᠬᠤᠯᠠᠩ᠂ 1970 ᠤᠨ ᠤ 3 ᠰᠠᠷ᠎ᠠ ᠳᠤ ᠬᠡᠰᠢᠭᠳᠡᠨ ᠬᠤᠰᠢᠭᠤᠨ ᠤ ᠪᠠᠶᠠᠨᠴᠠᠭᠠᠨ ᠰᠤᠮᠤᠨ ᠤ ᠪᠠᠶᠠᠨᠴᠠᠭᠠᠨ ᠭᠠᠴᠠᠭᠠᠨ ᠳᠤ ᠲᠦᠷᠦᠵᠠᠢ᠃ ᠲᠤᠤᠺᠢᠤ᠋ ᠶᠡᠭᠡ ᠰᠤᠷᠭᠠᠭᠤᠯᠢ ᠶᠢᠨ ᠳ᠋ᠤᠺᠲ᠋ᠤᠷ᠂ ᠬᠠᠷᠸᠠᠷᠳ᠋ ᠶᠡᠭᠡ ᠰᠤᠷᠭᠠᠭᠤᠯᠢ ᠶᠢᠨ ᠫᠤᠰᠲ ᠳ᠋ᠤᠺᠲ᠋ᠤᠷ᠂ ᠰᠢᠩᠬᠡᠬᠡᠯᠳᠠ ᠶᠢᠨ ᠰᠢᠰᠲ᠋ᠧᠮ ᠤᠨ ᠡᠪᠡᠳᠴᠢᠨ ᠤ ᠤᠬᠠᠭᠠᠨ ᠤ ᠬᠤᠪᠢᠶᠠᠷᠢ ᠨᠡᠶᠢᠬᠡᠮᠯᠢᠭ ᠤᠨ ᠪᠦᠬᠦ ᠤᠯᠤᠰ ᠤᠨ ᠵᠠᠯᠠᠭᠤᠴᠤᠳ ᠤᠨ ᠺᠤᠮᠢᠰ ᠤᠨ ᠬᠡᠰᠢᠬᠦᠨ᠂ ᠫᠤᠰᠲ ᠳ᠋ᠤᠺᠲ᠋ᠤᠷ ᠤᠨ ᠵᠢᠯᠤᠭᠤᠳᠤᠭᠴᠢ ᠪᠠᠭᠰᠢ᠂ ᠰᠢᠶᠠᠮᠧᠨ ᠶᠡᠭᠡ ᠰᠤᠷᠭᠠᠭᠤᠯᠢ ᠶᠢᠨ ᠬᠠᠷᠢᠶᠠᠳᠤ ᠵᠦᠩᠱᠠᠨ ᠡᠮᠨᠡᠯᠬᠡ ᠶᠢᠨ ᠬᠤᠷᠢᠶ᠎ᠠ ᠶᠢᠨ ᠰᠢᠩᠬᠡᠬᠡᠯᠳᠠ ᠶᠢᠨ ᠲᠤᠳᠤᠷ ᠰᠠᠯᠠᠭ᠎ᠠ ᠳᠤ ᠠᠵᠢᠯᠯᠠᠵᠤ ᠪᠤᠢ᠃  
      1977 — 1982 ᠬᠡᠰᠢᠭᠳᠡᠨ ᠬᠤᠰᠢᠭᠤᠨ ᠤ ᠪᠠᠶᠠᠨᠴᠭᠠᠠᠨ ᠰᠤᠮᠤᠨ ᠤ ᠶᠡᠷᠦᠩᠬᠡᠢ ᠰᠤᠷᠭᠠᠭᠤᠯᠢ ᠳᠤ᠂ 1982 — 1985 ᠬᠡᠰᠢᠭᠳᠡᠨ ᠬᠤᠰᠢᠭᠤᠨ ᠤ ᠮᠤᠩᠭᠤᠯ ᠲᠤᠮᠳᠠᠳᠤ ᠰᠤᠷᠭᠠᠭᠤᠯᠢ ᠳᠤ᠂ 1985 ᠤᠨ ᠤ 9 ᠰᠠᠷ᠎ᠠ ᠠᠴᠠ 1989 ᠤᠨ ᠤ 7 ᠰᠠᠷ᠎ᠠ ᠳᠤ ᠤᠯᠠᠭᠠᠨᠬᠠᠳᠠ ᠶᠢᠨ ᠮᠤᠩᠭᠤᠯ ᠲᠤᠮᠳᠠᠳᠤ ᠰᠤᠷᠭᠠᠭᠤᠯᠢ ᠳᠤ᠂ 1989 ᠤᠨ ᠤ 9 ᠰᠠᠷ᠎ᠠ ᠠᠴᠠ 1994 ᠤᠨ ᠤ 7 ᠰᠠᠷ᠎ᠠ᠂ ᠪᠡᠬᠡᠵᠢᠩ ᠤᠨ ᠬᠢᠳᠠᠳ ᠡᠮ ᠡᠮᠨᠡᠯᠬᠡ ᠶᠢᠨ ᠶᠡᠭᠡ ᠰᠤᠷᠭᠠᠭᠤᠯᠢ ᠶᠢᠨ ᠡᠮᠴᠢᠯᠡᠭᠡ ᠶᠢᠨ ᠡᠮᠨᠡᠯᠬᠡ ᠶᠢᠨ ᠰᠠᠯᠪᠤᠷᠢ ᠳᠤ ᠰᠤᠷᠤᠯᠴᠠᠪᠠ᠃       1994 ᠤᠨ ᠤ 10 ᠰᠠᠷ᠎ᠠ ᠠᠴᠠ 2000 ᠤᠨ ᠤ 3 ᠰᠠᠷ᠎ᠠ ᠳᠤ᠂ ᠦᠪᠤᠷ ᠮᠤᠩᠭᠤᠯ ᠤᠨ ᠤᠯᠠᠭᠠᠨᠬᠠᠳᠠ ᠬᠤᠳᠠ ᠶᠢᠨ ᠬᠢᠳᠠᠳ ᠮᠤᠩᠭᠤᠯ ᠡᠮᠨᠡᠯᠬᠡ ᠶᠢᠨ ᠬᠤᠷᠢᠶ᠎ᠠ ᠶᠢᠨ ᠰᠢᠩᠬᠡᠬᠡᠯᠳᠠ ᠶᠢᠨ ᠲᠤᠳᠤᠷ ᠰᠠᠯᠠᠭ᠎ᠠ  ᠶᠢᠨ ᠡᠮᠴᠢ ᠪᠠᠷ ᠠᠵᠢᠯᠯᠠᠵᠤ᠂ 2000 ᠤᠨ ᠤ 4 ᠰᠠᠷ᠎ᠠ ᠠᠴᠠ 2002 ᠤᠨ ᠤ 3 ᠰᠠᠷ᠎ᠠ ᠳᠤ᠂ ᠲᠤᠤᠺᠢᠤ᠋ ᠶᠢᠨ ᠭᠠᠳᠠᠭᠠᠳᠤ ᠬᠡᠯᠡᠨ ᠤ ᠶᠡᠭᠡ ᠰᠤᠷᠭᠠᠭᠤᠯᠢ ᠳᠤ ᠰᠤᠷᠤᠯᠴᠠᠵᠤ᠂ 2002 ᠤᠨ ᠤ 4 ᠰᠠᠷ᠎ᠠ ᠠᠴᠠ 2006 ᠤᠨ ᠤ 3 ᠰᠠᠷ᠎ᠠ ᠳᠤ᠂ ᠶᠠᠫᠤᠨ ᠤ ᠲᠤᠤᠺᠢᠤ᠋ ᠶᠡᠭᠡ ᠰᠤᠷᠭᠠᠭᠤᠯᠢ ᠶᠢᠨ ᠡᠮᠨᠡᠯᠬᠡ ᠶᠢᠨ ᠤᠬᠠᠭᠠᠨ ᠤ ᠬᠡᠯᠳᠡᠰ ᠤᠨ ᠰᠢᠩᠬᠡᠬᠡᠯᠳᠠ  ᠶᠢᠨ ᠲᠤᠳᠤᠷ ᠰᠠᠯᠠᠭ᠎ᠠ ᠳᠤ ᠳ᠋ᠤᠺᠲ᠋ᠤᠷ ᠰᠤᠷᠤᠯᠴᠠᠵᠤ᠂ ᠡᠮᠨᠡᠯᠬᠡ ᠶᠢᠨ ᠤᠬᠠᠭᠠᠨ ᠤ ᠳ᠋ᠤᠺᠲ᠋ᠤᠷ ᠴᠤᠯᠠ ᠬᠠᠮᠠᠭᠠᠯᠠᠵᠤ᠂ ᠭᠤᠤᠯᠳᠠᠭᠤ ᠰᠢᠩᠬᠡᠬᠡᠯᠳᠠ ᠶᠢᠨ ᠵᠠᠮ ᠤᠨ ᠬᠤᠤᠷᠳᠤ ᠬᠠᠪᠤᠳᠡᠷ᠂ ᠴᠢᠰᠤᠨ ᠰᠤᠳᠠᠯ ᠤᠨ ᠲᠡᠬᠢᠨ ᠠᠨᠠᠭᠠᠬᠤ ᠴᠢᠳᠠᠪᠤᠷᠢ ᠪᠠ ᠴᠢᠮᠣᠬᠡᠠ ᠤ ᠰᠲ᠋ᠧᠮ ᠡᠰ ᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠶᠢᠨ ᠬᠤᠭᠤᠷᠤᠨᠳᠤᠬᠢ ᠬᠠᠷᠢᠴᠠᠭ᠎ᠠ ᠶᠢ ᠰᠤᠳᠤᠯᠪᠠ᠃       2006 ᠤᠨ ᠤ 4 ᠰᠠᠷ᠎ᠠ ᠠᠴᠠ 2009 ᠤᠨ ᠤ 6 ᠰᠠᠷ᠎ᠠ ᠳᠤ᠂ ᠠᠮᠧᠷᠢᠺᠡ ᠶᠢᠨ ᠬᠠᠷᠸᠠᠷᠳ᠋ ᠶᠡᠭᠡ ᠰᠤᠷᠭᠠᠭᠤᠯᠢ ᠶᠢᠨ ᠡᠮᠨᠡᠯᠬᠡ ᠶᠢᠨ ᠲᠡᠭᠡᠳᠤ ᠰᠤᠷᠭᠠᠭᠤᠯᠢ ᠶᠢᠨ ᠮᠠᠰᠰᠠᠴᠦᠰᠧᠲᠰ ᠶᠡᠷᠦᠩᠬᠡᠢ ᠡᠮᠨᠡᠯᠬᠡ ᠶᠢᠨ ᠬᠤᠷᠢᠶ᠎ᠠ ᠶᠢᠨ ᠰᠢᠩᠬᠡᠬᠡᠯᠳᠠ ᠶᠢᠨ ᠲᠤᠳᠤᠷ ᠰᠠᠯᠠᠭ᠎ᠠ ᠶᠢᠨ ᠫᠤᠰᠲ ᠳ᠋ᠤᠺᠲ᠋ᠤᠷ ᠰᠤᠳᠤᠯᠭᠠᠳᠠᠨ ᠢᠶᠠᠷ᠂ ᠭᠤᠤᠯᠳᠠᠭᠤ ᠦᠷᠪᠢᠰᠦᠯ ᠤᠨ ᠴᠢᠨᠠᠷᠳᠠᠢ ᠬᠡᠳᠡᠰᠤᠨ ᠡᠪᠡᠳᠴᠢᠨ ᠵᠢᠴᠢ ᠰᠢᠩᠭᠡᠭᠡᠯᠳᠡ ᠶᠢᠨ ᠰᠢᠰᠲ᠋ᠧᠮ ᠤᠨ ᠬᠤᠤᠷᠳᠤ ᠬᠠᠪᠤᠳᠠᠷ ᠤᠨ ᠡᠪᠡᠳᠴᠢᠨ ᠡᠬᠦᠰᠬᠦ ᠰᠢᠯᠳᠠᠭᠠᠨ ᠤ ᠲᠤᠬᠠᠢ ᠰᠤᠳᠤᠯᠪᠠ᠃  
      2006 ᠤᠨ ᠤ 3 ᠰᠠᠷ᠎ᠠ ᠳᠤ ᠲᠤᠤᠺᠢᠤ᠋ ᠶᠡᠭᠡ ᠰᠤᠷᠭᠠᠭᠤᠯᠢ ᠶᠢᠨ       ᠡᠮᠨᠡᠯᠬᠡ ᠶᠢᠨ ᠤᠬᠠᠭᠠᠨ ᠤ ᠳ᠋ᠤᠺᠲ᠋ᠤᠷ ᠴᠤᠯᠠ ᠬᠠᠮᠠᠭᠠᠯᠠᠪᠠ       ᠪᠠᠶᠠᠰᠬᠤᠯᠠᠩ ᠳ᠋ᠤᠺᠲ᠋ᠤᠷ 2000 ᠤᠨ ᠤ 3 ᠰᠠᠷ᠎ᠠ ᠳᠤ ᠶᠠᠫᠤᠨ ᠳᠤ ᠭᠠᠷᠴᠤ 6 ᠵᠢᠯ ᠰᠤᠷᠤᠯᠴᠠᠨ᠂ ᠲᠡᠯᠡᠬᠡᠢ ᠶᠢᠨ ᠰᠢᠩᠬᠡᠬᠡᠯᠳᠠ ᠶᠢᠨ ᠡᠪᠡᠳᠴᠢᠨ ᠤ ᠬᠦᠷᠢᠶ᠎ᠡ ᠬᠡᠪᠴᠢᠶ᠎ᠡ ᠳᠤ ᠠᠯᠳᠠᠷ ᠬᠦᠨᠳᠤᠳᠠᠢ Masao Omata ᠫᠷᠦᠹᠧᠰᠰᠤᠷ ᠢ ᠲᠠᠭᠠᠨ ᠰᠤᠷᠤᠯᠴᠠᠵᠤ᠂ ᠨᠡᠷᠡᠳᠤ ᠶᠡᠭᠡ ᠰᠤᠷᠭᠠᠭᠤᠯᠢ ᠲᠤᠤᠺᠢᠤ᠋ ᠶᠡᠭᠡ ᠰᠤᠷᠭᠠᠭᠤᠯᠢ ᠶᠢᠨ ᠡᠮᠨᠠᠯᠭᠡ ᠶᠢᠨ ᠤᠬᠠᠭᠠᠡ ᠤ ᠭᠡᠯᠳᠠᠰ ᠤᠨ ᠰᠢᠩᠬᠡᠬᠡᠯᠳᠠ ᠶᠢᠨ ᠲᠤᠳᠤᠷ ᠰᠠᠯᠠᠭ᠎ᠠ ᠳᠤ ᠬᠠᠳᠠᠭᠤᠵᠢᠯᠳᠠᠢ ᠲᠠᠪᠳᠠᠨ ᠪᠤᠯᠪᠠᠰᠤᠷᠠᠬᠤ ᠪᠠᠷ ᠲᠠᠮᠵᠢᠵᠤ᠂ ᠳ᠋ᠤᠺᠲ᠋ᠤᠷ ᠴᠤᠯᠠ ᠰᠤᠷᠤᠯᠴᠠᠵᠤ ᠪᠠᠶᠢᠬᠤ ᠬᠤᠭᠤᠴᠠᠭᠠᠨ  ᠳᠠᠭᠠᠨ᠂ ᠪᠦᠬᠦᠶᠢᠯᠡ ᠠᠮᠢᠳᠤ ᠪᠤᠳᠠᠰ ᠤᠨ ᠡᠮᠨᠡᠯᠬᠡ ᠶᠢᠨ ᠤᠬᠠᠭᠠᠨ ᠤ ᠰᠤᠳᠤᠯᠭᠠᠨ ᠤ ᠮᠡᠷᠬᠡᠵᠢᠯ ᠢ ᠪᠤᠯᠪᠠᠰᠤᠷᠠᠩᠭᠤᠢ ᠡᠵᠡᠮᠰᠢᠵᠤ ᠬᠡᠷᠡᠭᠯᠡᠵᠤ ᠴᠢᠳᠠᠭᠰᠠᠨ ᠮᠦᠷᠳᠡᠬᠡᠨ ᠰᠤᠳᠤᠯᠭᠠᠨ ᠤ ᠰᠡᠳᠤᠪ ᠢ ᠲᠤᠭᠳᠠᠭᠠᠬᠤ᠂ ᠲᠤᠷᠰᠢᠯᠳᠠ ᠶᠢᠨ ᠲᠦᠯᠦᠪᠯᠡᠭᠡ᠂ ᠲᠤᠷᠰᠢᠯᠳᠠ ᠶᠢᠨ ᠠᠵᠢᠯᠯᠠᠭ᠎ᠠ᠂ ᠲᠤᠭ᠎ᠠ ᠪᠠᠷᠢᠮᠳᠠ ᠶᠢ ᠵᠠᠳᠠᠯᠬᠤ᠂ ᠦᠬᠦᠯᠡᠯ ᠪᠢᠴᠢᠬᠦ ᠵᠢᠴᠢ ᠡᠬᠡ ᠪᠢᠴᠢᠭ ᠢᠯᠡᠬᠡᠬᠦ ᠵᠡᠷᠬᠡ ᠪᠦᠬᠦᠶᠢᠯᠡ ᠰᠤᠳᠤᠯᠭᠠᠨ ᠤ ᠠᠵᠢᠯ ᠢ ᠬᠠᠷᠢᠭᠤᠴᠠᠭᠰᠠᠨ ᠪᠠᠶᠢᠨ᠎ᠠ︔ ᠲᠠᠷᠡ ᠪᠠᠷ ᠤᠯᠠᠨ ᠤᠯᠤᠰ ᠤᠨ ᠡᠷᠳᠡᠮ ᠰᠢᠨᠵᠢᠯᠡᠬᠡᠨ ᠤ ᠶᠡᠭᠡ ᠬᠡᠯᠪᠡᠷᠢ ᠶᠢᠨ ᠬᠤᠷᠠᠯ ᠴᠤᠭᠯᠠᠭᠠᠨ ᠳᠤ ᠤᠯᠠᠨᠳᠠ ᠤᠷᠤᠯᠴᠠᠵᠤ ᠪᠠᠶᠢᠭᠰᠠᠨ ᠮᠦᠷᠳᠡᠬᠡᠨ ᠤᠯᠠᠨ ᠤᠯᠤᠰ ᠤᠨ ᠡᠷᠬᠡ ᠰᠦᠷᠳᠤ ᠰᠡᠳᠬᠦᠯ ᠲᠡᠭᠡᠷ᠎ᠡ ᠡᠷᠳᠡᠮ ᠰᠢᠨᠵᠢᠯᠡᠬᠡᠨ ᠤ ᠦᠬᠦᠯᠡᠯ ᠠᠷᠪᠠᠭᠠᠳ ᠬᠤᠪᠢ ᠨᠡᠶᠢᠳᠡᠯᠡᠬᠦᠯᠵᠤ ᠦᠩᠬᠡᠷᠡᠵᠠᠢ᠃ ᠡᠬᠦᠨ ᠤ ᠲᠤᠮᠳᠠ᠂ ᠦᠮᠡᠨ ᠤ ᠡᠰ ᠤᠨ ᠪᠠᠭᠰᠢᠷᠡᠯ ᠢ ᠠᠷᠠᠰᠤᠨ ᠲᠤᠤᠷ᠎ᠠ  ᠨᠢ ᠲᠠᠷᠢᠭᠰᠠᠨ ᠬᠤᠯᠤᠭᠠᠨ᠎ᠠ ᠶᠢᠨ ᠲᠤᠷᠰᠢᠯᠳᠠ ᠶᠢᠨ ᠵᠠᠭᠪᠤᠷ ᠲᠡᠭᠡᠷ᠎ᠡ᠂ CXCR4 ᠶᠢᠨ ᠰᠠᠭᠠᠷᠮᠠᠭᠵᠢᠬᠤ ᠦᠢᠯᠡᠳᠤᠯ ᠤᠨ ᠨᠦᠯᠦᠬᠡ ᠶᠢᠨ ᠵᠢᠮ᠎ᠡ ᠶᠤᠰᠤ ᠪᠤᠯ ᠬᠤᠤᠷᠳᠤ ᠬᠠᠪᠤᠳᠠᠷ ᠤᠨ ᠴᠢᠰᠤᠨ ᠰᠤᠳᠠᠯ ᠤᠨ ᠲᠡᠬᠢᠨ ᠠᠨᠠᠭᠠᠬᠤ ᠶᠢ ᠲᠠᠰᠤᠯᠬᠤ ᠪᠠᠷ ᠲᠠᠮᠵᠢᠭᠤᠯᠵᠤ ᠬᠤᠤᠷᠳᠤ ᠬᠠᠪᠤᠳᠠᠷ ᠤᠨ ᠦᠰᠦᠯᠳᠠ ᠶᠢ ᠬᠤᠷᠢᠭᠯᠠᠵᠤ ᠪᠤᠯᠬᠤ ᠶᠢ ᠠᠩᠬᠠᠳᠤᠭᠠᠷ ᠤᠳᠠᠭ᠎ᠠ ᠬᠡᠷᠡᠴᠢᠯᠡᠵᠤ᠂ ︽CXCR4 ᠶᠢᠨ ᠰᠠᠭᠠᠷᠮᠠᠭ ᠡᠰᠡᠷᠬᠦᠴᠡᠭᠴᠢ ᠨᠢ ᠴᠢᠰᠤᠨ ᠰᠤᠳᠠᠯ ᠤᠨ ᠲᠠᠬᠢᠨ ᠠᠨᠠᠭᠠᠬᠤ ᠶᠢ ᠲᠠᠰᠤᠯᠬᠤ ᠪᠠᠷ ᠲᠠᠮᠵᠢᠭᠤᠯᠵᠤ ᠬᠤᠤᠷᠳᠤ ᠬᠠᠪᠤᠳᠠᠷ ᠤᠨ ᠦᠰᠦᠯᠳᠠ ᠶᠢ ᠬᠤᠷᠢᠭᠯᠠᠬᠤ︾ ᠬᠡᠮᠡᠬᠦ ᠭᠠᠷᠴᠠᠭ ᠲᠠᠢ ᠰᠤᠳᠤᠯᠭᠠᠨ ᠤ ᠦᠬᠦᠯᠡᠯ ᠢᠶᠠᠨ ᠠᠮᠧᠷᠢᠺᠠ ᠤᠯᠤᠰ ᠤᠨ ᠦᠮᠡᠨ ᠡᠪᠡᠳᠴᠢᠨ ᠤ ᠰᠤᠳᠤᠯᠭᠠᠨ ᠤ ᠨᠡᠶᠢᠬᠡᠮᠯᠢᠭ ᠤᠨ ︽ Cancer Research︾ ᠰᠡᠳᠬᠦᠯ ᠳᠤ ᠨᠢᠬᠡᠳᠤᠬᠡᠷ ᠵᠤᠬᠢᠶᠠᠭᠴᠢ ᠶᠢᠨ ᠪᠠᠶᠢᠷᠢ ᠪᠠᠷ ᠨᠡᠶᠢᠳᠡᠯᠡᠬᠦᠯᠵᠠᠢ᠃ 2005 ᠤᠨ ᠳᠤ᠂ ᠲᠤᠮᠳᠠᠳᠤ ᠤᠯᠤᠰ ᠤᠨ ᠵᠠᠰᠠᠭ ᠤᠨ ᠤᠷᠳᠤᠨ ᠤ ︽ᠦᠪᠡᠷ ᠤᠨ ᠵᠠᠷᠤᠳᠠᠯ  ᠢᠶᠠᠷ ᠭᠠᠳᠠᠭᠠᠳᠤ ᠳᠤ ᠰᠤᠷᠤᠯᠴᠠᠭᠰᠠᠨ ᠰᠢᠯᠢᠳᠡᠭ ᠰᠤᠷᠤᠭᠴᠢ ᠶᠢᠨ ᠢᠷᠠᠭᠤ ᠠᠯᠳᠠᠷ ᠵᠢᠴᠢ ᠤᠯᠤᠰ ᠤᠨ ᠱᠠᠩᠨᠠᠯ ᠤᠨ ᠮᠦᠩᠬᠦ︾ ᠶᠢᠨ ᠠᠮᠧᠷᠢᠺᠡ᠂ ᠶᠠᠫᠤᠨ᠂ ᠠᠩᠭ᠍ᠯᠢ᠂ ᠹᠷᠠᠨᠼᠢ᠂ ᠭᠧᠷᠮᠡᠨ ᠵᠡᠷᠬᠡ ᠤᠯᠤᠰ ᠲᠠᠬᠢ ᠰᠢᠯᠭᠠᠷᠠᠭᠤᠯᠤᠯᠳᠠ ᠳᠤ᠂ ᠶᠠᠫᠤᠨ ᠤ ᠦᠢ ᠤᠯᠠᠨ ᠳ᠋ᠤᠺᠲ᠋ᠤᠷ ᠴᠤᠯᠠ ᠰᠤᠷᠤᠯᠴᠠᠵᠤ ᠪᠠᠶᠢᠭᠰᠠᠨ ᠭᠠᠳᠠᠭᠠᠳᠤ ᠳᠤ ᠰᠤᠷᠤᠯᠴᠠᠬᠤ ᠰᠤᠷᠤᠭᠴᠢ ᠶᠢᠨ ᠲᠤᠳᠤᠷ᠎ᠠ ᠠᠴᠠ 25 ᠨᠡᠷ᠎ᠡ ᠴᠤᠯᠭᠤᠷᠠᠨ ᠭᠠᠷᠴᠤ᠂ ᠪᠠᠶᠠᠰᠬᠤᠯᠠᠩ ᠳ᠋ᠤᠺᠲ᠋ᠤᠷ ᠦᠪᠡᠷ ᠤᠨ ᠡᠷᠳᠡᠮ ᠰᠢᠨᠵᠢᠯᠡᠬᠡᠨ ᠤ ᠰᠢᠯᠢᠳᠡᠭ ᠪᠦᠳᠦᠮᠵᠢ ᠪᠠᠷ ᠢᠶᠠᠨ ᠱᠠᠩᠨᠠᠯ ᠤᠨ ᠮᠦᠩᠬᠦ ᠬᠦᠷᠳᠡᠭᠴᠢ ᠶᠢᠨ ᠲᠤᠳᠤᠷᠠᠬᠢ ᠨᠢᠬᠡ ᠨᠢ ᠪᠤᠯᠤᠭᠰᠠᠨ ᠶᠤᠮ᠃ 2006 ᠤᠨ ᠤ 3 ᠰᠠᠷ᠎ᠠ ᠳᠤ ᠰᠢᠯᠢᠳᠡᠭ ᠬᠢᠷᠢ ᠪᠦᠳᠦᠮᠵᠢ ᠪᠠᠷ ᠲᠤᠤᠺᠢᠤ᠋ ᠶᠡᠭᠡ ᠰᠤᠷᠭᠠᠭᠤᠯᠢ ᠶᠢᠨ ᠡᠮᠨᠡᠯᠬᠡ ᠶᠢᠨ ᠤᠬᠠᠭᠠᠨ ᠤ ᠳ᠋ᠤᠺᠲ᠋ᠤᠷ ᠴᠤᠯᠠ ᠬᠠᠮᠠᠭᠠᠯᠠᠭᠰᠠᠨ ᠪᠠᠶᠢᠨ᠎ᠠ᠃       2006 ᠤᠨ ᠤ 4 ᠰᠠᠷ᠎ᠠ ᠳᠤ᠂ ᠠᠮᠧᠷᠢᠺᠡ ᠶᠢᠨ ᠬᠠᠷᠸᠠᠷᠳ᠋ ᠶᠡᠭᠡ ᠰᠤᠷᠭᠠᠭᠤᠯᠢ ᠶᠢᠨ ᠡᠮᠨᠡᠯᠬᠡ  ᠶᠢᠨ ᠲᠡᠭᠡᠳᠤ ᠰᠤᠷᠭᠠᠭᠤᠯᠢ ᠶᠢᠨ ᠮᠠᠰᠰᠠᠴᠦᠰᠧᠲᠰ ᠶᠡᠷᠦᠩᠬᠡᠢ ᠡᠮᠨᠡᠯᠬᠡ ᠶᠢᠨ ᠬᠤᠷᠢᠶ᠎ᠠ ᠶᠢᠨ ᠫᠤᠰᠲ ᠳ᠋ᠤᠺᠲ᠋ᠤᠷ ᠰᠤᠳᠤᠯᠭᠠᠳᠠᠨ ᠢᠶᠠᠷ ᠪᠠᠳᠤᠯᠠᠨ ᠲᠠᠨᠢᠯᠴᠠᠭᠤᠯᠤᠭᠳᠠᠵᠤ᠂ ᠠᠮᠧᠷᠢᠺᠠ ᠶᠢᠨ ᠰᠢᠩᠬᠡᠬᠡᠯᠳᠠ ᠶᠢᠨ ᠡᠪᠡᠳᠴᠢᠨ ᠤ ᠤᠬᠠᠭᠠᠨ  ᠤ ᠨᠡᠶᠢᠬᠡᠮᠯᠢᠭ ᠤᠨ ᠲᠡᠷᠢᠬᠦᠯᠡᠭᠴᠢ Daniel K. Podolsky ᠫᠷᠦᠹᠧᠰᠰᠤᠷ ᠤᠨ ᠵᠢᠯᠤᠭᠤᠳᠤᠯᠭ᠎ᠠ ᠶᠢᠨ ᠲᠤᠤᠷᠠᠬᠢ Hans-Christian Reinecker ᠳ᠋ᠤᠺᠲ᠋ᠤᠷ ᠤᠨ ᠲᠤᠷᠰᠢᠯᠳᠠ ᠶᠢᠨ ᠲᠠᠰᠤᠭ ᠲᠤ ᠦᠷᠪᠢᠰᠤᠯ  ᠤᠨ ᠴᠢᠨᠠᠷᠳᠠᠢ ᠬᠡᠳᠡᠰᠤᠨ ᠡᠪᠡᠳᠴᠢᠨ ᠵᠢᠴᠢ ᠪᠦᠳᠦᠬᠦᠨ ᠬᠡᠳᠡᠰᠤᠨ ᠤ ᠦᠮᠡᠨ ᠤ ᠡᠪᠡᠳᠴᠢᠨ ᠡᠬᠦᠰᠬᠦ ᠵᠢᠮ᠎ᠡ ᠶᠤᠰᠤ  ᠶᠢ ᠰᠤᠳᠤᠯᠵᠠᠢ᠃ ᠠᠳᠠᠯᠢ ᠪᠤᠰᠤ ᠭᠧᠨ ᠢᠶᠠᠷ ᠠᠮᠢᠳᠠᠨ ᠤ ᠵᠠᠭᠪᠤᠷ ᠢ ᠲᠤᠭᠳᠠᠭᠠᠨ᠂ ᠬᠦᠨᠵᠡᠬᠡᠢ ᠰᠤᠳᠤᠯᠤᠨ᠂ ᠰᠢᠪᠳᠤᠯᠤᠯᠳᠠ ᠶᠢᠨ ᠴᠢᠨᠠᠷᠳᠠᠢ ᠰᠤᠳᠤᠯᠭᠠᠨ ᠤ ᠦᠷ᠎ᠡ ᠪᠦᠳᠦᠮᠵᠢ ᠶᠢ ᠤᠯᠵᠤ᠂ ᠨᠠᠷᠢᠨ ᠬᠡᠳᠡᠰᠤᠨ ᠤ ᠲᠤᠳᠤᠷᠡᠬᠢ CD103 ᠠᠷᠭ᠎ᠠ ᠴᠢᠨᠠᠷᠳᠤ ᠮᠤᠳᠤᠯᠢᠭ ᠪᠦᠳᠦᠴᠡᠳᠤ ᠡᠰ ᠨᠢ ᠠᠳᠠᠯᠢ ᠪᠤᠰᠤ ᠶᠢᠨ ᠦᠳᠦᠬᠡᠭᠴᠢ ᠶᠢᠨ ᠰᠡᠳᠡᠯᠳᠠ ᠲᠤᠤᠷ᠎ᠠ Foxp3+CD25+CD4+ T reg ᠡᠰ ᠢ ᠦᠳᠦᠬᠡᠨ ᠬᠡᠳᠡᠰᠤᠨ ᠲᠤᠳᠤᠷᠠᠬᠢ ᠦᠯᠤ ᠬᠠᠯᠳᠠᠭᠠᠬᠤ ᠲᠤᠰᠬᠠᠯ ᠢ ᠲᠡᠩᠴᠡᠬᠦᠷᠢᠰᠢᠬᠦᠯᠵᠤ ᠪᠤᠯᠬᠤ ᠶᠢ ᠬᠡᠷᠡᠴᠢᠯᠡᠵᠤ᠂ ᠪᠠᠷᠤᠭ ᠤᠶᠢᠷ᠎ᠠ ᠶᠢᠨ ᠬᠤᠭᠤᠴᠠᠭᠠᠨ  ᠠᠴᠠ ᠤᠯᠠᠨ ᠤᠯᠤᠰ ᠤᠨ ᠦᠯᠦ ᠬᠠᠯᠳᠠᠭᠠᠬᠤ ᠤᠬᠠᠭᠠᠨ ᠤ ᠡᠷᠬᠡ ᠰᠦᠷᠳᠤ ᠰᠡᠳᠬᠦᠯ ᠲᠡᠭᠡᠷ᠎ᠡ ᠨᠡᠶᠢᠳᠡᠯᠡᠭᠳᠡᠬᠦ ᠪᠤᠯᠤᠨ᠎ᠡ᠃       ᠭᠠᠳᠠᠭᠠᠳᠤ ᠳᠤ 10 ᠰᠢᠬᠠᠮ ᠵᠢᠯ ᠰᠤᠷᠤᠯᠴᠠᠭᠰᠠᠨ ᠡᠮᠨᠡᠯᠬᠡ ᠶᠢᠨ ᠤᠬᠠᠭᠠᠨ ᠤ ᠡᠷᠳᠡᠮᠳᠡᠨ ᠪᠤᠯᠤᠭᠰᠠᠨ ᠤ ᠬᠤᠪᠢ ᠳᠤ᠂ ᠪᠠᠶᠠᠰᠬᠤᠯᠠᠩ ᠳ᠋ᠤᠺᠲ᠋ᠤᠷ ᠪᠦᠬᠦ ᠰᠡᠳᠬᠢᠯ ᠪᠦᠬᠦ ᠵᠤᠷᠢᠭ ᠢᠶᠠᠷ ᠡᠷᠳᠡᠮ ᠰᠢᠨᠵᠢᠯᠡᠬᠡᠨ ᠤ ᠠᠵᠢᠯ ᠳᠤ ᠪᠠᠨ ᠴᠢᠷᠮᠠᠶᠢᠬᠤ ᠶᠢᠨ ᠵᠡᠷᠬᠡᠪᠡᠷ᠂ ᠡᠬᠡ ᠤᠯᠤᠰ ᠤᠨ ᠢᠶᠠᠨ ᠬᠦᠭᠵᠢᠯᠳᠠ ᠶᠢ ᠴᠦ ᠲᠤᠩ ᠠᠩᠬᠠᠷᠴᠤ ᠪᠠᠶᠢᠪᠠ᠃ ᠪᠠᠶᠠᠰᠬᠤᠯᠠᠩ ᠳ᠋ᠤᠺᠲ᠋ᠤᠷ᠄ ︽ ᠭᠠᠳᠠᠭᠠᠳᠤ ᠳᠤ ᠰᠤᠷᠤᠯᠴᠠᠵᠤ ᠪᠠᠶᠢᠭᠰᠠᠨ 10 ᠵᠢᠯ ᠤᠨ ᠲᠤᠷᠰᠢ᠂ ᠡᠬᠡ ᠤᠯᠤᠰ ᠮᠢᠨᠢ ᠴᠦ ᠨᠢᠰᠬᠦ ᠮᠡᠳᠤ ᠲᠦᠷᠬᠡᠨ ᠬᠦᠭᠵᠢᠵᠤ᠂ ᠡᠳᠤᠷ ᠠᠴᠠ ᠡᠳᠤᠷ ᠰᠢᠨᠡᠳᠤᠨ ᠬᠤᠪᠢᠷᠠᠵᠤ ᠪᠠᠶᠢᠭᠰᠠᠨ ᠶᠤᠮ᠂ ᠡᠨᠡ ᠨᠢ ᠨᠠᠳᠠ ᠳᠤ ᠬᠠᠮᠤᠭ ᠤᠨ ᠶᠡᠭᠡ ᠵᠤᠷᠢᠭᠵᠢᠭᠤᠯᠤᠯ ᠪᠤᠯᠤᠭᠰᠠᠨ ᠶᠤᠮ᠃ ᠪᠢᠳᠠ ᠡᠬᠡ ᠤᠯᠤᠰ ᠤᠨ  ᠢᠶᠠᠨ ᠤᠯᠤᠰ ᠲᠦᠷᠦ᠂ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠵᠡᠷᠬᠡ ᠤᠯᠠᠨ ᠬᠦᠷᠢᠶ᠎ᠡ ᠬᠡᠪᠴᠢᠶ᠎ᠡ  ᠳᠠᠬᠢ ᠪᠠᠶᠠᠷᠯᠠᠭᠤᠰᠢᠳᠠᠢ ᠬᠦᠭᠵᠢᠯᠳᠠ ᠶᠢ ᠴᠠᠭ ᠢᠮᠠᠭᠳᠠ ᠤᠯᠵᠤ ᠬᠠᠷᠠᠳᠠᠭ᠃ ᠤᠳᠤᠬᠠᠨ ᠳᠤ᠂ ᠲᠤᠮᠳᠠᠳᠤ ᠤᠯᠤᠰ  ᠲᠤ ᠰᠢᠨ᠎ᠠ ᠤᠬᠠᠭᠳᠠᠬᠤᠨᠳᠤ ᠶᠡᠭᠡ ᠰᠤᠷᠭᠠᠭᠤᠯᠢ ᠶᠢᠨ ᠡᠮᠨᠡᠯᠬᠡ ᠶᠢᠨ ᠬᠤᠷᠢᠶ᠎ᠠ ᠵᠢᠴᠢ ᠰᠤᠳᠤᠯᠭᠠᠨ ᠤ ᠬᠡᠯᠪᠡᠷᠢ ᠶᠢᠨ ᠡᠮᠴᠢ ᠱᠠᠭᠠᠷᠳᠠᠭᠳᠠᠵᠤ ᠪᠤᠢ᠂ ᠶᠠᠭ ᠡᠶᠢᠨᠬᠦ ᠱᠠᠭᠠᠷᠳᠠᠯᠭ᠎ᠠ ᠨᠢ ᠨᠠᠳᠠ ᠳᠤ ᠦᠪᠡᠷ ᠤᠨ ᠠᠪᠢᠶᠠᠰ ᠴᠢᠳᠠᠪᠤᠷᠢ ᠪᠠᠨ ᠬᠦᠢᠴᠡᠳ ᠪᠠᠳᠠᠷᠠᠭᠤᠯᠬᠤ ᠤᠷᠤᠨ ᠵᠠᠢ ᠶᠢ ᠤᠯᠭᠤᠭᠰᠠᠨ ᠶᠤᠮ᠂ ᠪᠢᠳᠠ ᠡᠮᠨᠡᠯᠬᠡ ᠶᠢᠨ ᠠᠵᠢᠯ ᠢᠶᠠᠨ ᠬᠢᠬᠦ ᠳᠡᠭᠡᠨ᠂ ᠲᠠᠯᠠᠬᠡᠢ ᠶᠢᠨ ᠬᠠᠮᠤᠭ ᠤᠨ ᠰᠢᠨ᠎ᠡ ᠰᠤᠳᠤᠯᠭᠠᠨ ᠤ ᠪᠠᠶᠢᠳᠠᠯ ᠢ ᠰᠡᠷᠬᠡᠭ ᠢᠶᠠᠷ ᠲᠠᠭᠠᠵᠤ᠂ ᠲᠠᠰᠤᠷᠠᠯᠳᠠ ᠦᠭᠡᠢ ᠪᠠᠷ ᠰᠢᠨ᠎ᠡ ᠶᠢ ᠡᠬᠦᠳᠴᠤ᠂ ᠰᠢᠩᠬᠡᠬᠡᠯᠳᠠ ᠶᠢᠨ ᠰᠢᠰᠲ᠋ᠧᠮ ᠤᠨ ᠡᠪᠡᠳᠴᠢᠨ ᠤ ᠰᠤᠳᠤᠯᠭᠠᠨ ᠤ ᠬᠦᠷᠢᠶ᠎ᠡ ᠬᠡᠪᠴᠢᠶᠡᠨ  ᠳᠠᠬᠢ ᠰᠤᠳᠤᠯᠭᠠᠨ ᠤ ᠰᠡᠳᠤᠪ ᠢ ᠲᠤᠭᠳᠠᠭᠠᠬᠤ᠂ ᠲᠦᠯᠦᠪᠯᠡᠬᠦ᠂ ᠰᠤᠳᠤᠯᠭᠠᠨ ᠤ ᠪᠡᠯᠡ ᠮᠦᠩᠬᠦ ᠡᠷᠡᠮᠡᠯᠵᠡᠬᠦ ᠵᠡᠷᠬᠡ ᠶᠢ ᠬᠠᠷᠢᠭᠤᠴᠠᠬᠤ ᠴᠢᠳᠠᠪᠤᠷᠢ ᠶᠢ ᠪᠦᠷᠢᠯᠳᠦᠬᠦᠯᠦᠭᠰᠡᠨ ᠵᠠᠯᠠᠭᠤ ᠠᠰᠫᠢᠷᠠᠨᠲ ᠢ ᠲᠠᠪᠳᠠᠨ ᠪᠤᠯᠪᠠᠰᠤᠷᠠᠭᠤᠯᠵᠤ᠂ ᠲᠠᠰᠤᠷᠠᠯᠳᠠ ᠦᠭᠡᠢ ᠪᠠᠷ ᠬᠦᠷᠢᠶ᠎ᠡ ᠬᠡᠪᠴᠢᠶᠡᠨ ᠤ ᠰᠢᠪᠳᠤᠯᠤᠯᠳᠠ ᠶᠢᠨ ᠴᠢᠨᠠᠷᠳᠠᠢ ᠦᠷ᠎ᠡ ᠪᠦᠳᠦᠬᠡᠯ ᠢ ᠡᠬᠦᠳᠤᠨ ᠭᠠᠷᠭᠠᠵᠤ᠂ ᠪᠦᠷᠢᠨ ᠲᠡᠬᠦᠯᠳᠡᠷ᠂ ᠠᠪᠤᠴᠠᠯᠳᠤᠩᠭᠤᠢ ᠰᠡᠳᠬᠢᠮᠵᠢ ᠲᠠᠢ ᠨᠢᠬᠡᠨ ᠰᠠᠯᠠᠭ᠎ᠠ ᠡᠮᠴᠢᠯᠡᠬᠡᠨ ᠤ ᠡᠷᠳᠡᠮ ᠰᠢᠨᠵᠢᠯᠡᠬᠡᠨ ᠤ ᠡᠩᠨᠡᠭᠡ ᠶᠢ ᠪᠠᠶᠢᠭᠤᠯᠵᠤ ᠴᠢᠳᠠᠨ᠎ᠠ ᠬᠡᠳᠡᠭ ᠲᠤ ᠪᠠᠳᠤ ᠢᠳᠡᠬᠡᠯ ᠲᠠᠢ︾ ᠬᠡᠵᠤ ᠶᠠᠷᠢᠭᠰᠠᠨ ᠶᠤᠮ᠃  
      ᠪᠠᠶᠠᠰᠬᠤᠯᠠᠩ ᠳ᠋ᠤᠺᠲ᠋ᠤᠷ ᠤᠨ ᠬᠡᠷ ᠪᠦᠯᠢ       ᠪᠠᠶᠠᠰᠬᠤᠯᠠᠩ ᠳ᠋ᠤᠺᠲ᠋ᠤᠷ 2009 ᠤᠨ ᠤ 7 ᠰᠠᠷ᠎ᠠ ᠳᠤ ᠤᠯᠤᠰ ᠲᠤ ᠪᠠᠨ ᠪᠤᠴᠠᠵᠤ᠂ ᠰᠢᠶᠠᠮᠧᠨ ᠬᠤᠳᠠ ᠶᠢᠨ ᠭᠤᠤᠯᠳᠠᠯᠭ᠎ᠠ ᠲᠠᠢ ᠴᠢᠳᠠᠪᠤᠷᠢᠳᠠᠨ ᠢᠶᠠᠷ ᠪᠠᠳᠤᠯᠠᠨ ᠲᠠᠨᠢᠯᠴᠠᠭᠤᠯᠤᠭᠳᠠᠵᠤ᠂ ᠿᠧᠨ ᠵᠢᠶᠠᠨ ᠯᠢᠨ ᠫᠷᠤᠹᠧᠰᠰᠤᠷ ᠤᠨ ᠲᠠᠭᠠᠭᠤᠯᠤᠭᠰᠠᠨ ᠰᠢᠶᠠᠮᠧᠨ ᠶᠡᠭᠡ ᠰᠤᠷᠭᠠᠭᠤᠯᠢ ᠶᠢᠨ ᠰᠢᠩᠬᠡᠬᠡᠯᠳᠠ ᠶᠢᠨ ᠡᠪᠡᠳᠴᠢᠨ ᠤ ᠰᠤᠳᠤᠯᠬᠤ ᠭᠠᠵᠠᠷ᠂ ᠰᠢᠶᠠᠮᠧᠨ ᠶᠡᠭᠡ ᠰᠤᠷᠭᠠᠭᠤᠯᠢ ᠶᠢᠨ ᠬᠠᠷᠢᠶᠠᠳᠤ ᠵᠦᠩᠱᠡᠨ ᠡᠮᠨᠡᠯᠬᠡ ᠶᠢᠨ ᠬᠤᠷᠢᠶ᠎ᠠ ᠶᠢᠨ ᠰᠢᠩᠬᠡᠬᠡᠯᠳᠠ ᠶᠢᠨ ᠲᠤᠳᠤᠷ ᠰᠠᠯᠠᠭ᠎ᠠ ᠳᠤ ᠠᠵᠢᠯᠯᠠᠵᠤ᠂ ᠰᠢᠩᠬᠡᠬᠡᠯᠳᠠ ᠶᠢᠨ ᠰᠢᠰᠲ᠋ᠧᠮ ᠤᠨ ᠡᠪᠡᠳᠴᠢᠨ ᠤ ᠦᠨᠳᠤᠰᠤᠨ ᠰᠤᠳᠤᠯᠭᠠᠨ ᠪᠠ ᠡᠮᠴᠢᠯᠡᠭᠡ ᠶᠢᠨ ᠠᠵᠢᠯ ᠢ ᠡᠬᠦᠷᠬᠡᠯᠡᠪᠡ᠃       ᠬᠦᠷᠳᠡᠭᠰᠡᠨ ᠱᠠᠩᠨᠠᠯ᠄      2008 ᠤᠨ᠄ ᠠᠮᠧᠷᠢᠺᠡ ᠶᠢᠨ NIH/NIDDK P01 DK003506 ᠶᠢᠨ ᠰᠤᠳᠤᠯᠭᠠᠨ ᠤ ᠰᠠᠭᠤᠷᠢ ᠮᠦᠩᠬᠦ ᠶᠢ ᠡᠷᠡᠮᠡᠯᠵᠡᠨ ᠤᠯᠵᠠᠢ᠃      2005 ᠤᠨ᠄ ᠤᠯᠤᠰ ᠤᠨ ᠭᠠᠳᠠᠭᠠᠳᠤ ᠳᠤ ᠰᠤᠷᠤᠯᠴᠠᠬᠤ ᠰᠤᠷᠤᠭᠴᠢ ᠶᠢᠨ ᠰᠠᠭᠤᠷᠢ ᠮᠦᠩᠬᠦᠨ ᠤ ᠬᠠᠮᠢᠶᠠᠷᠤᠯᠳᠠ ᠶᠢᠨ ᠵᠦᠪᠯᠡᠯ ᠠᠴᠠ ᠤᠯᠭᠤᠭᠰᠠᠨ ︽ᠦᠪᠡᠷ ᠤᠨ ᠵᠠᠷᠤᠳᠠᠯ ᠢᠶᠠᠷ ᠭᠠᠳᠠᠭᠠᠳᠤ ᠳᠤ ᠰᠤᠷᠤᠯᠴᠠᠭᠰᠠᠨ ᠰᠢᠯᠢᠳᠡᠭ ᠰᠤᠷᠤᠭᠴᠢ ᠶᠢᠨ ᠢᠷᠠᠭᠤ ᠠᠯᠳᠠᠷ ᠵᠢᠴᠢ ᠤᠯᠤᠰ ᠤᠨ ᠱᠠᠩᠨᠠᠯ ᠤᠨ ᠮᠦᠩᠬᠦ︾ ᠶᠢ ᠬᠦᠷᠳᠡᠵᠠᠢ᠃      2005 ᠤᠨ᠄ ᠶᠠᠫᠤᠨ ᠤ ᠷᠦᠲ᠋ᠠᠷᠢ ᠱᠠᠩᠨᠠᠯ ᠤᠨ ᠮᠦᠩᠬᠦ ︵罗塔利米山纪念奖学金︶ ᠶᠢ ᠬᠦᠷᠳᠡᠵᠠᠢ᠃       2003 ~2004: ᠶᠠᠫᠤᠨ ᠤ ᠲᠤᠤᠺᠢᠤ᠋ ᠶᠢᠨ ᠱᠠᠩᠨᠠᠯ ᠤᠨ ᠮᠦᠩᠬᠦ ᠶᠢᠨ ᠪᠦᠯᠦᠭᠯᠡᠯ ᠤᠨ ᠱᠠᠩᠨᠠᠯ ᠤᠨ ᠮᠦᠩᠬᠦ ︵日本东京东急奖学金集团奖学金︶ ᠶᠢ ᠬᠦᠷᠳᠡᠵᠡᠢ   
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号