ᠡᠪᠤᠯ ᠤᠨ ᠠᠮᠠᠷᠠᠯᠳᠠ ᠶᠢᠨ ᠬᠤᠭᠤᠴᠠᠭᠠᠨ ᠳᠠᠬᠢ ᠰᠤᠷᠤᠭᠴᠢ ᠪᠠ ᠭᠡᠷ ᠤᠨ ᠠᠬᠠᠮᠠᠳ ᠤᠨ ᠬᠦᠰᠡᠯ
ᠨᠡᠶᠢᠲᠡᠯᠡᠭᠰᠡᠨ ᠴᠠᠭ᠄
2015/1/13
     ᠡᠪᠤᠯ ᠤᠨ ᠠᠮᠠᠷᠠᠯᠳᠠ ᠶᠢᠨ ᠴᠢᠯᠤᠭᠡ ᠪᠤᠯᠴᠢᠬᠠᠯ᠎ᠠ᠃ ᠲᠡᠭᠡᠪᠡᠯ ᠰᠤᠷᠤᠭᠴᠢᠳ ᠠᠮᠠᠷᠠᠯᠳᠠ ᠶᠢᠨ ᠬᠤᠭᠤᠴᠠᠭᠠᠠ ᠳᠤ ᠶᠠᠭᠤ ᠬᠢᠬᠦ ᠶᠢ ᠬᠦᠰᠡᠵᠤ ᠪᠠᠶᠢᠭ᠎ᠠ ᠪᠤᠯ︖ ᠭᠡᠷ ᠤᠨ ᠠᠬᠠᠮᠠᠳ ᠬᠡᠦᠬᠡᠳ ᠢᠶᠠᠨ ᠶᠠᠭᠤ ᠬᠢᠯᠭᠡᠨ᠎ᠠ ᠭᠡᠵᠤ ᠰᠠᠨᠠᠳᠠᠭ ᠪᠤᠯ︖ ᠡᠨᠡ ᠲᠤᠬᠠᠢ ᠰᠤᠷᠪᠤᠯᠵᠢᠯᠠᠭᠴᠢ ᠦᠢᠷ᠎ᠠ ᠳᠤ ᠭᠡᠰᠡᠭ ᠤᠶᠤᠳᠠᠠ᠂ ᠦᠨᠳᠦᠷ ᠲᠤᠮᠳᠠᠳᠤ ᠰᠤᠷᠭᠠᠭᠤᠯᠢ ᠶᠢᠨ ᠰᠤᠷᠤᠭᠴᠢ᠂ ᠠᠩᠬ᠎ᠠ ᠲᠤᠮᠳᠠᠳᠤ ᠰᠤᠷᠭᠠᠭᠤᠯᠢ ᠶᠢᠨ ᠰᠤᠷᠤᠭᠴᠢ᠂ ᠪᠠᠭ᠎ᠠ ᠰᠤᠷᠭᠠᠭᠤᠯᠢ ᠶᠢᠨ ᠰᠤᠷᠤᠭᠴᠢ ᠵᠢᠴᠢ ᠭᠡᠷ ᠤᠨ ᠠᠬᠠᠮᠠᠳ ᠤᠨ ᠲᠤᠮᠳᠠ ᠪᠠᠶᠢᠴᠠᠭᠠᠯᠳᠠ ᠬᠢᠵᠤ ᠪᠠᠶᠢᠳᠠᠯ ᠢ ᠤᠢᠢᠯᠠᠭᠠᠪᠠ᠃ ᠪᠠᠶᠢᠴᠠᠭᠠᠯᠳᠠ ᠶᠢᠨ ᠲᠤᠮᠳᠠ ᠬᠠᠭᠠᠰ ᠲᠤᠭᠠᠠ ᠤ ᠪᠠᠭ᠎ᠠ ᠰᠤᠷᠭᠠᠭᠤᠯᠢ ᠶᠢᠨ ᠰᠤᠷᠤᠭᠴᠢ ᠡᠳᠤᠷ ᠡᠳᠤᠷ ᠲᠠᠰᠬᠠᠯ ᠬᠢᠬᠦ ᠲᠤᠷ᠎ᠠ ᠦᠭᠡᠢ᠂ ᠬᠢᠴᠢᠶᠠᠯ ᠲᠦᠷᠦᠯ ᠤᠨ ᠲᠤᠷ᠎ᠠ ᠪᠠᠬ᠎ᠠ ᠶᠢᠨ ᠠᠩᠬᠢ ᠳᠤ ᠤᠷᠤᠯᠴᠠᠬᠤ ᠲᠤᠷ᠎ᠠ ᠦᠭᠡᠢ︔ ᠠᠩᠬ᠎ᠠ ᠲᠤᠮᠳᠠᠳᠤ ᠶᠢᠨ ᠰᠤᠷᠤᠭᠴᠢ ᠭᠠᠭᠴᠠᠭᠠᠷ ᠢᠶᠠᠨ ᠡᠳᠤᠷ ᠲᠤᠵᠢ ᠭᠡᠷ ᠲᠡᠭᠡᠨ ᠪᠤᠬᠢᠨᠢᠳᠤᠨ ᠰᠠᠭᠤᠬᠤ ᠲᠤᠷ᠎ᠠ ᠦᠭᠡᠢ︔ 95% ᠠᠴᠠ ᠲᠡᠭᠡᠭᠰᠢᠬᠢ ᠭᠡᠷ ᠤᠨ ᠠᠬᠠᠮᠠᠳ ᠬᠡᠦᠬᠡᠳ ᠤᠨ ᠢᠶᠠᠨ ᠡᠳᠤᠷ ᠲᠤᠵᠢ ᠲᠧᠯᠸᠢᠰ ᠤᠨ ᠡᠮᠤᠨ᠎ᠠ ᠰᠠᠭᠤᠵᠤ ᠲᠧᠯᠸᠢᠰ ᠦᠵᠡᠬᠦ ᠪᠠ ᠺᠤᠮᠫᠢᠦ᠋ᠲ᠋ᠧᠷ ᠨᠠᠭᠠᠳᠬᠤ ᠶᠢ ᠬᠦᠰᠡᠬᠦ ᠦᠭᠡᠢ ᠪᠠᠶᠢᠭ᠎ᠠ ᠶᠢ ᠤᠢᠢᠯᠠᠭᠠᠭᠰᠠᠠ ᠪᠠᠶᠢᠨ᠎ᠠ᠃          ᠰᠤᠷᠤᠭᠴᠢᠳ᠄ ᠲᠠᠰᠬᠠᠯ ᠲᠠᠪᠳᠠᠯᠭ᠎ᠠ ᠳᠤ ᠬᠦᠳᠦᠯᠦᠭᠳᠡᠬᠦ ᠲᠤᠷ᠎ᠠ ᠦᠭᠡᠢ      ︽ᠠᠮᠠᠷᠠᠯᠳᠠ ᠶᠢᠨ ᠬᠤᠭᠤᠴᠠᠭᠠᠠ ᠳᠤ ᠡᠳᠤᠷ ᠲᠤᠵᠢ ᠭᠡᠷ ᠲᠡᠭᠡᠨ ᠰᠠᠭᠤᠵᠤ ᠲᠠᠪᠳᠠᠬᠤ ᠪᠤᠶᠤ ᠲᠠᠰᠬᠠᠯ ᠬᠢᠬᠦ ᠲᠤᠷ᠎ᠠ ᠦᠭᠡᠢ︾᠂ ︽ᠪᠢ ᠲᠠᠪᠳᠠᠬᠤ ᠠᠩᠬᠢ ᠳᠤ ᠤᠷᠤᠯᠴᠠᠬᠤ ᠲᠤᠷ᠎ᠠ ᠦᠭᠡᠢ︾ ᠁ ᠰᠤᠷᠪᠤᠯᠵᠢᠯᠠᠭ᠎ᠠ ᠬᠦᠯᠢᠶᠡᠭᠰᠡᠡ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠲᠤᠳᠤᠷ᠎ᠠ ᠡᠶᠢᠮᠤᠷᠬᠦ ᠪᠤᠳᠤᠯ ᠲᠠᠢ ᠰᠤᠷᠤᠭᠴᠢ 90% ᠢ ᠡᠵᠡᠯᠡᠵᠤ ᠪᠠᠶᠢᠯ᠎ᠠ᠃ ᠠᠮᠠᠷᠠᠯᠳᠠ ᠶᠢᠨ ᠬᠤᠭᠤᠴᠠᠭᠠᠠ ᠳᠤ ᠪᠠᠭᠰᠢ ᠶᠢᠨ ᠦᠯᠡᠳᠡᠭᠡᠭᠰᠡᠡ ᠲᠠᠰᠬᠠᠯ ᠲᠠᠭᠠᠭᠠᠯᠭᠠᠪᠤᠷᠢ ᠶᠢ ᠬᠢᠬᠦ ᠨᠢ ᠵᠦᠪ᠂ ᠭᠡᠪᠡᠴᠤ ᠠᠮᠠᠷᠠᠯᠳᠠ ᠲᠠᠯᠪᠢᠴᠢᠬᠠᠭᠰᠠᠠ ᠪᠠᠶᠢᠳᠠᠯ᠎ᠠ ᠪᠠᠰᠠ ᠬᠢᠴᠢᠶᠠᠯ ᠤᠷᠤᠬᠤ ᠲᠠᠢ ᠠᠳᠠᠯᠢ ᠡᠳᠤᠷ ᠲᠤᠵᠢ ᠲᠤᠭᠳᠠᠭᠰᠠᠠ ᠴᠠᠭ ᠲᠠᠢ ᠲᠠᠰᠬᠠᠯ ᠬᠢᠬᠦ ᠪᠠ ᠬᠢᠴᠢᠶᠠᠯ ᠲᠠᠪᠳᠠᠬᠤ ᠲᠤᠷ᠎ᠠ ᠦᠭᠡᠢ ᠭᠡᠵᠤ ᠲᠡᠳᠠ ᠶᠠᠷᠢᠵᠠᠭᠠᠨ᠎ᠠ᠃ ︽ᠡᠪᠤᠯ ᠤᠨ ᠠᠮᠠᠷᠠᠯᠳᠠ ᠶᠢᠨ ᠬᠤᠭᠤᠴᠠᠭᠠᠠ ᠳᠤ ᠪᠦᠷ ᠲᠤᠭᠠᠠ ᠤ ᠲᠠᠪᠳᠠᠬᠤ ᠠᠩᠬᠢ ᠳᠤ ᠤᠷᠤᠯᠴᠠᠳᠠᠭ ᠲᠤᠯᠠ ᠨᠠᠳᠠ ᠶᠠᠷᠤᠨᠢ ᠨᠢ ᠠᠮᠠᠷᠠᠯᠳᠠ ᠶᠢᠨ ᠬᠤᠭᠤᠴᠠᠭᠠᠠ ᠤ ᠴᠢᠯᠤᠭᠡ ᠲᠠᠯᠪᠢᠭᠰᠠᠠ ᠲᠦᠷᠦᠭᠳᠡᠯ ᠤᠷᠤᠳᠠᠭ ᠦᠭᠡᠢ︾ ᠭᠡᠵᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠳᠤ ᠲᠤᠮᠳᠠᠳᠤ ᠰᠤᠷᠭᠠᠭᠤᠯᠢ ᠶᠢᠨ ᠠᠩᠬ᠎ᠠ ᠲᠤᠮᠳᠠᠳᠤ ᠶᠢᠨ ᠠᠩᠬᠢ ᠶᠢᠨ ᠰᠤᠷᠤᠭᠴᠢ ᠠᠩᠬᠢᠷ ᠶᠠᠷᠢᠨ᠎ᠠ᠃      ᠠᠩᠬ᠎ᠠ ᠲᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠤᠯᠠᠩᠬᠢ ᠨᠢ ᠠᠮᠠᠷᠠᠯᠳᠠ ᠶᠢᠨ ᠬᠤᠭᠤᠴᠠᠭᠠᠠ ᠳᠤ ᠲᠠᠪᠳᠠᠬᠤ ᠠᠩᠬᠢ ᠳᠤ ᠤᠷᠤᠯᠴᠠᠬᠤ ᠲᠤᠷ᠎ᠠ ᠦᠭᠡᠢ ᠮᠦᠷᠲᠡᠭᠡᠡ ᠡᠳᠤᠷ ᠲᠤᠵᠢ ᠭᠡᠷ ᠲᠡᠭᠡᠨ ᠰᠠᠭᠤᠬᠤ ᠶᠢ ᠬᠦᠰᠡᠬᠦ ᠦᠭᠡᠢ ᠪᠠᠶᠢᠯ᠎ᠠ᠃ ︽ᠭᠠᠭᠴᠠᠭᠠᠷ ᠢᠶᠠᠨ ᠭᠡᠷ ᠲᠡᠭᠡᠨ ᠰᠠᠭᠤᠵᠤ ᠲᠧᠯᠸᠢᠰ ᠦᠵᠡᠬᠦ ᠲᠤᠷ᠎ᠠ ᠦᠭᠡᠢ᠂ ᠠᠪᠤ ᠡᠵᠢ ᠴᠤ ᠪᠢᠳᠠᠠ ᠢ ᠡᠳᠤᠷ ᠲᠤᠵᠢ ᠲᠧᠯᠸᠢᠰ ᠦᠵᠡᠵᠤ᠂ ᠺᠤᠮᠫᠢᠦ᠋ᠲ᠋ᠧᠷ ᠨᠠᠭᠠᠳᠴᠢᠬᠠᠯ᠎ᠠ ᠭᠡᠵᠤ ᠰᠠᠨᠠᠭ᠎ᠠ ᠪᠤᠯᠳᠠᠭ᠂ ᠦᠨᠡᠡ ᠳᠡᠭᠡᠨ ᠪᠢᠳᠠᠨᠤᠰ ᠴᠤ ᠢᠩᠬᠢᠬᠦ ᠲᠤᠷ᠎ᠠ ᠦᠭᠡᠢ᠂ ᠭᠡᠪᠡᠴᠤ ᠡᠳᠤᠷᠵᠢᠨ ᠭᠡᠷ ᠲᠡᠭᠡᠨ ᠰᠠᠭᠤᠪᠠᠯ ᠲᠠᠰᠬᠠᠯ ᠬᠢᠬᠦ᠂ ᠲᠧᠯᠸᠢᠰ ᠦᠵᠡᠵᠤ ᠺᠤᠮᠫᠢᠦ᠋ᠲ᠋ᠧᠷ ᠨᠠᠭᠠᠳᠬᠤ ᠠᠴᠠ ᠦᠭᠡᠷ᠎ᠠ ᠶᠠᠭᠤ ᠬᠢᠨ᠎ᠠ ᠳ᠋ᠡ︾ ᠭᠡᠵᠤ ᠬᠦᠬᠡᠬᠤᠳᠠ ᠶᠢᠨ ᠦᠨᠳᠦᠰᠦᠳᠡᠡ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠰᠤᠷᠤᠭᠴᠢ ᠮᠦᠴᠢᠷ ᠶᠠᠷᠢᠨ᠎ᠠ᠃ ᠤᠯᠠᠩᠬᠢ ᠰᠤᠷᠤᠭᠴᠢ ᠠᠮᠠᠷᠠᠯᠳᠠ ᠶᠢᠨ ᠬᠤᠭᠤᠴᠠᠭᠠᠠ ᠳᠤ ᠨᠤᠮ ᠤᠨ ᠰᠠᠩ ᠳᠤ ᠤᠴᠢᠬᠤ ᠶᠢ ᠬᠦᠰᠡᠨ᠎ᠠ᠂ ᠬᠠᠮᠳᠤ ᠰᠤᠷᠤᠭᠴᠢ ᠨᠠᠶᠢᠵᠢ ᠨᠦᠬᠦᠳ ᠲᠠᠢ ᠪᠠᠨ ᠨᠠᠭᠠᠳᠬᠤ ᠶᠢ ᠪᠤᠳᠤᠨ᠎ᠠ᠂ ᠠᠪᠤ ᠡᠵᠢ ᠲᠠᠢ ᠪᠠᠨ ᠬᠠᠮᠳᠤ ᠵᠤᠭᠠᠴᠠᠬᠤ ᠶᠢ ᠬᠦᠰᠡᠵᠤ ᠪᠠᠶᠢᠯ᠎ᠠ᠃          ᠪᠠᠭ᠎ᠠ ᠰᠤᠷᠭᠠᠭᠤᠯᠢ ᠶᠢᠨ ᠰᠤᠷᠤᠭᠴᠢᠳ ᠠᠮᠠᠷᠠᠯᠳᠠ ᠶᠢᠨ          ᠴᠠᠭ ᠢᠶᠠᠨ ᠦᠪᠡᠷ ᠢᠶᠠᠨ ᠲᠤᠬᠢᠷᠠᠭᠤᠯᠬᠤ ᠶᠢ ᠬᠦᠰᠡᠨ᠎ᠠ      ︽ᠲᠠᠰᠬᠠᠯ ᠲᠠᠭᠠᠭᠠᠯᠭᠠᠪᠤᠷᠢ ᠴᠦᠭᠡᠡ ᠰᠢᠭ ᠦᠯᠡᠳᠡᠭᠡᠬᠦ ᠶᠢ ᠬᠦᠰᠡᠨ᠎ᠠ᠂ ᠡᠪᠤᠯ ᠤᠨ ᠠᠮᠠᠷᠠᠯᠳᠠ ᠶᠢᠨ ᠬᠤᠭᠤᠴᠠᠭᠠᠠ ᠤ ᠴᠠᠭ ᠢᠶᠠᠨ ᠪᠢᠳᠠ ᠦᠪᠡᠰᠤᠪᠠᠨ ᠡᠵᠡᠮᠳᠡᠡ ᠲᠤᠬᠢᠷᠠᠭᠤᠯᠵᠤ᠂ ᠶᠠᠭᠤ ᠬᠢᠬᠦ ᠲᠤᠷᠠᠳᠠᠢ ᠪᠤᠯ ᠶᠠᠭᠤ ᠪᠠᠨ ᠬᠢᠬᠦ ᠶᠢ ᠬᠦᠰᠡᠵᠤ ᠪᠠᠶᠢᠨ᠎ᠠ᠃ ᠪᠢ ᠠᠮᠠᠷᠠᠯᠳᠠ ᠶᠢᠨ ᠬᠤᠭᠤᠴᠠᠭᠠᠠ ᠳᠤ ᠲᠠᠰᠬᠠᠯ ᠬᠢᠬᠦ ᠠᠴᠠ ᠭᠠᠳᠠᠨ᠎ᠠ ᠨᠤᠮ ᠤᠩᠰᠢᠨ᠎ᠠ᠂ ᠠᠪᠤ ᠡᠵᠢ ᠲᠠᠢ ᠪᠠᠨ ᠭᠠᠳᠠᠨ᠎ᠠ ᠤᠷᠤᠨ ᠳᠤ ᠵᠤᠭᠠᠴᠠᠬᠤ ᠪᠠᠷ ᠶᠠᠪᠤᠶ᠎ᠠ ᠭᠡᠵᠤ ᠪᠤᠳᠤᠵᠤ ᠪᠠᠶᠢᠨ᠎ᠠ︾ ᠭᠡᠵᠤ ᠤᠷᠳᠤᠰ ᠬᠤᠳᠠ ᠶᠢᠨ ᠮᠤᠩᠭᠤᠯ ᠲᠤᠮᠳᠠᠳᠤ ᠰᠤᠷᠭᠠᠭᠤᠯᠢ ᠶᠢᠨ ᠰᠤᠷᠤᠭᠴᠢ ᠲᠤᠤᠯᠢᠰ ᠶᠠᠷᠢᠨ᠎ᠠ᠃ ᠲᠤᠤᠯᠢᠰ ᠰᠢᠭ᠋ ᠡᠶᠢᠮᠤ ᠪᠤᠳᠤᠯ ᠲᠠᠢ ᠰᠤᠷᠤᠭᠴᠢ ᠤᠯᠠᠩᠬᠢ ᠲᠤᠭ᠎ᠠ ᠶᠢ ᠡᠵᠡᠯᠡᠵᠤ ᠪᠠᠶᠢᠭ᠎ᠠ ᠶᠢ ᠪᠠᠶᠢᠴᠠᠭᠠᠯᠳᠠ ᠶᠢᠨ ᠲᠤᠮᠳᠠ ᠤᠢᠢᠯᠠᠭᠠᠪᠠ᠃      ︽ᠡᠨᠡ ᠵᠢᠯ ᠤᠨ ᠡᠪᠤᠯ ᠤᠨ ᠠᠮᠠᠷᠠᠯᠳᠠ ᠶᠢᠨ ᠬᠤᠭᠤᠴᠠᠭᠠᠠ ᠤ ᠴᠠᠭ ᠢᠶᠠᠨ ᠦᠪᠡᠷ ᠢᠶᠠᠨ ᠡᠵᠡᠮᠳᠡᠨ᠎ᠠ᠂ ᠪᠢ ᠤᠷᠠᠠ ᠵᠢᠷᠤᠭ ᠲᠤ ᠪᠠᠬ᠎ᠠ ᠲᠠᠢ᠂ ᠠᠮᠠᠷᠠᠯᠳᠠ ᠶᠢᠨ ᠬᠤᠭᠤᠴᠠᠭᠠᠠ ᠳᠤ ᠡᠨᠡ ᠲᠠᠯ᠎ᠠ ᠶᠢᠨ ᠮᠡᠷᠭᠡᠵᠢᠯ ᠢᠶᠠᠨ ᠲᠡᠭᠡᠭᠰᠢᠯᠡᠬᠦᠯᠤᠶ᠎ᠠ ᠭᠡᠵᠤ ᠪᠤᠳᠤᠵᠤ ᠪᠠᠶᠢᠨ᠎ᠠ᠂ ᠡᠬᠦᠨ ᠠᠴᠠ ᠭᠠᠳᠠᠨ᠎ᠠ ᠠᠮᠠᠷᠠᠯᠳᠠ ᠶᠢᠨ ᠬᠤᠭᠤᠴᠠᠭᠠᠠ ᠳᠤ ᠬᠠᠨᠤᠳᠠᠯ᠎ᠠ ᠤᠨᠳᠠᠵᠤ᠂ ᠰᠠᠨᠠᠭᠠᠠ ᠲᠠᠪᠠ ᠪᠠᠷ ᠢᠶᠠᠨ ᠨᠠᠭᠠᠳᠬᠤ ᠶᠢ ᠬᠦᠰᠡᠨ᠎ᠠ︾ ᠭᠡᠵᠤ ᠬᠦᠬᠡᠬᠤᠳᠠ ᠶᠢᠨ ᠮᠤᠩᠭᠤᠯ ᠦᠨᠳᠦᠰᠦᠳᠡᠡ ᠤ ᠰᠤᠷᠭᠠᠭᠤᠯᠢ ᠶᠢᠨ ᠲᠠᠪᠤᠳᠤᠭᠠᠷ ᠤᠨ ᠤ ᠰᠤᠷᠤᠭᠴᠢ ᠪᠦᠷᠬᠦᠳ ᠶᠠᠷᠢᠵᠤ ᠪᠠᠶᠢᠪᠠ᠃          ᠠᠩᠬ᠎ᠠ ᠲᠤᠮᠳᠠᠳᠤ ᠶᠢᠨ ᠰᠤᠷᠤᠭᠴᠢᠳ᠄ ᠰᠤᠷᠤᠯᠴᠠᠬᠤ          ᠲᠦᠯᠦᠪᠯᠡᠭᠡ ᠪᠠᠨ ᠦᠪᠡᠷ ᠢᠶᠠᠨ ᠲᠤᠭᠳᠠᠭᠠᠨ᠎ᠠ      ᠠᠩᠬ᠎ᠠ ᠲᠤᠮᠳᠠᠳᠤ ᠶᠢᠨ ᠰᠤᠷᠤᠭᠴᠢᠳ ᠦᠪᠡᠷ ᠤᠨ ᠭᠡᠬᠦ ᠦᠵᠡᠯ ᠪᠤᠳᠤᠯ ᠲᠠᠢ ᠪᠤᠯᠤᠭᠰᠠᠠ ᠲᠤᠯᠠ ᠪᠠᠶ᠎ᠠ ᠪᠠᠨ ᠲᠠᠭᠠᠭᠠᠵᠤ ᠠᠰᠠᠭᠤᠳᠠᠯ ᠢ ᠰᠡᠳᠬᠢᠬᠦ ᠴᠢᠳᠠᠪᠤᠷᠢ ᠲᠠᠢ ᠪᠤᠯᠤᠭᠰᠠᠠ ᠪᠠᠶᠢᠨ᠎ᠠ᠃ ︽ᠠᠮᠠᠷᠠᠯᠳᠠ ᠶᠢᠨ ᠬᠤᠭᠤᠴᠠᠭᠠᠠ ᠤ ᠰᠤᠷᠤᠯᠴᠠᠬᠤ ᠪᠠ ᠨᠠᠭᠠᠳᠬᠤ ᠲᠦᠯᠦᠪᠯᠡᠭᠡ ᠶᠢ ᠴᠦᠮ ᠪᠢ ᠦᠪᠡᠷ ᠢᠶᠠᠨ ᠲᠤᠬᠢᠷᠠᠭᠤᠯᠤᠭᠰᠠᠠ ᠰᠢᠤ᠂ ᠲᠠᠰᠬᠠᠯ ᠢᠶᠠᠨ ᠬᠢᠨ᠎ᠠ᠂ ᠲᠠᠪᠳᠠᠨ᠎ᠠ᠂ ᠨᠠᠭᠠᠳᠤᠨ᠎ᠠ᠂ ᠪᠠᠰᠠ ᠬᠠᠶᠢᠨᠠᠠ ᠳᠤ ᠵᠤᠭᠠᠴᠠᠨ᠎ᠠ︾ ᠭᠡᠵᠤ ᠬᠦᠬᠡᠬᠤᠳᠠ ᠶᠢᠨ ᠮᠤᠩᠭᠤᠯ ᠦᠨᠳᠦᠰᠦᠳᠡᠡ ᠤ ᠰᠤᠷᠭᠠᠭᠤᠯᠢ ᠶᠢᠨ ᠠᠩᠬ᠎ᠠ ᠲᠤᠮᠳᠠᠳᠤ ᠶᠢᠨ ᠠᠩᠬᠢ ᠶᠢᠨ ᠰᠤᠷᠤᠭᠴᠢ ᠰᠡᠯᠬᠢᠨ ᠶᠠᠷᠢᠨ᠎ᠠ᠃ ︽ᠡᠪᠤᠯ ᠤᠨ ᠠᠮᠠᠷᠠᠯᠳᠠ ᠶᠢᠨ ᠬᠤᠭᠤᠴᠠᠭᠠᠠ ᠤ ᠴᠠᠭ ᠢᠶᠠᠨ ᠦᠪᠡᠷ ᠢᠶᠠᠨ ᠲᠤᠬᠢᠷᠠᠭᠤᠯ ᠭᠡᠵᠤ ᠬᠦᠦ ᠳᠡᠭᠡᠨ ᠵᠠᠬᠢᠭᠰᠠᠠ ᠶᠤᠮ᠃ ᠲᠡᠬᠦᠨ ᠤ ᠲᠤᠭᠳᠠᠭᠠᠭᠰᠠᠠ ᠰᠤᠷᠤᠯᠴᠠᠵᠤ ᠨᠠᠭᠠᠳᠬᠤ ᠲᠦᠯᠦᠪᠯᠡᠭᠡ ᠨᠢ ᠨᠠᠯᠢᠶᠠᠳ ᠵᠤᠬᠢᠰᠳᠠᠢ ᠪᠠᠶᠢᠪᠠ᠃ ᠬᠠᠶᠢᠨᠠᠠ ᠳᠤ ᠵᠤᠭᠠᠴᠠᠬᠤ ᠪᠠᠷ ᠶᠠᠪᠤᠬᠤ ᠵᠠᠮ ᠱᠤᠭᠤᠮ᠂ ᠪᠠᠭᠤᠳᠠᠯ ᠵᠡᠷᠭᠡ ᠪᠠᠨ ᠴᠦᠮ ᠦᠪᠡᠷ ᠢᠶᠠᠨ ᠲᠤᠭᠳᠠᠭᠠᠵᠤ ᠲᠤᠬᠢᠷᠠᠭᠤᠯᠤᠭᠰᠠᠠ ᠰᠢᠤ᠃ ᠶᠠᠷᠤᠨᠢ ᠠᠮᠠᠷᠠᠯᠳᠠ ᠶᠢᠨ ᠬᠤᠭᠤᠴᠠᠭᠠᠠ ᠤ ᠰᠤᠷᠤᠯᠴᠠᠵᠤ ᠨᠠᠭᠠᠳᠬᠤ ᠲᠦᠯᠦᠪᠯᠡᠭᠡ ᠲᠤᠭᠳᠠᠭᠠᠬᠤ ᠪᠠᠷ ᠲᠡᠮᠵᠢᠭᠤᠯᠤᠨ ᠬᠡᠦᠬᠡᠳ ᠤᠨ ᠪᠠᠶ᠎ᠠ ᠪᠠᠨ ᠲᠠᠭᠠᠭᠠᠵᠤ ᠠᠰᠠᠭᠤᠳᠠᠯ ᠢ ᠰᠡᠳᠬᠢᠵᠤ ᠰᠢᠢᠳᠪᠤᠷᠢᠯᠡᠬᠦ ᠴᠢᠳᠠᠪᠤᠷᠢ ᠶᠢ ᠬᠦᠮᠦᠵᠢᠬᠦᠯᠵᠤ ᠪᠤᠯᠬᠤ ᠪᠦᠭᠡᠳ ᠪᠠᠰᠠ ᠬᠡᠦᠬᠡᠳ ᠲᠤ ᠠᠮᠠᠷᠠᠯᠳᠠ ᠶᠢᠨ ᠬᠤᠭᠤᠴᠠᠭᠠᠠ ᠤ ᠴᠠᠭ ᠢᠶᠠᠨ ᠦᠪᠡᠷ ᠢᠶᠠᠨ ᠡᠵᠡᠮᠳᠡᠬᠦ ᠡᠷᠭᠡ ᠶᠢ ᠤᠯᠭᠤᠵᠤ ᠪᠤᠯᠤᠨ᠎ᠠ︾ ᠭᠡᠵᠤ ᠰᠡᠯᠬᠢᠨ ᠤ ᠠᠪᠤ ᠶᠠᠷᠢᠨ᠎ᠠ᠃      ᠰᠡᠯᠬᠢᠨ ᠤ ᠠᠪᠤ ᠲᠠᠢ ᠠᠳᠠᠯᠢ ᠤᠯᠠᠩᠬᠢ ᠭᠡᠷ ᠤᠨ ᠠᠬᠠᠮᠠᠳ ᠠᠮᠠᠷᠠᠯᠳᠠ ᠶᠢᠨ ᠬᠤᠭᠤᠴᠠᠭᠠᠠ ᠳᠤ ᠬᠡᠦᠬᠡᠳ ᠤᠨ ᠢᠶᠠᠨ ︽ᠰᠤᠷᠤᠯᠴᠠᠵᠤ ᠨᠠᠭᠠᠳᠬᠤ ᠶᠢ ᠤᠶᠠᠯᠳᠤᠭᠤᠯᠬᠤ︾ ᠪᠠ ︽ᠨᠡᠶᠢᠬᠡᠮ ᠤᠨ ᠮᠡᠳᠡᠯᠭᠡ ᠪᠠᠨ ᠲᠡᠭᠡᠭᠰᠢᠯᠡᠬᠦᠯᠬᠦ︾᠂ ︽ᠬᠠᠷᠠᠴᠠ ᠪᠠᠨ ᠲᠠᠯᠠᠵᠤ ᠪᠠᠶ᠎ᠠ ᠰᠡᠳᠬᠢᠴᠠ ᠪᠠᠨ ᠡᠷᠡᠬᠦᠯᠵᠢᠬᠦᠯᠤᠨ︾᠂ ︽ᠪᠠᠶ᠎ᠠ ᠪᠠᠨ ᠲᠠᠭᠠᠭᠠᠵᠤ ᠠᠰᠠᠭᠤᠳᠠᠯ ᠢ ᠰᠡᠳᠬᠢᠵᠤ ᠰᠢᠢᠳᠪᠤᠷᠢᠯᠡᠬᠦ ᠴᠢᠳᠠᠪᠤᠷᠢ︾ ᠪᠠᠨ ᠲᠡᠭᠡᠭᠰᠢᠯᠡᠬᠦᠯᠬᠦ ᠶᠢ ᠬᠦᠰᠡᠵᠤ ᠪᠠᠶᠢᠪᠠ᠃          ᠦᠨᠳᠦᠷ ᠲᠤᠮᠳᠠᠳᠤ ᠶᠢᠨ ᠰᠤᠷᠤᠭᠴᠢ᠄ ᠰᠤᠷᠤᠯᠴᠠᠵᠤ          ᠠᠮᠠᠷᠠᠬᠤ ᠪᠠᠨ ᠤᠶᠠᠯᠳᠤᠭᠤᠯᠬᠤ ᠶᠢ ᠪᠤᠳᠤᠨ᠎ᠠ      ᠦᠨᠳᠦᠷ ᠲᠤᠮᠳᠠᠳᠤ ᠶᠢᠨ ᠰᠤᠷᠤᠭᠴᠢᠳ ᠲᠤ ᠠᠪᠴᠤ ᠭᠡᠯᠡᠪᠡᠯ ᠰᠤᠷᠤᠯᠭ᠎ᠠ ᠶᠢᠨ ᠲᠠᠷᠤᠭᠠᠰᠤ ᠬᠠᠷᠢᠴᠠᠩᠭᠤᠢ ᠬᠦᠨᠳᠤ ᠪᠤᠯᠬᠤᠷ ᠠᠮᠠᠷᠡᠯᠳᠠ ᠶᠢᠨ ᠬᠤᠭᠤᠴᠠᠭ᠎ᠠ ᠪᠤᠯ ᠲᠠᠳᠠᠠ ᠤ ᠪᠠᠶ᠎ᠠ ᠰᠡᠳᠬᠢᠴᠡ ᠳᠡᠭᠡᠨ ᠲᠤᠬᠢᠷᠠᠭᠤᠯᠤᠯᠳᠠ ᠬᠢᠬᠦ ᠬᠠᠮᠤᠭ ᠤᠨ ᠰᠠᠶᠢᠨ ᠴᠠᠭ ᠲᠤᠬᠢᠶᠠᠯ ᠪᠤᠯᠬᠤ ᠶᠤᠮ᠃ ᠬᠦᠬᠡᠬᠤᠳᠠ ᠶᠢᠨ ᠮᠤᠩᠭᠤᠯ ᠦᠨᠳᠦᠰᠦᠳᠡᠡ ᠤ ᠰᠤᠷᠭᠠᠭᠤᠯᠢ ᠶᠢᠨ ᠦᠨᠳᠦᠷ ᠲᠤᠮᠳᠠᠳᠤ ᠶᠢᠨ ᠰᠤᠷᠤᠭᠴᠢ ᠴᠠᠰᠤᠨ᠎ᠠ᠄ ︽ᠡᠪᠤᠯ ᠤᠨ ᠠᠮᠠᠷᠠᠯᠳᠠ ᠳᠤ ᠬᠠᠨᠤᠳᠠᠯ᠎ᠠ ᠤᠨᠳᠠᠶ᠎ᠠ ᠭᠡᠵᠤ ᠪᠤᠳᠤᠨ᠎ᠠ᠂ ᠭᠡᠪᠡᠴᠤ ᠰᠤᠷᠤᠯᠭ᠎ᠠ ᠶᠢᠨ ᠲᠠᠷᠤᠭᠠᠰᠤ ᠬᠦᠨᠳᠤ᠂ ᠤᠳᠠᠯ ᠦᠭᠡᠢ ᠨᠢᠭᠡᠳᠤᠯᠳᠠᠢ ᠰᠢᠯᠭᠠᠯᠳᠠ ᠳᠤ ᠤᠷᠤᠯᠴᠠᠬᠤ ᠲᠤᠯᠠ ᠬᠠᠰᠢᠯᠠ ᠬᠢᠴᠢᠶᠠᠯ ᠢᠶᠠᠨ ᠪᠠᠳᠤᠳᠬᠠᠵᠤ ᠲᠠᠪᠳᠠᠬᠤ ᠨᠢ ᠴᠢᠬᠤᠯᠠ᠂ ᠲᠡᠶᠢᠮᠤ ᠠᠴᠠ ᠠᠮᠠᠷᠠᠯᠳᠠ ᠶᠢᠨ ᠬᠤᠭᠤᠴᠠᠭᠠᠠ ᠳᠤ ᠰᠤᠷᠤᠯᠴᠠᠬᠤ ᠪᠠ ᠠᠮᠠᠷᠠᠬᠤ ᠪᠠᠨ ᠰᠠᠶᠢᠬᠠᠠ ᠤᠶᠠᠯᠳᠤᠭᠤᠯᠵᠤ ᠲᠤᠬᠢᠷᠠᠭᠤᠯᠤᠶ᠎ᠠ︾ ᠭᠡᠵᠤ ᠶᠠᠷᠢᠨ᠎ᠠ᠃ ᠴᠠᠰᠤᠨ᠎ᠠ ᠲᠠᠢ ᠠᠳᠠᠯᠢ ᠪᠠᠷ ᠤᠯᠠᠩᠬᠢ ᠦᠨᠳᠦᠷ ᠲᠤᠮᠳᠠᠳᠤ ᠶᠢᠨ ᠰᠤᠷᠤᠭᠴᠢ ᠡᠪᠤᠯ ᠤᠨ ᠠᠮᠠᠷᠠᠯᠳᠠ ᠶᠢᠨ ᠬᠤᠭᠤᠴᠠᠭᠠᠠ ᠳᠤ ᠬᠢᠴᠢᠶᠠᠯ ᠰᠤᠷᠤᠯᠭ᠎ᠠ ᠪᠠᠨ ᠪᠠᠳᠤᠳᠬᠠᠬᠤ ᠶᠢᠨ ᠲᠠᠭᠠᠤ ᠳᠤ ᠪᠠᠶ᠎ᠠ ᠰᠡᠳᠬᠢᠴᠡ ᠳᠡᠭᠡᠨ ᠲᠤᠬᠢᠷᠠᠭᠤᠯᠤᠯᠳᠠ ᠬᠢᠵᠤ᠂ ᠢᠯᠡᠬᠦᠭᠡᠡ ᠠᠮᠠᠷᠠᠶ᠎ᠠ ᠭᠡᠵᠤ ᠪᠤᠳᠤᠵᠤ ᠪᠠᠶᠢᠯ᠎ᠠ᠃      ︽ᠦᠨᠳᠦᠷ ᠲᠤᠮᠳᠠᠳᠤ ᠶᠢᠨ ᠰᠤᠷᠤᠭᠴᠢ ᠶᠢᠨ ᠰᠤᠷᠤᠯᠭ᠎ᠠ ᠶᠢᠨ ᠲᠠᠷᠤᠭᠠᠰᠤ ᠬᠦᠨᠳᠤ᠂ ᠠᠮᠠᠷᠠᠯᠳᠠ ᠶᠢᠨ ᠬᠤᠭᠤᠴᠠᠭᠠᠠ ᠳᠤ ᠬᠦᠷᠦᠯᠴᠡᠬᠦ ᠦᠭᠡᠢ ᠲᠠᠯ᠎ᠠ ᠪᠠᠨ ᠨᠦᠬᠦᠪᠤᠷᠢᠯᠡᠬᠦ ᠨᠢ ᠴᠢᠬᠤᠯᠠ᠂ ᠲᠠᠶᠢᠮᠤ ᠠᠴᠠ ᠬᠡᠦᠬᠡᠳ ᠤᠳ ᠠᠮᠠᠷᠠᠯᠳᠠ ᠶᠢᠨ ᠬᠤᠭᠤᠴᠠᠭᠠᠠ ᠤ ᠴᠠᠭ ᠢᠶᠠᠨ ᠠᠰᠢᠬᠯᠠᠠ ᠬᠢᠴᠢᠶᠠᠯ ᠢᠶᠠᠨ ᠲᠠᠪᠳᠠᠬᠤ ᠶᠢᠨ ᠲᠠᠭᠠᠤ ᠰᠠᠶᠢᠳᠤᠷ ᠰᠡᠯᠡᠬᠦᠴᠡᠡ ᠠᠮᠠᠷᠠᠵᠤ᠂ ᠨᠢᠭᠡᠳᠤᠯᠳᠠᠢ ᠰᠢᠯᠭᠠᠯᠳᠠ ᠳᠤ ᠰᠢᠯᠢᠳᠡᠭ ᠬᠢᠷᠢ ᠪᠦᠳᠦᠮᠵᠢ ᠤᠯᠬᠤ ᠶᠢ ᠬᠦᠰᠡᠨ᠎ᠠ︾ ᠭᠡᠵᠤ ᠭᠡᠷ ᠤᠨ ᠠᠬᠠᠮᠠᠳ ᠵᠤᠷᠢᠭᠳᠤ ᠶᠠᠷᠢᠨ᠎ᠠ᠃      ︽ᠦᠨᠳᠦᠷ ᠲᠤᠮᠳᠠᠳᠤ ᠶᠢᠨ ᠰᠤᠷᠤᠭᠴᠢᠳ ᠠᠮᠠᠷᠠᠯᠳᠠ ᠶᠢᠨ ᠬᠤᠭᠤᠴᠠᠭᠠᠠ ᠳᠤ ᠪᠠᠶ᠎ᠠ ᠪᠠᠨ ᠰᠤᠯᠠ ᠰᠡᠯᠡᠬᠦᠦ ᠲᠠᠯᠪᠢᠵᠤ᠂ ᠲᠤᠷ᠎ᠠ ᠲᠠᠪᠠ ᠪᠠᠷ ᠢᠶᠠᠨ ᠨᠠᠭᠠᠳᠴᠤ ᠴᠡᠩᠬᠡᠵᠤ ᠪᠤᠯᠬᠤ ᠦᠭᠡᠢ᠂ ᠴᠠᠭ ᠢ ᠵᠠᠪᠳᠤᠨ ᠮᠡᠳᠡᠬᠦ ᠦᠭᠡᠢ ᠴᠢᠳᠠᠬᠤ ᠦᠭᠡᠢ ᠵᠦᠢᠯ ᠢᠶᠠᠨ ᠪᠠᠳᠤᠳᠬᠠᠵᠤ ᠪᠠᠬᠢᠵᠢᠬᠦᠯᠪᠠᠯ ᠵᠤᠬᠢᠨ᠎ᠠ᠂ ᠶᠠᠷᠢᠶᠠᠠ ᠦᠭᠡᠢ ᠠᠮᠠᠷᠠᠯᠳᠠ ᠶᠢᠨ ᠬᠤᠭᠤᠴᠠᠭ᠎ᠠ ᠶᠤᠮ ᠴᠢᠨᠢ ᠰᠤᠷᠤᠯᠴᠠᠬᠤ ᠪᠠ ᠠᠮᠠᠷᠠᠬᠤ ᠪᠠᠨ ᠵᠤᠬᠢᠴᠠᠭᠤᠯᠬᠤ ᠨᠢ ᠵᠦᠪ︾ ᠭᠡᠵᠤ ᠰᠤᠷᠤᠭᠴᠢ ᠦᠨᠡᠨᠴᠢ ᠰᠤᠷᠪᠤᠯᠵᠢᠯᠠᠭᠴᠢ ᠳᠤ ᠶᠠᠷᠢᠨ᠎ᠠ᠃           ᠤᠶᠤᠳᠠᠳ᠄ ᠦᠢᠯᠡᠳᠤᠯᠭᠡ ᠲᠠᠳᠤᠯᠭ᠎ᠠ ᠳᠤ ᠤᠷᠤᠯᠴᠠᠵᠤ           ᠴᠢᠳᠠᠪᠤᠷᠢ ᠪᠠᠨ ᠲᠡᠭᠡᠭᠰᠢᠯᠡᠬᠦᠯᠬᠦ ᠶᠢ ᠬᠦᠰᠡᠨ᠎ᠠ      ᠭᠡᠷ ᠲᠡᠭᠡᠨ ᠬᠠᠷᠢᠨ᠎ᠠ᠂ ᠦᠢᠯᠡᠳᠤᠯᠭᠡ ᠲᠠᠳᠤᠯᠭ᠎ᠠ ᠳᠤ ᠤᠷᠤᠯᠴᠠᠨ᠎ᠠ᠃ ᠡᠨᠡ ᠪᠤᠯ ᠰᠤᠷᠪᠤᠯᠵᠢᠯᠠᠭ᠎ᠠ ᠬᠦᠯᠢᠶᠡᠭᠰᠡᠡ ᠤᠯᠠᠩᠬᠢ ᠤᠶᠤᠳᠠᠠ ᠤ ᠨᠡᠶᠢᠳᠡᠮ ᠤᠨ ᠬᠠᠷᠢᠭᠤᠯᠳᠠ ᠪᠤᠯᠤᠨ᠎ᠠ᠃ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠶᠤᠳᠠᠠ ᠲᠠᠨ᠎ᠠ᠄ ︽ᠪᠢ ᠤᠳᠤ ᠭᠤᠷᠪᠠᠳᠤᠭᠠᠷ ᠤᠨ ᠤ ᠤᠶᠤᠳᠠᠠ ᠪᠤᠯᠪᠠ᠃ ᠡᠨᠡ ᠵᠢᠯ ᠤᠨ ᠡᠪᠤᠯ ᠤᠨ ᠠᠮᠠᠷᠠᠯᠳᠠ ᠶᠢᠨ ᠬᠤᠭᠤᠴᠠᠭ᠎ᠠ ᠨᠠᠯᠢᠶᠠᠳ ᠤᠷᠳᠤ᠂ ᠡᠨᠡᠬᠦ ᠴᠠᠭ ᠢ ᠠᠰᠢᠬᠯᠠᠠ ᠨᠡᠶᠢᠬᠡᠮ ᠤᠨ ᠦᠢᠯᠡᠳᠤᠯᠭᠡ ᠳᠤ ᠢᠯᠡᠬᠦᠭᠡᠡ ᠤᠷᠤᠯᠴᠠᠵᠤ ᠴᠢᠳᠠᠪᠤᠷᠢ ᠪᠠᠨ ᠨᠡᠮᠡᠭᠳᠡᠬᠦᠯᠦᠶ᠎ᠠ ᠭᠡᠵᠤ ᠪᠤᠳᠤᠨ᠎ᠠ᠃ ᠤᠳᠤᠬᠠᠠ ᠳᠤ ᠨᠢᠭᠡ ᠬᠠᠮ ᠲᠡᠯᠭᠡᠬᠦᠷ ᠲᠤ ᠲᠦᠷ ᠠᠵᠢᠯᠯᠠᠬᠤ ᠪᠠᠷ ᠲᠤᠭᠳᠠᠭᠠᠳ ᠪᠠᠶᠢᠨ᠎ᠠ᠂ ᠠᠵᠢᠯᠯᠠᠬᠤ ᠲᠤᠮᠳᠠ ᠪᠠᠨ ᠲᠤᠷᠰᠢᠯᠭ᠎ᠠ ᠬᠤᠷᠠᠮᠳᠤᠭᠤᠯᠵᠤ᠂ ᠲᠡᠬᠦᠰᠦᠭᠰᠡᠡ ᠤ ᠲᠠᠷᠠᠭ᠎ᠠ ᠠᠵᠢᠯ ᠤᠯᠬᠤ ᠳᠠᠭᠠᠨ ᠰᠠᠭᠤᠷᠢ ᠲᠠᠯᠪᠢᠨ᠎ᠠ︾ ᠭᠡᠵᠤ ᠰᠤᠷᠪᠤᠯᠵᠢᠯᠠᠭᠴᠢ ᠳᠤ ᠶᠠᠷᠢᠯ᠎ᠠ᠃      ︽ᠮᠠᠨ ᠤ ᠰᠤᠷᠭᠠᠭᠤᠯᠢ 1 ᠰᠠᠷ᠎ᠠ ᠶᠢᠨ 18 ᠳᠤ ᠡᠪᠤᠯ ᠤᠨ ᠠᠮᠠᠷᠠᠯᠳᠠ ᠶᠢᠨ ᠴᠢᠯᠤᠭᠡ ᠲᠠᠯᠪᠢᠴᠢᠬᠠᠭᠰᠠᠠ᠂ ᠡᠨᠡ ᠵᠢᠯ ᠤᠨ ᠡᠪᠤᠯ ᠤᠨ ᠠᠮᠠᠷᠠᠯᠳᠠ ᠶᠢᠨ ᠴᠢᠯᠤᠭᠡ ᠤᠷᠳᠤ ᠲᠤᠯᠠ ᠡᠨᠡᠬᠦ ᠴᠠᠭ ᠢ ᠠᠰᠢᠬᠯᠠᠠ ᠲᠠᠳᠤᠯᠭ᠎ᠠ ᠬᠢᠬᠦ ᠰᠠᠨᠠᠭ᠎ᠠ ᠲᠠᠢ᠂ ᠤᠳᠤᠬᠠᠠ ᠳᠤ ᠰᠢᠶᠠᠮᠸᠠᠨ ᠤ ᠨᠢᠭᠡ ᠬᠤᠪᠢ ᠬᠦᠮᠦᠨ ᠤ ᠭᠡᠷᠡᠯ ᠵᠢᠷᠤᠭ ᠰᠡᠬᠦᠳᠡᠷ ᠤᠨ ᠭᠠᠵᠠᠷ ᠲᠦᠷ ᠲᠠᠳᠤᠯᠭ᠎ᠠ ᠬᠢᠬᠦ ᠪᠠᠷ ᠲᠤᠭᠳᠠᠪᠠ᠂ ᠤᠳᠠᠯ ᠦᠭᠡᠢ ᠤᠴᠢᠨ᠎ᠠ︾ ᠭᠡᠵᠤ ᠬᠦᠬᠡᠬᠤᠳᠠ ᠦᠨᠳᠦᠰᠦᠳᠡᠡ ᠤ ᠲᠡᠭᠡᠳᠤ ᠰᠤᠷᠭᠠᠭᠤᠯᠢ ᠶᠢᠨ ᠤᠶᠤᠳᠠᠠ ᠲᠠᠪᠠᠯᠭᠠᠠ ᠡᠪᠤᠯ ᠤᠨ ᠠᠮᠠᠷᠠᠯᠳᠠ ᠶᠢᠨ ᠬᠤᠭᠤᠴᠠᠭᠠᠠ ᠳᠤ ᠲᠠᠳᠤᠯᠭ᠎ᠠ ᠬᠢᠬᠦ ᠪᠤᠳᠤᠯ ᠢᠶᠠᠨ ᠨᠢᠭᠤᠯ ᠦᠭᠡᠢ ᠶᠠᠷᠢᠵᠤ ᠪᠠᠶᠢᠯ᠎ᠠ᠃      ᠶᠡᠭᠡ ᠰᠤᠷᠭᠠᠭᠤᠯᠢ ᠶᠢᠨ ᠲᠦᠷᠪᠡᠳᠤᠭᠡᠷ ᠤᠨ ᠤ ᠲᠡᠬᠦᠰᠬᠦ ᠤᠶᠤᠳᠠᠠ ᠳᠤ ᠠᠪᠴᠤ ᠭᠡᠯᠡᠪᠡᠯ ᠠᠰᠫᠢᠷᠠᠨᠲ ᠰᠢᠯᠭᠠᠭᠤᠯᠬᠤ᠂ ᠲᠡᠬᠦᠰᠬᠦ ᠦᠬᠦᠯᠡᠯ ᠢᠶᠠᠨ ᠪᠢᠴᠢᠬᠦ ᠪᠠ ᠠᠵᠢᠯ ᠡᠷᠢᠬᠦ ᠪᠤᠯ ᠡᠨᠡ ᠡᠪᠤᠯ ᠤᠨ ᠠᠮᠠᠷᠠᠯᠳᠠ ᠶᠢᠨ ᠬᠤᠭᠤᠴᠠᠭᠠᠠ ᠤ ᠵᠠᠩᠬᠢᠯᠠᠭ᠎ᠠ ᠶᠢᠨ ᠦᠭᠡᠰ ᠪᠤᠯᠵᠤ ᠪᠠᠶᠢᠯ᠎ᠠ᠃ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠦᠷᠪᠡᠳᠤᠭᠡᠷ ᠤᠨ ᠤ ᠤᠶᠤᠳᠠᠠ ᠴᠡᠯᠡᠭᠡᠷ ᠲᠦᠷᠦᠬᠦᠭᠡᠡ ᠠᠰᠫᠢᠷᠠᠨᠲ ᠤᠨ ᠰᠢᠯᠭᠠᠯᠳᠠ ᠳᠤ ᠤᠷᠤᠯᠴᠠᠵᠠᠢ᠃ ︽ᠡᠪᠤᠯ ᠤᠨ ᠠᠮᠠᠷᠠᠯᠳᠠ ᠳᠤ ᠪᠢ ᠭᠡᠷ ᠲᠡᠭᠡᠨ ᠬᠠᠷᠢᠬᠤ ᠦᠭᠡᠢ᠂ ᠠᠰᠫᠢᠷᠠᠨᠲ ᠡᠯᠰᠡᠬᠦ ᠰᠢᠯᠭᠠᠯᠳᠠ ᠶᠢᠨ ᠬᠢᠷᠢ ᠪᠦᠳᠦᠮᠵᠢ ᠪᠠᠨ ᠬᠦᠯᠢᠶᠡᠵᠤ ᠰᠠᠭᠤᠬᠤ ᠶᠢᠨ ᠲᠠᠭᠠᠤ ᠳᠤ ᠲᠡᠬᠦᠰᠬᠦ ᠦᠬᠦᠯᠡᠯ ᠢᠶᠠᠨ ᠪᠢᠴᠢᠨ᠎ᠠ᠂ ᠪᠠᠰᠠ ᠠᠵᠢᠯᠳᠠᠠ ᠡᠯᠰᠡᠬᠦ ᠮᠡᠳᠡᠭᠡ ᠵᠠᠩᠬᠢ ᠶᠢ ᠠᠵᠢᠬᠯᠠᠨ᠎ᠠ᠂ ᠡᠬᠦᠨ ᠤ ᠬᠠᠮᠳᠤ ᠴᠠᠭᠠᠠ ᠰᠠᠷ᠎ᠠ ᠶᠢᠨ ᠦᠶ᠎ᠠ ᠪᠠᠷ ᠲᠦᠷ ᠴᠠᠭ ᠤᠨ ᠠᠵᠢᠯ ᠡᠷᠢᠵᠤ ᠬᠢᠨ᠎ᠠ᠂ ᠦᠨᠡᠡ ᠳᠡᠭᠡᠨ ᠦᠢᠷ᠎ᠠ ᠶᠢᠨ ᠭᠡᠳᠤᠨ ᠵᠢᠯ ᠲᠡᠬᠦᠰᠬᠦ ᠤᠶᠤᠳᠠᠳ ᠤᠨ ᠲᠤᠭ᠎ᠠ ᠨᠡᠮᠡᠭᠳᠡᠬᠦ ᠶᠢ ᠲᠠᠭᠠᠯᠳᠤᠨ ᠠᠵᠢᠯ ᠤᠯᠬᠤ ᠠᠰᠠᠭᠤᠳᠠᠯ ᠴᠤ ᠬᠦᠨᠳᠤ ᠨᠤᠴᠢᠳᠠᠢ ᠪᠤᠯᠵᠤ ᠪᠠᠶᠢᠨ᠎ᠠ᠂ ᠢᠯᠠᠩᠭᠤᠶ᠎ᠠ ᠪᠢᠳᠠᠨᠤᠰ ᠰᠢᠭ᠋ ᠮᠤᠩᠭᠤᠯ ᠢᠶᠠᠷ ᠰᠤᠷᠤᠭᠰᠠᠠ ᠤᠶᠤᠳᠠᠳ ᠤᠨ ᠠᠵᠢᠯ ᠤᠯᠬᠤ ᠲᠠᠷᠤᠭᠠᠰᠤ ᠨᠡᠩ ᠬᠦᠨᠳᠤ ᠶᠤᠮ᠂ ᠡᠶᠢᠮᠤ ᠪᠠᠶᠢᠳᠠᠯ ᠲᠤᠤᠷ᠎ᠠ ᠪᠢᠳᠠ ᠦᠢᠯᠡᠳᠤᠯᠭᠡ ᠶᠢᠨ ᠴᠢᠳᠠᠪᠤᠷᠢ ᠪᠠᠨ ᠠᠯᠢ ᠴᠢᠳᠠᠬᠤ ᠪᠠᠷ ᠲᠡᠭᠡᠭᠰᠢᠯᠡᠬᠦᠯᠵᠤ᠂ ᠦᠷᠢᠰᠦᠯᠳᠦᠭᠡᠡ ᠤ ᠲᠤᠮᠳᠠ ᠲᠠᠪᠠᠭᠤ ᠪᠠᠶᠢᠷᠢ ᠶᠢ ᠡᠵᠡᠯᠡᠬᠦ ᠪᠠᠷ ᠴᠢᠷᠮᠠᠶᠢᠪᠠᠯ ᠵᠤᠬᠢᠨ᠎ᠠ︾ ᠭᠡᠵᠤ ᠶᠠᠷᠢᠨ᠎ᠠ᠃         ᠭᠡᠷ ᠤᠨ ᠠᠬᠠᠮᠠᠳ᠄ ᠬᠡᠦᠬᠡᠳ ᠤᠨ ᠢᠶᠠᠨ ᠨᠤᠮ ᠦᠵᠡᠬᠦ ᠪᠠ          ᠪᠠᠶ᠎ᠠ ᠪᠠᠨ ᠲᠠᠪᠳᠠᠠ ᠪᠤᠯᠪᠠᠰᠤᠷᠠᠭᠤᠯᠬᠤ ᠶᠢ ᠬᠦᠰᠡᠨ᠎ᠠ      ︽ᠡᠪᠤᠯ ᠤᠨ ᠠᠮᠠᠷᠠᠯᠳᠠ ᠶᠢᠨ ᠴᠢᠯᠤᠭᠡ ᠲᠠᠯᠪᠢᠭᠰᠠᠠ ᠤ ᠲᠠᠷᠠᠭ᠎ᠠ ᠪᠢ ᠬᠦᠦ ᠪᠠᠨ ᠬᠤᠰᠢᠭᠤᠨ ᠲᠦᠪ ᠲᠤ ᠪᠠᠶᠢᠭ᠎ᠠ ᠡᠪᠦᠭᠡ ᠶᠢᠨ ᠭᠡᠷ ᠲᠤᠨᠢ ᠶᠠᠪᠤᠭᠤᠯᠵᠤ᠂ ᠨᠠᠰᠤᠳᠠᠠ ᠳᠤ ᠭᠡᠦᠭᠡᠳ ᠤᠨ ᠲᠠᠰᠬᠠᠯ ᠬᠢᠬᠦ᠂ ᠨᠤᠮ ᠦᠵᠡᠬᠦ ᠶᠢ ᠬᠢᠨᠠᠵᠤ ᠵᠢᠯᠤᠭᠤᠳᠬᠤ ᠶᠢ ᠨᠠᠶᠢᠳᠠᠪᠠ᠃ ᠦᠨᠡᠨ ᠳᠡᠭᠡᠨ ᠤᠳᠤ ᠶᠢᠨ ᠭᠡᠦᠭᠡᠳ ᠦᠨᠡᠭᠡᠷ ᠬᠦᠭᠡᠷᠤᠬᠦ᠋ᠢᠯᠡᠯᠳᠡᠢ᠂ ᠨᠠᠭᠠᠳᠬᠤ ᠠᠴᠠ ᠨᠠᠶᠢᠵᠢ ᠦᠭᠡᠢ᠂ ᠶᠠᠪᠤᠬᠤ ᠠᠴᠠ ᠭᠠᠵᠠᠷ ᠦᠭᠡᠢ︾ ᠭᠡᠵᠤ ᠭᠡᠷ ᠤᠨ ᠠᠬᠠᠮᠠᠳ ᠤᠶᠤᠨ ᠶᠠᠷᠢᠨ᠎ᠠ᠃      ᠠᠮᠠᠷᠠᠯᠳᠠ ᠶᠢᠨ ᠬᠤᠭᠤᠴᠠᠭᠠᠠ ᠳᠤ ᠬᠡᠦᠬᠡᠳ ᠤᠳ ᠢᠯᠡᠬᠦᠭᠡᠡ ᠨᠤᠮ ᠤᠩᠰᠢᠵᠤ᠂ ᠢᠯᠡᠬᠦᠭᠡᠡ ᠰᠤᠷᠤᠯᠴᠠᠬᠤ ᠶᠢ ᠬᠦᠰᠡᠨ᠎ᠠ᠃ ᠡᠨᠡ ᠪᠤᠯ ᠲᠤᠮᠳᠠᠳᠤ ᠪᠠᠭ᠎ᠠ ᠰᠤᠷᠭᠠᠭᠤᠯᠢ ᠶᠢᠨ ᠤᠯᠠᠩᠬᠢ ᠭᠡᠷ ᠤᠨ ᠠᠬᠠᠮᠠᠳ ᠤᠨ ᠬᠦᠰᠡᠯ ᠪᠠᠶᠢᠯ᠎ᠠ᠃ ᠡᠬᠦᠨ ᠠᠴᠠ ᠭᠠᠳᠠᠨ᠎ᠠ ᠦᠨᠳᠦᠷ ᠲᠤᠮᠳᠠᠳᠤ ᠪᠤᠯᠤᠨ ᠠᠩᠬ᠎ᠠ ᠲᠤᠮᠳᠠᠳᠤ ᠶᠢᠨ ᠰᠤᠷᠤᠭᠴᠢ ᠶᠢᠨ ᠭᠡᠷ ᠤᠨ ᠠᠬᠠᠮᠠᠳ ᠪᠠᠰᠠ ᠬᠡᠦᠬᠡᠳ ᠤᠨ ᠢᠶᠠᠨ ᠪᠠᠶ᠎ᠠ ᠶᠢᠨ ᠲᠠᠮᠢᠷ ᠤᠨ ᠬᠦᠳᠡᠯᠭᠡᠭᠡᠡ ᠳᠤ ᠤᠷᠤᠯᠴᠠᠵᠤ ᠪᠠᠶ᠎ᠠ ᠮᠠᠬᠠᠪᠤᠳ ᠢᠶᠠᠨ ᠢᠯᠡᠬᠦᠭᠡᠡ ᠲᠠᠪᠳᠠᠠ ᠪᠤᠯᠪᠠᠰᠤᠷᠠᠭᠤᠯᠬᠤ ᠶᠢ ᠬᠦᠰᠡᠵᠤ ᠪᠠᠶᠢᠯ᠎ᠠ᠃ ᠪᠠᠰᠠ ᠵᠠᠷᠢᠮ ᠤᠶᠤᠳᠠᠠ ᠤ ᠭᠡᠷ ᠤᠨ ᠠᠬᠠᠮᠠᠳ ᠬᠡᠦᠬᠡᠳ ᠢᠶᠠᠨ ᠨᠡᠶᠢᠬᠡᠮ ᠤᠨ ᠦᠢᠯᠡᠳᠤᠯᠭᠡ ᠲᠠᠳᠤᠯᠭ᠎ᠠ ᠳᠤ ᠤᠷᠤᠯᠴᠠᠵᠤ ᠮᠡᠳᠡᠯᠭᠡ ᠴᠢᠳᠠᠪᠤᠷᠢ ᠪᠠᠨ ᠨᠡᠮᠡᠭᠳᠡᠬᠦᠯᠬᠦ ᠶᠢ ᠬᠦᠰᠡᠵᠤ ᠪᠠᠶᠢᠪᠠ᠃
 
ᠢᠷᠡᠯᠲᠡ᠄ ᠦᠪᠤᠷ ᠮᠣᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号