1 ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠵᠤᠭ᠎ᠠ ᠮᠡᠳᠡᠭᠡ ᠵᠠᠩᠭᠢ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠰᠤᠳᠤᠯᠤᠨ ᠪᠦᠳᠦᠭᠡᠭᠰᠡᠨ ︽ᠪᠠᠶᠢᠨᠠᠤ︾ ᠬᠡᠮᠡᠬᠦ ᠬᠠᠮᠤᠭ ᠠᠩᠬᠠᠨ ᠤ ᠮᠤᠩᠭᠤᠯ ᠴᠢᠮᠡᠭᠡ ᠬᠤᠯᠪᠣᠭ᠎ᠠ | ᠨᠡᠶᠢᠭᠡᠮ ᠤᠨ ᠬᠠᠷᠢᠯᠴᠠᠭᠠᠨ ᠤ ᠭᠠᠷ ᠤᠲᠠᠰᠤᠨ ᠰᠣᠹᠲ ᠠᠰᠢᠬᠯᠠᠯᠳᠠ ᠳᠤ ᠣᠷᠣᠪᠠ᠃ ᠥᠪᠥᠷ ᠮᠣᠩᠭᠤᠯ ᠤᠨ ᠵᠤᠭ᠎ᠠ | ᠮᠡᠳᠡᠭᠡ ᠵᠠᠩᠭᠢ ᠮᠡᠷᠭᠡᠵᠢᠯ ᠤᠨ ᠬᠢᠵᠠᠭᠠᠷᠲᠤ ᠺᠣᠮᠫᠠᠨᠢ ᠶᠢ 2014 ᠣᠨ ᠳᠤ ᠤᠤᠯ ᠤᠨ ︽ᠵᠤᠭ᠎ᠠ ᠦᠷᠭᠦᠭᠡ︾ ᠶᠢᠨ | ᠭᠡᠰᠢᠭᠦᠳ ᠬᠠᠮᠲᠤᠷᠠᠨ ᠪᠠᠶᠢᠭᠤᠯᠵᠤ᠂ ᠮᠣᠩᠭᠤᠯ ᠲᠣᠣᠷ ᠰᠦᠯᠵᠢᠶ᠎ᠡ ᠶᠢ ᠬᠥᠮᠥᠨ ᠪᠦᠬᠦᠨ ᠳᠤ ᠲᠦᠭᠡᠮᠡᠯᠵᠢᠭᠦᠯᠬᠦ ᠪᠠᠷ | ᠭᠤᠣᠯ ᠬᠠᠷᠠᠯᠲᠠ ᠪᠠᠨ ᠪᠣᠯᠭᠠᠭᠰᠠᠨ ᠳᠡᠭᠡᠳᠦ ᠮᠡᠷᠭᠡᠵᠢᠯ ᠤᠨ ᠦᠨᠳᠦᠰᠦᠲᠡᠨ ᠤ ᠰᠣᠶᠣᠯ ᠤᠨ ᠺᠣᠮᠫᠠᠨᠢ ᠪᠣᠯᠣᠨ᠎ᠠ᠃ | 2013 ᠤᠨ ᠤ 12 ᠰᠠᠷ᠎ᠠ ᠳᠤ ᠬᠠᠮᠤᠭ ᠠᠩᠬᠠᠨ ᠤ ᠭᠠᠷ ᠤᠲᠠᠰᠤᠨ ᠤ ᠮᠤᠩᠭᠤᠯ ᠲᠤᠭᠯᠠᠭᠠᠮ ︽ᠳᠠᠪᠠᠭ᠎ᠠ︾ ᠶᠢ | ᠨᠡᠶᠢᠲᠡᠯᠡᠵᠦ᠂ ᠭᠠᠷ ᠤᠲᠠᠰᠤᠨ ᠤ ᠮᠤᠩᠭᠤᠯ ᠬᠡᠷᠡᠭᠯᠡᠭᠴᠢᠳ ᠤᠨ ᠬᠡᠷᠡᠭᠴᠡᠭᠡ ᠶᠢ ᠬᠠᠩᠭᠠᠵᠤ ᠪᠠᠶᠢᠭᠰᠠᠨ ᠵᠤᠭ᠎ᠠ | ᠺᠣᠮᠫᠠᠨᠢ ᠶᠢᠨ ᠬᠢᠨ ᠬᠤᠶᠠᠳᠠᠬᠢ ᠭᠠᠷ ᠤᠲᠠᠰᠤᠨ ᠤ ᠰᠤᠹᠲ ᠢᠶᠠᠨ ᠡᠶᠢᠨᠬᠦ ᠨᠡᠶᠢᠲᠡᠯᠡᠵᠦ ᠪᠠᠶᠢᠭ᠎ᠠ ᠶᠤᠮ᠃ ᠮᠣᠩᠭᠤᠯ | ᠰᠦᠯᠵᠢᠶᠡᠨ ᠤ ᠮᠡᠷᠭᠡᠵᠢᠯ ᠬᠤᠴᠣᠷᠤᠩᠭᠤᠢ᠂ ᠬᠡᠷᠡᠭᠯᠡᠭᠴᠢᠳ ᠲᠤ ᠲᠠᠭᠠᠰᠢᠶᠠᠭᠳᠠᠭᠰᠠᠨ ᠪᠦᠲᠦᠭᠡᠭᠳᠡᠬᠦᠨ ᠴᠥᠬᠡᠨ | ᠪᠠᠶᠢᠭ᠎ᠠ ᠪᠠᠶᠢᠳᠠᠯ ᠳᠤ ᠴᠢᠭᠯᠡᠬᠦᠯᠦᠨ᠂ ᠵᠤᠭ᠎ᠠ ᠺᠣᠮᠫᠠᠨᠢ ᠬᠠᠭᠠᠰ ᠵᠢᠯ ᠭᠠᠷᠤᠢ ᠶᠢᠨ ᠴᠠᠭ ᠬᠡᠷᠡᠭᠰᠡᠵᠤ᠂ ᠬᠠᠮᠤᠭ | ᠠᠩᠬᠠᠨ ᠤ ︽ᠤᠶᠤᠠᠴᠢᠯᠠᠭᠰᠠᠠ ᠮᠣᠩᠭᠤᠯ ᠦᠰᠦᠭ ᠣᠷᠣᠭᠤᠯᠬᠤ ᠠᠷᠭ᠎ᠠ︾᠂ ᠮᠤᠩᠭᠤᠯ ᠦᠰᠦᠭ ᠢ ᠭᠠᠷ | ᠤᠲᠠᠰᠤᠨ ᠳᠤ ᠪᠤᠰᠤᠭ᠎ᠠ ᠪᠠᠷ ᠢᠯᠡᠷᠡᠭᠦᠯᠬᠦ ᠳᠤ ᠬᠡᠷᠡᠭᠯᠡᠬᠦ ︽ᠮᠣᠩᠭᠤᠯ ᠪᠢᠴᠢᠭᠡᠴᠢ︾ ᠵᠡᠷᠭᠡ ᠶᠢ ᠰᠤᠳᠤᠯᠤᠨ | ᠪᠦᠲᠦᠭᠡᠵᠦ᠂ ᠡᠭᠦᠨ ᠤ ᠪᠠᠨ ᠰᠠᠭᠤᠷᠢᠨ ᠳᠡᠭᠡᠷ᠎ᠡ ᠮᠣᠩᠭᠤᠯ ᠬᠡᠷᠡᠭᠯᠡᠭᠴᠢᠳ ᠤᠨ ᠱᠠᠭᠠᠷᠳᠠᠯᠭ᠎ᠠ ᠳᠤ ᠲᠣᠬᠢᠷᠠᠭᠤᠯᠤᠨ ︽ | ᠪᠠᠶᠢᠨᠠᠤ︾ ᠬᠡᠮᠡᠬᠦ ᠨᠡᠶᠢᠭᠡᠮ ᠤᠨ ᠬᠠᠷᠢᠯᠴᠠᠭᠠᠨ ᠤ ᠭᠠᠷ ᠤᠲᠠᠰᠤᠨ ᠰᠣᠹᠲ ᠢ ᠰᠤᠳᠤᠯᠤᠨ ᠪᠦᠲᠦᠭᠡᠪᠠ᠃ ︽ᠪᠠᠶᠢᠨᠠᠤ | ︾ ᠰᠤᠹᠲ ᠨᠢ ᠤᠯᠠᠨ ᠤ ᠰᠠᠶᠢᠨ ᠮᠡᠳᠡᠳᠡᠭ ᠸᠢᠴᠠᠲ ᠵᠡᠷᠭᠡ ᠰᠤᠹᠲ ᠲᠠᠢ ᠲᠦᠰᠦᠷᠬᠡᠤ ᠴᠢᠳᠠᠮᠵᠢ ᠲᠠᠢ ᠴᠢᠮᠡᠭᠡ | ᠬᠤᠯᠪᠤᠭ᠎ᠠ ᠨᠡᠶᠢᠭᠡᠮ ᠤᠨ ᠬᠠᠷᠢᠯᠴᠠᠭᠠᠨ ᠤ ᠰᠤᠹᠲ ᠪᠠᠶᠢᠵᠤ᠂ ᠦᠰᠦᠭ᠂ ᠵᠢᠷᠤᠭ᠂ ᠳᠠᠭᠤ ᠵᠡᠷᠭᠡ ᠶᠢ ᠬᠠᠷᠢᠯᠴᠠᠨ | ᠢᠯᠡᠭᠡᠵᠦ ᠪᠤᠯᠳᠠᠭ ᠲᠡᠳᠦᠢ ᠦᠭᠡᠢ ᠦᠰᠦᠭ ᠨᠢ ᠪᠤᠰᠤᠭ᠎ᠠ ᠮᠤᠩᠭᠤᠯ ᠦᠰᠦᠭ ᠪᠤᠯᠬᠤ ᠪᠠᠷ ᠢᠶᠠᠨ ᠤᠨᠴᠠᠯᠠᠭᠳᠠᠳᠠᠭ | ᠶᠤᠮ᠃ ᠡᠨᠡᠬᠦ ᠰᠤᠹᠲ ᠢ ᠳᠤᠰ ᠡᠳᠦᠷ ᠤᠨ ᠦᠳᠡ ᠶᠢᠨ ᠬᠤᠶᠢᠨᠠᠬᠢ 5 ᠴᠠᠭ ᠬᠠᠭᠠᠰ ᠲᠤ ᠨᠡᠶᠢᠳᠡᠯᠡᠭᠰᠡᠨ ᠠᠴᠠ | ᠤᠷᠤᠢ ᠶᠢᠨ 8 ᠴᠠᠭ ᠬᠠᠭᠠᠰ ᠪᠤᠯᠳᠠᠯᠡᠬᠢ 3 ᠴᠠᠭ ᠤᠨ ᠲᠤᠳᠤᠷ᠎ᠡ 5000 ᠭᠠᠷᠤᠢ ᠬᠡᠷᠡᠭᠯᠡᠭᠴᠢ ᠲᠠᠢ ᠪᠤᠯᠵᠡᠢ᠃ | |