ᠬᠦᠭᠵᠢᠨ ᠬᠦᠴᠦᠷᠬᠡᠭᠵᠢᠵᠤ ᠪᠠᠶᠢᠭ᠎ᠠ ᠬᠡᠰᠢᠭᠳᠡᠨ ᠬᠤᠰᠢᠭᠤᠨ ᠤ ᠮᠠᠯ ᠠᠵᠤ ᠠᠬᠤᠢ
ᠨᠡᠶᠢᠲᠡᠯᠡᠭᠰᠡᠨ ᠴᠠᠭ᠄
2014/8/22
       ᠬᠡᠰᠢᠭᠳᠡᠨ ᠬᠤᠰᠢᠭᠤᠨ ᠤ ᠠᠰᠢᠭᠯᠠᠵᠤ ᠪᠤᠯᠬᠤ ᠬᠠᠳᠤᠯᠠᠩ ᠪᠡᠯᠴᠢᠬᠡᠷ ᠤᠨ ᠲᠠᠯᠠᠪᠠᠢ ᠨᠢ 2296 ᠲᠦᠮᠡᠨ ᠮᠤ᠋ ᠳᠤ ᠬᠦᠷᠴᠤ᠂ ᠵᠢᠯ ᠪᠦᠷᠢ ᠶᠢᠨ ᠲᠡᠵᠢᠬᠡᠪᠤᠷᠢ ᠮᠠᠯ ᠤᠨ ᠵᠤᠭᠰᠤᠭ᠎ᠠ ᠲᠤᠭ᠎ᠠ ᠨᠢ 245 ᠲᠦᠮᠡᠨ ᠲᠤᠭ᠎ᠠ ᠲᠤᠯᠤᠭᠠᠢ ᠳᠤ ᠬᠦᠷᠴᠤ᠂ ᠡᠬᠦᠨ ᠤ ᠲᠤᠮᠳᠠ ᠦᠬᠡᠷ ᠤᠨ ᠵᠤᠭᠰᠤᠭ᠎ᠠ ᠲᠤᠭ᠎ᠠ ᠨᠢ 30 ᠲᠦᠮᠡᠨ ᠲᠤᠯᠤᠭᠠᠢ᠂ ᠬᠤᠨᠢᠨ ᠤ ᠵᠤᠭᠰᠤᠭ᠎ᠠ ᠲᠤᠭ᠎ᠠ ᠨᠢ 210 ᠲᠦᠮᠡ ᠳᠤ ᠬᠦᠷᠦᠭᠰᠡᠨ ᠪᠠᠶᠢᠨ᠎ᠠ᠃ ᠤᠶᠢᠷ᠎ᠠ ᠶᠢᠨ ᠵᠢᠯ ᠠᠴᠠ᠂ ᠬᠡᠰᠢᠭᠳᠡᠨ ᠬᠤᠰᠢᠭᠤ ᠨᠢ ᠠᠯᠠᠰᠢᠨ ᠤ ᠦᠬᠡᠷ᠂ ᠠᠯᠠᠰᠢᠨ ᠤ ᠬᠤᠨᠢ ᠪᠠᠷ ᠭᠤᠤᠯᠠᠭᠴᠢ ᠠᠵᠤ ᠦᠢᠯᠡᠰ ᠪᠤᠯᠭᠠᠵᠤ᠂ ᠪᠦᠳᠦᠴᠠ ᠪᠠᠨ ᠰᠢᠯᠢᠳᠡᠭᠵᠢᠬᠦᠯᠵᠤ᠂ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠲᠤᠭᠳᠠᠭᠤᠨ ᠢᠶᠠᠷ ᠨᠡᠮᠡᠭᠳᠡᠬᠦᠯᠵᠤ᠂ ᠪᠠᠶᠢᠭᠠᠯᠢᠯᠢᠭ ᠪᠦᠳᠦᠬᠡᠭᠳᠡᠬᠦᠨ ᠢ ᠦᠢᠯᠡᠳᠪᠤᠷᠢᠯᠡᠬᠦ ᠪᠤᠯᠪᠠᠰᠤᠷᠠᠭᠤᠯᠬᠤ ᠪᠤᠷᠤᠯᠠᠭᠤᠯᠬᠤ ᠰᠠᠭᠤᠷᠢᠨ ᠭᠠᠵᠠᠷ ᠢ ᠪᠦᠳᠦᠬᠡᠨ ᠪᠠᠶᠢᠭᠤᠯᠬᠤ ᠪᠠᠷ ᠶᠡᠷᠦᠩᠬᠡᠢ ᠬᠠᠷᠠᠯᠳᠠ ᠪᠤᠯᠭᠠᠵᠤ᠂ ᠢᠯᠡᠷᠬᠡᠢ ᠦᠷ᠎ᠡ ᠪᠦᠳᠦᠮᠵᠢ ᠤᠯᠵᠤ᠂ ᠮᠠᠯ ᠠᠵᠤ ᠠᠬᠤᠢ ᠶᠢᠨ ᠦᠢᠯᠡᠰ ᠢ ᠬᠦᠭᠵᠢᠬᠦᠯᠬᠦ ᠪᠠ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠬᠤᠤᠰ ᠬᠠᠷᠠᠯᠳᠠ ᠪᠠᠨ ᠪᠡᠶᠡᠯᠡᠬᠦᠯᠦᠭᠰᠡᠨ ᠪᠠᠶᠢᠨ᠎ᠠ᠃      ᠬᠡᠰᠢᠭᠳᠡᠨ ᠬᠤᠰᠢᠭᠤᠨ ᠤ ᠠᠯᠠᠰᠢᠨ ᠤ ᠦᠬᠡᠷ ᠨᠢ ᠰᠧᠮᠧᠨ᠋ᠳᠠᠷ ᠤ‍‌ᠵᠭᠡᠷ ᠪᠠ ᠴᠠᠷᠣᠯᠧᠰ ᠥᠬᠡᠷ ᠢ ᠲᠤᠬᠠᠢ ᠶᠢᠨ ᠭᠠᠵᠠᠷ ᠤᠨ ᠰᠠᠶᠢᠨ ᠡᠬᠦᠯᠳᠡᠷ ᠤᠨ ᠦᠬᠡᠷ ᠲᠠᠢ ᠡᠷᠯᠢᠰᠵᠢᠬᠦᠯᠦᠭᠰᠡᠨ ᠡᠬᠦᠯᠳᠡᠷ ᠤᠨ ᠮᠠᠯ ᠢᠶᠠᠷ ᠭᠤᠤᠯᠯᠠᠵᠤ᠂ ᠦᠬᠡᠷ ᠤᠨ ᠵᠤᠭᠰᠤᠭ᠎ᠠ ᠲᠤᠭ᠎ᠠ ᠶᠢᠨ 83%᠎ ᠶᠢ ᠡᠵᠡᠯᠡᠵᠤ ᠪᠤᠢ᠃ ᠠᠯᠠᠰᠢᠨ ᠤ ᠬᠤᠨᠢ ᠨᠢ ᠵᠤᠤ ᠤᠳᠠ ᠶᠢᠨ ᠠᠯᠠᠰᠢᠨ ᠤ ᠬᠤᠨᠢ᠂ ᠦᠵᠦᠮᠦᠴᠢᠨ ᠬᠤᠨᠢ ᠪᠠ ᠰᠠᠶᠢᠨ ᠡᠬᠦᠯᠳᠠᠷ ᠤᠨ ᠬᠤᠨᠢ ᠪᠠᠷ ᠭᠤᠤᠯᠯᠠᠳᠠᠭ᠃ ᠵᠢᠯ ᠪᠦᠷᠢ ᠶᠢᠨ ᠪᠤᠷᠤᠯᠠᠭᠤᠯᠤᠭᠰᠠᠨ ᠠᠯᠠᠰᠢᠨ ᠤ ᠦᠬᠡᠷ ᠤᠨ ᠲᠤᠭ᠎ᠠ ᠨᠢ 10.2 ᠲᠦᠮᠡᠨ ᠲᠤᠯᠤᠭᠠᠢ ᠳᠤ ᠬᠦᠷᠴᠤ᠂ ᠪᠤᠷᠤᠯᠠᠭᠤᠯᠤᠭᠰᠠᠨ ᠠᠯᠠᠰᠢᠨ ᠤ ᠬᠤᠨᠢᠨ ᠤ ᠲᠤᠭ᠎ᠠ ᠨᠢ 110 ᠲᠦᠮᠡ ᠳᠤ ᠬᠦᠷᠴᠤ᠂ ᠮᠠᠯ ᠠᠵᠤ ᠠᠬᠤᠢ ᠶᠢᠨ ᠶᠡᠭᠡ ᠲᠠᠷᠢᠶᠠᠯᠠᠩ ᠠᠵᠤ ᠦᠢᠯᠡᠰ ᠲᠤᠮᠳᠠ ᠡᠵᠡᠯᠡᠬᠦ ᠬᠠᠷᠢᠴᠠᠯ ᠨᠢ 67%᠎ ᠳᠤ ᠬᠦᠷᠴᠤ᠂ ᠮᠠᠯᠴᠢᠨ ᠲᠠᠷᠢᠶᠠᠴᠢᠳ ᠎ ᠤᠨ ᠠᠵᠤ ᠦᠢᠯᠡᠰᠴᠢᠯᠡᠭᠰᠡᠨ ᠤᠷᠤᠯᠭ᠎ᠠ ᠨᠢ ᠪᠦᠬᠦ ᠤᠷᠤᠯᠭ᠎ᠠ ᠶᠢᠨ ᠢᠶᠠᠨ 68%᠎ ᠶᠢ ᠡᠵᠡᠯᠡᠭᠰᠡᠨ ᠪᠠᠶᠢᠨ᠎ᠠ᠃      ᠬᠡᠰᠢᠭᠳᠡᠨ ᠬᠤᠰᠢᠭᠤᠨ ᠳᠤ ᠤᠳᠤᠬᠠᠨ ᠳᠤ ᠶᠢᠨ ᠹᠧᠩ᠂ ᠳ᠋ᠧ ᠮᠸᠢ᠂ ᠵᠤᠤ ᠤᠳᠠ ᠵᠡᠷᠬᠡ ᠭᠤᠷᠪᠠᠨ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠭᠤᠤᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ ᠪᠤᠢ᠃ ᠪᠦᠬᠦ ᠬᠤᠰᠢᠭᠤᠨ ᠳᠤ ᠪᠦᠬᠦ ᠤᠯᠤᠰ ᠤᠨ ᠮᠠᠯ ᠠᠵᠤ ᠠᠬᠤᠢ ᠶᠢᠨ ᠠᠵᠤ ᠦᠢᠯᠡᠰ ᠤᠨ ᠵᠠᠭᠤᠨ ᠬᠦᠴᠦᠷᠬᠡᠭ ᠠᠵᠤ ᠠᠬᠤᠶᠢᠯᠠᠯ 2᠂ ᠤᠯᠤᠰ ᠤᠨ ᠲᠡᠰ ᠤᠨ ᠲᠠᠷᠢᠶᠠᠴᠢᠳ ᠤᠨ ᠲᠤᠰᠬᠠᠢ ᠬᠤᠷᠰᠢᠶᠠᠵᠢᠯ ᠤᠨ ᠵᠢᠱᠢᠶ᠎ᠠ ᠦᠵᠡᠬᠦᠯᠬᠦ ᠬᠤᠷᠰᠢᠶ᠎ᠠ 1᠂ ᠪᠦᠬᠦ ᠤᠯᠤᠰ ᠤᠨ ︽ᠨᠢᠭᠡ ᠲᠤᠰᠬᠤᠨ ᠨᠢᠭᠡ ᠦᠢᠯᠡᠳᠬᠦᠨ︾᠎ ᠤ ᠵᠢᠱᠢᠶ᠎ᠠ ᠦᠵᠡᠬᠦᠯᠬᠦ ᠲᠤᠰᠬᠤᠨ 1 ᠪᠤᠢ᠃ ᠳ᠋ᠧ ᠮᠸᠢ ᠺᠤᠮᠫᠠᠨᠢ ᠨᠢ ᠪᠦᠬᠦ ᠤᠯᠤᠰ ᠲᠤ ᠴᠤᠷ ᠤᠨ ᠭᠠᠭᠴᠠ ᠠᠯᠠᠰᠢᠨ ᠤ ᠬᠤᠨᠢ ᠶᠢ ᠲᠡᠵᠢᠬᠡᠨ ᠦᠷᠡᠵᠢᠬᠦᠯᠬᠦ ᠰᠠᠭᠤᠷᠢᠨ ᠭᠠᠵᠠᠷ ᠪᠤᠯᠤᠭᠰᠠᠨ ᠪᠠᠶᠢᠨ᠎ᠠ᠃ ᠢᠤᠢ ᠿᠦᠨ ᠠᠵᠤ ᠦᠢᠯᠡᠰ ᠤᠨ ᠬᠦᠷᠢᠶᠡᠯᠡᠩ ᠲᠤᠭᠤᠷᠢᠭ ᠨᠢ ᠤᠳᠠᠯ ᠦᠭᠡᠢ ᠪᠠᠷᠢᠯᠭ᠎ᠠ ᠲᠠᠭᠤᠰᠴᠤ ᠠᠰᠢᠭᠯᠠᠯᠳᠠ ᠳᠤ ᠤᠷᠤᠬᠤ ᠪᠤᠯᠤᠨ᠎ᠠ᠃      ᠪᠦᠬᠦ ᠬᠤᠰᠢᠭᠤᠨ ᠳᠤ ᠤᠳᠤᠬᠠᠨ ᠳᠤ 222 ᠬᠡᠪᠴᠢᠶᠡᠵᠢᠭᠰᠡᠨ ᠲᠠᠵᠢᠬᠡᠪᠤᠷᠢ ᠶᠢᠨ ᠲᠠᠯᠠᠪᠠᠢ ᠪᠠ ᠬᠡᠷ ᠪᠦᠯᠢ ᠶᠢᠨ ᠮᠠᠯᠵᠢᠯ ᠤᠨ ᠲᠠᠯᠠᠪᠠᠢ ᠪᠠᠶᠢᠵᠤ᠂ ᠡᠬᠦᠨ ᠤ ᠲᠤᠮᠳᠠ ᠠᠯᠠᠰᠢᠨ ᠤ ᠦᠬᠡᠷ ᠤᠨ ᠲᠡᠵᠢᠬᠡᠪᠤᠷᠢ ᠶᠢᠨ ᠲᠠᠯᠠᠪᠠᠢ 65᠂ ᠠᠯᠠᠰᠢᠨ ᠤ ᠬᠤᠨᠢᠨ ᠤ ᠲᠡᠵᠢᠬᠡᠪᠤᠷᠢ ᠶᠢᠨ ᠲᠠᠯᠠᠪᠠᠢ 110᠂ ᠭᠠᠭ᠋ᠠᠢ ᠲᠡᠵᠢᠬᠡᠬᠦ ᠲᠠᠯᠠᠪᠠᠢ 27᠂ ᠲᠡᠬᠢᠶ᠎ᠠ ᠲᠡᠵᠢᠬᠡᠬᠦ ᠲᠠᠯᠠᠪᠠᠢ 10 ᠪᠤᠢ᠃ ᠤᠯᠤᠰ ᠤᠨ ᠲᠡᠰ ᠤᠨ ᠪᠠᠷᠢᠮᠵᠢᠶᠠᠵᠢᠭᠰᠠᠨ ᠵᠢᠱᠢᠶ᠎ᠠ ᠦᠵᠡᠬᠦᠯᠬᠦ ᠲᠠᠯᠠᠪᠠᠢ 5᠂ ᠤᠷᠤᠨ ᠤ ᠲᠡᠰ ᠤᠨ ᠪᠠᠷᠢᠮᠵᠢᠶᠡᠵᠢᠭᠰᠡᠨ ᠵᠢᠱᠢᠶ᠎ᠠ ᠦᠵᠡᠬᠦᠯᠬᠦ ᠲᠠᠯᠠᠪᠠᠢ 15᠂ ᠠᠮᠢ ᠠᠬᠤᠢ ᠶᠢᠨ ᠬᠡᠷ ᠪᠦᠯᠢ ᠎ ᠶᠢᠨ ᠵᠢᠱᠢᠶ᠎ᠠ ᠦᠵᠡᠬᠦᠯᠬᠦ ᠲᠠᠯᠠᠪᠠᠢ 15 ᠪᠤᠢ᠃ ᠲᠠᠵᠢᠬᠡᠨ ᠦᠷᠡᠵᠢᠬᠦᠯᠬᠦ ᠲᠤᠰᠬᠠᠢ ᠬᠤᠷᠰᠢᠶᠠᠵᠢᠯ 163 ᠪᠤᠢ᠃ ᠠᠯᠠᠰᠢᠨ ᠤ ᠬᠤᠨᠢ ᠶᠢ 10 ᠲᠦᠮᠡ ᠠᠴᠠ ᠲᠡᠭᠡᠭᠰᠢ ᠲᠡᠵᠢᠬᠡᠨ ᠦᠷᠡᠵᠢᠬᠦᠯᠵᠤ ᠪᠠᠶᠢᠭ᠎ᠠ ᠰᠤᠮᠤ ᠰᠢᠶᠠᠩ ᠪᠠᠯᠭᠠᠰᠤ 9 ᠪᠠᠶᠢᠵᠤ᠂ ᠲᠦᠮᠡ ᠠᠴᠠ ᠲᠡᠭᠡᠭᠰᠢ ᠲᠡᠵᠢᠬᠡᠨ ᠦᠷᠡᠵᠢᠬᠦᠯᠵᠤ ᠪᠠᠶᠢᠭ᠎ᠠ ᠭᠠᠴᠠᠭ᠎ᠠ ᠲᠤᠰᠬᠤᠨ 23 ᠪᠠᠶᠢᠵᠤ᠂ 300 ᠎ ᠠᠴᠠ ᠲᠡᠭᠡᠭᠰᠢ ᠲᠡᠵᠢᠬᠡᠨ ᠦᠷᠡᠵᠢᠬᠦᠯᠵᠤ ᠪᠠᠶᠢᠭ᠎ᠠ ᠡᠷᠦᠬᠡ 840 ᠪᠤᠢ᠃      ᠪᠦᠬᠦ ᠬᠤᠰᠢᠭᠤᠨ ᠳᠤ ᠵᠢᠯ ᠪᠦᠷᠢ 10 ᠲᠦᠮᠡᠨ ᠲᠤᠯᠤᠭᠠᠢ ᠦᠭᠡᠷ ᠲᠤ ᠬᠦᠢᠳᠡᠨ ᠬᠡᠬᠡᠯᠳᠦᠬᠦᠯᠬᠡ ᠬᠢᠵᠤ᠂ 50 ᠲᠦᠮᠡᠨ ᠬᠤᠨᠢ ᠳᠤ ᠭᠠᠷ ᠬᠡᠬᠡᠯᠳᠦᠬᠦᠯᠬᠡ ᠬᠢᠵᠤ ᠪᠤᠢ᠃ ᠤᠶᠢᠷ᠎ᠠ ᠶᠢᠨ ᠵᠢᠯ ᠠᠴᠠ ᠤᠷᠢᠳ ᠬᠤᠵᠢᠳ ᠬᠦᠪᠦᠷᠡᠯ ᠰᠢᠯᠵᠢᠬᠦᠯᠬᠦ᠂ ᠤᠷᠤᠭ᠎ᠠ ᠶᠢᠨ ᠬᠤᠭᠤᠴᠠᠭ᠎ᠠ ᠶᠢ ᠢᠵᠢᠯᠰᠢᠬᠦᠯᠬᠦ᠂ ᠬᠤᠶᠠᠷ ᠵᠢᠯ ᠳᠤ ᠭᠤᠷᠪᠠ ᠤᠳᠠᠭ᠎ᠠ ᠦᠷᠡᠵᠢᠬᠦᠯᠬᠦ᠂ ᠭᠧᠨ ᠢ ᠰᠢᠯᠵᠢᠬᠦᠯᠬᠦ᠂ ᠪᠠᠷᠢᠮᠵᠢᠶᠠᠵᠢᠭᠤᠯᠤᠨ ᠲᠡᠵᠢᠬᠡᠨ ᠦᠷᠡᠵᠢᠬᠦᠯᠬᠦ᠂ ᠮᠠᠰᠢᠨ ᠎ ᠢᠶᠠᠷ ᠨᠤᠤᠰᠤ ᠬᠠᠶᠢᠴᠢᠯᠡᠬᠤ᠂ ᠦᠬᠡᠷ ᠬᠤᠨᠢᠨ ᠤ ᠡᠬᠦᠯᠳᠠᠷ ᠢ ᠪᠤᠶᠢᠵᠢᠭᠤᠯᠬᠤ᠂ ᠬᠤᠶᠠᠷ ᠡᠰᠢᠳᠤ ᠡᠷᠯᠢᠰᠵᠢᠬᠦᠯᠬᠦ ᠪᠠ ᠭᠤᠷᠪᠠᠨ ᠡᠰᠢᠳᠤ ᠡᠷᠯᠢᠰᠵᠢᠬᠦᠯᠬᠦ ᠵᠡᠷᠬᠡ ᠤᠯᠠᠨ ᠲᠦᠷᠦᠯ ᠤᠨ ᠮᠡᠷᠬᠡᠵᠢᠯ ᠢ ᠦᠷᠬᠡᠨ ᠢᠶᠠᠷ ᠲᠡᠯᠬᠡᠷᠡᠬᠦᠯᠦᠨ ᠬᠡᠷᠡᠭᠯᠡᠵᠤ᠂ ᠢᠯᠡᠷᠬᠡᠢ ᠦᠷ᠎ᠡ ᠪᠦᠳᠦᠮᠵᠢ ᠤᠯᠤᠭᠰᠠᠨ ᠪᠠᠶᠢᠨ᠎ᠠ᠃      ᠪᠦᠬᠦ ᠬᠤᠰᠢᠭᠤᠨ ᠳᠤ᠂ ᠪᠦᠬᠦ ᠤᠯᠤᠰ ᠤᠨ ᠠᠩᠬᠠᠳᠤᠭᠴᠢ ᠲᠠᠯ᠎ᠠ ᠨᠤᠳᠤᠭ ᠲᠤ ᠪᠡᠯᠴᠢᠬᠡᠷᠯᠡᠬᠦᠯᠬᠦ ᠬᠡᠯᠪᠡᠷᠢ ᠶᠢᠨ ᠠᠯᠠᠰᠢᠨ ᠤ ᠬᠤᠨᠢᠨ ᠤ ᠰᠢᠨ᠎ᠡ ᠡᠬᠦᠯᠳᠡᠷ ᠪᠤᠯᠬᠤ ᠵᠤᠤ ᠤᠳᠠ ᠶᠢᠨ ᠠᠯᠠᠰᠢᠨ ᠤ ᠬᠤᠨᠢ 35 ᠲᠦᠮᠡ ᠪᠤᠢ᠃ ︽ᠵᠤᠤ ᠤᠳᠠ ᠶᠢᠨ ᠤᠷᠭᠠᠨᠢᠭ ᠬᠤᠨᠢᠨ ᠮᠢᠬ᠎ᠠ︾ ᠪᠠ ︽᠎ ᠶᠢᠨ ᠭᠧ ᠡᠯ ᠤᠷᠭᠠᠨᠢᠭ ᠬᠤᠨᠢᠨ ᠮᠢᠬ᠎ᠠ︾ ᠬᠤᠶᠠᠷ ᠤᠷᠭᠠᠨᠢᠭ ᠬᠤᠨᠢᠨ ᠮᠢᠬᠠᠨ ᠤ ᠨᠡᠷᠡᠳᠤ ᠲᠡᠮᠳᠡᠭᠳᠤ ᠪᠤᠢ᠃ ᠾᠧ ᠰᠢᠶᠠᠩ ᠺᠤᠮᠫᠠᠨᠢ ᠶᠢᠨ ᠦᠬᠡᠷ ᠬᠤᠨᠢᠨ ᠤ ᠮᠢᠬ᠎ᠠ ᠨᠢ ᠱᠠᠩᠬᠠᠢ ᠶᠢᠨ ᠲᠡᠯᠡᠬᠡᠢ ᠶᠢᠨ ᠦᠵᠡᠰᠬᠦᠯᠡᠩ ᠳᠤ ᠰᠤᠩᠭᠤᠭᠳᠠᠨ ᠤᠷᠤᠵᠤ᠂ ᠰᠢᠶᠠ ᠭᠤᠸᠠᠩ᠂ ᠢ ᠶᠤᠸᠠᠨ ᠺᠤᠮᠫᠠᠨᠢ ᠨᠢ ᠤᠯᠤᠰ ᠤᠨ ᠮᠢᠬᠠᠨ ᠤ ᠬᠦᠮᠦᠷᠬᠡ ᠶᠢᠨ ᠲᠠᠭᠠᠭᠠᠴᠢᠯᠠᠨ ᠬᠠᠳᠠᠭᠠᠯᠠᠬᠤ ᠬᠢᠷᠢ ᠬᠡᠮ ᠎ ᠢ ᠤᠯᠤᠭᠰᠠᠨ ᠪᠠᠶᠢᠨ᠎ᠠ᠃ ᠵᠤᠤ ᠤᠳᠠ ᠶᠢᠨ ᠠᠯᠠᠰᠢᠨ ᠤ ᠬᠤᠨᠢ ᠨᠢ ᠰᠢᠨᠵᠢᠶᠠᠩ᠂ ᠬᠦᠬᠡᠨᠠᠭᠤᠷ᠂ ᠬᠦᠢᠵᠸᠤ᠂ ᠵᠡᠬᠦᠨ ᠬᠤᠶᠢᠳᠤ ᠵᠢᠴᠢ ᠦᠪᠡᠷᠳᠡᠬᠡᠨ ᠵᠠᠰᠠᠬᠤ ᠤᠷᠤᠨ ᠵᠡᠷᠬᠡ 10 ᠮᠤᠵᠢ ᠤᠷᠤᠨ ᠢᠶᠠᠷ ᠪᠤᠷᠤᠯᠠᠭᠤᠯᠤᠭᠳᠠᠵᠤ᠂ ᠾᠧ ᠰᠢᠶᠠᠩ ᠢᠳᠡᠬᠡᠨ ᠤ ᠵᠦᠢᠯ ᠨᠢ ᠱᠠᠩᠬᠠᠢ᠂ ᠨᠠᠨᠵᠢᠩ᠂ ᠪᠡᠬᠡᠵᠢᠩ ᠵᠡᠷᠬᠡ ᠶᠡᠭᠡ ᠬᠤᠳᠠ ᠶᠢᠨ ᠵᠠᠬ᠎ᠠ ᠲᠠᠯᠬᠡᠬᠦᠷ ᠲᠤ ᠭᠠᠷᠤᠭᠰᠠᠨ ᠪᠠᠶᠢᠨ᠎ᠠ᠃      ᠪᠦᠬᠦ ᠬᠤᠰᠢᠭᠤᠨ ᠳᠤ ᠤᠳᠤᠬᠠᠨ ᠳᠤ ᠤᠷᠤᠨ ᠤ ᠲᠡᠰ ᠤᠨ ᠡᠬᠦᠯᠳᠡᠷ ᠤᠨ ᠬᠤᠨᠢᠨ ᠤ ᠲᠠᠯᠠᠪᠠᠢ 14 ᠪᠠᠶᠢᠵᠤ᠂ ᠡᠬᠦᠯᠳᠠᠷ ᠤᠨ ᠦᠬᠡᠷ ᠤᠨ ᠲᠠᠯᠠᠪᠠᠢ 1 ᠪᠤᠢ᠃ ᠵᠢᠯ ᠪᠦᠷᠢ 8000 ᠡᠬᠦᠯᠳᠡᠷ ᠤᠨ ᠬᠤᠴᠠ᠂ 3 ᠲᠦᠮᠡᠨ ᠡᠮ᠎ᠡ ᠡᠬᠦᠯᠳᠠᠷ ᠤᠨ ᠬᠤᠨᠢ ᠪᠠ 20 ᠲᠤᠯᠤᠭᠠᠢ ᠡᠬᠦᠯᠳᠠᠷ ᠤᠨ ᠪᠤᠬ᠎ᠠ ᠶᠢ ᠦᠷᠡᠵᠢᠬᠦᠯᠵᠤ ᠪᠤᠢ᠃ ᠡᠬᠦᠯᠳᠡᠷ ᠎ ᠤᠨ ᠬᠤᠴᠠ ᠨᠢ ᠵᠤᠤ ᠤᠳᠠ ᠶᠢᠨ ᠠᠯᠠᠰᠢᠨ ᠤ ᠬᠤᠨᠢ᠂ ᠳ᠋ᠧ ᠮᠸᠢ ᠬᠤᠨᠢ᠂ ᠤᠥ ᠮᠸᠢ ᠬᠤᠨᠢ᠂ ᠦᠵᠦᠮᠦᠴᠢᠨ ᠬᠤᠨᠢ ᠪᠠᠶᠢᠵᠤ᠂ ᠡᠬᠦᠯᠳᠡᠷ ᠤᠨ ᠪᠤᠬ᠎ᠠ ᠨᠢ ᠠᠩᠭᠧᠰ ᠥᠬᠡᠷ ᠪᠤᠯᠤᠨ᠎ᠠ᠃ ᠡᠬᠦᠨ ᠳᠤ ᠵᠤᠤ ᠤᠳᠠ ᠶᠢᠨ ᠠᠯᠠᠰᠢᠨ ᠤ ᠬᠤᠨᠢᠨ ᠤ ᠡᠬᠦᠯᠳᠡᠷ ᠪᠤᠶᠢᠵᠢᠭᠤᠯᠬᠤ ᠭᠤᠤᠯ ᠲᠠᠯᠠᠪᠠᠢ 3 ᠪᠠᠶᠢᠵᠤ᠂ ᠵᠢᠯ ᠪᠦᠷᠢ ᠶᠢᠨ ᠪᠤᠶᠢᠵᠢᠭᠤᠯᠬᠤ ᠴᠢᠳᠠᠯ ᠨᠢ 5000᠎ ᠳᠤ ᠬᠦᠷᠳᠡᠭ᠃ ᠵᠤᠤ ᠤᠳᠠ ᠶᠢᠨ ᠠᠯᠠᠰᠢᠨ ᠤ ᠦᠬᠡᠷ ᠤᠨ ᠡᠬᠦᠯᠳᠡᠷ ᠪᠤᠶᠢᠵᠢᠭᠤᠯᠬᠤ ᠭᠤᠤᠯ ᠲᠠᠯᠠᠪᠠᠢ 7 ᠪᠠᠶᠢᠵᠤ᠂ ᠤᠳᠤᠬᠠᠨ ᠳᠤ ᠶᠠᠭ 1700 ᠲᠤᠯᠤᠭᠠᠢ ᠦᠨᠢᠶ᠎ᠡ ᠳᠤ ᠡᠬᠦᠯᠳᠡᠷ ᠪᠤᠶᠢᠵᠢᠭᠤᠯᠵᠤ ᠪᠤᠢ᠃      ᠪᠦᠬᠦ ᠬᠤᠰᠢᠭᠤᠨ ᠤ ᠠᠮᠢᠳᠠᠨ ᠤ ᠬᠡᠵᠢᠭ ᠢ ᠰᠡᠷᠬᠡᠶᠢᠯᠡᠬᠦ ᠰᠢᠰᠲ᠋ᠧᠮ ᠲᠡᠬᠦᠯᠳᠡᠷᠵᠢᠨ ᠪᠦᠷᠢᠨᠵᠢᠵᠤ᠂ ᠬᠡᠵᠢᠭ ᠠᠴᠠ ᠰᠡᠷᠬᠡᠶᠢᠯᠡᠬᠦ ᠬᠤᠷᠤᠭ᠎ᠠ 500 ᠪᠠᠶᠢᠵᠤ᠂ ᠸᠠᠺᠼᠢᠠ ᠢ ᠬᠠᠳᠠᠭᠠᠯᠠᠬᠤ ᠬᠦᠯᠳᠡᠬᠡᠬᠦᠷ 200 ᠪᠤᠢ᠃ ᠬᠦᠮᠦᠨ ᠤ ᠬᠦᠴᠤ ᠪᠠᠷ ᠲᠠᠷᠢᠵᠤ ᠪᠤᠶᠢᠵᠢᠭᠤᠯᠤᠭᠰᠠᠨ ᠡᠪᠡᠰᠤᠨ ᠤ ᠲᠠᠯᠠᠪᠠᠢ ᠨᠢ 13 ᠲᠦᠮᠡᠨ ᠮᠤ᠋ ᠳᠤ ᠬᠦᠷᠴᠤ᠂ ᠲᠠᠷᠤᠰᠢᠮᠠᠯ ᠬᠦᠬᠡ ᠡᠪᠡᠰᠤᠨ ᠤ ᠲᠠᠯᠠᠪᠠᠢ ᠨᠢ 15 ᠲᠦᠮᠡᠨ ᠮᠤ᠋ ᠳᠤ ᠬᠦᠷᠴᠤ᠂ ᠵᠢᠯ ᠪᠦᠷᠢ ᠶᠢᠨ ᠲᠠᠷᠤᠰᠢᠭᠤᠯᠵᠤ ᠬᠠᠳᠠᠭᠠᠭᠰᠠᠨ ᠡᠪᠡᠰᠤ ᠨᠢ 2.3 ᠳ᠋ᠦᠩᠰᠢᠭᠤᠷ ᠺᠢᠯᠤᠭ᠍ᠷᠠᠮ ᠳᠤ ᠬᠦᠷᠦᠭᠰᠡᠨ ᠪᠠᠶᠢᠨ᠎ᠠ᠃ ᠤᠳᠤᠬᠠᠨ ᠳᠤ ᠪᠤᠷᠳᠤᠭ᠎ᠠ ᠡᠪᠡᠰᠤᠨ ᠤ ᠰᠠᠭᠤᠷᠢᠨ ᠭᠠᠵᠠᠷ 2 ᠪᠠᠶᠢᠵᠤ᠂ ᠭᠠᠮᠰᠢᠭ ᠢ ᠠᠷᠭᠠᠴᠠᠭᠠᠬᠤ ᠡᠪᠡᠰᠤ ᠬᠠᠳᠠᠭᠠᠯᠠᠬᠤ ᠦᠷᠳᠡᠭᠡ 5 ᠪᠠᠶᠢᠵᠤ ᠂ ᠵᠢᠯ ᠪᠦᠷᠢ ᠶᠢᠨ ᠡᠪᠡᠰᠤ ᠬᠠᠳᠠᠭᠠᠯᠠᠬᠤ ᠴᠢᠳᠠᠯ ᠨᠢ 1 ᠲᠦᠮᠡᠨ ᠲᠤᠨ ᠳᠤ ᠬᠦᠷᠦᠭᠰᠡᠨ ᠪᠠᠶᠢᠨ᠎ᠠ᠃ ᠲᠠᠷᠢᠶᠠᠯᠠᠩ ᠎ ᠤᠨ ᠲᠤᠰᠠᠯᠠᠬᠤ ᠦᠢᠯᠡᠳᠬᠦᠨ ᠵᠢᠴᠢ ᠲᠠᠷᠤᠰᠢᠮᠠᠯ ᠡᠪᠡᠰᠤᠨ ᠤ ᠡᠰᠢ ᠶᠢ ᠬᠤᠪᠢᠷᠠᠭᠠᠨ ᠠᠰᠢᠭᠯᠠᠬᠤ ᠨᠤᠷᠮ᠎ᠠ ᠨᠢ 47%᠎ ᠳᠤ ᠬᠦᠷᠦᠭᠰᠡᠨ ᠪᠠᠶᠢᠨ᠎ᠠ᠃      ᠬᠡᠰᠢᠭᠳᠡᠨ ᠬᠤᠰᠢᠭᠤ ᠨᠢ ᠦᠪᠡᠷᠳᠡᠬᠡᠨ ᠵᠠᠰᠠᠬᠤ ᠤᠷᠤᠨ ᠤ ︽8337︾ ᠬᠦᠭᠵᠢᠯᠳᠠ ᠶᠢᠨ ᠰᠡᠳᠬᠢᠮᠵᠢ ᠪᠠ ᠪᠤᠬᠢᠷᠳᠤᠯ ᠦᠭᠡᠢ ᠤᠷᠭᠠᠨᠢᠭ ᠮᠠᠯ ᠲᠠᠷᠢᠶᠠᠯᠠᠩ ᠤᠨ ᠪᠦᠳᠦᠬᠡᠭᠳᠡᠬᠦᠨ ᠢ ᠦᠢᠯᠡᠳᠪᠤᠷᠢᠯᠡᠬᠦ ᠪᠤᠯᠪᠠᠰᠤᠷᠠᠭᠤᠯᠬᠤ ᠪᠤᠷᠤᠯᠠᠭᠤᠯᠬᠤ ᠰᠠᠭᠤᠷᠢᠨ ᠭᠠᠵᠠᠷ ᠢ ᠪᠦᠳᠦᠬᠡᠨ ᠪᠠᠶᠢᠭᠤᠯᠬᠤ ᠶᠡᠷᠦᠩᠬᠡᠢ ᠬᠠᠷᠠᠯᠳᠠ ᠶᠢ ᠴᠢᠩᠭ᠎ᠠ ᠪᠠᠷᠢᠮᠳᠠᠯᠠᠵᠤ᠂ ᠡᠳᠦᠬᠡ ᠶᠠᠭ ᠬᠦᠭᠵᠢᠨ ᠬᠦᠴᠦᠷᠬᠡᠭᠵᠢᠬᠦ ᠵᠠᠮ ᠳᠤ ᠪᠠᠨ ᠤᠷᠤᠵᠤ᠂ ᠬᠤᠶᠢᠰᠢᠳᠠ ᠨᠡᠩ ᠬᠡᠬᠡᠨ ᠰᠠᠷᠠᠭᠤᠯ ᠢᠷᠡᠭᠡᠳᠤᠢ ᠲᠠᠢ ᠪᠤᠯᠬᠤ ᠨᠢ ᠯᠠᠪᠳᠠᠢ᠃ 
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号