| | ᠡᠨᠡ ᠵᠢᠯ ᠤᠨ 9 ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ︽ᠰᠢᠯᠭᠠᠯᠳᠠ ᠬᠢᠵᠤ ᠰᠤᠷᠤᠭᠴᠢ | ᠡᠯᠰᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ | ︾ ︵ᠲᠤᠷᠤᠭᠰᠢ ︽ᠬᠡᠷᠡᠭᠵᠢᠬᠦᠯᠬᠦ ᠰᠠᠨᠠᠯ︾ ᠭᠡᠵᠦ ᠲᠦᠭᠦᠮᠴᠢᠯᠡᠨ᠎ᠡ︶ ᠢ ᠨᠡᠶᠢᠲᠡᠯᠡᠪᠡ᠂ ᠡᠭᠦᠨ ᠳᠤ ︽ᠡᠵᠡᠨ | ᠮᠡᠳᠡᠵᠤ ᠰᠤᠷᠤᠭᠴᠢ ᠡᠯᠰᠡᠬᠦ ᠠᠵᠢᠯ ᠢ ᠲᠡᠭᠦᠯᠳᠡᠷᠵᠢᠬᠦᠯᠵᠤ ᠲᠦᠷᠢᠮᠵᠢᠬᠦᠯᠦᠨ᠎ᠡ᠃ ᠡᠵᠡᠨ ᠮᠡᠳᠡᠵᠤ ᠰᠤᠷᠤᠭᠴᠢ | ᠡᠯᠰᠡᠬᠦ ᠳᠤ ᠭᠤᠤᠯᠳᠠᠭᠤ ᠰᠤᠷᠤᠯᠭ᠎ᠠ ᠶᠢᠨ ᠤᠨᠴᠠ ᠴᠢᠳᠠᠪᠤᠷᠢ ᠪᠠ ᠰᠢᠨ᠎ᠡ ᠶᠢ ᠡᠬᠦᠳᠬᠦ ᠲᠠᠯᠳᠠ ᠴᠢᠳᠠᠪᠤᠷᠢ ᠲᠠᠢ | ᠰᠢᠯᠢᠳᠡᠭ ᠰᠤᠷᠤᠭᠴᠢ ᠶᠢ ᠰᠤᠩᠭᠤᠨ ᠠᠪᠤᠨ᠎ᠠ᠃ ᠡᠷᠭᠦᠳᠡᠯ ᠭᠠᠷᠭᠠᠭᠰᠠᠨ ᠰᠤᠷᠤᠭᠴᠢ ᠤᠯᠤᠰ ᠤᠨ ᠨᠢᠭᠡᠳᠦᠯᠳᠡᠢ | ᠰᠢᠯᠭᠠᠯᠳᠠ ᠳᠤ ᠤᠷᠤᠯᠴᠠᠵᠤ᠂ ᠬᠦᠯᠢᠶᠡᠨ ᠠᠪᠬᠤ ᠶᠡᠭᠡ ᠲᠡᠭᠡᠳᠤ ᠰᠤᠷᠭᠠᠭᠤᠯᠢ ᠶᠢᠨ ᠢᠶᠠᠨ ᠬᠢᠨᠠᠨ ᠰᠢᠯᠭᠠᠯᠳᠠ ᠶᠢ | ᠬᠦᠯᠢᠶᠡᠬᠦ ᠬᠡᠷᠡᠭᠳᠡᠢ᠃ ᠲᠤᠷᠰᠢᠯᠳᠡ ᠬᠢᠵᠤ ᠪᠠᠶᠢᠬᠤ ᠶᠡᠭᠡ ᠳᠡᠭᠡᠳᠦ ᠰᠤᠷᠭᠠᠭᠤᠯᠢ ᠬᠢᠨᠠᠨ ᠰᠢᠯᠭᠠᠬᠤ ᠠᠭᠤᠯᠭ᠎ᠠ ᠪᠠᠨ | ᠵᠤᠬᠢᠰᠳᠠᠢ ᠲᠤᠬᠢᠷᠠᠭᠤᠯᠵᠤ᠂ ᠬᠠᠮᠳᠤᠷᠠᠬᠰᠠᠨ ᠰᠢᠯᠭᠠᠯᠳᠠ ᠬᠢᠵᠤ ᠪᠤᠯᠬᠤ ᠦᠭᠡᠢ᠂ ᠲᠤᠰᠬᠠᠢ ᠪᠤᠯᠪᠠᠰᠤᠷᠠᠯ ᠢ ᠵᠤᠬᠢᠶᠠᠨ | ᠪᠠᠶᠢᠭᠤᠯᠵᠤ ᠪᠤᠯᠬᠤ ᠦᠭᠡᠢ᠃ ᠡᠵᠡᠨ ᠮᠡᠳᠡᠵᠤ ᠰᠤᠷᠤᠭᠴᠢ ᠡᠯᠰᠡᠬᠦ ᠠᠷᠭ᠎ᠠ ᠬᠡᠯᠪᠡᠷᠢ᠂ ᠬᠢᠨᠠᠨ ᠰᠢᠯᠭᠠᠬᠤ ᠳᠡᠰ | ᠳᠠᠷᠠᠭᠠᠯᠠᠯ ᠪᠤᠯᠤᠨ ᠡᠯᠰᠡᠭᠰᠡᠨ ᠦᠷ᠎ᠡ ᠳ᠋ᠦᠩ ᠢ ᠲᠦᠷᠢᠮᠵᠢᠭᠦᠯᠦᠨ ᠤᠯᠠᠨ᠎ᠠ ᠨᠡᠶᠢᠳᠡᠯᠡᠬᠦ ᠬᠡᠷᠡᠭᠳᠡᠢ᠃ ᠡᠵᠡᠨ ᠮᠡᠳᠡᠵᠤ | ᠰᠤᠷᠤᠭᠴᠢ ᠡᠯᠰᠡᠬᠦ ᠬᠦᠷᠢᠶ᠎ᠡ ᠬᠡᠪᠴᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠳᠡᠢ᠃ 2015 ᠤᠨ ᠠᠴᠠ ᠡᠬᠢᠯᠡᠵᠦ | ᠡᠵᠡᠨ ᠮᠡᠳᠡᠵᠤ ᠰᠤᠷᠤᠭᠴᠢ ᠡᠯᠰᠡᠬᠦ ᠠᠵᠢᠯ ᠢ ᠪᠦᠬᠦ ᠤᠯᠤᠰ ᠤᠨ ᠨᠢᠭᠡᠳᠦᠯᠳᠡᠢ ᠰᠢᠯᠭᠠᠯᠳᠠ ᠶᠢᠨ ᠳᠠᠷᠠᠭ᠎ᠠ | ᠪᠠᠶᠢᠷᠢᠯᠠᠭᠤᠯᠬᠤ ᠪᠠᠷ ᠪᠤᠯᠵᠠᠢ︾ ᠭᠡᠵᠦ ᠲᠤᠭᠲᠠᠭᠠᠪᠠ᠃ ︽ᠬᠡᠷᠡᠭᠵᠢᠬᠦᠯᠬᠦ ᠰᠠᠨᠠᠯ︾ ᠢ ᠲᠤᠤᠱᠯᠠᠭᠤᠯᠤᠨ | ᠨᠠᠶᠢᠳᠠᠪᠦᠷᠢᠵᠢᠭᠤᠯᠬᠤ ᠶᠢᠨ ᠲᠦᠯᠦᠭᠡ᠂ ᠰᠤᠷᠭᠠᠨ ᠬᠦᠮᠦᠵᠢᠯ ᠤᠨ ᠶᠠᠮᠤᠨ ᠤᠢᠢᠷ᠎ᠠ ᠳᠤ ︽ᠶᠡᠭᠡ ᠳᠡᠭᠡᠲᠦ | ᠰᠤᠷᠭᠠᠭᠤᠯᠢ ᠶᠢᠨ ᠡᠵᠡᠨ ᠮᠡᠳᠡᠵᠤ ᠰᠤᠷᠤᠭᠴᠢ ᠡᠯᠰᠡᠬᠦ ᠲᠤᠷᠰᠢᠯᠳᠡ ᠶᠢᠨ ᠠᠵᠢᠯ ᠢ ᠤᠯᠠᠮ ᠴᠢᠨᠠᠬᠰᠢᠳᠠ | ᠲᠡᠭᠦᠯᠳᠡᠷᠵᠢᠬᠦᠯᠵᠤ ᠲᠦᠷᠢᠮᠵᠢᠬᠦᠯᠬᠦ ᠲᠤᠬᠠᠢ ᠰᠤᠷᠭᠠᠨ ᠬᠦᠮᠦᠵᠢᠯ ᠤᠨ ᠶᠠᠮᠤᠨ ᠤ ᠰᠠᠨᠠᠯ︾ ︵ᠲᠤᠷᠤᠭᠰᠢ ︽ | ᠲᠤᠷᠰᠢᠯᠳᠠ ᠶᠢᠨ ᠠᠵᠢᠯ ᠤᠨ ᠰᠠᠨᠠᠯ︾ ᠭᠡᠵᠦ ᠲᠦᠭᠦᠮᠴᠢᠯᠡᠨ᠎ᠡ︶ ᠢ ᠲᠠᠷᠤᠮᠠᠯᠯᠠᠨ ᠳᠠᠷᠬᠠᠭᠠᠵᠤ᠂ ᠤᠳᠤᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠶᠡᠭᠡ ᠳᠡᠭᠡᠲᠦ ᠰᠤᠷᠭᠠᠭᠤᠯᠢ ᠶᠢᠨ ᠡᠵᠡᠨ ᠮᠡᠳᠡᠵᠤ ᠰᠤᠷᠤᠭᠴᠢ ᠡᠯᠰᠡᠬᠦ | ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃ | | | ᠶᠡᠭᠡ ᠲᠡᠭᠡᠳᠣ ᠰᠣᠷᠭᠠᠭᠤᠯᠢ ᠶᠢᠨ ᠰᠢᠯᠭᠠᠯᠳᠠ ᠳᠤ ᠬᠤᠪᠢ | ᠨᠡᠮᠡᠬᠦ ᠲᠦᠷᠦᠯ ᠵᠦᠢᠯ ᠢ ᠪᠠᠭᠠᠰᠬᠠᠵᠤ ᠲᠦᠷᠢᠮᠵᠢᠬᠦᠯᠦᠨ᠎ᠠ | | 2015 ᠣᠨ ᠤ 1 ᠰᠠᠷ᠎ᠠ ᠶᠢᠨ 1 ᠠᠴᠠ ᠡᠬᠢᠯᠠᠵᠣ᠂ ᠬᠠᠮᠢᠶ᠎ᠠ ᠪᠦᠬᠦᠢ ᠱᠠᠩᠨᠠᠯ᠂ ᠨᠡᠷᠡᠰ ᠤᠨ ᠵᠢᠭᠰᠠᠭᠠᠯᠳᠠ | ᠂ ᠴᠤᠯᠠ ᠬᠦᠷᠳᠡᠭᠰᠡᠨ ᠰᠣᠷᠣᠭᠴᠢᠳ ᠶᠡᠭᠡ ᠲᠡᠭᠡᠳᠣ ᠰᠣᠷᠭᠠᠭᠤᠯᠢ ᠳᠤ ᠰᠢᠯᠭᠠᠭᠤᠯᠬᠤ ᠳᠤ ᠬᠤᠪᠢ ᠨᠡᠮᠡᠬᠦ ᠬᠢᠷᠢ ᠬᠡᠮ | ᠦᠭᠡᠢ ᠪᠤᠯᠤᠨ᠎ᠠ᠃ ᠰᠢᠯᠭᠠᠠᠭᠤᠯᠣᠬᠰᠠᠳ ᠤᠨ ᠬᠤᠯᠪᠤᠭᠳᠠᠯ ᠪᠦᠭᠦᠢ ᠤᠨᠴᠠ ᠴᠢᠳᠠᠪᠤᠷᠢ᠂ ᠲᠣᠪᠤᠶᠢᠮ᠎ᠠ ᠣᠢᠢᠯᠠ | ᠠᠵᠢᠯᠯᠠᠭ᠎ᠠ᠂ ᠰᠢᠯᠢᠳᠡᠭ ᠢᠯᠡᠷᠡᠯ ᠵᠡᠷᠭᠡ ᠪᠠᠶᠢᠳᠠᠯ ᠢ ᠰᠣᠷᠣᠭᠴᠢᠳ ᠤᠨ ᠶᠡᠷᠣᠩᠬᠡᠢ ᠬᠡᠪ ᠴᠢᠨᠠᠷ ᠤᠨ ᠲᠠᠩᠰᠠ ᠡᠪᠬᠡᠮᠡᠯ | ᠪᠣᠶᠣ ᠰᠢᠯᠭᠠᠠᠭᠤᠯᠣᠬᠰᠠᠳ ᠤᠨ ᠲᠠᠩᠰᠠ ᠡᠪᠬᠡᠮᠡᠯ ᠲᠣᠳᠣᠷ᠎ᠠ ᠪᠢᠴᠢᠨ ᠣᠷᠣᠭᠤᠯᠵᠣ᠂ ᠶᠡᠭᠡ ᠲᠡᠭᠡᠳᠣ | ᠰᠣᠷᠭᠠᠭᠤᠯᠢ ᠶᠢᠨ ᠬᠢᠨᠠᠨ ᠡᠯᠰᠡᠬᠦ ᠳᠤ ᠯᠠᠪᠯᠠᠯᠳᠠ ᠪᠣᠯᠭᠠᠨ᠎ᠠ᠃ | | | ᠬᠤᠪᠢ ᠨᠡᠮᠡᠬᠦ ᠶᠢ ᠦᠬᠡᠶᠢᠰᠬᠡᠬᠦ 6 ᠲᠦᠷᠦᠯ ᠵᠦᠢᠯ᠄ | | 1. ᠪᠡᠶ᠎ᠠ ᠶᠢᠨ ᠲᠠᠮᠢᠷ ᠳᠠᠭᠠᠨ ᠠᠪᠢᠶᠠᠰ ᠲᠠᠢ ᠰᠣᠷᠣᠭᠴᠢᠳ ᠲᠤ ᠬᠤᠪᠢ ᠨᠡᠮᠡᠬᠦ ᠲᠦᠷᠦᠯ ᠵᠦᠢᠯ ᠢ ᠬᠦᠴᠣᠨ | ᠦᠭᠡᠢ ᠪᠣᠯᠭᠠᠨ᠎ᠠ᠃ ᠬᠤᠯᠪᠤᠭᠳᠠᠯ ᠪᠦᠭᠦᠢ ᠰᠢᠯᠭᠠᠭᠤᠯᠤᠭᠰᠠᠳ ᠦᠪᠡᠷ ᠤᠨ ᠰᠠᠶᠢᠨ ᠲᠣᠷ᠎ᠠ ᠠᠴᠠ ᠪᠠᠨ ᠶᠡᠭᠡ ᠲᠡᠭᠡᠳᠣ | ᠰᠣᠷᠭᠠᠭᠤᠯᠢ ᠶᠢᠨ ᠦᠨᠳᠣᠷ ᠬᠢᠷᠢ ᠲᠦᠪᠰᠢᠨ ᠪᠦᠬᠦᠢ ᠪᠡᠶ᠎ᠠ ᠶᠢᠨ ᠲᠠᠮᠢᠷ ᠤᠨ ᠠᠩᠬᠢ ᠳᠤ ᠨᠡᠷ᠎ᠠ ᠮᠡᠳᠡᠬᠦᠯᠦᠨ | ᠰᠢᠯᠭᠠᠭᠤᠯᠬᠤ᠂ ᠡᠰᠡᠬᠦᠯ᠎ᠠ ᠪᠡᠶ᠎ᠠ ᠶᠢᠨ ᠲᠠᠮᠢᠷ ᠤᠨ ᠪᠣᠯᠪᠠᠰᠣᠷᠠᠯ ᠪᠣᠶᠣ ᠵᠡᠪᠰᠡᠭ ᠤᠨ ᠡᠷᠳᠡᠮ ᠪᠣᠯᠣᠨ ᠦᠨᠳᠣᠰᠣᠳᠠᠨ ᠤ | ᠣᠯᠠᠮᠵᠢᠯᠠᠯᠳᠣ ᠪᠡᠶ᠎ᠠ ᠶᠢᠨ ᠲᠠᠮᠢᠷ ᠤᠨ ᠲᠣᠰᠬᠠᠢ ᠮᠡᠷᠭᠡᠵᠢᠯ ᠳᠤ ᠨᠡᠷ᠎ᠠ ᠮᠡᠳᠡᠬᠦᠯᠦᠨ ᠰᠢᠯᠭᠠᠭᠤᠯᠵᠣ ᠪᠣᠯᠣᠨ᠎ᠠ᠂ ᠪᠠᠰᠠ | ᠪᠣᠰᠣᠳ ᠪᠡᠶ᠎ᠠ ᠶᠢᠨ ᠲᠠᠮᠢᠷ ᠤᠨ ᠲᠣᠰᠬᠠᠢ ᠮᠡᠷᠭᠡᠵᠢᠯ ᠳᠤ ᠨᠡᠷ᠎ᠠ ᠮᠡᠳᠡᠬᠦᠯᠦᠨ ᠰᠢᠯᠭᠠᠭᠤᠯᠵᠣ ᠪᠣᠯᠣᠨ᠎ᠠ᠃ | 2. ︽ᠤᠯᠤᠰ ᠤᠨ ᠬᠤᠶᠠᠳᠤᠭᠠᠷ ᠲᠡᠰ ᠤᠨ ᠲᠠᠮᠢᠷᠴᠢᠨ ︵ᠬᠤᠶᠠᠳᠤᠭᠠᠷ ᠲᠡᠰ ᠪᠠᠭᠲᠠᠨ᠎ᠠ︶ ᠠᠴᠠ ᠲᠡᠭᠡᠭᠰᠢ | ᠴᠤᠯᠠ︾ ᠬᠦᠷᠳᠡᠭᠰᠡᠳ᠃ | 3. ᠣᠯᠢᠮᠫᠢᠺ ᠤᠨ ᠣᠷᠣᠯᠳᠣᠭᠠᠨ ᠤ ᠱᠠᠩᠨᠠᠯ ᠣᠯᠣᠬᠰᠠᠳ ᠲᠤ ᠬᠤᠪᠢ ᠨᠡᠮᠡᠬᠦ ᠲᠦᠷᠦᠯ ᠵᠦᠢᠯ ᠢ ᠬᠦᠴᠣᠨ | ᠦᠭᠡᠢ ᠪᠣᠯᠭᠠᠨ᠎ᠠ᠃ ᠰᠢᠯᠭᠠᠭᠤᠯᠬᠤ ᠰᠣᠷᠣᠭᠴᠢᠳ ᠤᠨ ᠬᠤᠯᠪᠣᠬᠳᠠᠯ ᠪᠦᠬᠦᠢ ᠬᠢᠴᠢᠶᠡᠯ ᠲᠦᠷᠦᠯ ᠤᠨ ᠤᠨᠴᠠ | ᠴᠢᠳᠠᠪᠦᠷᠢ ᠨᠢ ᠡᠷᠭᠡ ᠮᠡᠳᠡᠵᠤ ᠰᠣᠷᠣᠭᠴᠢ ᠡᠯᠰᠡᠬᠦ ᠰᠣᠷᠭᠠᠭᠤᠯᠢ ᠶᠢᠨ ᠣᠷᠢᠳᠠᠪᠡᠷ ᠪᠣᠳᠣᠯᠬᠢᠯᠠᠬᠤ ᠨᠦᠬᠦᠴᠡᠯ ᠪᠣᠯᠵᠣ | ᠪᠣᠯᠣᠨ᠎ᠠ᠃ | 4. ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠤᠨ ᠣᠷᠣᠯᠳᠣᠭᠠᠨ ᠳᠤ ᠱᠠᠩᠨᠠᠯ ᠬᠦᠷᠳᠡᠭᠰᠡᠳ ᠲᠤ | ᠬᠤᠪᠢ ᠨᠡᠮᠡᠬᠦ ᠲᠦᠷᠦᠯ ᠵᠦᠢᠯ ᠢ ᠬᠦᠴᠣᠨ ᠦᠭᠡᠢ ᠪᠣᠯᠭᠠᠨ᠎ᠠ᠃ ᠰᠢᠯᠭᠠᠭᠤᠯᠤᠭᠰᠠᠳ ᠤᠨ ᠬᠤᠯᠪᠣᠬᠳᠠᠯ ᠪᠦᠬᠦᠢ | ᠤᠨᠴᠠ ᠴᠢᠳᠠᠪᠦᠷᠢ ᠪᠠ ᠰᠢᠨ᠎ᠡ ᠶᠢ ᠡᠭᠦᠳᠬᠦ ᠨᠦᠬᠡᠴᠡ ᠴᠢᠳᠠᠪᠤᠷᠢ ᠨᠢ ᠡᠵᠡᠨ ᠮᠡᠳᠡᠵᠤ ᠰᠣᠷᠣᠭᠴᠢ ᠡᠯᠰᠡᠬᠦ | ᠲᠤᠷᠰᠢᠯᠳᠠ ᠬᠢᠵᠤ ᠪᠠᠶᠢᠬᠤ ᠶᠡᠭᠡ ᠲᠡᠭᠡᠳᠦ ᠰᠣᠷᠭᠠᠭᠤᠯᠢ ᠶᠢᠨ ᠣᠷᠢᠳᠠᠪᠡᠷ ᠠᠩᠬᠠᠨ ᠤ ᠬᠢᠨᠠᠯᠳᠠ ᠶᠢ ᠲᠠᠪᠠᠭ᠋ᠤ | ᠨᠦᠬᠦᠴᠡᠯ ᠪᠣᠯᠵᠣ ᠪᠣᠯᠣᠨ᠎ᠠ᠃ | 5. ᠮᠣᠵᠢ ᠶᠢᠨ ᠲᠡᠰ ᠤᠨ ᠰᠢᠯᠢᠳᠡᠭ ᠰᠣᠷᠣᠬᠴᠢ ᠳᠤ ᠬᠤᠪᠢ ᠨᠡᠮᠡᠬᠦ ᠲᠦᠷᠦᠯ ᠵᠦᠢᠯ ᠢ ᠬᠦᠴᠣᠨ ᠦᠭᠡᠢ | ᠪᠣᠯᠭᠠᠨ᠎ᠠ᠃ | 6. ᠦᠵᠡᠯ ᠰᠠᠨᠠᠭ᠎ᠠ ᠣᠯᠣᠰ ᠲᠦᠷᠦ ᠶᠣᠰᠣ ᠮᠣᠷᠠᠯ ᠲᠣᠪᠤᠶᠢᠮ᠎ᠠ ᠣᠢᠢᠯᠠ ᠠᠵᠢᠯᠯᠠᠭ᠎ᠠ ᠳᠤ ᠬᠤᠪᠢ ᠨᠡᠮᠡᠬᠦ | ᠲᠦᠷᠦᠯ ᠵᠦᠢᠯ ᠢ ᠬᠦᠴᠣᠨ ᠦᠭᠡᠢ ᠪᠣᠯᠭᠠᠨ᠎ᠠ᠃ ᠲᠣᠪᠤᠶᠢᠮ᠎ᠠ ᠣᠢᠢᠯᠠ ᠠᠵᠢᠯᠯᠠᠭ᠎ᠠ ᠲᠠᠢ ᠰᠢᠯᠭᠠᠭᠤᠯᠤᠭᠰᠳ ᠢ | ᠬᠤᠯᠪᠤᠭᠳᠠᠯ ᠪᠦᠭᠦᠢ ᠠᠯᠬᠤᠮ ᠲᠠᠷᠠᠭᠠᠯᠠᠯ ᠢ ᠦᠨᠳᠦᠰᠦᠯᠡᠨ ᠶᠡᠭᠡ ᠲᠡᠭᠡᠳᠣ ᠰᠣᠷᠭᠠᠭᠤᠯᠢ ᠠᠴᠠ ᠬᠢᠷᠢ ᠭᠡᠮ ᠠᠴᠠ | ᠲᠠᠪᠠᠭᠤᠯᠣᠨ ᠡᠯᠰᠡᠵᠦ ᠠᠪᠬᠤ ᠪᠣᠶᠣ ᠲᠣᠰᠠᠭᠠᠷ ᠰᠢᠯᠭᠠᠨ ᠡᠯᠰᠡᠵᠣ ᠪᠣᠯᠣᠨ᠎ᠠ᠃ | | | ᠬᠤᠪᠢ ᠨᠡᠮᠡᠭᠦ 5 ᠲᠦᠷᠦᠯ ᠵᠦᠢᠯ᠄ | | 1. ᠦᠷᠡᠭᠳᠡᠭᠰᠡᠡ ᠪᠠᠭᠠᠳᠤᠷᠴᠤᠳ ᠤᠨ ᠦᠷ᠎ᠠ ᠬᠡᠤᠬᠡᠳ | 2. ᠬᠢᠯᠢ ᠬᠢᠵᠠᠭᠠᠷ ᠤᠷᠤᠠ᠂ ᠠᠭᠤᠯᠠᠷᠬᠠᠬ ᠤᠷᠤᠠ᠂ ᠮᠠᠯᠵᠢᠬᠤ ᠤᠷᠤᠠ᠂ ᠴᠦᠬᠡᠡ ᠲᠤᠭᠠᠳᠤ | ᠦᠨᠳᠤᠰᠤᠳᠠᠠ ᠲᠦᠪᠯᠠᠷᠠᠠ ᠰᠠᠭᠤᠷᠢᠰᠢᠬᠰᠠᠨ ᠤᠷᠤᠠ ᠤ ᠴᠦᠬᠡᠡ ᠲᠤᠭᠠᠳᠤ ᠦᠨᠳᠤᠰᠤᠳᠠᠠ ᠤ ᠰᠢᠯᠭᠠᠭᠤᠯᠤᠭᠰᠠᠳ | 3. ᠤᠯᠤᠰ ᠲᠠᠭᠠᠨ ᠪᠤᠴᠠᠵᠥ ᠢᠷᠡᠭᠰᠡᠡ ᠲᠤᠮᠳᠠᠳᠤ ᠶᠢᠨ ᠬᠠᠷᠢᠶᠠᠳᠤ᠂ ᠲᠤᠮᠳᠠᠳᠤ ᠶᠢᠨ ᠬᠠᠷᠢᠶᠠᠳᠤ ᠶᠢᠨ | ᠦᠷ᠎ᠠ ᠬᠡᠤᠬᠡᠳ᠂ ᠤᠯᠤᠰ ᠲᠠᠭᠠᠨ ᠪᠤᠴᠠᠵᠥ ᠢᠷᠡᠭᠰᠡᠡ ᠲᠤᠮᠳᠠᠳᠤ ᠶᠢᠨ ᠬᠠᠷᠢᠶᠠᠳᠤ ᠶᠢᠨ ᠦᠷ᠎ᠠ ᠬᠡᠤᠬᠡᠳ ᠪᠠ | ᠲᠡᠶᠢᠸᠠᠠ ᠮᠤᠵᠢ ᠳᠤ ᠨᠤᠳᠤᠭ ᠲᠠᠢ ᠰᠢᠯᠭᠠᠭᠤᠯᠤᠭᠰᠠᠳ | 4. ᠪᠠᠶ᠎ᠠ ᠪᠠᠨ ᠲᠡᠭᠠᠭᠠᠵᠥ ᠠᠵᠢᠯ ᠤᠯᠤᠬᠰᠠᠨ ᠬᠠᠯᠠᠬᠳᠠᠬᠰᠠᠨ ᠴᠡᠷᠢᠭ | 5. ᠴᠡᠷᠢᠭ ᠤᠨ ᠠᠯᠪᠠ ᠬᠠᠭᠠᠵᠥ ᠪᠠᠶᠢᠬᠤ ᠬᠤᠭᠤᠴᠠᠭᠠᠠ ᠳᠠᠭᠠᠨ ᠬᠤᠶᠠᠳᠤᠭᠠᠷ ᠲᠡᠰ ᠪᠤᠶᠤ ᠬᠤᠶᠠᠳᠤᠭᠠᠷ | ᠲᠡᠰ ᠠᠴᠠ ᠲᠡᠬᠡᠭᠰᠢ ᠭᠠᠪᠢᠶ᠎ᠠ ᠪᠠᠶᠢᠭᠤᠯᠤᠬᠰᠠᠨ᠂ ᠲᠤᠮᠤ ᠴᠡᠷᠢᠭ ᠤᠨ ᠲᠤᠭᠤᠷᠢᠬ ᠪᠤᠶᠤ ᠲᠡᠬᠦᠠ ᠠᠴᠠ ᠲᠡᠬᠡᠭᠰᠢᠬᠢ | ᠨᠢᠭᠡᠴᠡ ᠠᠴᠠ ᠤᠯᠭᠤᠭᠰᠠᠠ ᠢᠷᠠᠭᠤ ᠠᠯᠳᠠᠷ ᠢ ᠬᠦᠷᠳᠡᠭᠰᠡᠡ ᠬᠠᠯᠠᠭᠳᠠᠭᠰᠠᠨ ᠴᠡᠷᠢᠭ | | | ᠤᠷᠤᠨ ᠨᠤᠳᠤᠬ ᠲᠤ᠄ ᠤᠷᠤᠨ ᠨᠤᠲᠤᠭ ᠤᠨ ᠴᠢᠨᠠᠷᠲᠠᠢ | ᠬᠤᠪᠢ ᠨᠡᠮᠡᠬᠦ ᠲᠦᠷᠦᠯ ᠵᠦᠢᠯ ᠢ ᠶᠡᠬᠡᠪᠡᠷ ᠪᠠᠭᠠᠰᠬᠠᠨ᠎ᠠ | | 2015 ᠤᠨ ᠤ 1 ᠰᠠᠷ᠎ᠠ ᠶᠢᠨ 1 ᠤ ᠡᠳᠦᠷ ᠠᠴᠠ ᠤᠷᠤᠨ ᠨᠤᠲᠤᠭ ᠤᠨ ᠴᠢᠨᠠᠷᠲᠠᠢ ᠪᠡᠶ᠎ᠡ ᠶᠢᠨ ᠲᠠᠮᠢᠷ᠂ | ᠤᠷᠠᠯᠢᠭ᠂ ᠰᠢᠨᠵᠢᠯᠡᠬᠦ ᠤᠬᠠᠭᠠᠨ ᠮᠡᠷᠭᠡᠵᠢᠯ᠂ ᠭᠤᠷᠪᠠᠨ ᠰᠠᠶᠢᠨᠲᠠᠢ ᠰᠤᠷᠤᠭᠴᠢ᠂ ᠰᠢᠯᠢᠳᠡᠭ ᠰᠤᠷᠤᠭᠴᠢ ᠶᠢᠨ ᠺᠠᠳ᠋ᠷ | ᠵᠡᠷᠭᠡ ᠬᠤᠪᠢ ᠨᠡᠮᠡᠬᠦ ᠲᠦᠷᠦᠯ ᠵᠦᠢᠯ ᠢ ᠬᠦᠴᠦᠨ ᠦᠭᠡᠢ ᠪᠤᠯᠭᠠᠵᠦ᠂ ᠬᠤᠯᠪᠤᠭᠳᠠᠯ ᠪᠦᠬᠦᠢ ᠲᠦᠷᠦ ᠶᠢᠨ | ᠪᠤᠳᠤᠯᠭ᠎ᠠ ᠶᠢ ᠲᠡᠭᠡᠷ᠎ᠡ ᠲᠤᠷᠠᠳᠤᠭᠰᠠᠨ ᠪᠦᠬᠦ ᠤᠯᠤᠰ ᠤᠨ ᠴᠢᠨᠠᠷᠲᠠᠢ ᠬᠤᠪᠢ ᠨᠡᠮᠡᠬᠦ ᠬᠡᠰᠡᠭ ᠲᠦᠷᠦᠯ ᠵᠦᠢᠯ ᠢ | ᠬᠦᠴᠦᠨ ᠦᠭᠡᠢ ᠪᠤᠯᠭᠠᠬᠤ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃ ᠡᠯ᠎ᠡ ᠮᠤᠵᠢ ︵ᠤᠷᠤᠨ᠂ ᠬᠤᠲᠠ︶ ᠤᠷᠤᠨ | ᠨᠤᠲᠤᠭ ᠤᠨ ᠴᠢᠨᠠᠷᠲᠠᠢ ᠶᠡᠭᠡ ᠲᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠬᠤᠪᠢ ᠨᠡᠮᠡᠬᠦ ᠪᠤᠰᠤᠳ ᠲᠦᠷᠦᠯ | ᠵᠦᠢᠯ ᠢ ᠤᠯᠠᠮ ᠴᠢᠨᠠᠭᠰᠢᠳᠠ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠠᠢ᠃ | | | ᠦᠯᠡᠳᠡᠭᠡᠬᠦ ᠴᠢᠬᠤᠯᠠᠲᠠᠢ ᠤᠷᠤᠨ ᠨᠤᠲᠤᠭ ᠤᠨ ᠴᠢᠨᠠᠷᠲᠠᠢ ᠬᠤᠪᠢ | ᠨᠡᠮᠡᠬᠦ ᠲᠦᠷᠦᠯ ᠵᠦᠢᠯ ᠢ ᠲᠦᠷᠢᠮᠵᠢᠭᠦᠯᠦᠨ ᠲᠡᠭᠦᠯᠳᠡᠷᠵᠢᠭᠦᠯᠦᠨ᠎ᠡ | | ᠲᠦᠷᠦ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ﹇2014﹈ 35 ᠳ᠋ᠤᠭᠠᠷ ᠲᠤᠭᠠᠲᠦ ᠪᠢᠴᠢᠭ | ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠦᠰᠦᠯᠡᠨ᠂ ᠦᠨᠡᠨᠬᠦ ᠦᠯᠡᠳᠡᠭᠡᠬᠦ ᠴᠢᠬᠤᠯᠠᠲᠠᠢ ᠤᠷᠤᠨ ᠨᠤᠲᠤᠭ ᠤᠨ | ᠴᠢᠨᠠᠷᠲᠠᠢ ᠬᠤᠪᠢ ᠨᠡᠮᠡᠬᠦ ᠲᠦᠷᠦᠯ ᠵᠦᠢᠯ ᠤᠨ ᠬᠤᠪᠢ ᠨᠡᠮᠡᠬᠦ ᠬᠡᠮᠵᠢᠶ᠎ᠡ ᠶᠢ ᠵᠦᠢ ᠵᠤᠬᠢᠰᠲᠠᠢ ᠲᠤᠬᠢᠷᠠᠭᠤᠯᠵᠦ᠂ | ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠤᠷᠳᠤᠨ ᠲᠤᠭᠲᠠᠭᠠᠬᠤ ᠪᠦᠭᠡᠳ ᠰᠤᠷᠭᠠᠨ ᠬᠦᠮᠦᠵᠢᠯ ᠤᠨ | ᠶᠠᠮᠤᠨ ᠳᠤ ᠮᠡᠳᠡᠭᠦᠯᠵᠤ ᠲᠠᠩᠰᠠᠯᠠᠭᠤᠯᠤᠨ᠎ᠠ᠂ ᠡᠭᠦᠨ ᠢ ᠵᠠᠷᠴᠢᠮ ᠲᠡᠭᠡᠷ᠎ᠡ ᠪᠠᠨ ᠲᠤᠰ ᠮᠤᠵᠢ ︵ᠤᠷᠤᠨ᠂ ᠬᠤᠲᠠ︶ | ᠶᠢᠨ ᠬᠠᠷᠢᠶᠠᠨ ᠤ ᠶᠡᠭᠡ ᠳᠡᠭᠡᠲᠦ ᠰᠤᠷᠭᠠᠭᠤᠯᠢ ᠶᠢᠨ ᠲᠤᠰ ᠮᠤᠵᠢ ︵ᠤᠷᠤᠨ᠂ ᠬᠤᠲᠠ︶ ᠠᠴᠠ ᠪᠠᠨ ᠰᠤᠷᠤᠭᠴᠢ | ᠡᠯᠰᠡᠬᠦ ᠳᠤ ᠯᠡ ᠬᠡᠷᠡᠭᠯᠡᠨ᠎ᠡ᠃ ᠬᠤᠯᠪᠤᠭᠳᠠᠯ ᠪᠦᠬᠦᠢ ᠭᠠᠵᠠᠷ ᠤᠷᠤᠨ ᠤ ᠬᠢᠨ ᠬᠢᠯᠢ ᠬᠢᠵᠠᠭᠠᠷ ᠤᠷᠤᠨ | ᠦᠨᠳᠦᠰᠦᠲᠡᠨ ᠤ ᠤᠷᠤᠨ ᠤᠨᠴᠠ ᠬᠦᠴᠢᠷᠳᠡᠯ ᠲᠠᠢ ᠤᠷᠤᠨ ᠤ ᠬᠤᠪᠢ ᠨᠡᠮᠡᠬᠦ ᠲᠦᠷᠦ ᠶᠢᠨ ᠪᠤᠳᠤᠯᠭ᠎ᠠ ᠶᠢ ᠬᠠᠶᠢᠨ | ᠰᠦᠪᠡᠭᠴᠢᠯᠡᠵᠤ ᠲᠡᠭᠦᠯᠳᠡᠷᠵᠢᠬᠦᠯᠬᠦ ᠬᠡᠷᠡᠭᠲᠠᠢ᠂ ᠪᠤᠳᠠᠲᠠᠢ ᠠᠷᠭ᠎ᠠ ᠶᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ | ᠤᠷᠳᠤᠨ ᠪᠤᠳᠠᠲᠦ ᠪᠠᠶᠢᠳᠠᠯ ᠢᠶᠠᠨ ᠦᠨᠳᠦᠰᠦᠯᠡᠨ ᠲᠤᠭᠲᠠᠭᠠᠬᠤ ᠪᠦᠭᠡᠳ ᠰᠤᠷᠭᠠᠨ ᠬᠦᠮᠦᠵᠢᠯ ᠤᠨ ᠶᠠᠮᠤᠨ ᠳᠤ | ᠮᠡᠳᠡᠭᠦᠯᠵᠤ ᠲᠠᠩᠰᠠᠯᠠᠭᠤᠯᠤᠨ᠎ᠠ᠃ | | | ᠰᠤᠷᠤᠭᠴᠢᠳ ᠦᠪᠡᠷᠰᠠᠳ ᠢᠶᠠᠨ ᠰᠢᠯᠭᠠᠯᠳᠠ ᠶᠢᠨ | ᠬᠢᠴᠢᠶᠠᠯ ᠲᠦᠷᠦᠯ ᠢᠶᠠᠨ ᠰᠤᠩᠭᠤᠵᠥ ᠪᠤᠯᠤᠨ᠎ᠠ | | ᠰᠤᠷᠭᠠᠠ ᠬᠦᠮᠦᠵᠢᠯ ᠤᠨ ᠶᠠᠮᠤᠠ 12 ᠰᠠᠷ᠎ᠠ ᠶᠢᠨ 16 ᠤ ᠡᠳᠤᠷ ︽ᠡᠩ ᠤᠨ ᠦᠨᠳᠤᠷ ᠲᠤᠮᠳᠠᠳᠤ ᠶᠢᠨ | ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠳᠠ ᠶᠢᠨ ᠲᠤᠬᠠᠢ ᠬᠡᠷᠡᠭᠵᠢᠬᠦᠯᠬᠦ ᠰᠠᠨᠠᠯ︾ ᠢ ᠨᠠᠶᠢᠳᠠᠯᠠᠵᠥ᠂ ︽ᠡᠩ ᠤᠨ | ᠲᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠶᠡᠷᠤᠩᠬᠡᠢ ᠬᠡᠪ ᠴᠢᠨᠠᠷ ᠤᠨ ᠦᠨᠡᠯᠡᠯᠳᠠ ᠶᠢ ᠴᠢᠩᠭᠠᠳᠬᠠᠠ | ᠰᠠᠶᠢᠵᠢᠷᠠᠭᠤᠯᠬᠤ ᠲᠤᠬᠠᠢ ᠰᠠᠨᠠᠯ︾ ᠢ ᠨᠠᠶᠢᠳᠠᠯᠠᠵᠡᠢ᠃ | ᠰᠤᠷᠭᠠᠠ ᠬᠦᠮᠦᠵᠢᠯ ᠤᠨ ᠶᠠᠮᠤᠠ ᠤ ᠬᠠᠷᠢᠭᠤᠴᠠᠯᠭᠠᠳᠠᠠ ᠤ ᠬᠡᠯᠡᠬᠦ ᠪᠠᠷ᠂ ᠦᠨᠳᠤᠷ ᠲᠤᠮᠳᠠᠳᠤ ᠶᠢᠨ | ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠳᠠ ᠶᠢᠨ ᠬᠢᠴᠢᠶᠠᠯ ᠤᠨ ᠪᠠᠷᠢᠮᠵᠢᠶ᠎ᠠ᠂ ᠰᠢᠯᠭᠠᠯᠳᠠ ᠶᠢᠨ ᠲᠤᠭᠳᠠᠭᠠᠯ ᠢ | ᠤᠯᠤᠰ ᠠᠴᠠ ᠲᠤᠭᠳᠠᠭᠠᠵᠥ᠂ ᠮᠤᠵᠢ ᠶᠢᠨ ᠱᠠᠳᠤᠠ ᠤ ᠰᠤᠷᠭᠠᠠ ᠬᠦᠮᠦᠵᠢᠯ ᠤᠨ ᠵᠠᠰᠠᠭ ᠵᠠᠬᠢᠷᠭᠠᠠ ᠤ ᠰᠠᠯᠠᠭ᠎ᠠ | ᠮᠦᠴᠢᠷ ᠠᠴᠠ ᠵᠤᠬᠢᠶᠠᠠ ᠪᠠᠶᠢᠭᠤᠯᠤᠠ ᠬᠡᠷᠡᠭᠵᠢᠬᠦᠯᠤᠨ᠎ᠠ᠃ ᠰᠢᠯᠭᠠᠯᠳᠠ ᠨᠢ ᠪᠦᠬᠦ᠋ᠢᠯᠠ ᠬᠢᠴᠢᠶᠠᠯ ᠲᠦᠷᠦᠯ ᠢ | ᠬᠠᠮᠤᠷᠤᠨ᠎ᠠ᠂ ᠡᠬᠦᠠ ᠳᠤ ᠬᠡᠯᠡ ᠪᠢᠴᠢᠭ᠂ ᠲᠤᠭᠠᠠ ᠤ ᠤᠬᠠᠭᠠᠠ᠂ ᠭᠠᠳᠠᠭᠠᠳᠤ ᠬᠡᠯᠡ᠂ ᠦᠵᠡᠯ ᠰᠠᠨᠠᠭ᠎ᠠ ᠤᠯᠤᠰ | ᠲᠦᠷᠦ᠂ ᠲᠡᠤᠬᠡ᠂ ᠭᠠᠵᠠᠷ ᠵᠦᠢ᠂ ᠪᠢᠽᠢᠺ᠂ ᠬᠢᠮᠢ᠂ ᠠᠮᠢᠳᠤ ᠪᠤᠳᠠᠰ ᠵᠡᠷᠬᠡ ᠬᠢᠴᠢᠶᠡᠯ ᠲᠦᠷᠦᠯ ᠪᠠᠭᠳᠠᠵᠥ ᠪᠤᠢ᠂ | ᠮᠤᠵᠢ ᠶᠢᠨ ᠱᠠᠳᠤᠠ ᠤ ᠰᠤᠷᠭᠠᠠ ᠬᠦᠮᠦᠵᠢᠯ ᠤᠨ ᠵᠠᠰᠠᠭ ᠵᠠᠬᠢᠷᠭᠠᠠ ᠤ ᠰᠠᠯᠠᠭ᠎ᠠ ᠮᠦᠴᠢᠷ ᠠᠴᠠ ᠨᠢᠬᠡᠳᠤᠯᠳᠠᠢ | ᠵᠤᠬᠢᠶᠠᠠ ᠪᠠᠶᠢᠭᠤᠯᠵᠥ ᠰᠢᠯᠭᠠᠨ᠎ᠠ︔ ᠤᠷᠠᠯᠢᠭ ︵ᠲᠡᠭᠤᠤ ᠬᠦᠭᠵᠢᠮ᠂ ᠤᠷᠠᠠ ᠵᠢᠷᠤᠭ︶᠂ ᠪᠠᠶ᠎ᠠ ᠶᠢᠨ ᠲᠡᠮᠢᠷ | ᠬᠢᠬᠡᠳ ᠡᠷᠡᠬᠦᠯ ᠴᠢᠬᠢᠷᠠᠭ᠂ ᠨᠠᠶᠢᠳᠠᠮ ᠤᠨ ᠬᠡᠷᠡᠭᠯᠡᠬᠡᠡ ᠤ ᠮᠠᠷᠬᠡᠵᠢᠯ᠂ ᠮᠠᠳᠡᠭᠡ ᠵᠠᠩᠬᠢ ᠶᠢᠨ ᠮᠠᠷᠬᠡᠵᠢᠯ ᠵᠡᠷᠬᠡ ᠬᠢᠴᠢᠶᠠᠯ | ᠲᠦᠷᠦᠯ ᠪᠠᠭᠳᠠᠵᠥ ᠪᠠᠶᠢᠨ᠎ᠠ᠂ ᠮᠤᠵᠢ ᠶᠢᠨ ᠱᠠᠳᠤᠠ ᠤ ᠰᠤᠷᠭᠠᠠ ᠬᠦᠮᠦᠵᠢᠯ ᠤᠨ ᠵᠠᠰᠠᠭ ᠵᠠᠬᠢᠷᠭᠠᠠ ᠤ ᠰᠠᠯᠠᠭ᠎ᠠ | ᠮᠦᠴᠢᠷ ᠠᠴᠠ ᠨᠢᠬᠡᠳᠤᠯᠳᠠᠢ ᠱᠠᠭᠠᠷᠳᠠᠯᠭ᠎ᠠ ᠲᠤᠭᠳᠠᠭᠠᠵᠥ᠂ ᠪᠤᠳᠠᠳᠠᠢ ᠰᠢᠯᠭᠠᠯᠳᠠ ᠶᠢ ᠵᠤᠬᠢᠶᠠᠠ ᠪᠠᠶᠢᠭᠤᠯᠬᠤ | ᠬᠡᠯᠪᠡᠷᠢ ᠨᠢ ᠤᠯᠠᠠ ᠶᠠᠩᠵᠥ ᠶᠢᠨ ᠪᠠᠶᠢᠵᠥ ᠪᠤᠯᠤᠨ᠎ᠠ᠃ | ᠶᠡᠭᠡ ᠲᠡᠬᠡᠳᠤ ᠰᠤᠷᠭᠠᠭᠤᠯᠢ ᠶᠢᠨ ᠨᠢᠬᠡᠳᠤᠯᠳᠠᠢ ᠰᠢᠯᠭᠠᠯᠳᠠ ᠶᠢᠨ ᠬᠢᠷᠢ ᠪᠦᠳᠦᠮᠵᠢ ᠳᠤ ᠪᠤᠳᠤᠵᠤ | ᠤᠷᠤᠭᠤᠯᠬᠤ ᠰᠢᠯᠭᠠᠯᠳᠠ ᠶᠢᠨ ᠬᠢᠴᠢᠶᠠᠯ ᠲᠦᠷᠦᠯ ᠢ 6 ᠠᠴᠠ 3 ᠶᠢ ᠰᠤᠩᠭᠤᠵᠤ ᠪᠤᠯᠤᠨ᠎ᠠ᠂ ᠰᠢᠯᠭᠠᠯᠳᠠ ᠶᠢᠨ | ᠬᠤᠪᠢ ᠶᠢ ᠯᠠ ᠬᠦᠭᠡᠭᠡᠴᠡᠯᠳᠤᠬᠦ ᠬᠡᠯᠪᠡᠷᠢᠯ ᠢ ᠬᠤᠪᠢᠷᠠᠭᠤᠯᠬᠤ ᠶᠢᠨ ᠲᠤᠯᠠᠳᠠ ᠰᠢᠯᠭᠠᠯᠳᠠ ᠶᠢᠨ ᠬᠢᠷᠢ ᠪᠦᠳᠦᠮᠵᠢ ᠶᠢ | A᠂ B᠂ C᠂ D ᠪᠠ E ᠭᠡᠬᠦᠴᠢᠯᠡᠨ 5 ᠲᠡᠰ ᠬᠤᠪᠢᠶᠠᠠ ᠲᠡᠮᠳᠡᠭᠯᠡᠨ᠎ᠠ᠃ ᠶᠡᠭᠡ ᠲᠡᠬᠡᠳᠤ ᠰᠤᠷᠭᠠᠭᠤᠯᠢ ᠶᠢᠨ | ᠰᠢᠯᠭᠠᠯᠳᠠ ᠶᠢᠨ ᠬᠢᠷᠢ ᠪᠦᠳᠦᠮᠵᠢ ᠳᠤ ᠪᠤᠳᠤᠵᠥ ᠤᠷᠤᠭᠤᠯᠬᠤ ᠦᠬᠡᠢ ᠰᠢᠯᠭᠠᠯᠳᠠ ᠶᠢᠨ ᠬᠢᠴᠢᠶᠠᠯ ᠲᠦᠷᠦᠯ ᠶᠢᠨ | ᠬᠢᠷᠢ ᠪᠦᠳᠦᠮᠵᠢ ᠶᠢ ᠬᠢᠷᠢ ᠲᠡᠩᠴᠡᠭᠰᠡᠡ ᠪᠠ ᠬᠢᠷᠢ ᠲᠡᠩᠴᠡᠭᠰᠡᠡ ᠦᠬᠡᠢ ᠬᠡᠵᠥ ᠲᠡᠮᠳᠡᠭᠯᠡᠨ᠎ᠠ᠃ ᠶᠡᠭᠡ ᠲᠡᠭᠡᠳᠤ | ᠰᠤᠷᠭᠠᠭᠤᠯᠢ ᠶᠢᠨ ᠬᠠᠮᠢᠶ᠎ᠠ ᠪᠦᠬᠦᠢ ᠲᠤᠰᠬᠠᠢ ᠮᠡᠷᠬᠡᠵᠢᠯ ᠨᠢ ᠬᠢᠴᠢᠶᠠᠯ ᠲᠦᠷᠦᠯ ᠤᠨ ᠲᠤᠬᠠᠢ ᠤᠷᠢᠳᠴᠢᠯᠠᠠ | ᠱᠠᠭᠠᠷᠳᠠᠯᠭ᠎ᠠ ᠲᠤᠷᠠᠳᠴᠤ᠂ ᠰᠤᠷᠤᠬᠴᠢᠳ ᠲᠤ ᠤᠷᠢᠳᠠᠪᠠᠷ ᠮᠡᠳᠡᠬᠦᠯᠬᠦ ᠬᠡᠷᠡᠭᠳᠡᠢ᠂ ᠶᠡᠭᠡ ᠲᠡᠬᠡᠳᠤ ᠰᠤᠷᠭᠠᠭᠤᠯᠢ ᠶᠢᠨ | ᠰᠢᠯᠭᠠᠯᠳᠠ ᠶᠢᠨ ᠬᠢᠷᠢ ᠪᠦᠳᠦᠮᠵᠢ ᠳᠤ ᠪᠤᠳᠤᠵᠤ ᠤᠷᠤᠭᠤᠯᠬᠤ ᠬᠢᠴᠢᠶᠠᠯ ᠲᠦᠷᠦᠯ ᠢ ᠦᠨᠳᠤᠷ ᠲᠤᠮᠳᠠᠳᠤ ᠶᠢᠨ | ᠬᠤᠭᠤᠴᠠᠭᠠᠨ ᠤ 3 ᠵᠢᠯ ᠳᠤ ᠬᠤᠪᠢᠶᠠᠵᠥ ᠰᠢᠯᠭᠠᠨ᠎ᠠ᠃ ᠰᠤᠷᠤᠭᠴᠢᠳ ᠤᠨ ᠰᠤᠩᠭᠤᠬᠰᠠᠠ ᠬᠢᠴᠢᠶᠠᠯ ᠲᠦᠷᠦᠯ ᠢᠶᠠᠨ | ᠰᠤᠯᠢᠬᠤ ᠶᠢ ᠵᠦᠪᠰᠢᠶᠡᠷᠡᠨ᠎ᠠ᠂ ᠰᠤᠷᠤᠭᠴᠢᠳ ᠶᠠᠮᠠᠷ ᠨᠢᠬᠡ ᠬᠢᠴᠢᠶᠠᠯ ᠲᠦᠷᠦᠯ ᠢᠶᠠᠨ ᠰᠠᠶᠢᠠ ᠰᠢᠯᠭᠠᠵᠥ ᠲᠡᠶᠢᠯᠦᠭᠰᠡᠡ | ᠦᠬᠡᠢ ᠪᠤᠯ ᠬᠤᠶᠠᠳᠠᠬᠢ ᠤᠳᠠᠭ᠎ᠠ ᠰᠢᠯᠭᠠᠵᠥ ᠪᠤᠯᠤᠨ᠎ᠠ᠃ | ᠰᠤᠷᠤᠭᠴᠢ ᠶᠢᠨ ᠶᠡᠷᠦᠩᠬᠡᠢ ᠬᠡᠪ ᠴᠢᠨᠠᠷ ᠢ ᠦᠨᠡᠯᠡᠬᠦ ᠠᠭᠤᠯᠭ᠎ᠠ ᠶᠢ ᠦᠵᠡᠯ ᠰᠠᠨᠠᠭ᠎ᠠ ᠵᠠᠩ ᠮᠤᠷᠠᠯ᠂ | ᠰᠤᠷᠤᠯᠭ᠎ᠠ ᠶᠢᠨ ᠬᠢᠷᠢ ᠲᠦᠪᠰᠢᠨ᠂ ᠪᠡᠶ᠎ᠠ ᠰᠡᠳᠬᠢᠴᠡ ᠶᠢᠨ ᠡᠷᠡᠬᠦᠯ ᠴᠢᠬᠢᠷᠠᠭ᠂ ᠤᠷᠠᠯᠢᠭ ᠤᠨ ᠬᠡᠪ ᠪᠤᠯᠪᠠᠰᠤᠷᠠᠯ᠂ | ᠨᠡᠶᠢᠬᠡᠮ ᠤᠨ ᠦᠢᠯᠡᠳᠦᠯᠬᠡ ᠵᠡᠷᠭᠡ 5 ᠳᠠᠯ᠎ᠠ ᠳᠤ ᠬᠤᠪᠢᠶᠠᠨ᠎ᠠ᠃ ᠰᠢᠨ᠎ᠠ ᠲᠦᠷᠦ ᠶᠢᠨ ᠪᠤᠳᠤᠯᠭ᠎ᠠ ᠳᠤ᠂ ᠶᠡᠷᠦᠩᠬᠡᠢ | ᠬᠡᠪ ᠴᠢᠨᠠᠷ ᠢ ᠦᠨᠡᠯᠡᠬᠦ ᠳᠤ ᠪᠤᠳᠠᠳᠤ ᠳᠡᠮᠳᠡᠭᠯᠡᠯ ᠬᠢᠬᠦ᠂ ᠡᠮᠬᠢᠳᠬᠡᠨ ᠰᠤᠩᠭᠤᠬᠤ᠂ ᠤᠯᠠᠨ ᠳᠤ ᠨᠡᠶᠢᠳᠡᠯᠡᠵᠤ ᠬᠢᠨᠠᠨ | ᠬᠠᠷᠭᠤᠭᠤᠯᠬᠤ᠂ ᠳᠠᠩᠰᠠ ᠡᠪᠬᠡᠮᠡᠯ ᠬᠢᠬᠦ᠂ ᠮᠠᠲ᠋ᠧᠷᠢᠶᠠᠯ ᠢ ᠬᠡᠷᠡᠭᠯᠡᠬᠦ 5 ᠳᠡᠰ ᠳᠠᠷᠠᠭᠠᠯᠠᠯ ᠢᠶᠠᠷ ᠬᠢᠬᠦ ᠳᠤᠬᠠᠢ | ᠳᠤᠳᠤᠷᠬᠠᠢ ᠳᠤᠭᠳᠠᠭᠠᠵᠠᠢ᠃ | | |