ᠢᠩᠴᠠᠩ ᠤᠨ ᠬᠤᠷᠠᠯᠳᠠᠢ ᠶᠢᠨ ᠲᠤᠰᠬᠠᠢ ᠰᠤᠷᠪᠤᠯᠵᠢᠯᠠᠭ᠎ᠠ ︵ᠨᠢᠭᠡ︶
ᠨᠡᠶᠢᠲᠡᠯᠡᠭᠰᠡᠨ ᠴᠠᠭ᠄
2014/8/18
          20 ᠳ᠋ᠤᠭᠠᠷ ᠵᠠᠭᠤᠨ ᠤ ᠡᠬᠢᠨ ᠤ ᠦᠶ᠎ᠡ ᠶᠢᠨ ᠬᠡᠰᠢᠭᠳᠡᠨ ᠬᠤᠰᠢᠭᠤ ᠬᠢᠬᠡᠳ           ᠮᠤᠩᠭᠤᠯ ᠤᠨ ᠵᠠᠰᠠᠭ ᠤᠨ ᠭᠠᠵᠠᠷ ᠤᠨ ᠬᠤᠭᠤᠷᠤᠨᠳᠤᠬᠢ ᠬᠠᠷᠢᠯᠴᠠᠭ᠎ᠠ                 —— ᠮᠤᠩᠭᠤᠯ ᠤᠯᠤᠰ ᠤᠨ ᠶᠡᠭᠡ ᠰᠤᠷᠭᠠᠭᠤᠯᠢ ᠶᠢᠨ ᠫᠷᠤᠹᠧᠰᠰᠤᠷ                           ᠤᠷᠠᠩᠭᠤᠸ᠎ᠠ ᠶᠢ ᠰᠤᠷᠪᠤᠯᠵᠢᠯᠠᠭᠰᠠᠨ ᠨᠢ                                                           ᠰᠤᠷᠪᠤᠯᠵᠢᠯᠠᠭᠴᠢ ᠤᠶᠠᠬᠠᠨ
    ᠢᠩᠴᠠᠩ ᠤᠨ ᠬᠤᠷᠠᠯᠳᠠᠢ ᠳᠤ᠂ ᠦᠪᠤᠷ ᠮᠤᠩᠭᠤᠯ ᠤᠨ ᠮᠤᠩᠭᠤᠯ ᠰᠤᠳᠤᠯᠤᠯ ᠤᠨ ᠬᠤᠯᠪᠤᠭᠠᠨ ᠤ ᠤᠷᠢᠯᠭ᠎ᠠ ᠎ ᠪᠠᠷ ᠮᠤᠩᠭᠤᠯ ᠤᠯᠤᠰ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠲᠡᠤᠬᠡ ᠶᠢᠨ ᠰᠢᠨᠵᠢᠯᠡᠬᠦ ᠤᠬᠠᠭᠠᠨ ᠤ ᠳ᠋ᠤᠺᠲ᠋ᠤᠷ ᠤᠷᠠᠩᠭᠤᠸ᠎ᠠ 20 ᠳ᠋ᠤᠭᠠᠷ ᠵᠠᠭᠤᠨ ᠤ ᠡᠬᠢᠨ ᠤ ᠦᠶ᠎ᠡ ᠶᠢᠨ ᠬᠡᠰᠢᠭᠳᠡᠨ ᠬᠤᠰᠢᠭᠤ ᠪᠤᠯᠤᠨ ᠮᠤᠩᠭᠤᠯ ᠤᠯᠤᠰ ᠤᠨ ᠵᠠᠰᠠᠭ ᠤᠨ ᠭᠠᠵᠠᠷ ᠤᠨ ᠬᠤᠭᠤᠷᠤᠨᠳᠤᠬᠢ ᠬᠠᠷᠢᠯᠴᠠᠭᠠᠨ ᠤ ᠲᠤᠬᠠᠢ ᠠᠰᠠᠭᠤᠳᠠᠯ ᠢᠶᠠᠷ ᠭᠤᠤᠯ ᠠᠭᠤᠯᠭ᠎ᠠ ᠪᠤᠯᠭᠠᠭᠰᠠᠨ ᠢᠯᠡᠳᠬᠡᠯ ᠲᠠᠢ ᠪᠠᠨ ᠬᠦᠷᠦᠯᠴᠡᠨ ᠢᠷᠡᠭᠰᠡᠨ ᠪᠠᠶᠢᠨ᠎ᠠ᠃ ᠤᠷᠠᠩᠭᠤᠸ᠎ᠠ ᠪᠤᠯ ᠮᠤᠩᠭᠤᠯ ᠤᠯᠤᠰ ᠤᠨ ᠰᠦᠬᠡᠪᠠᠭᠠᠳᠤᠷ ᠠᠶᠢᠮᠠᠭ ᠤᠨ ᠬᠦᠮᠦᠨ᠂ ᠮᠤᠩᠭᠤᠯ ᠤᠯᠤᠰ ᠤᠨ ᠶᠡᠭᠡ ᠰᠤᠷᠭᠠᠭᠤᠯᠢ ᠶᠢᠨ ᠫᠷᠤᠹᠧᠰᠰᠤᠷ ᠂ ᠲᠡᠤᠬᠡ ᠶᠢᠨ ᠰᠢᠨᠵᠢᠯᠡᠬᠦ ᠤᠬᠠᠭᠠᠨ ᠤ ᠳ᠋ᠤᠺᠲ᠋ᠤᠷ ᠮᠦᠨ᠃     ᠤᠷᠠᠩᠭᠤᠸ᠎ᠠ ᠢᠯᠡᠳᠬᠡᠯ ᠳᠡᠭᠡᠨ ᠭᠤᠤᠯᠳᠠᠭᠤ 1911 ᠤᠨ ᠳᠤ ᠮᠤᠩᠭᠤᠯ ᠤᠯᠤᠰ ᠤᠨ ᠴᠢᠩ ᠤᠯᠤᠰ ᠠᠴᠠ ᠲᠤᠭᠤᠷᠭ᠎ᠠ ᠲᠤᠰᠭᠠᠷᠯᠠᠨ ᠤᠯᠤᠰ ᠪᠠᠶᠢᠭᠤᠯᠤᠭᠰᠠᠨ ᠤ ᠰᠡᠬᠦᠯᠡᠷ ᠬᠠᠯᠬ᠎ᠠ ᠨᠤᠶᠠᠳ ᠨᠡᠶᠢᠳᠠ ᠮᠤᠩᠭᠤᠯ ᠤᠪᠤᠭᠳᠠᠨ ᠎ ᠢᠶᠠᠨ ᠨᠢᠬᠡᠳᠬᠡᠬᠦ ᠪᠤᠳᠤᠯᠭ᠎ᠠ ᠬᠡᠷᠡᠭᠵᠢᠬᠦᠯᠵᠤ᠂ ᠭᠤᠪᠢ ᠶᠢᠨ ᠡᠮᠤᠨᠡᠬᠢ ᠠᠶᠢᠮᠠᠭ ᠢ ᠨᠢᠬᠡᠳᠬᠡᠵᠤ ᠠᠪᠬᠤ ᠬᠡᠰᠡᠨ ᠪᠤᠳᠤᠯᠭ᠎ᠠ ᠲᠠᠢ ᠪᠠᠶᠢᠭᠰᠠᠨ ᠪᠠ ᠲᠤᠮᠳᠠᠳᠤ ᠢᠷᠬᠡᠨ ᠤᠯᠤᠰ ᠦᠪᠤᠷ ᠮᠤᠩᠭᠤᠯ ᠢ ᠦᠪᠡᠷ ᠤᠨ ᠡᠷᠬᠡᠰᠢᠶᠡᠯ ᠳᠤ ᠪᠠᠶᠢᠯᠭᠠᠬᠤ ᠬᠡᠰᠡᠨ ᠤᠯᠤᠰ ᠲᠦᠷᠦ ᠶᠢᠨ ᠠᠶᠢᠬᠤᠪᠳᠤᠷ ᠲᠡᠮᠡᠴᠠᠯ ᠤᠨ ᠶᠠᠪᠤᠴᠠ ᠳᠤ ᠬᠡᠰᠢᠭᠳᠡᠨ ᠬᠤᠰᠢᠭᠤ ᠶᠠᠮᠠᠷᠬᠠᠨ ᠪᠠᠶᠢᠷᠢ ᠰᠠᠭᠤᠷᠢ ᠲᠠᠢ ᠪᠠᠶᠢᠭᠰᠠᠨ ᠢ ᠰᠢᠨᠵᠢᠯᠡᠭᠰᠡᠨ ᠪᠠᠶᠢᠨ᠎ᠠ᠃     ᠤᠷᠠᠩᠭᠤᠸ᠎ᠠ ᠲᠤᠰ ᠤᠳᠠᠭᠠᠨ ᠤ ᠬᠤᠷᠠᠯ ᠢ ᠬᠡᠰᠢᠭᠳᠡᠨ ᠬᠤᠰᠢᠭᠤᠨ ᠤ ᠪᠠᠷᠰ ᠬᠤᠳᠠ ᠶᠢᠨ ᠪᠠᠭᠤᠷᠢ ᠳᠤ ᠬᠤᠷᠠᠯᠳᠤᠭᠰᠠᠨ ᠨᠢ ᠲᠤᠶᠢᠯ ᠤᠨ ᠠᠵᠠ ᠲᠠᠢ᠂ ᠬᠤᠰᠢᠭᠤᠨ ᠲᠡᠰ ᠤᠨ ᠭᠠᠵᠠᠷ ᠲᠤ ᠡᠶᠢᠮᠤ ᠶᠡᠭᠡ ᠲᠡᠯᠡᠬᠡᠢ ᠶᠢᠨ ᠡᠷᠳᠡᠮ ᠰᠢᠨᠵᠢᠯᠡᠬᠡᠨ ᠤ ᠬᠤᠷᠠᠯ ᠢ ᠬᠢᠬᠦ ᠨᠢ ᠬᠤᠰᠢᠭᠤ ᠨᠤᠳᠤᠭ ᠤᠨ ᠠᠵᠤ ᠠᠬᠤᠢ᠂ ᠰᠤᠶᠤᠯ ᠤᠨ ᠦᠢᠯᠡᠰ ᠲᠤ ᠠᠯᠤᠰ ᠬᠡᠳᠤ ᠶᠢᠨ ᠠᠴᠢ ᠬᠤᠯᠪᠤᠭᠳᠠᠯ ᠲᠠᠢ ᠬᠡᠵᠤ ᠦᠨᠡᠯᠡᠭᠰᠡᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号